ᠵᠤᠬᠢᠶᠠᠭᠴᠢ: ᠴᠠᠭ:2023-07-21 ᠥᠵᠡᠭᠰᠡᠨ : ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》  
ᠰᠢ ᠶᠢᠨ ᠫᠢᠩ ᠰᠦᠯᠵᠢᠶ᠎ᠡ ᠶᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠳᠤ ᠴᠢᠬᠤᠯᠠ ᠵᠢᠭᠠᠪᠤᠷᠢ ᠥᠭᠴᠦ ᠰᠦᠯᠵᠢᠶ᠎ᠡ ᠶᠢᠨ ᠬᠦᠴᠦᠷᠬᠡᠭ ᠤᠯᠤᠰ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ  ᠰᠦᠯᠵᠢᠶ᠎ᠡ ᠶᠢᠨ ᠮᠡᠳᠡᠭᠡ ᠵᠠᠩᠭᠢ ᠶᠢᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠶᠡᠭᠡ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠼᠠᠢ ᠴᠢ ᠪᠦᠭᠦ ᠤᠯᠤᠰ ᠤᠨ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠠᠢ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠪᠠ

 

ᠰᠢᠨᠬᠤᠸᠠ ᠬᠤᠷᠢᠶ᠎ᠠ ᠶᠢᠨ ᠪᠡᠭᠡᠵᠢᠩ ᠤᠨ 2023  7  ᠰᠠᠷ᠎ᠠ ᠶᠢᠨ 15 ᠤ ᠡᠳᠦᠷ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠰᠦᠯᠵᠢᠶ᠎ᠡ ᠶᠢᠨ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠠᠵᠢᠯ ᠳᠤ ᠴᠢᠬᠤᠯᠠ ᠵᠢᠭᠠᠪᠤᠷᠢ ᠥᠭᠬᠦ ᠳᠡᠭᠡᠨ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠂ ᠮᠠᠨ ᠤ ᠤᠯᠤᠰ ᠤᠨ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠦᠢᠯᠡᠰ ᠴᠢᠬᠤᠯᠠ ᠶᠡᠭᠡ ᠠᠮᠵᠢᠯᠲᠠ ᠪᠦᠲᠦᠮᠵᠢ ᠣᠯᠵᠤ ᠂ ᠢᠨᠲ᠋ᠧᠷ ᠰᠦᠯᠵᠢᠶ᠎ᠡ ᠶᠢᠨ ᠮᠡᠳᠡᠭᠡ ᠵᠠᠩᠭᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠪᠦᠭᠦ ᠲᠠᠯ᠎ᠠ ᠪᠠᠷ ᠴᠢᠩᠭᠠᠷᠠᠵᠤ ᠂ ᠰᠦᠯᠵᠢᠶ᠎ᠡ ᠶᠢᠨ ᠣᠷᠣᠨ ᠵᠠᠢ ᠳᠠᠬᠢ ᠭᠤᠣᠯ ᠪᠤᠯᠬᠤ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠪᠠᠬᠢᠵᠢᠨ ᠪᠤᠵᠠᠭᠠᠶᠢᠷᠠᠵᠤ ᠂ ᠰᠦᠯᠵᠢᠶ᠎ᠡ ᠶᠢ ᠶᠡᠷᠦᠩᠬᠡᠶᠢᠯᠡᠨ ᠵᠠᠰᠠᠬᠤ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ ᠂ ᠰᠦᠯᠵᠢᠶ᠎ᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠰᠢᠰᠲ᠋ᠧᠮ ᠪᠣᠯᠣᠨ ᠴᠢᠳᠠᠪᠤᠷᠢ ᠦᠷᠭᠦᠯᠵᠢᠯᠡᠨ ᠳᠡᠭᠡᠭᠰᠢᠯᠡᠵᠦ ᠂ ᠰᠦᠯᠵᠢᠶ᠎ᠡ ᠶᠢᠨ ᠮᠡᠳᠡᠭᠡ ᠵᠠᠩᠭᠢ ᠶᠢᠨ ᠬᠦᠷᠢᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠠᠯᠬᠤᠭ᠎ᠠ ᠲᠦᠷᠭᠡᠳᠴᠦ ᠂ ᠮᠡᠳᠡᠭᠡ ᠵᠠᠩᠭᠢᠵᠢᠯᠲᠠ ᠶᠢᠨ ᠬᠥᠳᠡᠯᠭᠡᠭᠦᠷ ᠢᠶᠠᠷ ᠬᠥᠲᠥᠯᠥᠨ ᠳᠠᠭᠠᠭᠤᠯᠬᠤ ᠦᠢᠯᠡᠳᠦᠯ ᠪᠦᠲᠦᠮᠵᠢᠲᠡᠶ ᠪᠠᠳᠠᠷᠠᠵᠤ ᠂ ᠰᠦᠯᠵᠢᠶ᠎ᠡ ᠶᠢᠨ ᠣᠷᠣᠨ ᠵᠠᠢ ᠳᠠᠬᠢ ᠬᠠᠤᠯᠢᠵᠢᠯ ᠤᠨ ᠬᠡᠮᠵᠢᠶ᠎ᠡ ᠲᠠᠰᠤᠷᠠᠯᠲᠠ ᠦᠭᠡᠢ ᠳᠡᠭᠡᠭᠰᠢᠯᠡᠵᠦ ᠂ ᠰᠦᠯᠵᠢᠶ᠎ᠡ  ᠶᠢᠨ ᠣᠷᠣᠨ ᠵᠠᠢ ᠶᠢᠨ ᠳᠡᠯᠡᠬᠡᠢ ᠳᠡᠭᠡᠷᠡᠬᠢ ᠦᠭᠡ ᠬᠡᠯᠡᠬᠦ ᠡᠷᠬᠡ ᠪᠠ ᠨᠥᠯᠥᠭᠡᠯᠡᠬᠦ ᠬᠦᠴᠦᠨ ᠢᠯᠡᠳᠲᠡ ᠴᠢᠩᠭᠠᠷᠠᠵᠤ ᠂ ᠰᠦᠯᠵᠢᠶ᠎ᠡ ᠶᠢᠨ ᠬᠦᠴᠦᠷᠬᠡᠭ ᠤᠯᠤᠰ ᠤᠨ ᠪᠠᠶᠢᠭᠤᠯᠤᠯᠲᠠ ᠰᠢᠨ᠎ᠡ ᠠᠯᠬᠤᠮ ᠠᠯᠬᠤᠪᠠ ᠭᠡᠵᠦ ᠵᠢᠭᠠᠵᠤ ᠭᠠᠷᠭᠠᠵᠠᠢ ᠃

ᠰᠢ ᠶᠢᠨ ᠫᠢᠩ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠂ ᠰᠦᠯᠵᠢᠶ᠎ᠡ ᠶᠢᠨ ᠮᠡᠳᠡᠭᠡ ᠵᠠᠩᠭᠢ ᠶᠢᠨ ᠠᠵᠢᠯ ᠦᠢᠯᠡᠰ ᠤᠨ ᠴᠢᠬᠤᠯᠠ ᠪᠠᠶᠢᠷᠢ ᠰᠠᠭᠤᠷᠢ ᠦᠢᠯᠡᠳᠦᠯ ᠡᠳᠦᠷ ᠢᠷᠡᠬᠦᠶ᠎ᠡ ᠲᠣᠪᠣᠶᠢᠮ᠎ᠠ ᠪᠣᠯᠵᠤ ᠪᠠᠶᠢᠨ᠎ᠠ ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ  ᠨᠠᠶᠢᠳᠠᠪᠤᠷᠢᠵᠢᠭᠤᠯᠵᠤ ᠂ ᠰᠦᠯᠵᠢᠶ᠎ᠡ  ᠶᠢᠨ ᠬᠦᠴᠦᠷᠬᠡᠭ ᠤᠯᠤᠰ ᠤᠨ ᠲᠤᠬᠠᠢ ᠨᠠᠮ ᠤᠨ ᠲᠥᠪ ᠬᠤᠷᠢᠶ᠎ᠠ ᠶᠢᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ  ᠂ ᠲᠤᠭ ᠢ ᠮᠠᠨᠳᠤᠭᠤᠯᠤᠨ ᠠᠷᠠᠳ ᠤᠨ ᠰᠡᠳᠬᠢᠯ ᠢ ᠨᠢᠭᠲᠠᠷᠠᠭᠤᠯᠬᠤ ᠂ ᠠᠶᠤᠯ ᠲᠦᠭᠰᠢᠭᠦᠷᠢ ᠶᠢ ᠰᠡᠷᠭᠡᠶᠢᠯᠡᠨ ᠠᠮᠤᠷ ᠲᠦᠪᠰᠢᠨ ᠢ ᠪᠠᠲᠤᠯᠠᠬᠤ ᠂ ᠵᠠᠰᠠᠯᠲᠠ ᠶᠢ ᠴᠢᠩᠭᠠᠳᠬᠠᠨ ᠠᠷᠠᠳ ᠲᠤ ᠠᠰᠢᠭ ᠬᠦᠷᠲᠡᠭᠡᠬᠦ ᠂ ᠬᠥᠳᠡᠯᠭᠡᠬᠦ ᠬᠦᠴᠦᠨ ᠢ ᠨᠡᠮᠡᠭᠳᠡᠭᠦᠯᠦᠨ ᠬᠥᠭᠵᠢᠯᠲᠡ ᠶᠢ ᠠᠬᠢᠭᠤᠯᠬᠤ ᠂ ᠬᠠᠮᠲᠤᠷᠠᠯᠴᠠᠭ᠎ᠠ ᠶᠢ ᠡᠷᠢᠯᠬᠢᠯᠡᠨ ᠬᠠᠮᠲᠤ ᠪᠠᠷ ᠠᠰᠢᠭ ᠭᠦᠷᠲᠡᠭᠦ ᠶᠢ ᠪᠣᠳᠣᠯᠬᠢᠯᠠᠬᠤ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ ᠂ ᠨᠠᠮ ᠠᠴᠠ ᠢᠨᠲ᠋ᠧᠷ ᠰᠦᠯᠵᠢᠶ᠎ᠡ ᠶᠢ ᠬᠠᠮᠢᠶᠠᠷᠬᠤ ᠶᠢ ᠪᠠᠷᠢᠮᠲᠠᠯᠠᠵᠤ ᠂ ᠰᠦᠯᠵᠢᠶᠡᠨ ᠤ ᠮᠡᠳᠡᠭᠡ ᠵᠠᠩᠭᠢ ᠨᠢ ᠠᠷᠠᠳ ᠤᠨ ᠲᠥᠯᠥᠭᠡ ᠪᠠᠶᠢᠬᠤ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠰᠦᠯᠵᠢᠶ᠎ᠡ ᠶᠢ ᠵᠠᠰᠠᠬᠤ ᠵᠠᠮ ᠢᠶᠠᠷ ᠵᠠᠮᠨᠠᠬᠤ ᠶᠢ ᠪᠠᠷᠢᠮᠲᠠᠯᠠᠵᠤ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ ᠂ ᠢᠳᠡᠪᠬᠢ ᠬᠦᠴᠦᠨ ᠪᠣᠯ ᠶᠡᠷᠦᠩᠬᠡᠢ ᠱᠠᠭᠠᠷᠳᠠᠯᠭ᠎ᠠ ᠂ ᠬᠠᠮᠢᠶᠠᠷᠴᠤ ᠳᠡᠶᠢᠯᠭᠦ ᠪᠣᠯ ᠬᠠᠲᠠᠭᠤ ᠶᠣᠰᠣ ᠂ ᠰᠠᠶᠢᠲᠤᠷ ᠬᠡᠷᠡᠭᠯᠡᠬᠦ ᠪᠣᠯ ᠦᠨᠡᠨ ᠴᠢᠳᠠᠪᠤᠷᠢ ᠮᠥᠨ ᠭᠡᠳᠡᠭ ᠢ ᠪᠠᠷᠢᠮᠲᠠᠯᠠᠵᠤ ᠂ ᠤᠯᠤᠰ ᠤᠨ ᠰᠦᠯᠵᠢᠶ᠎ᠡ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠶᠢ ᠪᠠᠷᠢᠮᠲᠠᠯᠠᠵᠤ ᠂ ᠮᠡᠳᠡᠭᠡ ᠵᠠᠩᠭᠢᠵᠢᠯᠲᠠ ᠪᠠᠷ ᠬᠥᠳᠡᠯᠭᠡᠭᠦᠷ ᠪᠤᠯᠭᠠᠵᠤ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠶᠢ ᠪᠠᠷᠢᠮᠲᠠᠯᠠᠵᠤ ᠂ ᠬᠠᠤᠯᠢ ᠶᠣᠰᠣᠭᠠᠷ ᠰᠦᠯᠵᠢᠶ᠎ᠡ ᠶᠢ ᠬᠠᠮᠢᠶᠠᠷᠬᠤ ᠂ ᠬᠠᠤᠯᠢ ᠶᠣᠰᠣᠭᠠᠷ ᠰᠦᠯᠵᠢᠶ᠎ᠡ ᠡᠷᠭᠢᠯᠡᠭᠦ ᠂ ᠬᠠᠤᠯᠢ ᠶᠣᠰᠣᠭᠠᠷ ᠰᠦᠯᠵᠢᠶ᠎ᠡ ᠶᠢ ᠬᠡᠷᠡᠭᠯᠡᠬᠦ ᠶᠢ ᠪᠠᠷᠢᠮᠲᠠᠯᠠᠵᠤ ᠂ ᠰᠦᠯᠵᠢᠶ᠎ᠡ ᠶᠢᠨ ᠣᠷᠣᠨ ᠵᠠᠢ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠪᠠᠷᠢᠮᠲᠠᠯᠠᠵᠤ ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠰᠦᠯᠵᠢᠶ᠎ᠡ ᠶᠢᠨ ᠮᠡᠳᠡᠭᠡ ᠵᠠᠩᠭᠢ ᠶᠢᠨ ᠠᠵᠢᠯ ᠤᠨ ᠡᠩᠨᠡᠭᠡ ᠶᠢ ᠪᠠᠶᠢᠭᠤᠯᠬᠤ ᠶᠢ ᠪᠠᠷᠢᠮᠲᠠᠯᠠᠵᠤ ᠂ ᠰᠦᠯᠵᠢᠶ᠎ᠡ  ᠶᠢᠨ ᠮᠡᠳᠡᠭᠡ ᠵᠠᠩᠭᠢ ᠶᠢᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠶᠡᠭᠡ ᠪᠠᠷ ᠠᠬᠢᠭᠤᠯᠵᠤ ᠂ ᠰᠦᠯᠵᠢᠶ᠎ᠡ ᠶᠢᠨ ᠬᠦᠴᠦᠷᠬᠡᠭ ᠤᠯᠤᠰ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠵᠠᠢ ᠃

ᠰᠢ ᠶᠢᠨ ᠫᠢᠩ ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ ᠂ ᠰᠦᠯᠵᠢᠶ᠎ᠡ ᠶᠢᠨ ᠮᠡᠳᠡᠭᠡ ᠵᠠᠩᠭᠢ ᠶᠢᠨ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠭᠡᠷᠡᠭᠲᠡᠶ ︔ ᠡᠯ᠎ᠡ ᠱᠠᠲᠤᠨ ᠤ ᠰᠦᠯᠵᠢᠶ᠎ᠡ ᠶᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠮᠥᠴᠢᠷ ᠨᠠᠮ ᠪᠣᠯᠣᠨ ᠠᠷᠠᠳ ᠲᠦᠮᠡᠨ ᠳᠤ ᠦᠨᠡᠨᠴᠢ ᠰᠢᠳᠤᠷᠭᠤ ᠪᠠᠶᠢᠵᠤ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ᠵᠠᠮ ᠨᠡᠭᠡᠭᠡᠨ ᠰᠢᠨ᠎ᠡ ᠶᠢ ᠡᠭᠦᠳᠬᠦ ᠳᠡᠭᠡᠨ ᠴᠢᠳᠠᠮᠠᠭᠠᠢ ᠪᠠᠶᠢᠵᠤ ᠂ ᠵᠣᠷᠢᠭᠲᠠᠢ ᠪᠠᠷ ᠲᠡᠮᠡᠴᠡᠵᠦ ᠂ ᠳᠤᠷᠠᠲᠠᠶ᠎ᠠ ᠴᠢᠷᠮᠠᠶᠢᠨ ᠵᠢᠳᠬᠦᠵᠦ ᠬᠤᠪᠢ ᠨᠡᠮᠡᠷᠢ ᠦᠵᠡᠭᠦᠯᠵᠦ ᠂ ᠰᠦᠯᠵᠢᠶ᠎ᠡ ᠶᠢᠨ ᠮᠡᠳᠡᠭᠡ ᠵᠠᠩᠭᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃

ᠪᠦᠭᠦ ᠤᠯᠤᠰ ᠤᠨ ᠰᠦᠯᠵᠢᠶ᠎ᠡ ᠶᠢᠨ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠠᠵᠢᠯ ᠤᠨ ᠬᠤᠷᠠᠯ 7  ᠰᠠᠷ᠎ᠠ ᠶᠢᠨ 14 ᠠᠴᠠ 15 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠼᠠᠢ ᠴᠢ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ  ᠶᠢᠨ ᠪᠠᠶᠢᠩᠭᠤ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠬᠰᠠᠨ ᠪᠥᠭᠡᠳ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠪᠠ ᠃

ᠼᠠᠢ ᠴᠢ ᠶᠠᠷᠢᠶᠠᠨ ᠳᠠᠭᠠᠨ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠳᠤ ᠰᠦᠯᠵᠢᠶ᠎ᠡ ᠶᠢᠨ ᠮᠡᠳᠡᠭᠡ ᠵᠠᠩᠭᠢ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠢ ᠳᠤᠷᠠᠳᠴᠤ ᠂ 《 ᠠᠷᠪᠠ ᠶᠢ ᠪᠠᠷᠢᠮᠲᠠᠯᠠᠬᠤ 》 ᠴᠢᠬᠤᠯᠠ ᠵᠠᠷᠴᠢᠮ ᠢ ᠲᠣᠳᠣᠷᠬᠠᠶᠢᠯᠠᠭᠰᠠᠨ ᠪᠥᠭᠡᠳ ᠰᠦᠯᠵᠢᠶ᠎ᠡ ᠶᠢᠨ ᠮᠡᠳᠡᠭᠡ ᠵᠠᠩᠭᠢ ᠶᠢᠨ ᠠᠵᠢᠯ ᠳᠤ ᠱᠠᠭᠠᠷᠳᠠᠯᠭ᠎ᠠ ᠳᠤᠷᠠᠳᠤᠭᠰᠠᠨ ᠨᠢ ᠮᠠᠰᠢ ᠴᠢᠩᠭ᠎ᠠ ᠤᠯᠤᠰ ᠲᠥᠷᠥᠴᠢ ᠴᠢᠨᠠᠷ ᠂ ᠪᠠᠶᠢᠯᠳᠤᠬᠤ ᠪᠣᠳᠣᠯᠭ᠎ᠠ ᠶᠢᠨ ᠴᠢᠨᠠᠷ ᠂ ᠵᠢᠯᠤᠭᠤᠳᠬᠤ ᠴᠢᠨᠠᠷ ᠲᠠᠢ ᠶᠤᠮ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠰᠦᠯᠵᠢᠶ᠎ᠡ ᠶᠢᠨ ᠮᠡᠳᠡᠭᠡ ᠵᠠᠩᠭᠢ ᠶᠢᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠲᠣᠳᠣᠷᠬᠠᠢ ᠵᠢᠭᠠᠵᠤ ᠥᠭᠴᠡᠢ ᠂ ᠪᠢᠳᠡ ᠡᠷᠡᠰ  ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ ᠃

ᠼᠠᠢ ᠴᠢ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠦᠯᠵᠢᠶ᠎ᠡ ᠶᠢᠨ ᠮᠡᠳᠡᠭᠡ ᠵᠠᠩᠭᠢ ᠶᠢᠨ ᠠᠵᠢᠯ ᠦᠢᠯᠡᠰ ᠴᠢᠬᠤᠯᠠ ᠶᠡᠭᠡ ᠠᠮᠵᠢᠯᠲᠠ ᠪᠦᠲᠦᠮᠵᠢ ᠣᠯᠣᠭᠰᠠᠨ ᠤ ᠬᠠᠮᠤᠭ ᠤᠨ ᠦᠨᠳᠦᠰᠦᠨ ᠵᠦᠢᠯ ᠨᠢ ᠶᠡᠷᠦᠩᠬᠡᠢ ᠱᠦᠵᠢ ᠰᠢ ᠶᠢᠨ ᠫᠢᠩ ᠠᠶᠠᠯᠠᠯ ᠢ ᠵᠢᠯᠣᠭᠤᠳᠤᠨ ᠵᠠᠯᠠᠭᠤᠷ ᠢ ᠡᠵᠡᠮᠳᠡᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ ᠵᠢᠯᠣᠭᠤᠳᠤᠯᠭ᠎ᠠ ᠳᠤ ᠪᠠᠶᠢᠨ᠎ᠠ ᠃ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶ᠎ᠡ ᠶᠢᠨ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠨᠢ ᠰᠦᠯᠵᠢᠶ᠎ᠡ  ᠶᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠦᠢᠯᠡᠰ ᠤᠨ ᠬᠥᠭᠵᠢᠯᠲᠡ ᠶᠢᠨ ᠠᠯᠢ ᠤᠯᠠᠨ ᠴᠢᠬᠤᠯᠠ ᠶᠡᠭᠡ ᠤᠨᠤᠯ ᠪᠠ ᠦᠢᠯᠡᠳᠦᠯᠭᠡ ᠶᠢᠨ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ ᠂ ᠨᠠᠮ ᠤᠨ ᠰᠦᠯᠵᠢᠶ᠎ᠡ ᠶᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠤᠨ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠴᠣ ᠰᠢᠨ᠎ᠡ ᠥᠨᠳᠥᠷᠴᠡ ᠳᠤ ᠭᠦᠷᠲᠡᠯ᠎ᠡ ᠳᠡᠭᠡᠭᠰᠢᠯᠡᠭᠦᠯᠪᠡ ᠂ ᠡᠨᠡ ᠪᠣᠯ ᠰᠢᠨ᠎ᠡ ᠴᠠᠭ ᠦᠶ᠎ᠡ ᠰᠢᠨ᠎ᠡ ᠠᠶᠠᠨ ᠳᠤ ᠰᠦᠯᠵᠢᠶ᠎ᠡ ᠶᠢᠨ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠂ ᠰᠦᠯᠵᠢᠶ᠎ᠡ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠠᠵᠢᠯᠯᠠᠭᠠᠨ ᠤ ᠵᠦᠭᠯᠡᠭᠦᠷ ᠪᠣᠯᠣᠨ᠎ᠠ ᠂ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ ᠂ 《 ᠬᠤᠶᠠᠷ ᠢ ᠲᠣᠭᠲᠠᠭᠠᠭᠰᠠᠨ 》 ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ ᠂ 《 ᠬᠤᠶᠠᠷ ᠢ ᠬᠠᠮᠠᠭᠠᠯᠠᠬᠤ 》 ᠶᠢ ᠡᠷᠡᠰ ᠪᠡᠶᠡᠯᠡᠭᠦᠯᠵᠦ ᠂ ᠰᠦᠯᠵᠢᠶ᠎ᠡ ᠶᠢᠨ ᠮᠡᠳᠡᠭᠡ ᠵᠠᠩᠭᠢ ᠶᠢᠨ ᠠᠵᠢᠯ ᠤᠨ ᠪᠦᠭᠦ ᠶᠠᠪᠤᠴᠠ ᠳᠤ ᠦᠨᠡᠨ ᠬᠦ  ᠬᠡᠷᠡᠭᠲᠡᠢ ᠭᠡᠵᠦ ᠴᠢᠬᠤᠯᠠᠴᠢᠯᠠᠵᠠᠢ ᠃

ᠼᠠᠢ ᠴᠢ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠰᠦᠯᠵᠢᠶ᠎ᠡ ᠶᠢᠨ ᠮᠡᠳᠡᠭᠡ ᠵᠠᠩᠭᠢ ᠶᠢᠨ ᠠᠵᠢᠯ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠡᠭᠦᠷᠭᠡ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ ᠂ ᠨᠠᠶᠢᠳᠠᠪᠤᠷᠢᠵᠢᠭᠤᠯᠤᠯᠲᠠ ᠶᠢ ᠬᠦᠴᠦᠯᠡᠨ ᠠᠬᠢᠭᠤᠯᠬᠤ ᠬᠡᠷᠡᠭᠲᠡᠢ ᠃ ᠰᠦᠯᠵᠢᠶᠡᠨ ᠳᠡᠭᠡᠷᠡᠬᠢ ᠵᠥᠪ ᠲᠠᠯ᠎ᠠ ᠶᠢᠨ ᠤᠬᠠᠭᠤᠯᠭ᠎ᠠ ᠵᠢᠯᠣᠭᠤᠳᠤᠯᠭ᠎ᠠ ᠶᠢ ᠴᠢᠩᠭᠠᠳᠬᠠᠵᠤ ᠂ ᠰᠦᠯᠵᠢᠶ᠎ᠡ ᠶᠢᠨ ᠦᠵᠡᠯ ᠤᠬᠠᠮᠰᠠᠷ ᠤᠨ ᠭᠡᠯᠪᠡᠷᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠵᠦ ᠂ ᠰᠦᠯᠵᠢᠶ᠎ᠡ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠰᠠᠶᠢᠨ ᠰᠠᠶᠢᠬᠠᠨ ᠰᠦᠯᠵᠢᠶ᠎ᠡ ᠶᠢᠨ ᠠᠮᠢ ᠠᠬᠤᠢ ᠶᠢ ᠪᠦᠷᠢᠯᠳᠦᠭᠦᠯᠵᠦ ᠂ ᠰᠦᠯᠵᠢᠶ᠎ᠡ ᠶᠢᠨ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ ᠤᠳᠤᠷᠢᠳᠬᠤ ᠡᠷᠬᠡ ᠶᠢ ᠪᠠᠲᠤ ᠡᠵᠡᠮᠳᠡᠬᠦ ᠬᠡᠷᠡᠭᠲᠡᠢ ᠃ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠰᠦᠯᠵᠢᠶ᠎ᠡ ᠶᠢᠨ ᠠᠮᠤᠷ ᠲᠦᠪᠰᠢᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠪᠠ ᠡᠭᠦᠷᠭᠡ ᠶᠢ ᠬᠡᠷᠡᠭᠵᠢᠭᠦᠯᠵᠦ ᠂ ᠶᠡᠭᠡ ᠰᠦᠯᠵᠢᠶ᠎ᠡ ᠶᠢᠨ ᠠᠮᠤᠷ ᠲᠦᠪᠰᠢᠨ ᠤ ᠠᠵᠢᠯ ᠤᠨ ᠪᠠᠶᠢᠷᠢᠰᠢᠯ ᠢ ᠪᠠᠶᠢᠭᠤᠯᠵᠤ ᠂ ᠤᠯᠤᠰ ᠤᠨ ᠰᠦᠯᠵᠢᠶ᠎ᠡ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠬᠡᠷᠡᠭᠲᠡᠢ ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠂ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠂ ᠬᠥᠭᠵᠢᠯᠲᠡ ᠳᠤ ᠴᠢᠳᠠᠪᠤᠷᠢ ᠨᠡᠮᠡᠷᠢᠯᠡᠬᠦ ᠂ ᠲᠦᠭᠡᠮᠡᠯ ᠠᠰᠢᠭ ᠬᠦᠷᠲᠡᠭᠡᠬᠦ ᠲᠥᠪ ᠭᠤᠤᠯᠴᠢ ᠪᠠᠶᠢᠬᠤ ᠶᠢ ᠪᠠᠷᠢᠮᠲᠠᠯᠠᠵᠤ ᠂ ᠳᠤᠲᠠᠭᠤᠳᠠᠯ ᠪᠠ ᠬᠦᠷᠦᠯᠴᠡᠬᠦ ᠦᠭᠡᠢ ᠲᠠᠯ᠎ᠠ ᠪᠠᠨ ᠢᠯᠡᠨ ᠳᠠᠪᠠᠵᠤ ᠂ ᠮᠡᠳᠡᠭᠡ ᠵᠠᠩᠭᠢᠵᠢᠯᠲᠠ ᠪᠠᠷ ᠬᠥᠳᠡᠯᠭᠡᠭᠦᠷ ᠪᠤᠯᠭᠠᠵᠤ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ ᠃ ᠰᠦᠯᠵᠢᠶ᠎ᠡ ᠶᠢᠨ ᠲᠤᠬᠠᠢ ᠬᠠᠤᠯᠢ ᠲᠣᠭᠲᠠᠭᠠᠬᠤ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠬᠠᠤᠯᠢ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠴᠢᠩᠭᠠᠳᠬᠠᠵᠤ ᠂ ᠰᠦᠯᠵᠢᠶ᠎ᠡ ᠶᠢᠨ ᠣᠷᠣᠨ ᠵᠠᠢ ᠶᠢᠨ ᠬᠠᠤᠯᠢᠵᠢᠯ ᠤᠨ ᠠᠬᠢᠴᠠ ᠶᠢ ᠠᠬᠢᠭᠤᠯᠬᠤ ᠬᠡᠷᠡᠭᠲᠡᠢ ᠃ ᠰᠦᠯᠵᠢᠶ᠎ᠡ ᠶᠢᠨ ᠮᠡᠳᠡᠭᠡ ᠵᠠᠩᠭᠢ ᠶᠢᠨ ᠬᠦᠷᠢᠶᠡᠨ ᠳᠠᠬᠢ ᠣᠯᠠᠨ ᠤᠯᠤᠰ ᠤᠨ ᠰᠣᠯᠢᠯᠴᠠᠭ᠎ᠠ ᠪᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ ᠃ ᠨᠠᠮ ᠠᠴᠠ ᠢᠨᠲ᠋ᠧᠷ ᠰᠦᠯᠵᠢᠶ᠎ᠡ ᠶᠢ ᠬᠠᠮᠢᠶᠠᠷᠬᠤ ᠶᠢ ᠪᠠᠷᠢᠮᠲᠠᠯᠠᠵᠤ ᠂ ᠰᠦᠯᠵᠢᠶ᠎ᠡ ᠶᠢᠨ ᠮᠡᠳᠡᠭᠡ ᠵᠠᠩᠭᠢ ᠶᠢᠨ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ ᠂ ᠲᠥᠪ ᠤᠨ ᠰᠦᠯᠵᠢᠶ᠎ᠡ ᠶᠢᠨ ᠮᠡᠳᠡᠭᠡ ᠵᠠᠩᠭᠢ ᠶᠢᠨ ᠬᠤᠷᠢᠶ᠎ᠠ ᠵᠢᠴᠢ ᠪᠦᠷᠢᠯᠳᠦᠭᠦᠨ ᠨᠢᠭᠡᠴᠢ ᠂ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ ︶ ᠵᠢᠴᠢ ᠰᠦᠯᠵᠢᠶ᠎ᠡ ᠶᠢᠨ ᠮᠡᠳᠡᠭᠡ ᠵᠠᠩᠭᠢ ᠶᠢᠨ ᠰᠠᠯᠠᠭ᠎ᠠ ᠮᠥᠴᠢᠷ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ ᠂ ᠬᠦᠴᠦ ᠪᠠᠨ ᠬᠠᠮᠲᠤᠳᠬᠠᠨ ᠰᠦᠯᠵᠢᠶ᠎ᠡ ᠶᠢᠨ ᠮᠡᠳᠡᠭᠡ ᠵᠠᠩᠭᠢ ᠶᠢᠨ ᠠᠵᠢᠯ ᠤᠨ ᠠᠮᠢᠳᠤᠯᠢᠭ ᠪᠠᠶᠢᠳᠠᠯ ᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ ᠃

ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠥᠪ ᠤᠨ ᠤᠬᠠᠭᠤᠯᠬᠤ ᠬᠡᠯᠲᠡᠰ ᠤᠨ ᠳᠠᠷᠤᠭ᠎ᠠ ᠯᠢ ᠱᠤ᠋ ᠯᠧᠢ ᠳ᠋ᠦᠩᠨᠡᠯᠲᠡ ᠶᠢᠨ ᠶᠠᠷᠢᠶᠠᠨ ᠳᠠᠭᠠᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠦᠯᠵᠢᠶ᠎ᠡ ᠶᠢᠨ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠂ ᠶᠡᠷᠦᠩᠬᠡᠢ ᠱᠦᠵᠢ ᠰᠢ  ᠶᠢᠨ ᠫᠢᠩ ᠤᠨ ᠴᠢᠬᠤᠯᠠ ᠵᠢᠭᠠᠪᠤᠷᠢ ᠶᠢ ᠨᠠᠷᠢᠨ ᠬᠢᠨᠠᠮᠠᠭᠠᠢ  ᠨᠠᠶᠢᠳᠠᠪᠤᠷᠢᠵᠢᠭᠤᠯᠵᠤ ᠂ 《 ᠬᠤᠶᠠᠷ ᠢ ᠲᠣᠭᠲᠠᠭᠠᠭᠰᠠᠨ 》 ᠢ ᠡᠷᠡᠰ ᠬᠦᠷᠢᠶᠡᠯᠡᠵᠦ ᠂ 《 ᠬᠤᠶᠠᠷ ᠢ ᠬᠠᠮᠠᠭᠠᠯᠠᠬᠤ 》 ᠶᠢ ᠡᠷᠡᠰ ᠪᠡᠶᠡᠯᠡᠭᠦᠯᠵᠦ ᠂ ᠲᠤᠭ ᠢ ᠮᠠᠨᠳᠤᠭᠤᠯᠤᠨ ᠠᠷᠠᠳ ᠤᠨ ᠰᠡᠳᠬᠢᠯ ᠢ ᠨᠢᠭᠲᠠᠷᠠᠭᠤᠯᠬᠤ ᠂ ᠠᠶᠤᠯ ᠲᠦᠭᠰᠢᠭᠦᠷᠢ ᠶᠢ ᠰᠡᠷᠭᠡᠶᠢᠯᠡᠨ ᠠᠮᠤᠷ ᠲᠦᠪᠰᠢᠨ ᠢ ᠪᠠᠲᠤᠯᠠᠬᠤ ᠂ ᠵᠠᠰᠠᠯᠲᠠ ᠶᠢ ᠴᠢᠩᠭᠠᠳᠬᠠᠨ ᠠᠷᠠᠳ ᠲᠤ ᠠᠰᠢᠭ ᠬᠦᠷᠲᠡᠭᠡᠬᠦ ᠂ ᠬᠥᠳᠡᠯᠭᠡᠬᠦ ᠬᠦᠴᠦᠨ ᠢ ᠨᠡᠮᠡᠭᠳᠡᠭᠦᠯᠦᠨ ᠬᠥᠭᠵᠢᠯᠲᠡ ᠶᠢ ᠠᠬᠢᠭᠤᠯᠬᠤ ᠂ ᠬᠠᠮᠲᠤᠷᠠᠯᠴᠠᠭ᠎ᠠ ᠶᠢ ᠡᠷᠢᠯᠬᠢᠯᠡᠨ ᠬᠠᠮᠲᠤ ᠪᠠᠷ ᠠᠰᠢᠭ ᠭᠦᠷᠲᠡᠭᠦ ᠶᠢ ᠪᠣᠳᠣᠯᠬᠢᠯᠠᠬᠤ ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠰᠦᠯᠵᠢᠶ᠎ᠡ ᠶᠢᠨ ᠮᠡᠳᠡᠭᠡ ᠵᠠᠩᠭᠢ ᠶᠢᠨ ᠠᠵᠢᠯ ᠤᠨ ᠡᠯ᠎ᠡ ᠲᠠᠯ᠎ᠠ ᠪᠦᠭᠦ ᠶᠠᠪᠤᠴᠠ ᠳᠤ ᠢᠯᠡᠷᠡᠭᠦᠯᠵᠦ ᠂ ᠰᠦᠯᠵᠢᠶ᠎ᠡ ᠶᠢᠨ ᠮᠡᠳᠡᠭᠡ ᠵᠠᠩᠭᠢ ᠶᠢᠨ ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠪᠠᠲᠤ ᠪᠠᠬᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠢᠯᠡᠳᠬᠡᠪᠡ ᠃

ᠪᠡᠭᠡᠵᠢᠩ ᠬᠤᠳᠠ ᠂ ᠱᠠᠩᠬᠠᠢ ᠬᠤᠳᠠ ᠂ ᠭᠤᠸᠠᠩᠳᠦ᠋ᠩ ᠮᠤᠵᠢ ᠂ ᠰᠤᠷᠭᠠᠨ ᠬᠥᠮᠦᠵᠢᠯ ᠤᠨ ᠶᠠᠮᠤᠨ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠂ ᠠᠷᠠᠳ ᠤᠨ ᠡᠳᠦᠷ ᠤᠨ ᠰᠣᠨᠢᠨ ᠤ ᠬᠤᠷᠢᠶ᠎ᠠ ᠶᠢᠨ ᠬᠤᠯᠪᠣᠭᠳᠠᠯ ᠪᠦᠬᠦᠢ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ ᠃

ᠱᠢ ᠲᠠᠢ ᠹᠧᠩ ᠂ ᠾᠧ ᠯᠢ ᠹᠧᠩ ᠂ ᠵᠠᠩ ᠶᠢᠦ ᠰᠢᠶᠠ ᠂ ᠴᠧᠨ ᠸᠧᠨ ᠴᠢᠩ ᠂ ᠸᠠᠩ ᠰᠢᠶᠣᠣ ᠬᠤᠩ ᠂ ᠦ᠋ ᠵᠧᠩ ᠯᠦᠩ ᠬᠤᠷᠠᠯ ᠳᠤ ᠣᠷᠣᠯᠴᠠᠵᠠᠢ ᠃

ᠲᠥᠪ ᠤᠨ ᠰᠦᠯᠵᠢᠶ᠎ᠡ ᠶᠢᠨ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ ᠪᠦᠷᠢᠯᠳᠦᠭᠦᠨ ᠂ ᠡᠯ᠎ᠡ ᠮᠤᠵᠢ ᠣᠷᠣᠨ ᠬᠤᠲᠠ ᠪᠣᠯᠣᠨ ᠲᠥᠯᠥᠪᠯᠡᠭᠡ ᠳᠤ ᠲᠤᠰᠠᠭᠠᠷ ᠵᠢᠭᠰᠠᠭᠠᠭᠰᠠᠨ ᠬᠤᠲᠠ ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠬᠤᠯᠪᠣᠭᠳᠠᠯ ᠪᠦᠬᠦᠢ ᠠᠷᠠᠳ ᠤᠨ ᠪᠦᠯᠭᠦᠮ ᠂ ᠬᠤᠯᠪᠣᠭᠳᠠᠯ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠂ ᠲᠥᠪ ᠤᠨ ᠭᠤᠣᠯᠳᠠᠯᠭ᠎ᠠ ᠲᠠᠢ ᠰᠣᠨᠢᠨ ᠮᠡᠳᠡᠭᠡ ᠶᠢᠨ ᠰᠦᠯᠵᠢᠶ᠎ᠡ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ ᠃

 

 


   :                    
   :           
备案序号:蒙ICP备05003250号 公安备案15010502000173