ᠵᠤᠬᠢᠶᠠᠭᠴᠢ: ᠴᠠᠭ:2023-07-21 ᠥᠵᠡᠭᠰᠡᠨ : ᠢᠷᠡᠯᠲᠡ:  《 ᠥᠪᠥᠷ ᠮᠣᠩᠭᠤᠯ ᠤᠨ ᠡᠳᠦᠷ ᠤᠨ ᠰᠣᠨᠢᠨ》  
2023 ᠳᠤᠮᠳᠠᠳᠤ ᠤᠯᠤᠰ ᠤᠨ ᠠᠵᠤ ᠦᠢᠯᠡᠰ ᠢ ᠰᠢᠯᠵᠢᠭᠦᠯᠦᠨ ᠬᠥᠭᠵᠢᠭᠦᠯᠬᠦ ᠵᠤᠯᠭᠠᠯᠴᠠᠭᠠᠨ ᠤ ᠠᠵᠢᠯᠯᠠᠭ᠎ᠠ ︵ᠥᠪᠥᠷ ᠮᠣᠩᠭᠤᠯ︶ ᠶᠢᠨ ᠡᠭᠢᠯᠡᠯᠳᠡ ᠶᠢᠨ ᠶᠣᠰᠣᠯᠠᠯ ᠵᠢᠴᠢ ᠭᠡᠷ᠎ᠡ ᠲᠣᠭᠲᠠᠬᠤ ᠶᠣᠰᠣᠯᠠᠯ ᠭᠦᠭᠡᠬᠤᠲᠠ ᠳᠤ ᠶᠠᠪᠤᠭᠳᠠᠪᠠ    ᠶᠢᠨ ᠵᠤᠸᠠᠩ ᠯᠦᠩ   ᠰᠦᠨ ᠱᠤᠤ ᠴᠧᠩ ᠲᠣᠰ ᠲᠣᠰ ᠪᠠᠶᠠᠷ ᠤᠨ ᠦᠭᠡ ᠬᠡᠯᠡᠵᠦ ᠸᠠᠩ ᠯᠢ ᠰᠢᠶᠠ ᠡᠭᠢᠯᠡᠯᠳᠡ ᠶᠢᠨ ᠶᠣᠰᠣᠯᠠᠯ ᠢ ᠡᠷᠭᠢᠯᠡᠵᠠᠢ

 

2023  7  ᠰᠠᠷ᠎ᠠ ᠶᠢᠨ 16 ᠤ ᠡᠳᠦᠷ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ  ᠠᠴᠠ ᠬᠠᠮᠲᠤᠷᠠᠵᠤ ᠭᠤᠣᠯᠯᠠᠨ ᠡᠷᠭᠢᠯᠡᠭᠰᠡᠨ 《ᠨᠡᠭᠡᠭᠡᠯᠲᠡᠲᠤ ᠂ ᠬᠠᠮᠲᠤᠷᠠᠯᠴᠠᠬᠤ ᠂ ᠬᠥᠭᠵᠢᠭᠦᠯᠬᠦ ᠂ ᠬᠠᠮᠲᠤ ᠪᠠᠷ ᠠᠰᠢᠭ ᠭᠦᠷᠳᠡᠭᠦ 》  ᠪᠠᠷ ᠭᠤᠣᠯ ᠰᠡᠳᠦᠪ ᠪᠤᠯᠭᠠᠬᠰᠠᠨ 2023 ᠳᠤᠮᠳᠠᠳᠤ ᠤᠯᠤᠰ ᠤᠨ ᠠᠵᠤ ᠦᠢᠯᠡᠰ ᠢ ᠰᠢᠯᠵᠢᠭᠦᠯᠦᠨ ᠬᠥᠭᠵᠢᠭᠦᠯᠬᠦ ᠵᠤᠯᠭᠠᠯᠴᠠᠭᠠᠨ ᠤ ᠠᠵᠢᠯᠯᠠᠭ᠎ᠠ ︵ᠥᠪᠥᠷ ᠮᠣᠩᠭᠤᠯ ︶  ᠶᠢᠨ ᠡᠭᠢᠯᠡᠯᠳᠡ ᠶᠢᠨ ᠶᠣᠰᠣᠯᠠᠯ ᠵᠢᠴᠢ ᠭᠡᠷ᠎ᠡ ᠲᠣᠭᠲᠠᠬᠤ ᠶᠣᠰᠣᠯᠠᠯ ᠭᠦᠭᠡᠬᠤᠲᠠ ᠳᠤ ᠶᠠᠪᠤᠭᠳᠠᠵᠤ ᠂ ᠵᠠᠰᠠᠭ ᠂ ᠦᠢᠯᠡᠳᠪᠦᠷᠢᠯᠡᠯ ᠂ ᠰᠤᠳᠤᠯᠭᠠᠨ ᠂ ᠬᠤᠳᠠᠯᠳᠤᠭ᠎ᠠ ᠂ ᠨᠡᠶᠢᠭᠡᠮᠯᠢᠭ ᠂ ᠪᠠᠩᠬᠢ ᠵᠡᠷᠭᠡ ᠡᠯ᠎ᠡ ᠡᠲᠡᠭᠡᠳ ᠤᠨ 1600 ᠰᠢᠬᠠᠮ ᠬᠦᠨᠳᠦᠲᠦ ᠵᠣᠴᠢᠨ ᠭᠦᠭᠡᠬᠤᠳᠠ ᠳᠠᠬᠢ ᠴᠡᠯᠡᠭᠡᠷ ᠲᠠᠯ᠎ᠠ ᠶᠢᠨ ᠮᠢᠩᠭᠠᠨ ᠬᠥᠮᠥᠨ ᠤ ᠬᠤᠷᠠᠯ ᠤᠨ ᠲᠥᠪ ᠲᠤ ᠴᠤᠭᠯᠠᠷᠠᠵᠤ ᠂ ᠠᠵᠤ ᠦᠢᠯᠡᠰ ᠢ ᠰᠢᠯᠵᠢᠭᠦᠯᠬᠦ ᠂ ᠣᠷᠣᠨ ᠪᠦᠰᠡ ᠬᠠᠮᠲᠤᠷᠠᠯᠴᠠᠨ ᠬᠥᠭᠵᠢᠬᠦ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠪᠡ ᠃

ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠰᠠᠶᠢᠳ  ᠶᠢᠨ ᠵᠤᠸᠠᠩ ᠯᠦᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠲᠤᠰ ᠲᠤᠰ ᠪᠠᠶᠠᠷ ᠤᠨ ᠦᠭᠡ ᠬᠡᠯᠡᠪᠡ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠭᠢᠯᠡᠯᠲᠡ ᠶᠢᠨ ᠶᠣᠰᠣᠯᠠᠯ ᠢ ᠡᠷᠭᠢᠯᠡᠵᠦ ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠳᠡᠳ᠋ ᠰᠠᠶᠢᠳ ᠰᠢᠦᠢ ᠰᠢᠶᠣᠣ ᠯᠠᠨ ᠪᠣᠯᠣᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠦᠦ ᠭᠠᠩ ᠂ ᠬᠤᠸᠠᠩ ᡁᠢ ᠴᠢᠶᠠᠩ ᠂ ᠢᠦᠢ ᠯᠢ ᠰᠢᠨ ᠂ ᠳ᠋ᠤᠸᠠᠨ ᡁᠢ ᠴᠢᠶᠠᠩ ᠂ ᠠᠨ ᠷᠦᠨ ᠱᠧᠩ ᠂ ᠶᠠᠩ ᠵᠢᠶᠧ ᠬᠤᠷᠠᠯ ᠳᠤ ᠣᠷᠣᠯᠴᠠᠵᠤ ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠠᠢ ᠴᠢᠩ ᠶᠤᠸᠠᠨ ᠥᠪᠥᠷ ᠮᠣᠩᠭᠤᠯ ᠤᠨ ᠠᠵᠤ ᠦᠢᠯᠡᠰ ᠢ ᠰᠢᠯᠵᠢᠭᠦᠯᠦᠨ ᠬᠥᠭᠵᠢᠭᠦᠯᠬᠦ ᠬᠠᠮᠲᠤᠷᠠᠯᠴᠠᠭ᠎ᠠ ᠵᠤᠯᠭᠠᠯᠴᠠᠭᠠᠨ ᠤ ᠪᠠᠶᠢᠳᠠᠯ ᠢ ᠨᠡᠶᠢᠲᠡᠯᠡᠪᠡ ᠃

 ᠶᠢᠨ ᠵᠤᠸᠠᠩ ᠯᠦᠩ ᠂ ᠨᠠᠮ ᠤᠨ ᠲᠥᠪ ᠬᠤᠷᠢᠶ᠎ᠠ ᠠᠴᠠ ᠠᠵᠤ ᠦᠢᠯᠡᠰ ᠢ ᠰᠢᠯᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠶᠡᠷᠦᠩᠬᠡᠢ ᠱᠦᠵᠢ ᠰᠢ ᠶᠢᠨ ᠫᠢᠩ ᠭᠤᠣᠯᠳᠠᠯᠭ᠎ᠠ ᠲᠠᠢ ᠠᠵᠤ ᠦᠢᠯᠡᠰ ᠤᠨ ᠤᠯᠤᠰ ᠤᠨ ᠳᠣᠲᠣᠭᠠᠳᠤ ᠭᠠᠳᠠᠭᠠᠳᠤ ᠳᠤ ᠡᠮᠬᠢ ᠵᠢᠷᠤᠮ ᠲᠠᠢ ᠪᠠᠷ ᠰᠢᠯᠵᠢᠭᠦ ᠶᠢ ᠠᠬᠢᠭᠤᠯᠬᠤ ᠲᠤᠬᠠᠢ ᠴᠢᠬᠤᠯᠠ ᠵᠢᠭᠠᠪᠤᠷᠢ ᠥᠭᠴᠡᠢ ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠮᠠᠨ ᠤ ᠤᠯᠤᠰ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ  ᠶᠢᠨ ᠪᠠᠶᠢᠯᠳᠤᠬᠤ ᠪᠣᠳᠣᠯᠭ᠎ᠠ ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠂ ᠭᠤᠣᠯ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠠᠵᠤ ᠦᠢᠯᠡᠰ ᠤᠨ ᠣᠷᠣᠨ ᠵᠠᠢ ᠶᠢᠨ ᠪᠠᠶᠢᠷᠢᠰᠢᠭᠤᠯᠤᠯᠲᠠ ᠲᠠᠰᠤᠷᠠᠯᠳᠠ ᠦᠭᠡᠢ ᠰᠢᠯᠢᠳᠡᠭᠵᠢᠨ ᠂ ᠠᠵᠤ ᠦᠢᠯᠡᠰ ᠤᠨ ᠰᠢᠯᠵᠢᠯᠲᠡ ᠶᠢᠨ ᠬᠡᠪᠴᠢᠶ᠎ᠡ ᠦᠷᠭᠦᠯᠵᠢᠯᠡᠨ ᠥᠷᠭᠡᠳᠴᠦ ᠂ ᠳᠤᠮᠳᠠ ᠪᠡᠶ᠎ᠡ ᠶᠢᠨ ᠭᠠᠵᠠᠷ ᠣᠷᠣᠨ ᠤ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠠᠵᠢᠯ  ᠳᠠᠬᠢ 《ᠲᠦᠷᠦᠭᠦᠴᠢ ᠭᠠᠯᠠᠭᠤ 》  ᠶᠢᠨ ᠦᠢᠯᠡᠳᠦᠯ ᠨᠡᠩ ᠲᠣᠪᠣᠶᠢᠮ᠎ᠠ ᠪᠣᠯᠵᠤ ᠂ ᠪᠠᠷᠠᠭᠤᠨ ᠪᠡᠶ᠎ᠡ ᠶᠢᠨ ᠭᠠᠵᠠᠷ ᠣᠷᠣᠨ ᠤ ᠵᠡᠭᠦᠨ ᠪᠠ ᠳᠤᠮᠳᠠ ᠪᠡᠶ᠎ᠡ ᠶᠢᠨ ᠭᠠᠵᠠᠷ ᠣᠷᠣᠨ ᠤ ᠰᠢᠨ᠎ᠡ ᠪᠠᠷ ᠮᠠᠨᠳᠤᠭᠰᠠᠨ ᠠᠵᠤ ᠦᠢᠯᠡᠰ ᠪᠠ ᠭᠦᠳᠡᠯᠮᠦᠷᠢ ᠬᠦᠴᠦ ᠲᠥᠪᠯᠡᠷᠡᠭᠰᠡᠨ ᠭᠡᠯᠪᠡᠷᠢ ᠶᠢᠨ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠠᠯᠬᠤᠭ᠎ᠠ ᠢᠯᠡᠳᠲᠡ ᠲᠦᠷᠭᠡᠰᠦᠨ ᠂ ᠵᠡᠭᠦᠨ ᠪᠡᠶ᠎ᠡ ᠶᠢᠨ ᠭᠠᠵᠠᠷ ᠣᠷᠣᠨ ᠤ ᠪᠦᠭᠦ ᠪᠥᠮᠪᠥᠷᠴᠡᠭ ᠤᠨ ᠦᠷᠳᠡᠭ ᠤᠨ ᠬᠡᠯᠬᠢᠶ᠎ᠡ ᠶᠢᠨ ᠳᠡᠭᠡᠳᠦ ᠲᠡᠰ ᠤᠨ ᠭᠤᠭᠴᠤᠭ᠎ᠠ ᠶᠢ ᠭᠥᠯᠢᠶᠡᠨ ᠠᠪᠬᠤ ᠠᠵᠢᠯ ᠢᠯᠡᠳᠲᠡ ᠦᠷ᠎ᠡ ᠪᠦᠲᠦᠮᠵᠢ ᠣᠯᠵᠤ ᠂ ᠵᠡᠭᠦᠨ ᠬᠤᠶᠢᠲᠤ ᠣᠷᠣᠨ ᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠬᠦ ᠠᠵᠢᠯ ᠲᠠᠰᠤᠷᠠᠯᠳᠠ ᠦᠭᠡᠢ ᠰᠢᠨ᠎ᠡ ᠠᠬᠢᠴᠠ ᠲᠠᠢ ᠪᠣᠯᠪᠠ ᠃ ᠠᠵᠤ ᠦᠢᠯᠡᠰ ᠢ ᠰᠢᠯᠵᠢᠭᠦᠯᠬᠦ ᠶᠠᠪᠤᠴᠠ ᠳᠤ ᠮᠠᠨ ᠤ ᠤᠯᠤᠰ ᠤᠨ ᠠᠵᠤ ᠦᠢᠯᠡᠰ ᠤᠨ ᠪᠥᠭᠡᠮᠨᠡᠷᠡᠭᠰᠡᠨ ᠪᠦᠯᠦᠭᠵᠢᠭᠰᠡᠨ ᠬᠥᠭᠵᠢᠯᠲᠡ ᠶᠢᠨ ᠲᠦᠪᠰᠢᠨ ᠲᠦᠷᠭᠡᠨ ᠳᠡᠭᠡᠭᠰᠢᠯᠡᠵᠦ ᠂ ᠤᠳᠤ ᠪᠦᠭᠦ ᠤᠯᠤᠰ ᠲᠤ ᠨᠢᠭᠡᠨᠲᠡ ᠤᠯᠤᠰ ᠤᠨ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢᠨ ᠠᠵᠤ ᠦᠢᠯᠡᠰ ᠤᠨ 445 ᠵᠢᠱᠢᠶ᠎ᠡ ᠦᠵᠡᠭᠦᠯᠭᠦ ᠰᠠᠭᠤᠷᠢᠨ  ᠂ ᠤᠯᠤᠰ ᠤᠨ ᠲᠡᠷᠢᠭᠦᠨ ᠤ ᠦᠢᠯᠡᠳᠬᠦ ᠦᠢᠯᠡᠰ ᠤᠨ 45 ᠪᠦᠯᠦᠭᠵᠢᠯ ᠲᠠᠢ ᠪᠣᠯᠵᠤ ᠂ ᠣᠷᠣᠨ ᠪᠦᠰᠡ ᠶᠢᠨ ᠠᠵᠤ ᠦᠢᠯᠡᠰ ᠤᠨ ᠵᠦᠷᠢᠶᠡᠴᠢᠯᠡᠭᠰᠡᠨ ᠣᠨᠴᠠᠯᠢᠭᠲᠤ ᠬᠥᠭᠵᠢᠯᠲᠡ ᠶᠢ ᠬᠥᠲᠥᠯᠥᠨ ᠳᠠᠶᠢᠴᠢᠯᠠᠬᠤ ᠂ ᠦᠢᠯᠡᠳᠬᠦ ᠦᠢᠯᠡᠰ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠴᠢᠬᠤᠯᠠ ᠠᠴᠢᠶᠠᠯᠠᠪᠤᠷᠢ ᠪᠣᠯᠵᠠᠢ ᠭᠡᠵᠦ ᠵᠢᠭᠠᠵᠤ ᠭᠠᠷᠭᠠᠪᠠ ᠃

 ᠶᠢᠨ ᠵᠤᠸᠠᠩ ᠯᠦᠩ ᠂ ᠠᠵᠤ ᠦᠢᠯᠡᠰ ᠤᠨ ᠡᠮᠬᠢ ᠵᠢᠷᠤᠮ ᠲᠠᠢ ᠪᠠᠷ ᠰᠢᠯᠵᠢᠭᠦ ᠶᠢ ᠠᠬᠢᠭᠤᠯᠬᠤ ᠪᠣᠯ ᠦᠢᠯᠡᠳᠪᠦᠷᠢᠯᠡᠯ ᠤᠨ ᠬᠦᠴᠦᠨ ᠤ ᠣᠷᠣᠨ ᠵᠠᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠂ ᠪᠦᠷᠢᠨ ᠪᠦᠲᠦᠨ ᠠᠵᠤ ᠦᠢᠯᠡᠰ ᠤᠨ  ᠬᠠᠮᠠᠭᠠᠯᠠᠬᠤ ᠶᠢᠨ ᠳᠣᠲᠣᠭᠠᠳᠤ ᠱᠠᠭᠠᠷᠳᠠᠯᠭ᠎ᠠ ᠮᠥᠨ ᠂ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢ ᠠᠬᠢᠭᠤᠯᠬᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠱᠠᠯᠠᠪᠳᠠᠨ ᠪᠠᠶᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠃ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠵᠤ ᠦᠢᠯᠡᠰ ᠢ ᠰᠢᠯᠵᠢᠭᠦᠯᠬᠦ ᠵᠤᠯᠭᠠᠯᠴᠠᠭᠠᠨ ᠤ ᠠᠵᠢᠯᠯᠠᠭ᠎ᠠ ᠡᠷᠭᠢᠯᠡᠭᠦ ᠪᠠᠷ ᠴᠢᠬᠤᠯᠠ ᠭᠠᠷᠳᠠᠴᠠ ᠪᠣᠯᠭᠠᠨ ᠂ ᠠᠵᠤ ᠦᠢᠯᠡᠰ ᠤᠨ ᠡᠮᠬᠢ ᠵᠢᠷᠤᠮ ᠲᠠᠢ ᠪᠠᠷ ᠰᠢᠯᠵᠢᠭᠦ ᠶᠢ ᠬᠥᠲᠥᠯᠥᠨ ᠵᠢᠯᠤᠭᠤᠳᠴᠤ ᠂ ᠣᠷᠣᠨ ᠪᠦᠰᠡ ᠶᠢᠨ ᠵᠦᠢ ᠵᠣᠬᠢᠰᠲᠠᠢ ᠪᠠᠷ ᠠᠵᠢᠯ ᠢᠶᠠᠨ ᠬᠤᠪᠢᠶᠠᠷᠢᠯᠠᠨ ᠂ ᠬᠤᠯᠪᠤᠭᠠᠯᠠᠨ ᠬᠥᠭᠵᠢᠬᠦ ᠦᠢᠯᠡᠳᠬᠦ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ ᠂ ᠪᠦᠷᠢᠨ ᠪᠦᠲᠦᠨ ᠴᠢᠨᠠᠷ ᠂ ᠲᠡᠷᠢᠭᠦᠨ ᠤ ᠴᠢᠨᠠᠷ ᠂ ᠠᠮᠤᠷ ᠲᠦᠪᠰᠢᠨ ᠴᠢᠨᠠᠷ ᠪᠦᠬᠦᠢ ᠣᠳᠣᠬᠢᠴᠢᠯᠠᠭᠰᠠᠨ ᠠᠵᠤ ᠦᠢᠯᠡᠰ ᠤᠨ  ᠪᠠᠶᠢᠭᠤᠯᠬᠤ ᠳᠤ ᠡᠷᠴᠢᠮᠲᠡᠢ ᠲᠤᠯᠭᠠᠭᠤᠷᠢᠯᠠᠯ ᠬᠠᠩᠭᠠᠨ᠎ᠠ ᠃ ᠠᠵᠤ ᠦᠢᠯᠡᠰ ᠤᠨ ᠱᠠᠲᠤᠯᠢᠭ ᠰᠢᠯᠵᠢᠯᠲᠡ ᠶᠢ ᠠᠬᠢᠭᠤᠯᠤᠨ ᠂ 《ᠦᠢᠯᠡᠳᠬᠦ ᠦᠢᠯᠡᠰ ᠢ ᠰᠢᠯᠵᠢᠭᠦᠯᠦᠨ ᠬᠥᠭᠵᠢᠭᠦᠯᠬᠦ ᠶᠢᠨ ᠵᠢᠯᠤᠭᠤᠳᠬᠤ ᠭᠠᠷᠴᠠᠭ 》  ᠢ ᠨᠠᠶᠢᠳᠠᠪᠤᠷᠢᠵᠢᠭᠤᠯᠵᠤ ᠂ ᠡᠯ᠎ᠡ ᠭᠠᠵᠠᠷ ᠤᠨ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠤᠨ ᠂ ᠠᠵᠤ ᠦᠢᠯᠡᠰ ᠤᠨ ᠰᠢᠯᠵᠢᠯᠲᠡ ᠶᠢ ᠢᠳᠡᠪᠬᠢᠲᠡᠢ ᠪᠠᠷ ᠭᠥᠯᠢᠶᠡᠨ ᠠᠪᠴᠤ ᠂ ᠥᠪᠡᠷᠮᠢᠴᠡ ᠣᠨᠴᠠᠯᠢᠭ ᠲᠠᠢ ᠳᠠᠪᠠᠭᠤᠯᠢᠭᠲᠤ ᠠᠵᠤ ᠦᠢᠯᠡᠰ ᠢᠶᠠᠨ ᠰᠢᠯᠢᠳᠡᠭᠵᠢᠭᠦᠯᠦᠨ ᠬᠦᠴᠦᠷᠬᠡᠭᠵᠢᠭᠦᠯᠵᠦ ᠪᠤᠵᠠᠭᠠᠶᠢᠷᠠᠭᠤᠯᠤᠨ ᠂ ᠭᠤᠣᠯᠯᠠᠬᠤ ᠥᠷᠢᠰᠦᠯᠳᠦᠬᠦ ᠬᠦᠴᠦᠨ ᠪᠦᠬᠦᠢ ᠨᠢᠭᠡ ᠪᠦᠯᠦᠭ ᠲᠡᠷᠢᠭᠦᠨ ᠤ ᠦᠢᠯᠡᠳᠬᠦ ᠦᠢᠯᠡᠰ ᠤᠨ ᠪᠦᠯᠦᠭᠵᠢᠯ ᠪᠠ ᠳᠤᠮᠳᠠ ᠪᠠᠭ᠎ᠠ ᠠᠵᠤ ᠠᠬᠤᠶᠢᠯᠠᠯ ᠤᠨ ᠣᠨᠴᠠᠯᠢᠭᠲᠤ ᠠᠵᠤ ᠦᠢᠯᠡᠰ ᠤᠨ ᠪᠦᠯᠦᠭᠵᠢᠯ ᠢ ᠪᠤᠶ ᠪᠤᠯᠭᠠᠬᠤ ᠶᠢ ᠳᠡᠮᠵᠢᠨ᠎ᠠ ᠃ ᠠᠵᠤ ᠦᠢᠯᠡᠰ ᠤᠨ ᠵᠣᠯᠭᠠᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠵᠤ ᠂ ᠵᠠᠰᠠᠭ ᠤᠨ ᠣᠷᠳᠣᠨ ᠲᠠᠪᠴᠠᠩ ᠪᠠᠶᠢᠭᠤᠯᠤᠨ ᠂ ᠠᠵᠤ ᠠᠬᠤᠶᠢᠯᠠᠯ ᠭᠤᠣᠯᠯᠠᠨ ᠠᠵᠢᠯᠯᠠᠬᠤ ᠶᠢ ᠪᠠᠷᠢᠮᠲᠠᠯᠠᠵᠤ ᠂ ᠵᠣᠯᠭᠠᠯᠴᠠᠭᠠᠨ ᠤ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠂ ᠡᠯ᠎ᠡ ᠭᠠᠵᠠᠷ ᠣᠷᠣᠨ ᠤ ᠬᠢᠨ ᠢ ᠬᠥᠲᠥᠯᠥᠨ ᠵᠢᠯᠤᠭᠤᠳᠴᠤ ᠪᠠᠶᠢᠭᠠᠳ ᠳᠠᠪᠠᠭᠤᠯᠢᠭ ᠠᠵᠤ ᠦᠢᠯᠡᠰ ᠤᠨ ᠬᠡᠯᠬᠢᠶ᠎ᠡ ᠶᠢᠨ ᠢᠵᠢ ᠪᠦᠷᠢᠳᠦᠭᠦᠯᠬᠦ ᠬᠡᠷᠡᠭᠴᠡᠭᠡ ᠱᠠᠭᠠᠷᠳᠠᠯᠭ᠎ᠠ  ᠳᠤ ᠠᠩᠬᠠᠷᠤᠯ ᠢᠶᠠᠨ ᠲᠥᠪᠯᠡᠷᠡᠭᠦᠯᠵᠦ ᠂ ᠠᠶᠠᠨᠳᠠᠭᠠᠨ ᠤ ᠳᠠᠪᠠᠭᠤᠯᠢᠭ ᠂ ᠠᠵᠤ ᠦᠢᠯᠡᠰ ᠤᠨ ᠰᠠᠭᠤᠷᠢ ᠂ ᠴᠢᠬᠤᠯᠠ ᠬᠦᠴᠦᠨ ᠵᠦᠢᠯ ᠤᠨ ᠨᠥᠬᠦᠴᠡᠯ ᠪᠠᠶᠢᠳᠠᠯ ᠲᠠᠢ ᠪᠠᠨ ᠤᠶᠠᠯᠳᠤᠭᠤᠯᠤᠨ ᠂ ᠬᠠᠩᠭᠠᠯᠭ᠎ᠠ ᠬᠡᠷᠡᠭᠴᠡᠭᠡ ᠶᠢᠨ ᠵᠣᠯᠭᠠᠯᠴᠠᠭ᠎ᠠ ᠶᠢ ᠭᠦᠨᠵᠡᠭᠡᠶᠢᠷᠡᠭᠦᠯᠵᠦ ᠂ ᠴᠢᠬᠤᠯᠠ ᠶᠡᠭᠡ ᠲᠥᠷᠥᠯ ᠵᠦᠢᠯ ᠤᠨ ᠭᠡᠷ᠎ᠡ ᠲᠣᠭᠲᠠᠨ ᠪᠣᠳᠠᠲᠠᠢ ᠳᠤ ᠨᠠᠶᠢᠳᠠᠪᠤᠷᠢᠵᠢᠭᠤᠯᠤᠭᠳᠠᠬᠤ ᠶᠢ ᠠᠬᠢᠭᠤᠯᠤᠨ᠎ᠠ ᠃ ᠤᠯᠤᠰ ᠤᠨ ᠠᠵᠤ ᠦᠢᠯᠡᠰ ᠤᠨ ᠰᠢᠯᠵᠢᠯᠲᠡ ᠶᠢᠨ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠤᠨ ᠦᠢᠯᠡᠳᠦᠯ ᠢ ᠪᠠᠳᠠᠷᠠᠭᠤᠯᠵᠤ ᠂ ᠬᠠᠷᠢᠯᠴᠠᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠨ ᠂ ᠰᠦᠯᠵᠢᠶᠡᠨ ᠳᠡᠭᠡᠷ᠎ᠡ ᠪᠠ ᠲᠤᠬᠠᠢ ᠶᠢᠨ ᠭᠠᠵᠠᠷ ᠲᠤ ᠵᠤᠯᠭᠠᠯᠴᠠᠬᠤ ᠬᠠᠮᠲᠤᠷᠠᠯ ᠬᠦᠴᠦᠨ ᠢ ᠪᠤᠶ ᠪᠤᠯᠭᠠᠵᠤ ᠂ ᠣᠷᠣᠨ ᠪᠦᠰᠡ ᠶᠢᠨ ᠬᠠᠮᠲᠤᠷᠠᠯᠴᠠᠭᠠᠨ ᠤ ᠲᠣᠭᠲᠠᠴᠠ ᠶᠢᠨ ᠰᠢᠨ᠎ᠡ ᠶᠢ ᠡᠭᠦᠳᠦᠨ᠎ᠡ ᠃ ᠨᠠᠶᠢᠳᠠᠨ ᠬᠠᠮᠢᠶᠠᠷᠤᠭᠤᠯᠬᠤ ᠂ ᠬᠠᠮᠲᠤ  ᠪᠠᠷ ᠪᠦᠲᠦᠭᠡᠨ ᠪᠠᠶᠢᠭᠤᠯᠬᠤ ᠵᠡᠷᠭᠡ ᠠᠵᠤ ᠦᠢᠯᠡᠰ ᠢ ᠰᠢᠯᠵᠢᠭᠦᠯᠬᠦ ᠬᠠᠮᠲᠤᠷᠠᠯᠴᠠᠭᠠᠨ ᠤ ᠰᠢᠨ᠎ᠡ ᠵᠠᠭᠪᠤᠷ ᠢ ᠰᠦᠪᠡᠭᠴᠢᠯᠡᠬᠦ ᠶᠢ ᠳᠡᠮᠵᠢᠵᠦ ᠂ ᠨᠡᠶᠢᠲᠡᠯᠢᠭ ᠲᠤᠷᠰᠢᠯᠭ᠎ᠠ ᠶᠢ ᠳᠡᠯᠭᠡᠷᠡᠭᠦᠯᠦᠨ ᠂ ᠬᠠᠮᠲᠤ ᠪᠠᠷ ᠡᠳ᠋ᠯᠡᠵᠦ ᠬᠠᠮᠲᠤ ᠪᠠᠷ ᠠᠰᠢᠭ ᠭᠦᠷᠳᠡᠭᠦ ᠶᠢ ᠠᠬᠢᠭᠤᠯᠤᠨ᠎ᠠ ᠃ ᠦᠢᠯᠡᠳᠬᠦ ᠦᠢᠯᠡᠰ ᠤᠨ ᠠᠵᠤ ᠦᠢᠯᠡᠰ ᠤᠨ ᠬᠡᠯᠬᠢᠶ᠎ᠡ ᠶᠢ ᠲᠣᠭᠲᠠᠪᠤᠷᠢᠵᠢᠭᠤᠯᠵᠤ ᠠᠵᠤ ᠦᠢᠯᠡᠰ ᠤᠨ ᠬᠡᠯᠬᠢᠶ᠎ᠡ ᠶᠢ ᠴᠢᠩᠭᠠᠷᠠᠭᠤᠯᠤᠨ ᠠᠵᠤ ᠦᠢᠯᠡᠰ ᠤᠨ ᠬᠡᠯᠬᠢᠶ᠎ᠡ ᠶᠢ ᠨᠥᠬᠦᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ ᠂ ᠠᠵᠤ ᠠᠬᠤᠶᠢᠯᠠᠯ ᠂ ᠬᠦᠷᠢᠶᠡᠯᠡᠩ ᠲᠣᠭᠤᠷᠢᠭ ᠂ ᠨᠡᠶᠢᠭᠡᠮᠯᠢᠭ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠂ ᠶᠡᠭᠡ ᠳᠡᠭᠡᠳᠦ ᠰᠤᠷᠭᠠᠭᠤᠯᠢ ᠵᠡᠷᠭᠡ ᠡᠯ᠎ᠡ ᠲᠠᠯ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ ᠂ ᠰᠢᠨᠵᠢᠯᠡᠬᠦ ᠤᠬᠠᠭᠠᠨ ᠮᠡᠷᠭᠡᠵᠢᠯ ᠂ ᠠᠵᠤ ᠦᠢᠯᠡᠰ ᠂ ᠮᠥᠩᠭᠦᠨ ᠭᠦᠢᠯᠭᠡᠭᠡᠨ ᠂ ᠴᠢᠳᠠᠪᠤᠷᠢᠲᠠᠨ ᠵᠡᠷᠭᠡ  ᠶᠢᠨ ᠭᠦᠨᠵᠡᠭᠡᠢ ᠠᠭᠤᠰᠤᠯᠴᠠᠬᠤ ᠪᠠ ᠬᠠᠮᠵᠢᠯᠴᠠᠨ ᠬᠥᠭᠵᠢᠬᠦ ᠶᠢ ᠠᠬᠢᠭᠤᠯᠤᠨ᠎ᠠ ᠃ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠬᠦᠴᠦᠯᠡᠨ ᠰᠢᠯᠢᠳᠡᠭᠵᠢᠭᠦᠯᠵᠦ ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠨ ᠂ ᠲᠣᠭᠲᠠᠭᠤᠨ ᠂ ᠡᠷᠬᠡ ᠲᠡᠭᠰᠢ ᠂ ᠢᠯᠡ ᠲᠣᠳᠣ ᠂ ᠵᠢᠱᠢᠵᠦ ᠪᠣᠯᠬᠤᠶᠢᠴᠠ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠣᠯᠭᠠᠨ᠎ᠠ ᠃ ᠡᠯ᠎ᠡ ᠭᠠᠵᠠᠷ ᠣᠷᠣᠨ ᠤ ᠬᠢᠨ  ᠲᠣᠭᠲᠠᠭᠰᠠᠨ ᠲᠥᠷᠥᠯ ᠵᠦᠢᠯ ᠳᠤ ᠮᠥᠷᠳᠡᠨ ᠦᠢᠯᠡᠴᠢᠯᠡᠬᠦ ᠪᠠᠨ ᠴᠢᠩᠭᠠᠳᠬᠠᠵᠤ ᠂ ᠲᠥᠷᠥᠯ ᠵᠦᠢᠯ ᠢ ᠠᠬᠢᠭᠤᠯᠬᠤ ᠶᠠᠪᠤᠴᠠ ᠳᠠᠬᠢ ᠴᠢᠬᠤᠯᠠ ᠬᠦᠴᠦᠨ ᠵᠦᠢᠯ ᠢ ᠪᠠᠲᠤᠯᠠᠬᠤ ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠵᠡᠷᠭᠡ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠂  ᠲᠣᠭᠲᠠᠭᠰᠠᠨ ᠲᠥᠷᠥᠯ ᠵᠦᠢᠯ ᠤᠨ ᠡᠷᠲᠡᠬᠡᠨ ᠪᠡᠯᠡ ᠣᠷᠣᠭᠤᠯᠬᠤ ᠂ ᠡᠷᠲᠡᠬᠡᠨ ᠨᠠᠶᠢᠳᠠᠪᠤᠷᠢᠵᠢᠭᠤᠯᠬᠤ ᠂ ᠡᠷᠲᠡᠬᠡᠨ ᠦᠷ᠎ᠡ ᠪᠦᠲᠦᠮᠵᠢ ᠣᠯᠬᠤ ᠶᠢ ᠠᠬᠢᠭᠤᠯᠵᠤ ᠂ ᠰᠢᠯᠵᠢᠭᠦᠯᠦᠭᠰᠡᠨ ᠲᠥᠷᠥᠯ ᠵᠦᠢᠯ ᠢ 《ᠯᠠᠪᠳᠠᠭᠤᠨ ᠢᠶᠠᠷ ᠭᠥᠯᠢᠶᠡᠨ ᠠᠪᠴᠤ ᠂ ᠦᠯᠡᠳᠡᠭᠡᠵᠦ ᠳᠡᠶᠢᠯᠭᠦ ᠂ ᠰᠠᠶᠢᠲᠤᠷ ᠬᠥᠭᠵᠢᠭᠦᠯᠬᠦ 》  ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃

ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠡᠮᠦᠨ᠎ᠡ ᠠᠴᠠ ᠬᠤᠷᠠᠯ ᠳᠤ ᠣᠷᠣᠯᠴᠠᠬᠰᠠᠨ ᠬᠦᠨᠳᠦᠲᠦ ᠵᠣᠴᠢᠳ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ ᠂ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠂ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠂ ᠠᠵᠢᠯ ᠲᠦᠷᠦᠯ ᠤᠨ ᠨᠡᠶᠢᠭᠡᠮᠯᠢᠭ ᠪᠣᠯᠣᠨ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯ ᠳᠤ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠣᠯᠠᠨ ᠤᠳᠠᠭ᠎ᠠ ᠴᠢᠬᠤᠯᠠ ᠵᠢᠭᠠᠪᠤᠷᠢ ᠥᠭᠴᠦ ᠂ ᠪᠡᠶ᠎ᠡ ᠪᠠᠷ ᠢᠶᠠᠨ ᠥᠪᠥᠷ ᠮᠣᠩᠭᠤᠯ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠬᠢᠵᠦ ᠂ ᠬᠥᠭᠵᠢᠯᠲᠡ ᠶᠢᠨ ᠪᠣᠷᠣ ᠲᠥᠯᠥᠪ ᠢ ᠵᠢᠷᠤᠭᠯᠠᠨ ᠂ ᠥᠪᠥᠷ ᠮᠣᠩᠭᠤᠯ ᠳᠤ 《ᠲᠠᠪᠤᠨ ᠶᠡᠭᠡ ᠡᠭᠦᠷᠭᠡ 》 ᠲᠤᠰᠢᠶᠠᠭᠰᠠᠨ ᠪᠠᠶᠢᠨ᠎ᠠ ᠃ ᠳᠡᠭᠡᠷ᠎ᠡ ᠰᠠᠷ᠎ᠠ ᠳᠤ ᠶᠡᠷᠦᠩᠬᠡᠢ ᠱᠦᠵᠢ ᠰᠢ ᠶᠢᠨ ᠫᠢᠩ ᠳᠠᠬᠢᠨᠲᠠ ᠥᠪᠥᠷ ᠮᠣᠩᠭᠤᠯ ᠳᠤ ᠢᠷᠡᠵᠦ ᠰᠢᠨᠵᠢᠯᠡᠨ ᠪᠠᠶᠢᠴᠠᠭᠠᠬᠤ ᠳᠠᠭᠠᠨ ᠂ ᠪᠢᠳᠡᠨ ᠳᠤ 《ᠳᠤᠮᠳᠠᠳᠤ ᠤᠯᠤᠰ ᠤᠨ ᠮᠠᠶ᠋ᠢᠭ ᠤᠨ  ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠨᠡᠭᠡᠭᠡᠬᠦ 》 ᠰᠢᠨ᠎ᠡ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠲᠣᠭᠲᠠᠭᠠᠵᠤ ᠥᠭᠴᠡᠢ ᠃ ᠣᠳᠣᠬᠠᠨ ᠳᠤ  ᠣᠷᠣᠨ ᠢᠶᠠᠨ ᠶᠠᠭ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠂ 《ᠲᠠᠪᠤᠨ ᠶᠡᠭᠡ ᠡᠭᠦᠷᠭᠡ 》  ᠶᠢ ᠪᠡᠶᠡᠯᠡᠭᠦᠯᠬᠦ  ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ ᠂ ᠶᠡᠭᠡ ᠬᠦᠴᠦ ᠣᠷᠣᠭᠤᠯᠤᠨ ᠪᠦᠲᠦᠴᠡ ᠶᠢ ᠲᠣᠬᠢᠷᠠᠭᠤᠯᠤᠨ ᠂ ᠦᠵᠡᠯᠲᠡ ᠶᠢ ᠬᠤᠪᠢᠷᠠᠭᠤᠯᠵᠤ ᠂ ᠰᠤᠷᠲᠠᠯ ᠢ ᠰᠠᠶᠢᠵᠢᠷᠠᠭᠤᠯᠤᠨ ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ 《ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ 》  ᠶᠢ ᠪᠠᠳᠠᠷᠠᠭᠤᠯᠵᠤ ᠂ ᠥᠪᠥᠷ ᠮᠣᠩᠭᠤᠯ ᠤᠨ ᠳᠤᠮᠳᠠᠳᠤ ᠤᠯᠤᠰ ᠤᠨ ᠮᠠᠶ᠋ᠢᠭ ᠤᠨ  ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠵᠠᠮ ᠨᠡᠭᠡᠭᠡᠨ ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠨ ᠪᠦᠭᠦ ᠤᠯᠤᠰ ᠤᠨ ᠳᠤᠮᠳᠠ ᠶᠢᠨ ᠲᠦᠪᠰᠢᠨ ᠳᠤ   ᠪᠠᠷ ᠬᠦᠴᠦᠯᠡᠨ ᠴᠢᠷᠮᠠᠶᠢᠵᠤ ᠪᠠᠶᠢᠨ᠎ᠠ ᠭᠡᠵᠦ ᠬᠡᠯᠡᠪᠡ ᠃

ᠰᠦᠨ ᠱᠤᠤ ᠴᠧᠩ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ ᠂ ᠰᠢᠨ᠎ᠡ ᠵᠠᠮ ᠨᠡᠭᠡᠭᠡᠨ ᠂ ᠳᠤᠮᠳᠠ ᠲᠦᠪᠰᠢᠨ ᠳᠤ ᠬᠦᠷᠬᠦ ᠳᠤ ᠠᠵᠤ ᠦᠢᠯᠡᠰ ᠤᠨ ᠬᠥᠭᠵᠢᠯᠲᠡ ᠶᠢᠨ ᠲᠤᠯᠭᠠᠭᠤᠷᠢᠯᠠᠯ ᠠᠴᠠ ᠰᠠᠯᠵᠤ ᠴᠢᠳᠠᠬᠤ ᠦᠭᠡᠢ ᠶᠤᠮ ᠃ ᠥᠨᠥᠳᠥᠷ ᠤᠨ ᠥᠪᠥᠷ ᠮᠣᠩᠭᠤᠯ ᠤᠨ ᠠᠵᠤ ᠦᠢᠯᠡᠰ ᠤᠨ ᠬᠥᠭᠵᠢᠯᠲᠡ ᠶᠢᠨ ᠨᠥᠬᠦᠴᠡᠯ ᠤᠭᠢ ᠰᠠᠶᠢᠨ ᠪᠠᠶᠢᠵᠤ ᠂ ᠠᠵᠤ ᠦᠢᠯᠡᠰ ᠤᠨ ᠰᠢᠯᠵᠢᠯᠲᠡ ᠶᠢ ᠭᠥᠯᠢᠶᠡᠨ ᠠᠪᠬᠤ ᠲᠠᠯ᠎ᠠ ᠪᠠᠷ ᠠᠯᠢ ᠤᠯᠠᠨ ᠠᠶᠠᠨᠳᠠᠭᠠᠨ ᠤ ᠳᠠᠪᠠᠭᠤᠯᠢᠭ ᠲᠠᠢ ᠶᠤᠮ ᠃ ᠨᠢᠭᠡ ᠨᠢ ᠡᠬᠢ ᠪᠠᠶᠠᠯᠢᠭ ᠤᠨ ᠳᠠᠪᠠᠭᠤᠯᠢᠭ ᠂ ᠥᠩᠭᠡᠷᠡᠭᠰᠡᠨ ᠳᠤ 《ᠨᠣᠣᠰᠣ ᠨᠣᠣᠯᠣᠭᠤᠷ ᠨᠡᠭᠦᠷᠡᠰᠦ ᠬᠤᠪᠣᠷ ᠰᠢᠷᠣᠢ ᠪᠠᠶᠢᠭᠠᠯᠢ ᠶᠢᠨ ᠰᠢᠲᠠᠮᠠᠬᠠᠢ ᠬᠡᠢ 》  ᠪᠠᠷ ᠬᠥᠮᠥᠰ ᠤᠨ ᠪᠠᠭ᠋ᠠᠷᠬᠠᠯ  ᠢ ᠲᠠᠲᠠᠵᠤ ᠪᠠᠶᠢᠭᠰᠠᠨ ᠪᠣᠯ ᠤᠳᠤ 《ᠤᠢ ᠰᠢᠭᠤᠢ ᠨᠤᠲᠤᠭ ᠪᠡᠯᠴᠢᠭᠡᠷ ᠰᠠᠯᠬᠢᠨ ᠬᠦᠴᠦ ᠭᠡᠷᠡᠯ ᠤᠨ ᠡᠨᠧᠷᠭᠢ 》  ᠪᠠᠷ ᠬᠥᠮᠥᠰ ᠲᠤ ᠨᠡᠩ ᠢᠯᠡᠭᠦᠦ ᠲᠠᠭᠠᠰᠢᠶᠠᠭᠳᠠᠵᠤ ᠂ ᠠᠮᠤ ᠲᠣᠰᠣ ᠮᠢᠬ᠎ᠠ ᠰᠦ ᠴᠠᠭᠢᠯᠭᠠᠨ ᠤ ᠠᠯᠢ ᠨᠢ  ᠭᠡᠳ ᠥᠪᠥᠷ ᠮᠣᠩᠭᠤᠯ ᠳᠤ ᠳᠤᠲᠠᠬᠤ ᠪᠠᠷ ᠦᠭᠡᠢ ᠪᠠᠶᠢᠵᠤ ᠂ ᠪᠦᠭᠦ ᠤᠯᠤᠰ ᠲᠤ ᠨᠢᠭᠡᠳᠦᠭᠡᠷ ᠬᠤᠶᠠᠳᠤᠭᠠᠷ  ᠲᠤ ᠵᠢᠭᠰᠠᠵᠤ ᠪᠠᠶᠢᠬᠤ ᠪᠤᠶᠤ ᠡᠮᠦᠨ᠎ᠡ ᠡᠩᠨᠡᠭᠡ ᠳᠤ ᠬᠤᠰᠢᠭᠤᠷᠠᠵᠤ ᠪᠠᠶᠢᠨ᠎ᠠ ᠃ ᠬᠤᠶᠠᠷ ᠨᠢ ᠭᠠᠵᠠᠷ ᠰᠢᠷᠣᠢ ᠶᠢᠨ ᠳᠠᠪᠠᠭᠤᠯᠢᠭ ᠂ ᠥᠪᠥᠷ ᠮᠣᠩᠭᠤᠯ ᠤᠨ ᠭᠠᠵᠠᠷ ᠨᠤᠲᠤᠭ ᠥᠷᠭᠡᠨ ᠠᠭᠤᠳᠠᠮ ᠬᠥᠮᠥᠨ ᠠᠮᠠ ᠰᠡᠶᠢᠷᠡᠭ ᠂ ᠭᠠᠵᠠᠷ ᠰᠢᠷᠣᠢ ᠶᠢᠨ ᠡᠬᠢ ᠪᠠᠶᠠᠯᠢᠭ ᠡᠯᠪᠡᠭ ᠪᠠᠶᠢᠵᠤ ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠬᠤᠷᠠᠮᠳᠤᠭᠤᠯᠤᠭᠰᠠᠨ ᠭᠠᠵᠠᠷ ᠰᠢᠷᠣᠢ ᠶᠢᠨ ᠵᠢᠭᠠᠯᠲᠠ ᠲᠤᠭ᠎ᠠ ᠡᠯ᠎ᠡ ᠲᠥᠷᠥᠯ ᠤᠨ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠵᠤ ᠲᠠᠶᠢᠯᠦᠨ᠎ᠠ ᠃ ᠭᠤᠷᠪᠠ ᠨᠢ 《ᠪᠣᠬᠢᠷᠳᠤᠯ ᠦᠭᠡᠢ ᠴᠠᠭᠢᠯᠭᠠᠨ 》  ᠤ ᠳᠠᠪᠠᠭᠤᠯᠢᠭ ᠂ ᠥᠪᠥᠷ ᠮᠣᠩᠭᠤᠯ 《ᠭᠠᠵᠠᠷ ᠳᠡᠭᠡᠷ᠎ᠡ ᠪᠠᠨ ᠰᠠᠯᠬᠢᠨ ᠬᠦᠴᠦ ᠭᠡᠷᠡᠯ ᠤᠨ ᠡᠨᠧᠷᠭᠢ ᠲᠠᠢ ᠂ ᠭᠠᠵᠠᠷ ᠳᠣᠣᠷ᠎ᠠ ᠪᠠᠨ ᠨᠡᠭᠦᠷᠡᠰᠦ ᠲᠠᠢ ᠂ ᠭᠠᠷ ᠲᠠᠭᠠᠨ ᠴᠠᠭᠢᠯᠭᠠᠨ ᠲᠣᠣᠷ ᠲᠠᠢ 》 ᠪᠠᠶᠢᠵᠤ ᠂ ᠬᠡᠮᠵᠢᠶ᠎ᠡ ᠨᠢ ᠶᠡᠭᠡ ᠂ ᠬᠠᠩᠭᠠᠯᠭ᠎ᠠ ᠭᠦᠢᠴᠡᠳ 《ᠪᠣᠬᠢᠷᠳᠤᠯ ᠦᠭᠡᠢ ᠴᠠᠭᠢᠯᠭᠠᠨ 》  ᠢᠶᠠᠷ ᠡᠯ᠎ᠡ ᠲᠥᠷᠥᠯ ᠤᠨ ᠠᠵᠤ ᠠᠬᠤᠶᠢᠯᠠᠯ ᠳᠤ ᠪᠠᠭ᠎ᠠ ᠨᠡᠭᠦᠷᠡᠰᠦᠲᠥ᠋ᠷᠥᠭᠴᠢᠲᠦ ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠦᠢᠯᠡᠳᠬᠦᠨ ᠢ ᠦᠢᠯᠡᠳᠬᠦ ᠳᠤ ᠲᠠᠰᠤᠷᠠᠯᠳᠠ ᠦᠭᠡᠢ 《ᠪᠣᠬᠢᠷᠳᠤᠯ ᠦᠭᠡᠢ ᠡᠨᠧᠷᠭᠢ 》 ᠨᠡᠮᠡᠷᠢᠯᠡᠵᠦ ᠴᠢᠳᠠᠨ᠎ᠠ ᠃ ᠳᠥᠷᠪᠡ ᠨᠢ ᠣᠷᠣᠨ ᠪᠠᠶᠢᠷᠢ  ᠶᠢᠨ ᠳᠠᠪᠠᠭᠤᠯᠢᠭ ᠂ ᠥᠪᠥᠷ ᠮᠣᠩᠭᠤᠯ ᠳᠣᠲᠣᠭᠠᠳᠤ ᠳᠠᠭᠠᠨ ᠨᠠᠢᠮᠠᠨ ᠮᠤᠵᠢ ᠣᠷᠣᠨ ᠲᠠᠢ ᠵᠠᠬ᠎ᠠ ᠨᠡᠶᠢᠯᠡᠵᠦ ᠂ ᠭᠠᠳᠠᠭᠰᠢ ᠪᠠᠨ ᠣᠷᠣᠰ ᠪᠠ ᠮᠣᠩᠭᠤᠯ ᠤᠯᠤᠰ ᠲᠠᠢ ᠬᠢᠯᠢᠯᠡᠵᠦ ᠂ ᠪᠡᠭᠡᠵᠢᠩ ᠲᠢᠶᠠᠨᠵᠢᠨ ᠾᠧᠪᠧᠢ ᠲᠠᠢ ᠮᠠᠰᠢ ᠣᠶᠢᠷ᠎ᠠ ᠪᠠᠶᠢᠵᠤ ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠴᠢᠬᠤᠯᠠ ᠵᠠᠩᠭᠢᠯᠠᠭ᠎ᠠ  ᠶᠢᠨ ᠴᠡᠭ ᠲᠤ ᠪᠠᠶᠢᠷᠢᠰᠢᠨ ᠂ ᠤᠯᠤᠰ ᠤᠨ ᠪᠠᠷᠠᠭᠤᠨ ᠣᠷᠣᠨ ᠤ ᠡᠬᠡ ᠬᠠᠭᠤᠷᠠᠢ ᠪᠠ ᠲᠡᠯᠡᠶ ᠶᠢᠨ ᠰᠢᠨ᠎ᠡ ᠵᠠᠮ ᠤᠨ ᠴᠢᠬᠤᠯᠠ ᠡᠭᠦᠳᠡ ᠡᠷᠦᠭᠡ ᠪᠣᠯᠵᠤ ᠪᠠᠶᠢᠳᠠᠭ ᠃ ᠲᠠᠪᠤ ᠨᠢ ᠲᠥᠷᠥ ᠶᠢᠨ ᠪᠣᠳᠣᠯᠭ᠎ᠠ ᠶᠢᠨ ᠳᠠᠪᠠᠭᠤᠯᠢᠭ ᠂ ᠥᠪᠥᠷ ᠮᠣᠩᠭᠤᠯ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠂ 《ᠤᠮᠠᠷᠠᠲᠤ ᠶᠢᠨ ᠭᠤᠷᠪᠠᠨ ᠣᠷᠣᠨ ᠤ ᠬᠠᠯᠬᠠᠪᠴᠢ ᠤᠢ 》 ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠵᠡᠷᠭᠡ ᠪᠠᠷ ᠬᠦᠷᠲᠡᠵᠦ ᠪᠠᠶᠢᠨ᠎ᠠ ᠃ ᠪᠢᠳᠡ ᠤᠳᠤ ᠶᠠᠭ ᠲᠤᠰ ᠪᠡᠶ᠎ᠡ ᠶᠢᠨ ᠠᠶᠠᠨᠳᠠᠭᠠᠨ ᠤ ᠣᠨᠴᠠᠯᠢᠭ ᠳᠠᠪᠠᠭᠤᠯᠢᠭ ᠪᠣᠯᠣᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠠᠭᠠᠨ ᠰᠠᠭᠤᠷᠢᠯᠠᠵᠤ ᠂ ᠪᠦᠭᠦ ᠣᠷᠣᠨ ᠤ ᠬᠦᠴᠦᠨ ᠢ ᠲᠥᠪᠯᠡᠷᠡᠭᠦᠯᠦᠨ ᠂ ᠡᠯ᠎ᠡ ᠲᠠᠯ᠎ᠠ ᠶᠢᠨ ᠬᠠᠮᠲᠤᠷᠠᠯ ᠬᠦᠴᠦᠨ ᠢ ᠨᠢᠭᠲᠠᠷᠠᠭᠤᠯᠵᠤ ᠂ 8 ᠶᠡᠭᠡ ᠠᠵᠤ ᠦᠢᠯᠡᠰ ᠤᠨ ᠪᠦᠯᠦᠭᠵᠢᠯ ᠪᠣᠯᠣᠨ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠨ ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠂ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠂ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠠᠵᠤ ᠦᠢᠯᠡᠰ ᠤᠨ ᠳᠡᠭᠡᠳᠦ ᠳᠡᠰᠵᠢᠭᠰᠡᠨ ᠣᠶᠤᠨᠴᠢᠯᠠᠭᠰᠠᠨ ᠪᠣᠬᠢᠷᠳᠤᠯ ᠦᠭᠡᠢ ᠴᠢᠭᠯᠡᠯ ᠢᠶᠠᠷ ᠬᠥᠭᠵᠢᠬᠦ ᠶᠢ ᠪᠦᠭᠦ ᠬᠦᠴᠦᠨ ᠢᠶᠠᠷ ᠠᠬᠢᠭᠤᠯᠵᠤ ᠪᠠᠶᠢᠨ᠎ᠠ ᠃ ᠪᠢᠳᠡ ᠡᠯ᠎ᠡ ᠭᠠᠵᠠᠷ ᠣᠷᠣᠨ ᠤ ᠠᠵᠤ ᠠᠬᠤᠶᠢᠯᠠᠯ ᠤᠨ ᠬᠢᠨ ᠥᠪᠥᠷ ᠮᠣᠩᠭᠤᠯ ᠲᠠᠢ 《ᠳᠠᠩᠰᠤᠭ ᠲᠠᠶᠢᠯᠠᠯᠭ᠎ᠠ 》  ᠶᠢ ᠬᠠᠮᠲᠤ ᠪᠠᠷ ᠡᠳ᠋ᠯᠡᠵᠦ ᠂ ᠡᠬᠡ ᠤᠯᠤᠰ ᠤᠨ ᠤᠮᠠᠷᠠᠲᠤ ᠶᠢᠨ ᠡᠨᠡ ᠬᠦ ᠥᠪᠡᠷᠮᠢᠴᠡ ᠲᠠᠲᠠᠬᠤ ᠬᠦᠴᠦᠨ ᠲᠠᠢ ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠬᠠᠯᠠᠭᠤᠨ ᠬᠥᠷᠥᠰᠥᠨ ᠳᠤ ᠦᠢᠯᠡᠰ ᠢᠶᠠᠨ ᠲᠦᠷᠭᠡᠨ ᠬᠥᠭᠵᠢᠭᠦᠯᠬᠦ ᠶᠢ ᠬᠠᠯᠠᠭᠤᠨ ᠢᠶᠠᠷ ᠤᠭᠲᠤᠵᠤ ᠪᠠᠶᠢᠨ᠎ᠠ ᠃ ᠪᠢᠳᠡ ᠥᠪᠥᠷ ᠮᠣᠩᠭᠤᠯ ᠳᠤ ᠦᠢᠯᠡᠰ ᠢᠶᠠᠨ ᠬᠥᠭᠵᠢᠭᠦᠯᠵᠦ ᠪᠠᠶᠢᠭ᠎ᠠ ᠠᠵᠤ ᠠᠬᠤᠶᠢᠯᠠᠯ ᠳᠤ ᠯᠠᠪᠲᠠᠢ ᠴᠢᠩ ᠦᠨᠡᠨᠴᠢ ᠪᠠᠷ ᠬᠠᠨᠳᠤᠨ ᠂ ᠨᠢᠭᠡ ᠯᠡ ᠠᠳᠠᠯᠢ ᠪᠠᠷ ᠬᠠᠨᠳᠤᠵᠤ ᠂ ᠴᠢᠳᠠᠯ ᠤᠨ ᠬᠢᠷᠢ ᠪᠠᠷ ᠢᠶᠠᠨ ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠴᠢᠨᠠᠷ ᠰᠠᠶᠢᠲᠠᠢ ᠂ ᠥᠨᠳᠥᠷ ᠪᠦᠲᠦᠮᠵᠢᠲᠡᠢ ᠂ ᠳᠥᠭᠦᠮ ᠳᠥᠲᠡ ᠦᠢᠯᠡᠴᠢᠯᠡᠭᠡ ᠬᠠᠩᠭᠠᠵᠤ ᠂ ᠠᠵᠤ ᠠᠬᠤᠶᠢᠯᠠᠯ ᠳᠤ ᠭᠡᠷ ᠲᠡᠭᠡᠨ ᠪᠠᠶᠢᠬᠤ ᠮᠡᠲᠦ ᠲᠠᠪᠠᠲᠠᠢ ᠰᠠᠶᠢᠬᠠᠨ ᠲᠥᠷᠥᠭᠳᠡᠯ ᠣᠯᠭᠤᠨ᠎ᠠ ᠭᠡᠵᠦ ᠬᠡᠯᠡᠪᠡ ᠃

ᠵᠣᠯᠭᠠᠯᠴᠠᠭᠠᠨ ᠤ ᠠᠵᠢᠯᠯᠠᠭ᠎ᠠ ᠳᠡᠭᠡᠷ᠎ᠡ ᠂ TCL ᠵᠦᠩ ᠬᠤᠸᠠᠨ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠤᠮᠫᠠᠨᠢ  ᠶᠢᠨ ᠶᠡᠷᠦᠩᠬᠡᠢ ᠳᠠᠭᠠᠭᠠᠮᠠᠯ ᠱᠧᠨ ᠬᠤᠤ ᠫᠢᠩ ᠭᠤᠣᠯ ᠵᠤᠷᠢᠯᠳᠠᠳᠤ ᠦᠭᠡ ᠬᠡᠯᠡᠵᠦ ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠵᠤ ᠠᠬᠤᠢ ᠰᠤᠳᠤᠯᠬᠤ ᠭᠠᠵᠠᠷ ᠤᠨ ᠳᠠᠷᠤᠭ᠎ᠠ ᠬᠤᠸᠠᠩ ᠴᠢᠶᠦ᠋ᠨ  《ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠪᠠᠷ ᠳᠤᠮᠳᠠᠳᠤ ᠤᠯᠤᠰ ᠤᠨ ᠮᠠᠶ᠋ᠢᠭ  ᠤᠨ ᠣᠳᠣᠬᠢᠴᠢᠯᠠᠯᠲᠠ ᠶᠢ ᠠᠬᠢᠭᠤᠯᠤᠶ᠎ᠠ 》 ᠭᠡᠬᠦ ᠰᠡᠳᠦᠪ ᠢᠶᠠᠷ ᠭᠤᠣᠯ ᠵᠤᠷᠢᠯᠳᠠᠳᠤ ᠢᠯᠡᠳᠬᠡᠯ ᠬᠢᠵᠡᠢ ᠃ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠂ ᠠᠵᠢᠯ ᠲᠥᠷᠥᠯ ᠤᠨ ᠨᠡᠶᠢᠭᠡᠮᠯᠢᠭ ᠤᠨ ᠬᠢᠨ ᠤᠯᠤᠰ ᠪᠠ ᠬᠡᠰᠡᠭ ᠮᠤᠵᠢ ᠬᠤᠲᠠ ᠶᠢᠨ ᠬᠤᠯᠪᠣᠭᠳᠠᠯ ᠪᠦᠬᠦᠢ ᠠᠵᠢᠯ ᠲᠥᠷᠥᠯ ᠤᠨ ᠨᠡᠶᠢᠭᠡᠮᠯᠢᠭ ᠲᠠᠢ ᠶᠡᠷᠦᠩᠬᠡᠢ ᠪᠡᠯᠡ ᠣᠷᠣᠭᠤᠯᠤᠯᠲᠠ ᠨᠢ 4573 ᠳ᠋ᠦᠩᠰᠢᠭᠤᠷ ᠲᠥᠭᠦᠷᠢᠭ ᠲᠤ ᠬᠦᠷᠬᠦ 160 ᠲᠥᠷᠥᠯ ᠵᠦᠢᠯ ᠳᠤ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠪᠠ ᠃ ᠡᠭᠦᠨ ᠳᠤ ᠰᠢᠨ᠎ᠡ ᠮᠠᠲ᠋ᠧᠷᠢᠶᠠᠯ ᠂ ᠰᠢᠨ᠎ᠡ ᠡᠨᠧᠷᠭᠢ ᠂ ᠳᠡᠭᠡᠳᠦ ᠲᠠᠰ ᠤᠨ ᠲᠣᠨᠣᠭᠯᠠᠯ ᠦᠢᠯᠡᠳᠬᠦ ᠂ ᠰᠢᠨ᠎ᠡ ᠭᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠲᠥᠷᠥᠯ ᠵᠦᠢᠯ 120 ᠪᠠᠶᠢᠵᠤ ᠂ ᠶᠡᠷᠦᠩᠬᠡᠢ ᠪᠡᠯᠡ ᠣᠷᠣᠭᠤᠯᠤᠯᠲᠠ ᠨᠢ 3922 ᠳ᠋ᠦᠩᠰᠢᠭᠤᠷ ᠲᠥᠭᠦᠷᠢᠭ ᠲᠤ ᠬᠦᠷᠴᠡᠢ ᠃

 

 


   :                    
   :           
备案序号:蒙ICP备05003250号 公安备案15010502000173