ᠵᠤᠬᠢᠶᠠᠭᠴᠢ: ᠴᠠᠭ:2023-07-21 ᠥᠵᠡᠭᠰᠡᠨ : ᠢᠷᠡᠯᠲᠡ:   《 ᠥᠪᠥᠷ ᠮᠣᠩᠭᠤᠯ ᠤᠨ ᠡᠳᠦᠷ ᠤᠨ ᠰᠣᠨᠢᠨ》  
ᠰᠢ ᠶᠢᠨ ᠫᠢᠩ ᠰᠤᠯᠤᠮᠤᠨ ᠣᠯᠲᠣᠷᠢᠭ ᠤᠨ ᠶᠡᠷᠦᠩᠬᠡᠢ ᠰᠠᠶᠢᠳ ᠰᠦᠸᠧᠵᠢᠶᠠᠸᠠᠯᠸᠢ ᠲᠠᠢ ᠠᠭᠤᠯᠵᠠᠪᠠ

 

ᠰᠢᠨᠬᠤᠸᠠ ᠬᠤᠷᠢᠶ᠎ᠠ ᠶᠢᠨ ᠪᠡᠭᠡᠵᠢᠩ ᠤᠨ 2023  7  ᠰᠠᠷ᠎ᠠ ᠶᠢᠨ 10 ᠤ  ᠴᠠᠭᠢᠯᠭᠠᠨ ᠮᠡᠳᠡᠭᠡ   ᠤᠯᠤᠰ ᠤᠨ ᠲᠡᠷᠢᠭᠦᠯᠡᠭᠴᠢ ᠰᠢ ᠶᠢᠨ ᠫᠢᠩ 10 ᠤ  ᠦᠳᠡ ᠶᠢᠨ ᠬᠤᠶᠢᠨ᠎ᠠ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠠᠷ ᠢᠷᠡᠭᠰᠡᠨ ᠰᠤᠯᠤᠮᠤᠨ ᠣᠯᠲᠣᠷᠢᠭ ᠤᠨ ᠶᠡᠷᠦᠩᠬᠡᠢ ᠰᠠᠶᠢᠳ ᠰᠦᠸᠧᠵᠢᠶᠠᠸᠠᠯᠸᠢ ᠲᠠᠢ ᠠᠭᠤᠯᠵᠠᠪᠠ ᠃ ᠬᠤᠶᠠᠷ ᠲᠠᠯ᠎ᠠ ᠪᠠᠷ ᠢᠶᠠᠨ ᠂ ᠳᠤᠮᠳᠠᠳᠤ ᠤᠯᠤᠰ ᠪᠣᠯᠣᠨ ᠰᠤᠯᠤᠮᠤᠨ ᠣᠯᠲᠣᠷᠢᠭ ᠰᠢᠨ᠎ᠡ ᠴᠠᠭ ᠦᠶ᠎ᠡ ᠶᠢᠨ ᠬᠠᠷᠢᠯᠴᠠᠨ ᠬᠦᠨᠳᠦᠳᠬᠡᠬᠦ ᠂ ᠬᠠᠮᠲᠤ ᠪᠠᠷ ᠬᠥᠭᠵᠢᠬᠦ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠵᠢᠩᠬᠢᠨᠢ ᠪᠠᠷ ᠪᠠᠶᠢᠭᠤᠯᠵᠠᠢ ᠭᠡᠵᠦ ᠨᠡᠶᠢᠲᠡᠯᠡᠪᠡ ᠃

ᠰᠢ ᠶᠢᠨ ᠫᠢᠩ ᠂ ᠳᠤᠮᠳᠠᠳᠤ ᠤᠯᠤᠰ ᠪᠣᠯᠣᠨ ᠰᠤᠯᠤᠮᠤᠨ ᠣᠯᠲᠣᠷᠢᠭ ᠪᠣᠯ ᠬᠠᠷᠢᠯᠴᠠᠨ ᠢᠲᠡᠭᠡᠯᠴᠡᠵᠦ ᠪᠤᠯᠬᠤ ᠰᠠᠶᠢᠨ ᠨᠠᠶᠢᠵᠠ ᠂ ᠬᠠᠷᠢᠯᠴᠠᠨ ᠲᠦᠰᠢᠭᠯᠡᠯᠴᠡᠵᠦ ᠪᠤᠯᠬᠤ ᠰᠠᠶᠢᠨ ᠠᠬ᠎ᠠ ᠳᠡᠭᠦᠦ ᠮᠥᠨ ᠃ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ ᠬᠤᠶᠠᠷ ᠤᠯᠤᠰ ᠤᠨ ᠨᠥᠭᠦᠷᠰᠡᠭ ᠬᠠᠮᠲᠤᠷᠠᠯᠴᠠᠭ᠎ᠠ ᠲᠦᠷᠭᠡᠨ ᠬᠥᠭᠵᠢᠵᠦ ᠂ ᠳᠤᠮᠳᠠᠳᠤ ᠤᠯᠤᠰ ᠪᠣᠯᠣᠨ ᠨᠣᠮᠣᠬᠠᠨ ᠲᠡᠯᠡᠶ ᠶᠢᠨ ᠠᠷᠠᠯᠲᠤ ᠤᠯᠤᠰ ᠤᠳ ᠤᠨ ᠬᠠᠷᠢᠯᠴᠠᠭ᠎ᠠ ᠶᠢᠨ ᠡᠮᠦᠨ᠎ᠡ ᠡᠩᠨᠡᠭᠡᠨ ᠳᠤ ᠶᠠᠪᠤᠵᠤ ᠂ ᠠᠳᠠᠯᠢ ᠪᠤᠰᠤ ᠶᠡᠭᠡ ᠪᠠᠭ᠎ᠠ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠪᠦᠯᠬᠦᠮᠳᠡᠨ ᠬᠠᠮᠲᠤᠷᠠᠯᠴᠠᠬᠤ ᠂ ᠭᠠᠷ ᠬᠤᠯᠪᠣᠨ ᠬᠥᠭᠵᠢᠬᠦ ᠬᠡᠪ ᠳᠠᠭᠤᠷᠢᠶᠠᠯ ᠪᠣᠯᠵᠠᠢ ᠃ ᠳᠤᠮᠳᠠᠳᠤ ᠰᠤᠯᠤᠮᠤᠨ ᠬᠠᠷᠢᠯᠴᠠᠭ᠎ᠠ ᠪᠠᠶᠢᠭᠤᠯᠤᠭᠰᠠᠨ ᠨᠢ ᠴᠠᠭ ᠦᠶ᠎ᠡ ᠶᠢᠨ ᠤᠷᠤᠰᠬᠠᠯ ᠲᠠᠢ ᠨᠡᠶᠢᠴᠡᠵᠦ ᠂ ᠳᠡᠯᠡᠬᠡᠢ ᠶᠢᠨ ᠶᠡᠭᠡ ᠬᠠᠨᠳᠤᠰᠢ ᠲᠠᠢ ᠨᠡᠶᠢᠴᠡᠵᠦ ᠂ ᠬᠤᠶᠠᠷ ᠤᠯᠤᠰ ᠤᠨ ᠠᠷᠠᠳ ᠲᠦᠮᠡᠨ ᠤ ᠦᠨᠳᠦᠰᠦᠨ ᠠᠰᠢᠭ ᠲᠤᠰᠠ ᠲᠠᠢ ᠨᠡᠶᠢᠴᠡᠵᠦ ᠂ ᠵᠥᠪ ᠰᠣᠩᠭᠤᠯᠲᠠ ᠪᠤᠯᠬᠤ ᠶᠢ ᠪᠣᠳᠠᠲᠤ ᠶᠠᠪᠤᠳᠠᠯ ᠭᠡᠷᠡᠴᠢᠯᠡᠪᠡ ᠃ ᠳᠤᠮᠳᠠᠳᠤ ᠤᠯᠤᠰ ᠳᠤᠷᠠᠲᠠᠶ᠎ᠠ ᠰᠤᠯᠤᠮᠤᠨ ᠤ ᠬᠢᠨ ᠲᠠᠢ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠴᠢᠩᠭᠠᠳᠬᠠᠵᠤ ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠬᠤᠶᠠᠷ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠯᠠᠪᠳᠠᠭᠤᠨ ᠢᠶᠠᠷ ᠬᠤᠯᠠ ᠠᠶᠠᠯᠠᠬᠤ ᠂ ᠰᠠᠶᠢᠨ ᠠᠴᠠ ᠰᠠᠶᠢᠨ ᠪᠤᠯᠬᠤ ᠶᠢ ᠠᠬᠢᠭᠤᠯᠵᠤ ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ ᠃

ᠰᠢ ᠶᠢᠨ ᠫᠢᠩ ᠂ ᠳᠤᠮᠳᠠᠳᠤ ᠤᠯᠤᠰ ᠰᠤᠯᠤᠮᠤᠨ ᠤ ᠬᠢᠨ ᠤ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠬᠡᠷᠡᠭᠵᠢᠭᠦᠯᠵᠦ ᠪᠠᠶᠢᠬᠤ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠂ ᠰᠤᠯᠤᠮᠤᠨ ᠤ ᠬᠢᠨ ᠡᠷᠬᠡ ᠮᠡᠳᠡᠯ ᠂ ᠠᠮᠤᠷ ᠲᠦᠪᠰᠢᠨ ᠂ ᠬᠥᠭᠵᠢᠯᠲᠡ ᠶᠢᠨ ᠠᠰᠢᠭ ᠲᠤᠰᠠ ᠪᠠᠨ ᠬᠠᠮᠠᠭᠠᠯᠠᠬᠤ ᠶᠢ ᠲᠡᠮᠵᠢᠵᠤ ᠂ ᠰᠤᠯᠤᠮᠤᠨ ᠤ ᠪᠡᠶ᠎ᠡ ᠪᠠᠨ ᠳᠠᠭᠠᠭᠠᠵᠤ ᠰᠣᠩᠭᠤᠭᠰᠠᠨ ᠬᠥᠭᠵᠢᠯᠲᠡ ᠶᠢᠨ ᠵᠠᠮ ᠢ ᠲᠡᠮᠵᠢᠨ᠎ᠠ ᠃ ᠳᠤᠮᠳᠠᠳᠤ ᠤᠯᠤᠰ ᠥᠪᠡᠷ ᠤᠨ ᠶᠠᠪᠤᠳᠠᠯ ᠢᠶᠠᠨ ᠰᠠᠶᠢᠲᠤᠷ ᠬᠢᠬᠦ ᠶᠢ ᠪᠠᠷᠢᠮᠲᠠᠯᠠᠵᠤ ᠂ ᠢᠮᠠᠭᠲᠠ ᠳᠡᠯᠡᠬᠡᠢ ᠶᠢᠨ ᠡᠩᠬᠡ ᠲᠠᠶᠢᠪᠤᠩ ᠤᠨ ᠪᠦᠲᠦᠭᠡᠨ ᠪᠠᠶᠢᠭᠤᠯᠤᠭᠴᠢ ᠂ ᠪᠦᠭᠦ ᠪᠥᠮᠪᠥᠷᠴᠡᠭ ᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠴᠢ ᠂ ᠣᠯᠠᠨ ᠤᠯᠤᠰ ᠤᠨ ᠡᠮᠬᠢ ᠳᠢᠭᠯᠢᠮ ᠤᠨ ᠬᠠᠮᠠᠭᠠᠯᠠᠭᠴᠢ ᠪᠣᠯᠵᠤ ᠂ ᠳᠤᠷᠠᠲᠠᠶ᠎ᠠ ᠰᠤᠯᠤᠮᠤᠨ ᠲᠠᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠪᠴᠢᠷᠠᠭᠰᠠᠨ ᠬᠥᠭᠵᠢᠯᠲᠡ ᠶᠢᠨ ᠠᠵᠠ ᠲᠣᠭᠢᠶᠠᠯ ᠢ ᠬᠤᠪᠢᠶᠠᠯᠴᠠᠵᠤ ᠂ 《 ᠨᠢᠭᠡ ᠪᠦᠰᠡ ᠨᠢᠭᠡ ᠵᠠᠮ 》 ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠰᠤᠯᠤᠮᠤᠨ ᠣᠯᠲᠣᠷᠢᠭ ᠤᠨ 《 2035 ᠬᠥᠭᠵᠢᠯᠲᠡ ᠶᠢᠨ ᠪᠠᠶᠢᠯᠳᠤᠬᠤ ᠪᠣᠳᠣᠯᠭ᠎ᠠ 》 ᠯᠤᠭ᠎ᠠ ᠵᠣᠯᠭᠠᠭᠤᠯᠬᠤ ᠶᠢ ᠴᠢᠩᠭᠠᠳᠬᠠᠵᠤ ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠥᠷᠭᠡᠳᠬᠡᠵᠦ ᠂ ᠰᠤᠯᠤᠮᠤᠨ ᠤ ᠳᠠᠪᠠᠭᠤᠯᠢᠭ ᠪᠦᠲᠦᠭᠡᠭᠳᠡᠬᠦᠨ ᠢ ᠣᠷᠣᠭᠤᠯᠬᠤ ᠶᠢ ᠥᠷᠭᠡᠳᠬᠡᠵᠦ ᠂ ᠰᠤᠯᠤᠮᠤᠨ ᠤ ᠬᠢᠨ ᠢ ᠬᠠᠪᠰᠤᠷᠤᠨ ᠬᠥᠭᠵᠢᠯᠲᠡ ᠮᠠᠨᠳᠤᠯᠲᠠ ᠪᠠ ᠥᠨᠢ ᠤᠳᠠᠭᠠᠨ ᠠᠮᠤᠷ ᠲᠣᠭᠲᠠᠭᠤᠨ ᠪᠠᠶᠢᠬᠤ ᠶᠢ ᠪᠡᠶᠡᠯᠡᠭᠦᠯᠦᠨ᠎ᠡ ᠃ ᠳᠤᠮᠳᠠᠳᠤ ᠤᠯᠤᠰ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠰᠤᠯᠤᠮᠤᠨ ᠳᠤ ᠬᠦᠷᠴᠦ ᠪᠡᠯᠡ ᠣᠷᠣᠭᠤᠯᠵᠤ ᠦᠢᠯᠡᠰ ᠪᠣᠰᠬᠠᠬᠤ ᠶᠢ ᠳᠡᠮᠵᠢᠵᠦ ᠂ ᠰᠤᠯᠤᠮᠤᠨ ᠳᠤ ᠦᠷᠭᠦᠯᠵᠢᠯᠡᠨ ᠤᠯᠤᠰ ᠲᠦᠷᠦ ᠶᠢᠨ ᠨᠥᠬᠦᠴᠡᠯ ᠳᠠᠭᠠᠯᠳᠤᠭᠤᠯᠬᠤ ᠦᠭᠡᠢ ᠠᠵᠤ ᠠᠬᠤᠢ ᠮᠡᠷᠭᠡᠵᠢᠯ ᠤᠨ ᠲᠤᠰᠠᠯᠠᠮᠵᠢ ᠬᠠᠩᠭᠠᠨ᠎ᠠ ᠃ ᠬᠤᠶᠠᠷ ᠲᠠᠯ᠎ᠠ ᠪᠠᠷ ᠢᠶᠠᠨ ᠡᠮ ᠡᠮᠨᠡᠯᠭᠡ ᠂ ᠰᠤᠷᠭᠠᠨ ᠬᠥᠮᠦᠵᠢᠯ ᠵᠡᠷᠭᠡ ᠬᠦᠷᠢᠶᠡᠨ ᠤ ᠨᠥᠭᠦᠷᠰᠡᠭ ᠰᠣᠯᠢᠯᠴᠠᠭ᠎ᠠ ᠪᠠᠨ ᠥᠷᠭᠡᠳᠬᠡᠶ᠎ᠡ ᠃ ᠰᠤᠯᠤᠮᠤᠨ ᠤ ᠬᠢᠨ ᠠᠷᠪᠠᠨ ᠳᠣᠯᠣᠳᠤᠭᠠᠷ ᠬᠤᠭᠤᠴᠠᠭᠠᠨ ᠤ ᠨᠣᠮᠣᠬᠠᠨ ᠲᠡᠯᠡᠶ ᠶᠢᠨ  ᠲᠠᠮᠢᠷ ᠤᠨ ᠴᠤᠭᠯᠠᠭᠠᠨ ᠡᠷᠭᠢᠯᠡᠭᠦ ᠶᠢ ᠳᠤᠮᠳᠠᠳᠤ ᠤᠯᠤᠰ ᠳᠡᠮᠵᠢᠨ᠎ᠡ ᠭᠡᠵᠦ ᠴᠢᠬᠤᠯᠠᠴᠢᠯᠠᠵᠠᠢ ᠃

ᠰᠢ ᠶᠢᠨ ᠫᠢᠩ ᠂ ᠳᠤᠮᠳᠠᠳᠤ ᠤᠯᠤᠰ ᠤᠨ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠤᠨ ᠲᠦᠷᠦ ᠶᠢᠨ ᠪᠣᠳᠣᠯᠭ᠎ᠠ ᠨᠢ 《 ᠳᠥᠷᠪᠡ ᠶᠢ ᠭᠦᠢᠴᠡᠳ ᠬᠦᠨᠳᠦᠳᠬᠡᠬᠦ 》 ᠶᠢ ᠪᠠᠷᠢᠮᠲᠠᠯᠠᠨ᠎ᠠ ᠄ ᠨᠢᠭᠡ ᠳᠤ ᠂ ᠠᠷᠠᠯᠲᠤ ᠤᠯᠤᠰ ᠤᠳ ᠤᠨ ᠡᠷᠬᠡ ᠮᠡᠳᠡᠯ ᠪᠠ ᠲᠤᠰᠠᠭᠠᠷ ᠲᠣᠭᠲᠠᠨᠢᠯ ᠢ ᠭᠦᠢᠴᠡᠳ ᠭᠦᠨᠳᠦᠳᠭᠡᠵᠦ ᠂ ᠶᠡᠭᠡ ᠪᠠᠭ᠎ᠠ ᠤᠯᠤᠰ ᠤᠳ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠨ᠎ᠠ ︔ ᠬᠤᠶᠠᠷ ᠲᠤ ᠂ ᠠᠷᠠᠯᠲᠤ ᠤᠯᠤᠰ ᠤᠳ ᠤᠨ ᠬᠦᠰᠡᠯ ᠰᠠᠨᠠᠭ᠎ᠠ ᠶᠢ ᠭᠦᠢᠴᠡᠳ ᠭᠦᠨᠳᠦᠳᠭᠡᠵᠦ ᠂ ᠬᠠᠮᠲᠤ ᠪᠠᠷ ᠵᠥᠪᠳᠡᠬᠦ ᠂ ᠬᠠᠮᠲᠤ ᠪᠠᠷ ᠪᠠᠶᠢᠭᠤᠯᠬᠤ ᠂ ᠬᠠᠮᠲᠤ ᠪᠠᠷ ᠡᠳ᠋ᠯᠡᠬᠦ ᠂ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠨ᠎ᠠ ︔ ᠭᠤᠷᠪᠠ ᠳᠤ ᠂ ᠠᠷᠠᠯᠲᠤ ᠤᠯᠤᠰ ᠤᠳ ᠤᠨ ᠦᠨᠳᠦᠰᠦᠲᠡᠨ ᠤ ᠰᠣᠶᠣᠯ ᠤᠨ ᠤᠯᠠᠮᠵᠢᠯᠠᠯ ᠢ ᠭᠦᠢᠴᠡᠳ ᠭᠦᠨᠳᠦᠳᠭᠡᠵᠦ ᠂ ᠡᠶ᠎ᠡ ᠨᠠᠶᠢᠷᠲᠠᠢ ᠪᠤᠯᠪᠠᠴᠤ ᠠᠳᠠᠯᠢ ᠪᠤᠰᠤ ᠂ ᠭᠤᠸ᠎ᠠ ᠰᠠᠶᠢᠬᠠᠨ ᠪᠦᠭᠦᠨ ᠢ ᠬᠠᠮᠲᠤ ᠪᠠᠷ ᠡᠳ᠋ᠯᠡᠬᠦ ᠶᠢ ᠪᠠᠷᠢᠮᠲᠠᠯᠠᠨ᠎ᠠ ︔ ᠳᠥᠷᠪᠡ ᠳᠤ ᠂ ᠠᠷᠠᠯᠲᠤ ᠤᠯᠤᠰ ᠤᠳ ᠤᠨ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠶᠢ ᠭᠦᠢᠴᠡᠳ ᠭᠦᠨᠳᠦᠳᠭᠡᠵᠦ ᠂ ᠠᠷᠠᠯᠲᠤ ᠤᠯᠤᠰ ᠤᠳ ᠤᠨ 《 ᠬᠥᠬᠡᠮᠳᠦᠭ ᠨᠣᠮᠣᠬᠠᠨ ᠲᠡᠯᠡᠶ ᠶᠢᠨ 2050 ᠣᠨ ᠤ ᠪᠠᠶᠢᠯᠳᠤᠬᠤ ᠪᠣᠳᠣᠯᠭ᠎ᠠ 》 ᠶᠢ ᠨᠠᠶᠢᠳᠠᠪᠤᠷᠢᠵᠢᠭᠤᠯᠬᠤ ᠶᠢ ᠳᠡᠮᠵᠢᠵᠦ ᠂ ᠡᠩᠬᠡ ᠲᠠᠶᠢᠪᠤᠩ ᠂ ᠡᠶ᠎ᠡ ᠵᠣᠬᠢᠴᠠᠩᠭᠤᠢ ᠂ ᠠᠮᠤᠷ ᠲᠦᠪᠰᠢᠨ ᠂ ᠪᠠᠭᠲᠠᠭᠠᠮᠵᠢᠲᠠᠢ ᠂ ᠴᠡᠴᠡᠭᠯᠡᠨ ᠬᠥᠭᠵᠢᠭᠰᠡᠨ ᠬᠥᠬᠡᠮᠳᠦᠭ ᠨᠣᠮᠣᠬᠠᠨ ᠲᠡᠯᠡᠶ ᠶᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠦᠨ᠎ᠡ ᠃ ᠨᠣᠮᠣᠬᠠᠨ ᠳᠠᠯᠠᠢ ᠶᠢᠨ ᠠᠷᠠᠯᠲᠤ ᠤᠯᠤᠰ ᠤᠳ ᠠᠭᠤᠷ ᠠᠮᠢᠰᠬᠤᠯ ᠤᠨ ᠬᠤᠪᠢᠷᠠᠯᠲᠠ ᠶᠢᠨ ᠬᠦᠨᠳᠦ ᠬᠡᠴᠡᠭᠦᠦ ᠥᠷᠢᠰᠦᠯᠳᠦᠭᠡᠨ ᠳᠤ ᠲᠤᠯᠭᠠᠷᠠᠵᠤ ᠪᠠᠶᠢᠬᠤ ᠶᠢ ᠳᠤᠮᠳᠠᠳᠤ ᠤᠯᠤᠰ ᠣᠶᠢᠯᠠᠭᠠᠵᠤ ᠪᠠᠶᠢᠨ᠎ᠠ ᠂ ᠳᠤᠷᠠᠲᠠᠶ᠎ᠠ ᠠᠷᠠᠯᠲᠤ ᠤᠯᠤᠰ ᠤᠳ ᠯᠤᠭ᠎ᠠ ᠴᠠᠭ ᠠᠭᠤᠷ ᠤᠨ ᠦᠢᠯᠡᠴᠢᠯᠡᠭᠡ ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠂ ᠴᠡᠪᠡᠷ ᠡᠨᠧᠷᠭᠢ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠠᠷᠠᠯᠲᠤ ᠤᠯᠤᠰ ᠤᠳ ᠤᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯ ᠢ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠨ᠎ᠡ ᠃ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠰᠤᠯᠤᠮᠤᠨ ᠤ ᠲᠠᠯ᠎ᠠ ᠲᠠᠢ ᠵᠣᠬᠢᠴᠠᠭᠤᠯᠭ᠎ᠠ ᠬᠠᠮᠵᠢᠯᠴᠠᠭ᠎ᠠ ᠪᠠᠨ ᠴᠢᠩᠭᠠᠳᠬᠠᠵᠤ ᠂ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ ᠂ ᠬᠦᠢᠲᠡᠨ ᠳᠠᠶᠢᠨ ᠤ ᠰᠡᠳᠬᠢᠬᠦᠢ ᠪᠣᠯᠣᠨ ᠡᠵᠡᠷᠬᠡᠬᠦ ᠦᠵᠡᠯ ᠢ ᠬᠠᠮᠲᠤ ᠪᠠᠷ ᠡᠰᠡᠷᠭᠦᠴᠡᠵᠦ ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠨ᠎ᠠ ᠭᠡᠵᠦ ᠵᠢᠭᠠᠵᠤ ᠭᠠᠷᠭᠠᠪᠠ ᠃

ᠰᠦᠸᠧᠵᠢᠶᠠᠸᠠᠯᠸᠢ ᠂ ᠳᠤᠮᠳᠠᠳᠤ ᠤᠯᠤᠰ ᠲᠠᠢ ᠬᠠᠷᠢᠯᠴᠠᠭ᠎ᠠ ᠪᠠᠶᠢᠭᠤᠯᠬᠤ ᠪᠣᠯ ᠰᠤᠯᠤᠮᠤᠨ ᠤ ᠲᠠᠯ᠎ᠠ ᠶᠢᠨ ᠬᠢᠭᠰᠡᠨ ᠵᠥᠪ ᠰᠣᠩᠭᠤᠯᠲᠠ ᠮᠥᠨ ᠃ ᠬᠠᠷᠢᠯᠴᠠᠭ᠎ᠠ ᠪᠠᠶᠢᠭᠤᠯᠤᠭᠰᠠᠨ ᠠᠴᠠ ᠨᠠᠭᠠᠰᠢ ᠬᠤᠶᠠᠷ ᠤᠯᠤᠰ ᠤᠨ ᠬᠠᠷᠢᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠪᠠ ᠃ ᠳᠤᠮᠳᠠᠳᠤ ᠤᠯᠤᠰ ᠨᠢᠭᠡᠨᠲᠡ ᠰᠤᠯᠤᠮᠤᠨ ᠣᠯᠲᠣᠷᠢᠭ ᠤᠨ ᠬᠠᠮᠤᠭ ᠤᠨ ᠲᠣᠮᠣ ᠰᠠᠭᠤᠷᠢ  ᠶᠢᠨ ᠬᠠᠮᠲᠤᠷᠠᠯᠴᠠᠭᠠᠨ ᠤ ᠬᠠᠨᠢᠲᠠᠨ ᠪᠠ ᠨᠠᠶᠢᠳᠠᠪᠤᠷᠢᠲᠠᠢ ᠬᠥᠭᠵᠢᠯᠲᠡ ᠶᠢᠨ ᠬᠠᠨᠢᠲᠠᠨ ᠪᠣᠯᠪᠠ ᠃ ᠲᠡᠷᠢᠭᠦᠯᠡᠭᠴᠢ ᠰᠢ ᠶᠢᠨ ᠫᠢᠩ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠪᠣᠯᠣᠨ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠳᠤᠷᠠᠳᠴᠤ ᠂ ᠭᠠᠷᠮᠠᠭᠠᠢ ᠬᠤᠯᠠ ᠶᠢᠨ ᠬᠠᠷᠠᠴᠠ ᠪᠣᠯᠣᠨ ᠶᠡᠷᠦ ᠪᠤᠰᠤ ᠶᠢᠨ ᠤᠳᠤᠷᠢᠳᠬᠤ ᠬᠦᠴᠦᠨ ᠢ ᠢᠯᠡᠷᠡᠭᠦᠯᠵᠡᠢ ᠂ ᠰᠤᠯᠤᠮᠤᠨ ᠤ ᠲᠠᠯ᠎ᠠ ᠶᠢᠨ ᠬᠢᠨ ᠡᠭᠦᠨ ᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠬᠤ ᠪᠠ ᠲᠡᠮᠵᠢᠵᠥ ᠪᠠᠶᠢᠬᠤ ᠪᠠᠨ ᠢᠯᠡᠳᠬᠡᠵᠦ ᠪᠠᠶᠢᠨ᠎ᠠ ᠃ ᠳᠤᠮᠳᠠᠳᠤ ᠶᠢᠨ ᠲᠠᠯ᠎ᠠ ᠶᠢᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠠᠮᠵᠢᠯᠲᠠ ᠪᠦᠲᠦᠮᠵᠢ ᠶᠢ ᠳᠡᠯᠡᠬᠡᠢ ᠨᠡᠶᠢᠲᠡ ᠪᠠᠷ ᠢᠶᠠᠨ ᠪᠢᠰᠢᠷᠡᠵᠦ ᠲᠣᠯᠢ ᠪᠣᠯᠭᠠᠭᠤᠰᠢᠲᠠᠢ ᠶᠤᠮ ᠃ ᠰᠤᠯᠤᠮᠤᠨ ᠤ ᠲᠠᠯ᠎ᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠬᠡᠷᠡᠭᠵᠢᠭᠦᠯᠵᠦ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠪᠠᠨ ᠨᠢᠭᠲᠠᠷᠠᠭᠤᠯᠵᠤ ᠂ ᠠᠷᠠᠯᠵᠢᠶ᠎ᠠ ᠂ ᠪᠡᠯᠡ ᠣᠷᠣᠭᠤᠯᠤᠯᠲᠠ ᠂ ᠰᠣᠶᠣᠯ ᠢᠷᠭᠡᠨᠰᠢᠯ ᠂ ᠣᠷᠣᠨ ᠨᠤᠲᠤᠭ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠠᠭᠤᠷ ᠠᠮᠢᠰᠬᠤᠯ ᠤᠨ ᠬᠤᠪᠢᠷᠠᠯᠲᠠ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠵᠤ ᠂ ᠰᠤᠯᠤᠮᠤᠨ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ ᠤᠷᠤᠭᠰᠢ ᠬᠥᠭᠵᠢᠬᠦ ᠶᠢ ᠠᠬᠢᠭᠤᠯᠤᠨ᠎ᠠ ᠃ ᠰᠤᠯᠤᠮᠤᠨ ᠤ ᠲᠠᠯ᠎ᠠ ᠳᠤᠮᠳᠠᠳᠤ ᠤᠯᠤᠰ ᠤᠨ ᠬᠥᠭᠵᠢᠯᠲᠡ ᠳᠤ ᠴᠢᠭᠯᠡᠭᠦᠯᠦᠭᠰᠡᠨ ᠶᠠᠮᠠᠷᠪᠠ ᠠᠵᠢᠯᠯᠠᠭ᠎ᠠ ᠶᠢ ᠡᠰᠡᠷᠭᠦᠴᠡᠨ᠎ᠡ ᠭᠡᠵᠦ ᠢᠯᠡᠳᠬᠡᠪᠡ ᠃

ᠠᠭᠤᠯᠵᠠᠯᠲᠠ ᠶᠢᠨ ᠳᠠᠷᠠᠭ᠎ᠠ ᠬᠤᠶᠠᠷ ᠲᠠᠯ᠎ᠠ ᠪᠠᠷ ᠢᠶᠠᠨ 《 ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠰᠤᠯᠤᠮᠤᠨ ᠣᠯᠲᠣᠷᠢᠭ ᠤᠨ ᠰᠢᠨ᠎ᠡ ᠴᠠᠭ ᠦᠶ᠎ᠡ ᠶᠢᠨ ᠬᠠᠷᠢᠯᠴᠠᠨ ᠭᠦᠨᠳᠦᠳᠭᠡᠵᠦ ᠂ ᠬᠠᠮᠲᠤ ᠪᠠᠷ ᠬᠥᠭᠵᠢᠬᠦ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ 》 ᠶᠢ ᠨᠡᠶᠢᠲᠡᠯᠡᠪᠡ ᠃

ᠸᠠᠩ ᠢ ᠂ ᠸᠠᠩ ᠰᠢᠶᠣᠣ ᠬᠤᠩ ᠠᠭᠤᠯᠵᠠᠯᠲᠠ ᠳᠤ ᠣᠷᠣᠯᠴᠠᠵᠠᠢ ᠃

 

 


   :                    
   :           
备案序号:蒙ICP备05003250号 公安备案15010502000173