ᠵᠤᠬᠢᠶᠠᠭᠴᠢ:
ᠴᠠᠭ:2023-07-21
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
︽ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭᠠᠨ ᠤ ᠬᠤᠷᠢᠶᠠᠩᠭᠤᠢ︾ ᠭᠡᠬᠦ ᠨᠣᠮ ᠢ ᠬᠡᠪᠯᠡᠨ ᠲᠠᠷᠬᠠᠭᠠᠪᠠ
ᠲᠥᠪ ᠤᠨ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ ᠠᠯᠪᠠᠨ ᠭᠡᠷ ᠠᠴᠠ ᠵᠣᠬᠢᠶᠠᠨ ᠪᠠᠶᠢᠭᠤᠯᠵᠤ ᠨᠠᠶᠢᠷᠠᠭᠤᠯᠤᠭᠰᠠᠨ 《ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭᠠᠨ ᠤ ᠬᠤᠷᠢᠶᠠᠩᠭᠤᠢ 》 ᠭᠡᠬᠦ ᠨᠣᠮ ᠢ ᠣᠶᠢᠷ᠎ᠠ ᠠᠷᠠᠳ ᠤᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ ᠂ ᠪᠥᠬᠦ ᠤᠯᠤᠰ ᠲᠤ ᠲᠠᠷᠬᠠᠭᠠᠪᠠ ᠃
ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠰᠦᠯᠵᠢᠶᠡᠨ ᠤ ᠠᠮᠤᠷ ᠲᠦᠪᠰᠢᠨ ᠪᠣᠯᠣᠨ ᠮᠡᠳᠡᠭᠡ ᠵᠠᠩᠭᠢᠵᠢᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠰᠦᠯᠵᠢᠶᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠲᠣᠳᠣᠷᠬᠠᠢ ᠳᠤᠷᠠᠳᠴᠤ ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠰ ᠤᠨ ᠲᠡᠦᠬᠡᠲᠦ ᠴᠢᠨᠠᠷᠲᠠᠢ ᠠᠮᠵᠢᠯᠲᠠ ᠣᠯᠬᠤ ᠂ ᠲᠡᠦᠬᠡᠲᠦ ᠴᠢᠨᠠᠷᠲᠠᠢ ᠬᠤᠪᠢᠰᠤᠯᠲᠠ ᠭᠠᠷᠬᠤ ᠶᠢ ᠠᠬᠢᠭᠤᠯᠪᠠ ᠃ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭ᠎ᠠ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠭᠦᠨ ᠬᠡᠰᠡᠭ ᠮᠥᠨ ᠂ ᠮᠠᠨ ᠤ ᠨᠠᠮ ᠤᠨ ᠰᠦᠯᠵᠢᠶ᠎ᠡ ᠶᠢ ᠬᠠᠮᠢᠶᠠᠷᠴᠤ ᠰᠦᠯᠵᠢᠶ᠎ᠡ ᠶᠢ ᠵᠠᠰᠠᠭᠰᠠᠨ ᠦᠢᠯᠡᠳᠦᠯᠭᠡ ᠶᠢᠨ ᠲᠤᠷᠰᠢᠯᠭ᠎ᠠ ᠶᠢᠨ ᠤᠨᠤᠯ ᠤᠨ ᠳ᠋ᠦᠩᠨᠡᠯᠲᠡ ᠪᠠ ᠰᠦᠯᠵᠢᠶᠡᠨ ᠤ ᠮᠡᠳᠡᠭᠡ ᠵᠠᠩᠭᠢ ᠶᠢᠨ ᠦᠢᠯᠡᠰ ᠤᠨ ᠬᠥᠭᠵᠢᠯᠲᠡ ᠶᠢᠨ ᠠᠵᠢᠯᠯᠠᠭᠠᠨ ᠤ ᠵᠦᠭᠯᠡᠭᠦᠷ ᠮᠥᠨ ᠃ 《 ᠬᠤᠷᠢᠶᠠᠩᠭᠤᠢ》 ᠨᠢ ᠨᠡᠶᠢᠳᠡ 10 ᠲᠤᠰᠬᠠᠢ ᠰᠡᠳᠦᠪ ᠬᠤᠪᠢᠶᠠᠵᠤ ᠂ ᠰᠦᠯᠵᠢᠶᠡᠨ ᠤ ᠬᠦᠴᠦᠷᠬᠡᠭ ᠤᠯᠤᠰ ᠤᠨ ᠪᠠᠶᠢᠭᠤᠯᠤᠯᠲᠠ ᠶᠢ ᠠᠬᠢᠭᠤᠯᠬᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠠ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠭᠦᠷ ᠂ ᠮᠠᠨ ᠤ ᠤᠯᠤᠰ ᠢᠶᠠᠨ ᠰᠦᠯᠵᠢᠶᠡᠨ ᠤ ᠬᠦᠴᠦᠷᠬᠡᠭ ᠤᠯᠤᠰ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠂ ᠰᠦᠯᠵᠢᠶᠡᠨ ᠤ ᠮᠡᠳᠡᠭᠡ ᠵᠠᠩᠭᠢ ᠶᠢᠨ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠵᠡᠷᠭᠡ ᠲᠠᠯ᠎ᠠ ᠠᠴᠠ ᠶᠡᠷᠦᠩᠬᠡᠢ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ ᠰᠠᠨᠠᠭᠠᠨ ᠤ ᠭᠤᠣᠯ ᠠᠭᠤᠯᠭ᠎ᠠ ᠂ ᠵᠣᠷᠢᠭ ᠰᠠᠨᠠᠭᠠᠨ ᠤ ᠮᠥᠨ ᠴᠢᠨᠠᠷ ᠂ ᠪᠠᠶᠠᠯᠢᠭ ᠠᠭᠤᠯᠤᠭᠳᠠᠬᠤᠨ ᠂ ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠶᠢᠯᠠᠨ ᠥᠭᠦᠯᠡᠪᠡ᠃
ᠲᠤᠰ ᠨᠣᠮ ᠤᠨ ᠬᠡᠪᠯᠡᠭᠳᠡᠭᠰᠡᠨ ᠨᠢ ᠥᠷᠭᠡᠨ ᠤᠯᠠᠨ ᠺᠠᠳ᠋ᠷ ᠤᠯᠠᠨ ᠲᠦᠮᠡᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠪᠦᠬᠦ ᠲᠠᠯ᠎ᠠ ᠪᠠᠷ ᠂ ᠭᠦᠨᠵᠡᠭᠡᠢ ᠂ ᠰᠢᠰᠲ᠋ᠧᠮ ᠲᠠᠢ ᠰᠤᠷᠤᠯᠴᠠᠵᠤ ᠂ ᠪᠦᠬᠦ ᠨᠠᠮ ᠪᠦᠬᠦ ᠨᠡᠶᠢᠭᠡᠮ ᠤᠨ ᠬᠦᠴᠦᠨ ᠢ ᠨᠢᠭᠲᠠᠷᠠᠭᠤᠯᠤᠨ ᠂ ᠰᠦᠯᠵᠢᠶᠡᠨ ᠤ ᠮᠡᠳᠡᠭᠡ ᠵᠠᠩᠭᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠰᠦᠯᠵᠢᠶᠡᠨ ᠤ ᠬᠦᠴᠦᠷᠬᠡᠭ ᠤᠯᠤᠰ ᠢ ᠲᠦᠷᠭᠡᠳᠬᠡᠨ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠬᠦ ᠳᠤ ᠠᠰᠢᠭᠲᠠᠢ ᠶᠤᠮ ᠃