ᠵᠤᠬᠢᠶᠠᠭᠴᠢ:
ᠴᠠᠭ:2023-07-21
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ ᠹᠢᠯᠢᠫᠢᠨ ᠤ ᠤᠤᠯ ᠤᠨ ᠶᠡᠷᠦᠩᠬᠡᠶᠢᠯᠡᠭᠴᠢ ᠳ᠋ᠦᠲ᠋ᠧᠷᠲ᠋ᠧ ᠲᠠᠢ ᠠᠭᠤᠯᠵᠠᠪᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 7 ᠰᠠᠷ᠎ᠠ ᠶᠢᠨ 17 ᠤ ᠴᠠᠬᠢᠯᠭᠠᠨ ᠮᠡᠳᠡᠭᠡ 7 ᠰᠠᠷ᠎ᠠ ᠶᠢᠨ 17 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠪᠡᠭᠡᠵᠢᠩ ᠤᠨ ᠳ᠋ᠢᠶᠣᠤ ᠢᠤᠢ ᠲᠠᠢ ᠲᠥᠷᠥ ᠵᠣᠴᠢᠳ ᠤᠨ ᠪᠠᠭᠤᠳᠠᠯ ᠳᠤ ᠹᠢᠯᠢᠫᠢᠨ ᠤ ᠤᠤᠯ ᠤᠨ ᠶᠡᠷᠦᠩᠬᠡᠶᠢᠯᠡᠭᠴᠢ ᠳ᠋ᠦᠲ᠋ᠧᠷᠲ᠋ᠧ ᠲᠠᠢ ᠠᠭᠤᠯᠵᠠᠪᠠ᠃
ᠰᠢ ᠶᠢᠨ ᠫᠢᠩ᠂ ᠲᠠ ᠹᠢᠯᠢᠫᠢᠨ ᠤ ᠶᠡᠷᠦᠩᠬᠡᠶᠢᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠭᠰᠠᠨ ᠬᠤᠭᠤᠴᠠᠭᠠᠨ ᠳᠠᠭᠠᠨ᠂ ᠠᠷᠠᠳ ᠲᠦᠮᠡᠨ ᠳᠤ ᠬᠠᠷᠢᠭᠤᠴᠠᠬᠤ᠂ ᠲᠡᠦᠬᠡᠨ ᠳᠤ ᠬᠠᠷᠢᠭᠤᠴᠠᠬᠤ ᠣᠪᠣᠷ ᠢᠶᠠᠷ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠰᠠᠶᠢᠵᠢᠷᠠᠭᠤᠯᠬᠤ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠬᠢᠵᠦ᠂ ᠳᠤᠮᠳᠠᠳᠤ ᠹᠢᠯᠢᠫᠢᠨ ᠤ ᠬᠠᠷᠢᠯᠴᠠᠭ᠎ᠠ ᠲᠠᠭᠢᠨ ᠬᠡᠪ ᠤᠨ ᠵᠠᠮ ᠳᠠᠭᠠᠨ ᠣᠷᠣᠬᠤ ᠶᠢᠨ ᠬᠠᠮᠲᠤ ᠥᠷᠨᠢᠭᠦᠨ ᠬᠥᠭᠵᠢᠵᠦ᠂ ᠬᠤᠶᠠᠷ ᠤᠯᠤᠰ ᠤᠨ ᠨᠥᠭᠦᠷᠰᠡᠭ ᠶᠠᠪᠤᠯᠴᠠᠭ᠎ᠠ ᠳᠤ ᠴᠢᠬᠤᠯᠠ ᠬᠤᠪᠢ ᠨᠡᠮᠡᠷᠢ ᠦᠵᠡᠭᠦᠯᠵᠡᠢ᠃ ᠳᠤᠮᠳᠠᠳᠤ ᠹᠢᠯᠢᠫᠢᠨ ᠪᠣᠯ ᠴᠥᠮ ᠠᠽᠢᠶ᠎ᠠ ᠲᠢᠪ ᠤᠨ ᠬᠥᠭᠵᠢᠵᠦ ᠪᠠᠶᠢᠭ᠎ᠠ ᠤᠯᠤᠰ ᠮᠥᠨ᠂ ᠬᠤᠶᠠᠷ ᠤᠯᠤᠰ ᠤᠨ ᠬᠥᠭᠵᠢᠯᠲᠡ ᠨᠢ ᠡᠶᠡᠯᠳᠡᠭ ᠬᠥᠷᠰᠢ ᠶᠢᠨ ᠨᠥᠭᠦᠷᠰᠡᠭ ᠶᠠᠪᠤᠯᠴᠠᠭ᠎ᠠ ᠪᠦᠬᠦᠢ ᠡᠷᠭᠢᠨ ᠲᠣᠭᠤᠷᠢᠨ ᠤ ᠣᠷᠴᠢᠨ ᠲᠣᠭᠤᠷᠢᠨ ᠳᠤ ᠦᠨᠳᠦᠰᠦᠯᠡᠵᠦ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠠᠽᠢᠶ᠎ᠠ ᠲᠢᠪ ᠤᠨ ᠶᠡᠭᠡ ᠭᠡᠷ ᠪᠦᠯᠢ ᠳᠤ ᠦᠨᠳᠦᠰᠦᠯᠡᠭᠰᠡᠨ ᠶᠤᠮ᠃ ᠳᠤᠮᠳᠠᠳᠤ ᠤᠯᠤᠰ ᠤᠨ ᠬᠢᠨ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭ᠎ᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠲᠠᠢ ᠪᠠᠨ ᠬᠠᠨᠢᠲᠠᠨ ᠪᠤᠯᠬᠤ ᠶᠢ ᠪᠠᠷᠢᠮᠲᠠᠯᠠᠭᠰᠠᠭᠠᠷ ᠢᠷᠡᠪᠡ᠃ ᠳᠤᠮᠳᠠᠳᠤ ᠤᠯᠤᠰ ᠤᠨ ᠬᠢᠨ ᠳᠤᠮᠳᠠᠳᠤ ᠹᠢᠯᠢᠫᠢᠨ ᠤ ᠬᠠᠷᠢᠯᠴᠠᠭ᠎ᠠ ᠶᠢ ᠢᠮᠠᠭᠲᠠ ᠴᠢᠬᠤᠯᠠᠴᠢᠯᠠᠵᠤ᠂ ᠳᠤᠷᠠᠲᠠᠶ᠎ᠠ ᠹᠢᠯᠢᠫᠢᠨ ᠤ ᠬᠢᠨ ᠲᠠᠢ ᠬᠠᠮᠲᠤ ᠪᠠᠷ ᠳᠤᠮᠳᠠᠳᠤ ᠹᠢᠯᠢᠫᠢᠨ ᠤ ᠬᠠᠷᠢᠯᠴᠠᠭ᠎ᠠ ᠶᠢᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠤᠨ᠎ᠠ᠃ ᠬᠤᠶᠠᠷ ᠤᠯᠤᠰ ᠤᠨ ᠨᠥᠭᠦᠷᠰᠡᠭ ᠬᠠᠮᠵᠢᠯᠴᠠᠭ᠎ᠠ ᠳᠤ ᠦᠷᠭᠦᠯᠵᠢᠯᠡᠨ ᠴᠢᠬᠤᠯᠠ ᠦᠢᠯᠡᠳᠦᠯ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
ᠳ᠋ᠦᠲ᠋ᠧᠷᠲ᠋ᠧ᠂ ᠳᠤᠮᠳᠠᠳᠤ ᠤᠯᠤᠰ ᠤᠨ ᠬᠢᠨ ᠹᠢᠯᠢᠫᠢᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠡᠷᠬᠢᠮ ᠨᠠᠨᠳᠢᠨ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠂ ᠢᠯᠠᠩᠭᠤᠶ᠎ᠠ ᠹᠢᠯᠢᠫᠢᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠲᠠᠢ ᠲᠡᠮᠡᠴᠡᠬᠦ ᠳᠤ ᠬᠠᠷᠠᠮ ᠦᠭᠡᠢ ᠬᠠᠪᠰᠤᠷᠤᠯᠭ᠎ᠠ ᠦᠵᠡᠭᠦᠯᠦᠭᠰᠡᠨ ᠳᠤ ᠲᠠᠯᠠᠷᠬᠠᠵᠤ ᠪᠠᠶᠢᠨ᠎ᠠ᠃ ᠹᠢᠯᠢᠫᠢᠨ ᠳᠤᠮᠳᠠᠳᠤ ᠶᠢᠨ ᠨᠥᠭᠦᠷᠰᠡᠭ ᠬᠠᠷᠢᠯᠴᠠᠭ᠎ᠠ ᠶᠢ ᠬᠥᠭᠵᠢᠭᠦᠯᠬᠦ ᠨᠢ ᠬᠤᠶᠠᠷ ᠤᠯᠤᠰ ᠤᠨ ᠠᠷᠠᠳ ᠲᠦᠮᠡᠨ ᠤ ᠠᠰᠢᠭ ᠲᠤᠰᠠ ᠳᠤ ᠨᠡᠶᠢᠴᠡᠬᠦ ᠪᠥᠭᠡᠳ ᠹᠢᠯᠢᠫᠢᠨ ᠤ ᠣᠯᠠᠩᠬᠢ ᠠᠷᠠᠳ ᠲᠦᠮᠡᠨ ᠤ ᠬᠦᠰᠡᠯ ᠡᠷᠡᠮᠡᠯᠵᠡᠯ ᠪᠣᠯᠣᠨ᠎ᠠ᠃ ᠪᠢ ᠳᠤᠷᠠᠲᠠᠶ᠎ᠠ ᠹᠢᠯᠢᠫᠢᠨ ᠳᠤᠮᠳᠠᠳᠤ ᠶᠢᠨ ᠨᠥᠬᠦᠷᠯᠡᠯ ᠢ ᠠᠬᠢᠭᠤᠯᠬᠤ ᠳᠤ ᠦᠷᠭᠦᠯᠵᠢᠯᠡᠨ ᠦᠢᠯᠡᠳᠦᠯ ᠦᠵᠡᠭᠦᠯᠦᠨ᠎ᠡ ᠭᠡᠵᠦ ᠢᠯᠡᠳᠬᠡᠪᠡ᠃
ᠸᠠᠩ ᠢ ᠠᠭᠤᠯᠵᠠᠯᠲᠠ ᠳᠤ ᠣᠷᠣᠯᠴᠠᠵᠠᠢ᠃