ᠵᠤᠬᠢᠶᠠᠭᠴᠢ: ᠴᠠᠭ:2023-07-21 ᠥᠵᠡᠭᠰᠡᠨ : ᠢᠷᠡᠯᠲᠡ:  《 ᠥᠪᠥᠷ ᠮᠣᠩᠭᠤᠯ ᠤᠨ ᠡᠳᠦᠷ ᠤᠨ ᠰᠣᠨᠢᠨ》  
ᠰᠢ ᠶᠢᠨ ᠫᠢᠩ ᠠᠯᠵᠧᠷᠢᠶ᠎ᠠ ᠶᠢᠨ ᠶᠡᠷᠦᠩᠬᠡᠶᠢᠯᠡᠭᠴᠢ ᠲᠧᠪᠧᠨ ᠲᠠᠢ ᠬᠡᠯᠡᠯᠴᠡᠭᠡ ᠬᠢᠪᠡ

 

ᠰᠢᠨᠬᠤᠸᠠ ᠬᠤᠷᠢᠶ᠎ᠠ ᠶᠢᠨ ᠪᠡᠭᠡᠵᠢᠩ ᠤᠨ 2023  7  ᠰᠠᠷ᠎ᠠ ᠶᠢᠨ 18 ᠤ  ᠴᠠᠭᠢᠯᠭᠠᠨ ᠮᠡᠳᠡᠭᠡ    7  ᠰᠠᠷ᠎ᠠ ᠶᠢᠨ 18 ᠤ  ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠠᠯᠵᠧᠷᠢᠶ᠎ᠠ ᠶᠢᠨ ᠶᠡᠷᠦᠩᠬᠡᠶᠢᠯᠡᠭᠴᠢ ᠲᠧᠪᠧᠨ ᠲᠠᠢ ᠬᠡᠯᠡᠯᠴᠡᠭᠡ ᠬᠢᠪᠡ ᠃

ᠰᠢ ᠶᠢᠨ ᠫᠢᠩ ᠂ ᠡᠨᠡ ᠵᠢᠯ ᠪᠣᠯ ᠳᠤᠮᠳᠠᠳᠤ ᠠᠯᠵᠧᠷᠢᠶ᠎ᠠ ᠶᠢᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠣᠯᠣᠨ᠎ᠠ ᠃ 65 ᠵᠢᠯ ᠤᠨ ᠡᠮᠦᠨ᠎ᠡ ᠂ ᠡᠵᠡᠷᠬᠡᠭ ᠲᠦᠷᠢᠮᠡᠬᠡᠢ ᠶᠣᠰᠣ ᠪᠣᠯᠣᠨ ᠺᠣᠯᠣᠨᠢᠴᠢᠯᠠᠬᠤ ᠦᠵᠡᠯ ᠢ ᠡᠰᠡᠷᠭᠦᠴᠡᠵᠦ ᠂ ᠦᠨᠳᠦᠰᠦᠲᠡᠨ ᠤ ᠲᠤᠰᠠᠭᠠᠷ ᠲᠣᠭᠲᠠᠨᠢᠯ ᠴᠢᠯᠦᠭᠡᠯᠡᠯᠲᠡ ᠪᠠᠨ ᠲᠡᠮᠡᠴᠡᠨ ᠣᠯᠬᠤ ᠬᠠᠮᠲᠤ ᠶᠢᠨ ᠦᠢᠯᠡᠰ ᠨᠢ ᠮᠠᠨ ᠤ ᠬᠤᠶᠠᠷ ᠤᠯᠤᠰ ᠢ ᠬᠠᠨᠢᠲᠠᠨ ᠪᠤᠯᠭᠠᠬᠰᠠᠨ ᠶᠤᠮ ᠃ 65 ᠵᠢᠯ ᠤᠨ ᠲᠤᠷᠰᠢ ᠂ ᠳᠤᠮᠳᠠᠳᠤ ᠤᠯᠤᠰ ᠪᠣᠯᠣᠨ ᠠᠯᠵᠧᠷᠢᠶ᠎ᠠ ᠢᠮᠠᠭᠲᠠ ᠵᠣᠪᠠᠭᠤᠷᠢ ᠵᠦᠳᠡᠭᠦᠷᠢ ᠪᠠᠨ ᠬᠠᠮᠲᠤᠳᠬᠠᠵᠤ ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ ᠂ ᠬᠠᠷᠢᠯᠴᠠᠨ ᠣᠶᠢᠯᠠᠭᠠᠯᠴᠠᠵᠤ ᠂ ᠬᠠᠷᠢᠯᠴᠠᠨ ᠳᠡᠮᠵᠢᠵᠦ ᠂ ᠬᠠᠮᠲᠤ ᠶᠢᠨ ᠬᠥᠭᠵᠢᠯᠲᠡ ᠪᠣᠯᠣᠨ ᠦᠨᠳᠦᠰᠦᠲᠡᠨ ᠤ ᠰᠡᠷᠭᠦᠨ ᠮᠠᠨᠳᠤᠯᠲᠠ ᠶᠢ ᠬᠥᠭᠡᠭᠡᠴᠡᠯᠳᠦᠬᠦ ᠵᠠᠮ ᠳᠡᠭᠡᠷᠡᠬᠢ ᠦᠨᠡᠨᠴᠢ ᠨᠠᠶᠢᠵᠠ ᠂ ᠠᠶᠠᠨᠳᠠᠭᠠᠨ ᠤ ᠬᠠᠨᠢᠲᠠᠨ ᠪᠣᠯᠣᠭᠰᠠᠭᠠᠷ ᠢᠷᠡᠵᠡᠶ ᠃ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ ᠂ ᠠᠯᠵᠧᠷᠢᠶ᠎ᠠ ᠶᠢᠨ ᠬᠢᠨ ᠶᠠᠭ 《 ᠰᠢᠨ᠎ᠡ ᠠᠯᠵᠧᠷᠢᠶ᠎ᠠ 》 ᠶᠢᠨ ᠪᠦᠲᠦᠭᠡᠨ ᠪᠠᠶᠢᠭᠤᠯᠤᠯᠲᠠ ᠶᠢ ᠬᠦᠴᠦᠯᠡᠨ ᠠᠬᠢᠭᠤᠯᠵᠤ ᠪᠠᠶᠢᠨ᠎ᠠ ᠃ ᠳᠤᠮᠳᠠᠳᠤ ᠤᠯᠤᠰ ᠳᠤᠷᠠᠲᠠᠶ᠎ᠠ ᠠᠯᠵᠧᠷᠢᠶ᠎ᠠ ᠶᠢᠨ ᠬᠢᠨ ᠲᠠᠢ ᠬᠠᠮᠲᠤ ᠪᠠᠷ ᠴᠢᠷᠮᠠᠶᠢᠵᠤ ᠂ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠤᠨ ᠳᠡᠯᠭᠡᠷᠡᠭᠦᠯᠵᠦ ᠂ ᠳᠤᠮᠳᠠᠳᠤ ᠠᠯᠵᠧᠷᠢᠶ᠎ᠠ  ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠨᠡᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ ᠃

ᠰᠢ ᠶᠢᠨ ᠫᠢᠩ ᠂ ᠬᠤᠶᠠᠷ ᠲᠠᠯ᠎ᠠ ᠪᠠᠷ ᠢᠶᠠᠨ ᠲᠤᠰ ᠲᠤᠰ ᠤᠨ ᠢᠶᠠᠨ  ᠠᠰᠢᠭ ᠲᠤᠰᠠ ᠳᠤ ᠬᠤᠯᠪᠣᠭᠳᠠᠭᠰᠠᠨ ᠠᠰᠠᠭᠤᠳᠠᠯ ᠳᠡᠭᠡᠷ᠎ᠡ ᠬᠠᠷᠢᠯᠴᠠᠨ ᠳᠡᠮᠵᠢᠶ᠎ᠠ ᠃ ᠠᠯᠵᠧᠷᠢᠶ᠎ᠠ ᠶᠢᠨ ᠬᠢᠨ ᠲᠠᠶᠢᠸᠠᠨ ᠂ ᠰᠢᠨᠵᠢᠶᠠᠩ ᠳᠤ ᠬᠤᠯᠪᠣᠭᠳᠠᠭᠰᠠᠨ ᠂ ᠬᠥᠮᠥᠨ ᠤ ᠡᠷᠬᠡ ᠵᠡᠷᠭᠡ ᠠᠰᠠᠭᠤᠳᠠᠯ ᠳᠡᠭᠡᠷ᠎ᠡ ᠲᠤᠭ ᠲᠡᠮᠳᠡᠭ ᠲᠣᠳᠣᠷᠬᠠᠢ ᠪᠠᠷ ᠳᠤᠮᠳᠠᠳᠤ ᠤᠯᠤᠰ ᠤᠨ ᠰᠢᠳᠤᠷᠭᠤ ᠶᠣᠰᠣᠨ ᠤ ᠵᠣᠭᠰᠣᠯᠲᠠ ᠶᠢ ᠳᠡᠮᠵᠢᠭᠰᠡᠨ ᠳᠤ ᠲᠠᠯᠠᠷᠬᠠᠵᠤ ᠪᠠᠶᠢᠨ᠎ᠠ ᠂ ᠳᠤᠮᠳᠠᠳᠤ ᠤᠯᠤᠰ ᠠᠯᠵᠧᠷᠢᠶ᠎ᠠ ᠶᠢᠨ ᠬᠢᠨ ᠤ ᠤᠯᠤᠰ ᠤᠨ ᠡᠷᠬᠡ ᠮᠡᠳᠡᠯ ᠂ ᠲᠤᠰᠠᠭᠠᠷ ᠲᠣᠭᠲᠠᠨᠢᠯ ᠂ ᠨᠤᠲᠤᠭ ᠳᠡᠪᠢᠰᠬᠡᠷ ᠤᠨ ᠪᠦᠷᠢᠨ ᠪᠦᠲᠦᠨ ᠢᠶᠠᠨ ᠬᠠᠮᠠᠭᠠᠯᠠᠬᠤ ᠶᠢ ᠡᠷᠡᠰ ᠳᠡᠮᠵᠢᠵᠦ ᠂ ᠠᠯᠵᠧᠷᠢᠶ᠎ᠠ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠵᠦ ᠂ ᠭᠠᠳᠠᠭᠠᠳᠤ ᠶᠢᠨ ᠬᠦᠴᠦᠨ ᠤ ᠠᠯᠵᠧᠷᠢᠶ᠎ᠠ ᠶᠢᠨ ᠳᠣᠲᠣᠭᠠᠳᠤ ᠵᠠᠰᠠᠭ ᠲᠤ ᠭᠠᠷ ᠲᠦᠷᠦᠭᠦ ᠶᠢ ᠡᠰᠡᠷᠭᠦᠴᠡᠨ᠎ᠡ ᠃ ᠬᠤᠶᠠᠷ ᠲᠠᠯ᠎ᠠ ᠪᠠᠷ ᠢᠶᠠᠨ 《 ᠨᠢᠭᠡ ᠪᠦᠰᠡ ᠨᠢᠭᠡ ᠵᠠᠮ 》 ᠢ ᠬᠠᠮᠲᠤ ᠪᠠᠷ ᠪᠦᠲᠦᠭᠡᠨ ᠪᠠᠶᠢᠭᠤᠯᠬᠤ ᠵᠡᠷᠭᠡ ᠴᠢᠬᠤᠯᠠ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠢ ᠭᠠᠷ ᠬᠤᠯᠪᠣᠨ ᠰᠠᠶᠢᠲᠤᠷ ᠨᠠᠶᠢᠳᠠᠪᠤᠷᠢᠵᠢᠭᠤᠯᠵᠤ ᠂ ᠰᠠᠭᠤᠷᠢ  ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠂ ᠠᠭᠤᠷᠬᠠᠢ ᠶᠢᠨ ᠭᠠᠷᠤᠯᠲᠠ ᠂ ᠬᠥᠳᠡᠭᠡ ᠠᠵᠤ ᠠᠬᠤᠢ ᠵᠡᠷᠭᠡ ᠤᠯᠠᠮᠵᠢᠯᠠᠯᠲᠤ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠰᠠᠨᠰᠠᠷ ᠤᠨ ᠠᠶᠠᠯᠠᠯ ᠂ ᠴᠥᠮ᠎ᠡ ᠶᠢᠨ ᠡᠨᠧᠷᠭᠢ ᠂ ᠮᠡᠳᠡᠭᠡ ᠵᠠᠩᠭᠢ ᠴᠢᠮᠡᠭᠡ ᠬᠤᠯᠪᠤᠭ᠎ᠠ ᠂ ᠳᠠᠬᠢᠯᠲᠠ ᠡᠨᠧᠷᠭᠢ ᠵᠡᠷᠭᠡ ᠳᠡᠭᠡᠳᠦ ᠮᠡᠷᠭᠡᠵᠢᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠵᠦ ᠂ ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠶ᠎ᠠ ᠃ ᠳᠤᠮᠳᠠᠳᠤ ᠤᠯᠤᠰ ᠳᠤᠷᠠᠲᠠᠶ᠎ᠠ ᠦᠷᠭᠦᠯᠵᠢᠯᠡᠨ ᠠᠯᠵᠧᠷᠢᠶ᠎ᠠ ᠶᠢᠨ ᠬᠢᠨ ᠳᠤ ᠴᠢᠳᠠᠯ ᠤᠨ ᠢᠶᠠᠨ ᠬᠢᠷᠢ ᠪᠠᠷ ᠲᠤᠰᠠᠯᠠᠮᠵᠢ ᠬᠠᠩᠭᠠᠵᠤ ᠂ ᠠᠯᠵᠧᠷᠢᠶ᠎ᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠡᠮᠵᠢᠵᠤ ᠂ ᠳᠤᠷᠠᠲᠠᠶ᠎ᠠ ᠠᠯᠵᠧᠷᠢᠶ᠎ᠠ ᠶᠢᠨ ᠨᠡᠩ ᠤᠯᠠᠨ ᠴᠢᠨᠠᠷ ᠰᠠᠶᠢᠲᠠᠢ ᠦᠢᠯᠡᠳᠬᠦᠨ ᠢ ᠣᠷᠣᠭᠤᠯᠵᠤ ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠠᠯᠵᠧᠷᠢᠶ᠎ᠠ ᠳᠤ ᠬᠦᠷᠴᠦ ᠬᠠᠮᠲᠤᠷᠠᠯᠴᠠᠭ᠎ᠠ ᠥᠷᠨᠢᠭᠦᠯᠬᠦ ᠶᠢ ᠵᠣᠷᠢᠭᠵᠢᠭᠤᠯᠤᠨ ᠲᠡᠮᠵᠢᠨ᠎ᠠ ᠃ ᠡᠨᠡ ᠵᠢᠯ ᠪᠣᠯ ᠳᠤᠮᠳᠠᠳᠤ ᠤᠯᠤᠰ ᠠᠴᠠ ᠠᠯᠵᠧᠷᠢᠶ᠎ᠠ ᠳᠤ ᠡᠮᠴᠢᠯᠡᠭᠡᠨ ᠤ ᠠᠩᠭᠢ ᠲᠣᠮᠢᠯᠠᠭᠰᠠᠨ 60 ᠵᠢᠯ ᠤᠨ ᠣᠶ ᠪᠣᠯᠣᠨ᠎ᠠ ᠃ 60 ᠵᠢᠯ ᠤᠨ ᠲᠤᠷᠰᠢ ᠂ ᠳᠤᠮᠳᠠᠳᠤ ᠤᠯᠤᠰ ᠠᠴᠠ ᠠᠯᠵᠧᠷᠢᠶ᠎ᠠ ᠳᠤ 3522 ᠬᠥᠮᠥᠨ ᠤᠳᠠᠭ᠎ᠠ ᠶᠢᠨ ᠡᠮᠴᠢ ᠰᠤᠪᠢᠯᠠᠭᠴᠢ ᠲᠣᠮᠢᠯᠠᠵᠤ ᠂ ᠨᠡᠶᠢᠳᠡ 2700 ᠭᠠᠷᠤᠢ ᠲᠦᠮᠡᠨ ᠬᠥᠮᠥᠨ ᠤᠳᠠᠭ᠎ᠠ ᠶᠢᠨ ᠡᠪᠡᠳᠴᠢᠲᠡᠨ ᠳᠤ ᠣᠨᠣᠰᠢᠯᠠᠯᠲᠠ ᠡᠮᠴᠢᠯᠡᠭᠡ ᠬᠢᠵᠦ ᠂ 207 ᠲᠦᠮᠡ ᠭᠠᠷᠤᠢ ᠨᠢᠯᠬ᠎ᠠ ᠬᠡᠦᠬᠡᠳ ᠢ ᠬᠥᠩᠭᠡᠵᠢᠭᠦᠯᠵᠦ ᠂ ᠳᠤᠮᠳᠠᠳᠤ ᠠᠯᠵᠧᠷᠢᠶ᠎ᠠ ᠶᠢᠨ ᠨᠥᠬᠦᠷᠯᠡᠯ ᠤᠨ ᠬᠥᠰᠢᠶ᠎ᠡ ᠶᠢ ᠪᠣᠰᠬᠠᠵᠠᠢ ᠃ ᠳᠤᠮᠳᠠᠳᠤ ᠤᠯᠤᠰ ᠳᠤᠷᠠᠲᠠᠶ᠎ᠠ ᠦᠷᠭᠦᠯᠵᠢᠯᠡᠨ ᠠᠯᠵᠧᠷᠢᠶ᠎ᠠ ᠶᠢᠨ ᠲᠠᠯ᠎ᠠ ᠲᠠᠢ ᠡᠮ ᠡᠮᠨᠡᠯᠭᠡ ᠡᠷᠡᠭᠦᠯ ᠬᠠᠮᠠᠭᠠᠯᠠᠯ ᠤᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠠᠯᠵᠧᠷᠢᠶ᠎ᠠ ᠳᠤ ᠵᠠᠰᠠᠭ ᠤᠨ ᠣᠷᠳᠣᠨ ᠤ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠣᠷᠣᠨ ᠲᠤᠭ᠎ᠠ ᠬᠠᠩᠭᠠᠵᠤ ᠂ ᠰᠣᠨᠢᠨ ᠮᠡᠳᠡᠭᠡ ᠂ ᠵᠢᠭᠤᠯᠴᠢᠯᠠᠯ ᠂ ᠵᠠᠯᠠᠭᠤᠴᠤᠳ ᠂ ᠪᠡᠶ᠎ᠡ ᠶᠢᠨ ᠲᠠᠮᠢᠷ ᠂ ᠤᠶᠤᠨ ᠤ ᠬᠥᠮᠥᠷᠭᠡ ᠵᠡᠷᠭᠡ ᠬᠦᠷᠢᠶᠡᠨ ᠤ ᠨᠥᠭᠦᠷᠰᠡᠭ ᠬᠠᠮᠲᠤᠷᠠᠯᠴᠠᠭ᠎ᠠ ᠶᠢ ᠠᠬᠢᠭᠤᠯᠵᠤ ᠂ ᠬᠤᠶᠠᠷ ᠤᠯᠤᠰ ᠤᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠨ᠎ᠡ ᠭᠡᠵᠦ ᠴᠢᠬᠤᠯᠠᠴᠢᠯᠠᠪᠠ ᠃

ᠰᠢ ᠶᠢᠨ ᠫᠢᠩ ᠂ ᠳᠤᠮᠳᠠᠳᠤ ᠤᠯᠤᠰ ᠳᠤᠷᠠᠲᠠᠶ᠎ᠠ ᠠᠯᠵᠧᠷᠢᠶ᠎ᠠ ᠯᠤᠭ᠎ᠠ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ — ᠠᠷᠠᠪ ᠤᠨ ᠤᠯᠤᠰ ᠤᠳ ᠤᠨ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠲᠦᠷᠭᠡᠨ ᠨᠠᠶᠢᠳᠠᠪᠤᠷᠢᠵᠢᠭᠤᠯᠵᠤ ᠂ ᠳᠤᠮᠳᠠᠳᠤ ᠠᠯᠵᠧᠷᠢᠶ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭᠠᠨ ᠤ 《 ᠨᠠᠢᠮᠠᠨ ᠶᠡᠭᠡ ᠬᠠᠮᠲᠤ ᠶᠢᠨ ᠠᠵᠢᠯᠯᠠᠭ᠎ᠠ 》 ᠶᠢ ᠰᠠᠶᠢᠲᠤᠷ ᠬᠡᠷᠡᠭᠵᠢᠭᠦᠯᠵᠦ ᠂ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢᠨ ᠶᠠᠷᠢᠶᠠᠨ ᠤ ᠲᠠᠪᠴᠠᠩ ᠤᠨ ᠪᠣᠷᠣ ᠲᠥᠯᠥᠪ ᠤᠨ ᠳᠣᠲᠣᠷᠠᠬᠢ ᠬᠠᠮᠲᠤᠷᠠᠯᠴᠠᠭ᠎ᠠ ᠶᠢ ᠴᠢᠩᠭᠠᠳᠬᠠᠵᠤ ᠂ ᠶᠠᠷᠢᠶᠠᠨ ᠤ ᠲᠠᠪᠴᠠᠩ ᠤᠨ ᠳ᠋ᠠᠺᠠᠷ ᠤᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠨᠠᠶᠢᠳᠠᠪᠤᠷᠢᠵᠢᠭᠤᠯᠵᠤ ᠂ ᠰᠢᠨ᠎ᠡ ᠴᠠᠭ ᠦᠶ᠎ᠡ ᠶᠢᠨ ᠳᠤᠮᠳᠠᠳᠤ ᠠᠯᠵᠧᠷᠢᠶ᠎ᠠ ᠂ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠤᠨ᠎ᠠ ᠃ ᠠᠯᠵᠧᠷᠢᠶ᠎ᠠ ᠶᠢᠨ ᠬᠢᠨ 2024 — 2025 ᠣᠨ ᠤ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠶᠤᠯ ᠦᠭᠡᠢ ᠶᠢᠨ ᠵᠥᠪᠯᠡᠯ ᠤᠨ ᠪᠠᠶᠢᠩᠭᠤ ᠶᠢᠨ ᠪᠤᠰᠤ ᠬᠡᠷᠡᠭ ᠡᠷᠭᠢᠯᠡᠭᠴᠢ ᠤᠯᠤᠰ ᠢᠶᠠᠷ ᠰᠣᠩᠭᠤᠭᠳᠠᠭᠰᠠᠨ ᠳᠤ ᠪᠠᠶᠠᠷ ᠬᠦᠷᠭᠡᠵᠦ ᠂ ᠳᠤᠷᠠᠲᠠᠶ᠎ᠠ ᠠᠯᠵᠧᠷᠢᠶ᠎ᠠ ᠶᠢᠨ ᠬᠢᠨ ᠲᠠᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠵᠡᠷᠭᠡ ᠤᠯᠠᠨ ᠲᠠᠯᠠᠲᠤ ᠲᠠᠯᠠᠪᠤᠷ ᠤᠨ ᠵᠣᠬᠢᠴᠠᠭᠤᠯᠭ᠎ᠠ ᠪᠠ ᠬᠠᠮᠵᠢᠯᠴᠠᠭ᠎ᠠ ᠪᠠᠨ ᠴᠢᠩᠭᠠᠳᠬᠠᠵᠤ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠪᠠᠷ ᠭᠤᠣᠯ ᠪᠤᠯᠭᠠᠬᠰᠠᠨ ᠤᠯᠠᠨ ᠤᠯᠤᠰ ᠤᠨ ᠰᠢᠰᠲ᠋ᠧᠮ ᠂ ᠤᠯᠠᠨ ᠤᠯᠤᠰ ᠤᠨ ᠬᠠᠤᠯᠢ ᠪᠠᠷ ᠰᠠᠭᠤᠷᠢ ᠪᠤᠯᠭᠠᠬᠰᠠᠨ ᠤᠯᠠᠨ ᠤᠯᠤᠰ ᠤᠨ ᠡᠮᠬᠢ ᠳᠢᠭᠯᠢᠮ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠵᠤ ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠤᠯᠠᠨ ᠤᠯᠤᠰ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠭᠡᠵᠦ ᠵᠢᠭᠠᠵᠤ ᠭᠠᠷᠭᠠᠪᠠ ᠃

ᠲᠧᠪᠧᠨ ᠂ ᠳᠤᠮᠳᠠᠳᠤ ᠤᠯᠤᠰ ᠪᠣᠯ ᠠᠯᠵᠧᠷᠢᠶ᠎ᠠ ᠶᠢᠨ ᠬᠠᠮᠤᠭ ᠤᠨ ᠴᠢᠬᠤᠯᠠ ᠨᠠᠶᠢᠵᠠ ᠪᠠ ᠬᠠᠨᠢᠲᠠᠨ ᠮᠥᠨ ᠃ ᠳᠤᠮᠳᠠᠳᠤ ᠤᠯᠤᠰ ᠤᠨ ᠬᠢᠨ ᠤ ᠤᠷᠳᠤ ᠬᠤᠭᠤᠴᠠᠭᠠᠨ ᠤ ᠲᠤᠷᠰᠢ ᠠᠯᠵᠧᠷᠢᠶ᠎ᠠ ᠳᠤ ᠡᠯ᠎ᠡ ᠵᠦᠢᠯ ᠤᠨ ᠡᠷᠬᠢᠮ ᠨᠠᠨᠳᠢᠨ ᠳᠡᠮᠵᠢᠯᠭᠡ ᠬᠠᠩᠭᠠᠭᠰᠠᠨ ᠳᠤ ᠲᠠᠯᠠᠷᠬᠠᠵᠤ ᠪᠠᠶᠢᠨ᠎ᠠ ᠂ ᠠᠯᠵᠧᠷᠢᠶ᠎ᠠ ᠶᠢᠨ ᠬᠢᠨ ᠳᠤᠮᠳᠠᠳᠤ ᠤᠯᠤᠰ ᠤᠨ ᠲᠠᠶᠢᠸᠠᠨ ᠂ ᠰᠢᠨᠵᠢᠶᠠᠩ ᠳᠤ ᠬᠤᠯᠪᠣᠭᠳᠠᠬᠤ ᠵᠡᠷᠭᠡ ᠭᠤᠣᠯᠯᠠᠬᠤ ᠠᠰᠢᠭ ᠲᠤᠰᠠ ᠶᠢᠨ ᠠᠰᠠᠭᠤᠳᠠᠯ ᠳᠡᠭᠡᠷᠡᠬᠢ ᠵᠣᠭᠰᠣᠯᠲᠠ ᠶᠢ ᠡᠷᠡᠰ ᠲᠡᠮᠵᠢᠵᠤ ᠂ ᠳᠤᠮᠳᠠᠳᠤ ᠤᠯᠤᠰ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠲᠡᠮᠵᠢᠵᠤ ᠂ ᠳᠤᠷᠠᠲᠠᠶ᠎ᠠ 《 ᠨᠢᠭᠡ ᠪᠦᠰᠡ ᠨᠢᠭᠡ ᠵᠠᠮ 》 ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠢᠳᠡᠪᠬᠢᠲᠡᠢ ᠣᠷᠣᠯᠴᠠᠵᠤ ᠂ ᠠᠯᠵᠧᠷᠢᠶ᠎ᠠ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠭᠦᠨᠵᠡᠭᠡᠶᠢᠷᠡᠭᠦᠯᠵᠦ ᠂ ᠠᠯᠵᠧᠷᠢᠶ᠎ᠠ ᠶᠢᠨ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠃ ᠠᠯᠵᠧᠷᠢᠶ᠎ᠠ ᠶᠢᠨ ᠲᠠᠯ᠎ᠠ ᠶᠢᠨ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠠᠯᠵᠧᠷᠢᠶ᠎ᠠ ᠳᠤ ᠬᠦᠷᠴᠦ ᠪᠡᠯᠡ ᠣᠷᠣᠭᠤᠯᠤᠨ ᠬᠠᠮᠲᠤᠷᠠᠯᠴᠠᠭ᠎ᠠ ᠬᠢᠬᠦ ᠶᠢ ᠪᠠᠶᠠᠷᠯᠠᠨ ᠤᠭᠲᠤᠵᠤ ᠂ ᠳᠤᠷᠠᠲᠠᠶ᠎ᠠ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠠᠩᠭᠠᠵᠤ ᠂ ᠨᠡᠩ ᠤᠯᠠᠨ ᠳᠤᠮᠳᠠᠳᠤ ᠤᠯᠤᠰ ᠤᠨ ᠵᠢᠭᠤᠯᠴᠢᠯᠠᠬᠰᠠᠳ ᠤᠨ ᠠᠯᠵᠧᠷᠢᠶ᠎ᠠ ᠳᠤ ᠬᠦᠷᠴᠦ ᠵᠢᠭᠤᠯᠴᠢᠯᠠᠬᠤ ᠶᠢ ᠪᠠᠶᠠᠷᠯᠠᠨ ᠤᠭᠲᠤᠵᠤ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠰᠣᠶᠣᠯ ᠢᠷᠭᠡᠨᠰᠢᠯ ᠤᠨ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠎ᠡ ᠃ ᠣᠳᠣᠬᠠᠨ ᠤ ᠤᠯᠠᠨ ᠤᠯᠤᠰ ᠤᠨ ᠪᠠᠶᠢᠷᠢᠰᠢᠯ ᠮᠠᠰᠢ ᠲᠡᠩᠴᠡᠭᠦᠷᠢ ᠦᠭᠡᠢ ᠪᠠᠶᠢᠨ᠎ᠠ ᠂ ᠳᠤᠮᠳᠠᠳᠤ ᠶᠢᠨ ᠲᠠᠯ᠎ᠠ ᠶᠢᠨ ᠬᠢᠨ ᠤ ᠨᠡᠩ ᠨᠡᠭᠡᠭᠡᠯᠲᠡᠲᠡᠢ ᠪᠠᠭᠲᠠᠭᠠᠮᠵᠢᠲᠠᠢ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠵᠤ ᠂ ᠨᠡᠩ ᠲᠥᠪ ᠭᠤᠣᠯᠴᠢ ᠵᠦᠢ ᠵᠣᠬᠢᠰᠲᠠᠢ ᠤᠯᠠᠨ ᠤᠯᠤᠰ ᠤᠨ ᠡᠮᠬᠢ ᠳᠢᠭᠯᠢᠮ ᠢ ᠪᠦᠷᠢᠯᠳᠦᠭᠦᠯᠬᠦ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ ᠂ ᠫᠠᠯᠧᠰᠲ᠋ᠠᠶᠢᠨ ᠵᠡᠷᠭᠡ ᠭᠠᠵᠠᠷ ᠣᠷᠣᠨ ᠤ ᠬᠠᠯᠠᠮᠰᠢᠯ ᠠᠰᠠᠭᠤᠳᠠᠯ ᠢ ᠡᠷᠬᠡ ᠲᠡᠭᠰᠢ ᠪᠠᠷ ᠰᠢᠢᠳᠪᠦᠷᠢᠯᠡᠵᠦ ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠠᠬᠢᠭᠤᠯᠬᠤ ᠳᠤ ᠦᠵᠡᠭᠦᠯᠦᠭᠰᠡᠨ ᠳᠤᠮᠳᠠᠳᠤ ᠤᠯᠤᠰ ᠤᠨ ᠪᠦᠲᠦᠭᠡᠯᠴᠢ ᠴᠢᠨᠠᠷᠲᠠᠢ ᠦᠢᠯᠡᠳᠦᠯ ᠢ ᠮᠠᠭᠲᠠᠨ ᠰᠠᠶᠢᠰᠢᠶᠠᠵᠤ ᠪᠠᠶᠢᠨ᠎ᠠ ᠂ ᠳᠤᠷᠠᠲᠠᠶ᠎ᠠ ᠳᠤᠮᠳᠠᠳᠤ ᠤᠯᠤᠰ  ᠯᠤᠭ᠎ᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠪᠠᠶᠢᠯᠳᠤᠬᠤ ᠪᠣᠳᠣᠯᠭ᠎ᠠ ᠶᠢᠨ ᠬᠠᠮᠵᠢᠯᠴᠠᠭ᠎ᠠ ᠪᠠᠨ ᠨᠢᠭᠲᠠᠷᠠᠭᠤᠯᠤᠨ᠎ᠠ ᠃ ᠠᠯᠵᠧᠷᠢᠶ᠎ᠠ ᠶᠢᠨ ᠬᠢᠨ ᠳᠤᠮᠳᠠᠳᠤ ᠠᠯᠵᠧᠷᠢᠶ᠎ᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠪᠣᠯᠣᠨ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠳᠤᠮᠳᠠᠳᠤ ᠠᠯᠵᠧᠷᠢᠶ᠎ᠠ ᠂ ᠳᠤᠮᠳᠠᠳᠤ ᠠᠹᠷᠢᠺᠠ ᠶᠢᠨ ᠬᠠᠷᠢᠯᠴᠠᠭ᠎ᠠ ᠶᠢᠨ ᠬᠥᠭᠵᠢᠯᠲᠡ ᠶᠢ ᠠᠬᠢᠭᠤᠯᠬᠤ ᠳᠤ ᠦᠵᠡᠭᠦᠯᠦᠭᠰᠡᠨ ᠴᠢᠬᠤᠯᠠ ᠦᠢᠯᠡᠳᠦᠯ ᠢ ᠳᠡᠭᠡᠳᠦ ᠬᠡᠮᠵᠢᠶ᠎ᠡ ᠪᠠᠷ ᠨᠤᠲᠠᠯᠠᠵᠤ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ ᠠᠯᠵᠧᠷᠢᠶ᠎ᠠ ᠂ ᠳᠤᠮᠳᠠᠳᠤ ᠠᠹᠷᠢᠺᠠ ᠶᠢᠨ ᠬᠠᠮᠲᠤᠷᠠᠯᠴᠠᠭ᠎ᠠ ᠶᠢ ᠰᠢᠨ᠎ᠡ ᠲᠦᠪᠰᠢᠨ ᠳᠤ ᠬᠦᠷᠭᠡᠵᠦ ᠂ ᠬᠤᠶᠠᠷ ᠲᠠᠯ᠎ᠠ ᠶᠢᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠢᠯᠡᠳᠬᠡᠪᠡ ᠃

ᠬᠡᠯᠡᠯᠴᠡᠭᠡ ᠲᠡᠭᠦᠰᠦᠭᠰᠡᠨ ᠤ ᠳᠠᠷᠠᠭ᠎ᠠ ᠂ ᠬᠤᠶᠠᠷ ᠤᠯᠤᠰ ᠤᠨ ᠲᠡᠷᠢᠭᠦᠨ ᠬᠥᠳᠡᠭᠡ ᠠᠵᠤ ᠠᠬᠤᠢ ᠂ ᠵᠠᠮ ᠬᠠᠷᠢᠯᠴᠠᠭ᠎ᠠ ᠂ ᠰᠢᠨᠵᠢᠯᠡᠬᠦ ᠤᠬᠠᠭᠠᠨ ᠮᠡᠷᠭᠡᠵᠢᠯ ᠂ ᠴᠠᠭᠢᠯᠭᠠᠨ ᠬᠤᠯᠪᠤᠭ᠎ᠠ ᠂ ᠬᠤᠳᠠ ᠶᠢᠨ ᠦᠷᠭᠦᠯᠵᠢᠯᠡᠬᠦ ᠬᠥᠭᠵᠢᠯᠲᠡ ᠂ ᠠᠷᠠᠯᠵᠢᠶ᠎ᠠ ᠂ ᠰᠠᠨᠰᠠᠷ ᠤᠨ ᠠᠶᠠᠯᠠᠯ ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠂ ᠡᠨᠧᠷᠭᠢ ᠂ ᠰᠤᠷᠭᠠᠨ ᠬᠥᠮᠦᠵᠢᠯ ᠂ ᠪᠡᠶ᠎ᠡ ᠶᠢᠨ ᠲᠠᠮᠢᠷ ᠵᠡᠷᠭᠡ ᠬᠦᠷᠢᠶᠡᠨ ᠤ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃

ᠬᠤᠶᠠᠷ ᠲᠠᠯ᠎ᠠ ᠪᠠᠷ ᠢᠶᠠᠨ 《 ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠠ ᠨᠠᠶᠢᠷᠠᠮᠳᠠᠬᠤ ᠠᠷᠠᠳᠴᠢᠯᠠᠭᠰᠠᠨ ᠠᠯᠵᠧᠷᠢᠶ᠎ᠠ ᠠᠷᠠᠳ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ 》 ᠶᠢ ᠨᠡᠶᠢᠲᠡᠯᠡᠪᠡ ᠃

ᠬᠡᠯᠡᠯᠴᠡᠭᠡ ᠬᠢᠬᠦ ᠠᠴᠠ ᠡᠮᠦᠨ᠎ᠡ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠲᠧᠪᠧᠨ ᠢ ᠤᠭᠲᠤᠬᠤ ᠶᠣᠰᠣᠯᠠᠯ ᠶᠠᠪᠤᠭᠤᠯᠪᠠ ᠃

ᠲᠧᠪᠧᠨ ᠬᠦᠷᠬᠦ ᠦᠶ᠎ᠡ ᠳᠤ ᠂ ᠲᠢᠶᠠᠨ ᠠᠨ ᠮᠧᠨ ᠠᠭᠤᠳᠠᠮ ᠲᠠᠯᠠᠪᠠᠢ ᠳᠤ ᠶᠣᠰᠣᠯᠠᠯ ᠤᠨ ᠫᠤᠤ ᠶᠢ 21 ᠤᠳᠠᠭ᠎ᠠ ᠳᠤᠤᠭᠠᠷᠭᠠᠵᠤ ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠶᠣᠰᠣ ᠭᠦᠢᠴᠡᠳᠬᠡᠪᠡ ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ ᠂ ᠴᠡᠷᠢᠭ ᠤᠨ ᠬᠥᠭᠵᠢᠮ ᠤᠨ ᠪᠦᠯᠭᠦᠮ ᠳᠤᠮᠳᠠᠳᠤ ᠠᠯᠵᠧᠷᠢᠶ᠎ᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ ᠃ ᠲᠧᠪᠧᠨ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ ᠃

ᠲᠤᠰ ᠣᠷᠣᠢ ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠰᠢᠷᠭᠠᠯ ᠶᠡᠭᠡ ᠲᠢᠩᠬᠢᠮ ᠳᠤ ᠲᠧᠪᠧᠨ ᠢ ᠤᠭᠲᠤᠬᠤ ᠳᠠᠶᠢᠯᠠᠯᠭ᠎ᠠ ᠬᠢᠪᠡ ᠃

ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃

 

 


   :                    
   :           
备案序号:蒙ICP备05003250号 公安备案15010502000173