ᠵᠤᠬᠢᠶᠠᠭᠴᠢ:
ᠴᠠᠭ:2023-07-14
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠰᠦᠨ ᠱᠤᠤ ᠴᠧᠩ ᠲᠦᠩᠯᠢᠶᠣᠣ ᠬᠤᠳᠠ ᠳᠤ ᠭᠦᠨᠵᠡᠭᠡᠶᠢᠷᠡᠨ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠠᠵᠢᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠤᠴᠢᠷ ᠰᠢᠯᠲᠠᠭᠠᠨ ᠢ ᠲᠣᠳᠣᠷᠬᠠᠢ ᠣᠶᠢᠯᠠᠭᠠᠵᠤ ᠬᠠᠷᠠᠯᠲᠠ ᠪᠠᠨ ᠣᠨᠣᠪᠴᠢᠲᠠᠶ ᠲᠣᠭᠲᠠᠭᠠᠵᠤ ᠠᠷᠭ᠎ᠠ ᠬᠡᠮᠵᠢᠶ᠎ᠡ ᠶᠢ ᠪᠣᠳᠠᠲᠠᠢ ᠲᠥᠯᠥᠪᠵᠢᠭᠦᠯᠵᠦ ᠬᠠᠮ ᠪᠠᠶᠢᠯᠳᠤᠭᠠᠨ ᠬᠢᠬᠦ ᠡᠷᠴᠢ ᠵᠣᠷᠢᠭ ᠢ ᠪᠠᠳᠠᠷᠠᠭᠤᠯᠤᠨ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠪᠦᠭᠦ ᠬᠦᠴᠦᠨ ᠢᠶᠠᠷ ᠢᠶᠠᠨ ᠲᠡᠮᠡᠴᠡᠨ ᠣᠯᠬᠤ ᠬᠡᠷᠡᠭᠲᠡᠢ
2023 7 ᠰᠠᠷ᠎ᠠ ᠶᠢᠨ 10 – 11 ᠤ ᠡᠳᠦᠷ ᠂ ᠰᠦᠨ ᠱᠤᠤ ᠴᠧᠩ ᠲᠦᠩᠯᠢᠶᠣᠣ ᠬᠤᠳᠠ ᠶᠢᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤ ᠪᠣᠯᠣᠨ ᠬᠦᠷᠢᠶ᠎ᠡ ᠬᠤᠰᠢᠭᠤᠨ ᠳᠤ ᠭᠦᠨᠵᠡᠭᠡᠶᠢᠷᠡᠵᠦ᠂ ᠬᠤᠷᠴᠢᠨ ᠤ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠢ ᠰᠠᠶᠢᠲᠤᠷ ᠬᠢᠬᠦ ᠲᠣᠭᠤᠷᠢᠨ ᠳᠤ ᠪᠠᠶᠢᠴᠠᠭᠠᠨ ᠰᠤᠳᠤᠯᠪᠠ᠃
ᠬᠤᠷᠴᠢᠨ᠂ ᠬᠤᠯᠠᠨ ᠰᠢᠷᠭ᠎ᠠ ᠲᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠪᠠᠶᠢᠷᠢᠯᠠᠭᠤᠯᠤᠭᠰᠠᠨ 《ᠤᠮᠠᠷᠠᠲᠤ ᠶᠢᠨ ᠭᠤᠷᠪᠠᠨ ᠣᠷᠣᠨ》 ᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠨᠢᠭᠡ ᠪᠣᠯᠣᠨ᠎ᠠ᠂ ᠰᠦᠨ ᠱᠤᠤ ᠴᠧᠩ ᠡᠭᠦᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠤᠳᠠᠭ᠎ᠠ ᠰᠤᠳᠤᠯᠤᠨ ᠪᠠᠶᠢᠷᠢᠯᠠᠭᠤᠯᠪᠠ᠃ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠳᠤ᠂ ᠰᠦᠨ ᠱᠤᠤ ᠴᠧᠩ ᠡᠯᠡᠰᠦᠷᠬᠡᠭ ᠣᠷᠣᠨ ᠤ ᠳᠣᠲᠣᠷ᠎ᠠ ᠭᠦᠨᠵᠡᠭᠡᠶᠢᠷᠡᠵᠦ᠂ ᠬᠤᠷᠴᠢᠨ ᠤ ᠡᠯᠡᠰᠦᠷᠬᠡᠭ ᠭᠠᠵᠠᠷ ᠤᠨ ᠵᠠᠰᠠᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠨᠢᠭᠡᠨᠲᠡ ᠵᠠᠰᠠᠭᠰᠠᠨ ᠲᠦᠷᠦᠯ ᠵᠦᠢᠯ ᠪᠣᠯᠣᠨ ᠶᠠᠭ ᠵᠠᠰᠠᠵᠤ ᠪᠠᠶᠢᠭ᠎ᠠ ᠲᠦᠷᠦᠯ ᠵᠦᠢᠯ ᠤᠨ ᠣᠯᠣᠭᠰᠠᠨ ᠦᠷ᠎ᠡ ᠪᠦᠲᠦᠮᠵᠢ᠂ ᠵᠠᠰᠠᠭᠠᠳᠤᠢ ᠣᠷᠣᠨ ᠪᠦᠰᠡ ᠶᠢᠨ ᠵᠠᠰᠠᠯᠲᠠ ᠶᠢᠨ ᠰᠡᠳᠬᠢᠮᠵᠢ ᠪᠣᠯᠣᠨ ᠠᠷᠭ᠎ᠠ ᠬᠡᠮᠵᠢᠶ᠎ᠡ ᠶᠢ ᠨᠠᠷᠢᠨ ᠣᠶᠢᠯᠠᠭᠠᠪᠠ᠃ ᠭᠦᠷᠦᠭᠰᠡᠨ ᠭᠠᠵᠠᠷ ᠪᠣᠯᠭᠠᠨ ᠳᠤ᠂ ᠤᠢ ᠰᠢᠭᠤᠢ ᠡᠪᠡᠰᠦ ᠤᠷᠭᠤᠮᠠᠯ ᠤᠨ ᠡᠭᠦᠯᠳᠡᠷ ᠠᠴᠠ ᠤᠷᠭᠤᠮᠠᠯ ᠤᠨ ᠬᠤᠴᠢᠯᠭ᠎ᠠ ᠲᠠᠭᠢᠭᠠᠳ ᠭᠠᠵᠠᠷ ᠤᠨ ᠨᠥᠬᠦᠴᠡᠯ ᠭᠦᠷᠲᠡᠯ᠎ᠡ᠂ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠰᠡᠳᠬᠢᠮᠵᠢ ᠰᠠᠨᠠᠭᠤᠯᠭ᠎ᠠ ᠠᠴᠠ ᠪᠣᠳᠠᠲᠠᠢ ᠠᠵᠢᠯ ᠤᠨ ᠳᠤᠮᠳᠠᠬᠢ ᠠᠰᠠᠭᠤᠳᠠᠯ ᠬᠦᠴᠢᠷᠳᠡᠯ ᠭᠦᠷᠲᠡᠯ᠎ᠡ ᠲᠡᠷᠡ ᠪᠦᠷ ᠨᠠᠷᠢᠨ ᠠᠰᠠᠭᠤᠵᠤ᠂ ᠲᠤᠬᠠᠢ ᠶᠢᠨ ᠭᠠᠵᠠᠷ ᠤᠨ ᠺᠠᠳ᠋ᠷᠴᠤᠳ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠨᠢ ᠤᠳᠤ ᠦᠶ᠎ᠡ ᠳᠤ ᠭᠠᠪᠢᠶ᠎ᠠ ᠪᠠᠶᠢᠭᠤᠯᠵᠤ᠂ ᠲᠦᠮᠡᠨ ᠦᠶ᠎ᠡ ᠳᠤ ᠪᠤᠶᠠᠨ ᠦᠢᠯᠡᠳᠬᠦ ᠠᠵᠢᠯ ᠶᠤᠮ᠂ ᠪᠢᠳᠡ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠡᠷᠡᠰ ᠂ ᠵᠠᠪᠠᠯ ᠢᠯᠠᠬᠤ ᠢᠲᠡᠭᠡᠯ ᠵᠣᠷᠢᠭ ᠢᠶᠠᠨ ᠪᠠᠲᠤᠳᠬᠠᠵᠤ᠂ 《ᠤᠮᠠᠷᠠᠲᠤ ᠶᠢᠨ ᠭᠤᠷᠪᠠᠨ ᠣᠷᠣᠨ》 ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠠᠮ ᠪᠠᠶᠢᠯᠳᠤᠭᠠᠨ ᠬᠢᠬᠦ ᠡᠷᠴᠢ ᠵᠣᠷᠢᠭ ᠢ ᠪᠠᠳᠠᠷᠠᠭᠤᠯᠵᠤ᠂ ᠡᠨᠡ ᠬᠦ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠪᠦᠭᠦ ᠬᠦᠴᠦᠨ ᠢᠶᠠᠷ ᠢᠶᠠᠨ ᠲᠡᠮᠡᠴᠡᠨ ᠣᠯᠬᠤ ᠬᠡᠷᠡᠭᠲᠡᠢ ᠭᠡᠵᠡᠢ᠃
ᠰᠦᠨ ᠱᠤᠤ ᠴᠧᠩ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ ᠨᠢ ᠰᠥᠨᠥᠭᠡᠯᠲᠡ ᠶᠢᠨ ᠳᠠᠶᠢᠯᠠᠯᠳᠤᠭᠠᠨ ᠬᠢᠵᠦ ᠪᠠᠶᠢᠭ᠎ᠠ ᠶᠠᠪᠤᠳᠠᠯ ᠪᠣᠯᠣᠨ᠎ᠠ᠂ ᠪᠡᠶᠡᠯᠡᠭᠦᠯᠬᠦ ᠴᠠᠭ ᠪᠣᠯᠣᠨ ᠱᠠᠭᠠᠷᠳᠠᠯᠭ᠎ᠠ ᠲᠣᠳᠣᠷᠬᠠᠢ ᠪᠠᠶᠢᠨ᠎ᠠ᠃ ᠤᠷᠢᠳ ᠢᠶᠠᠷ ᠶᠠᠭᠤ ᠶᠢ ᠰᠥᠨᠥᠭᠡᠯᠲᠡ ᠶᠢᠨ ᠳᠠᠶᠢᠯᠠᠯᠳᠤᠭᠠᠨ ᠭᠡᠬᠦ᠂ ᠶᠠᠮᠠᠷ ᠬᠡᠮᠵᠢᠶᠡᠨ ᠳᠤ ᠭᠦᠷᠪᠡᠯ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠣᠯᠣᠭᠰᠠᠨ ᠳᠤ ᠲᠣᠭᠠᠴᠠᠭᠳᠠᠬᠤ ᠶᠢ ᠲᠣᠳᠣᠷᠬᠠᠢ ᠮᠡᠳᠡᠬᠦ ᠬᠡᠷᠡᠭᠲᠡᠢ᠂ ᠬᠠᠷᠢᠨ ᠵᠥᠪᠭᠡᠨ ᠬᠡᠳᠦᠢ ᠵᠠᠰᠠᠭᠰᠠᠨ ᠢ ᠦᠵᠡᠬᠦ ᠪᠢᠰᠢ᠃ ᠡᠨᠡ ᠨᠢ ᠳᠠᠷᠤᠢ ᠪᠢᠳᠡᠨ ᠤ ᠰᠡᠳᠬᠢᠮᠵᠢ ᠪᠠᠨ ᠬᠤᠪᠢᠷᠠᠭᠤᠯᠬᠤ ᠶᠢ ᠱᠠᠭᠠᠷᠳᠠᠨ᠎ᠠ᠂ ᠵᠥᠪᠭᠡᠨ ᠠᠯᠪᠠᠨ ᠶᠣᠰᠣᠭᠠᠷ ᠠᠵᠢᠯᠯᠠᠭᠠᠳ ᠪᠤᠯᠬᠤ ᠪᠢᠰᠢ᠂ ᠬᠠᠷᠢᠨ ᠨᠠᠷᠢᠨ ᠨᠢᠭᠲᠠ ᠲᠥᠯᠥᠪᠵᠢᠭᠦᠯᠵᠦ᠂ ᠨᠠᠷᠢᠯᠢᠭ ᠣᠨᠣᠪᠴᠢᠲᠠᠢ ᠪᠠᠷ ᠲᠥᠰᠥᠭᠡᠯᠡᠨ ᠪᠤᠳᠤᠵᠤ᠂ ᠡᠭᠦᠷᠭᠡ ᠶᠢ ᠲᠣᠩᠭᠤᠷᠠᠭᠤᠯᠤᠨ ᠠᠬᠢᠭᠤᠯᠵᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠲᠥᠪᠯᠡᠷᠡᠭᠦᠯᠦᠨ ᠬᠦᠴᠦᠯᠡᠵᠦ ᠲᠣᠭᠲᠠᠭᠰᠠᠨ ᠴᠠᠭ ᠲᠠᠭᠠᠨ ᠰᠢᠯᠭᠠᠯᠲᠠ ᠶᠢᠨ ᠬᠠᠭᠤᠳᠠᠰᠤ ᠲᠤᠰᠢᠶᠠᠬᠤ ᠶᠢ ᠪᠠᠲᠤᠯᠠᠬᠤ ᠬᠡᠷᠡᠭᠲᠡᠢ᠃ ᠤᠷᠢᠳ ᠢᠶᠠᠷ ᠦᠨᠳᠦᠰᠦᠨ ᠪᠠᠶᠢᠳᠠᠯ ᠢ ᠲᠣᠳᠣᠷᠬᠠᠢ ᠣᠶᠢᠯᠠᠭᠠᠵᠤ᠂ ᠣᠷᠣᠨ ᠪᠦᠰᠡ ᠶᠢᠨ ᠳᠣᠲᠣᠷᠠᠬᠢ ᠠᠯᠢᠪᠠ ᠵᠠᠰᠠᠵᠤ ᠪᠤᠯᠬᠤ ᠡᠯᠡᠰᠦᠷᠬᠡᠭ ᠭᠠᠵᠠᠷ ᠢ ᠪᠦᠭᠦᠨ ᠢ ᠵᠠᠰᠠᠬᠤ ᠶᠢ ᠪᠠᠲᠤᠯᠠᠵᠤ᠂ ᠳᠠᠷᠠᠭ᠎ᠠ ᠨᠢ ᠬᠠᠷᠠᠯᠲᠠ ᠪᠠᠨ ᠣᠨᠣᠪᠴᠢᠲᠠᠶ ᠲᠣᠭᠲᠠᠭᠠᠵᠤ᠂ ᠠᠳᠠᠯᠢ ᠪᠤᠰᠤ ᠲᠥᠷᠥᠯ ᠭᠡᠯᠪᠡᠷᠢ ᠶᠢᠨ ᠡᠯᠡᠰᠦᠷᠬᠡᠭ ᠭᠠᠵᠠᠷ ᠢ ᠵᠠᠰᠠᠬᠤ ᠪᠠᠷᠢᠮᠵᠢᠶ᠎ᠠ ᠶᠢ ᠲᠣᠳᠣᠷᠬᠠᠶᠢᠯᠠᠬᠤ ᠶᠢᠨ ᠬᠠᠮᠲᠤ ᠠᠷᠭ᠎ᠠ ᠬᠡᠮᠵᠢᠶ᠎ᠡ ᠪᠠᠨ ᠪᠣᠳᠠᠲᠠᠢ ᠲᠥᠯᠥᠪᠵᠢᠭᠦᠯᠵᠦ᠂ ᠦᠨᠡᠨ ᠠᠴᠠ ᠵᠥᠪ ᠢ ᠡᠷᠢᠵᠦ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠪᠠᠷᠢᠮᠲᠠᠯᠠᠬᠤ ᠬᠡᠷᠡᠭᠲᠡᠢ᠃ ᠬᠤᠯᠪᠣᠭᠳᠠᠯ ᠪᠦᠬᠦᠢ ᠲᠠᠯ᠎ᠠ ᠶᠢᠨ ᠬᠢᠨ ᠠᠰᠠᠭᠤᠳᠠᠯ ᠪᠠ ᠲᠦᠷᠦ ᠶᠢᠨ ᠪᠣᠳᠣᠯᠭ᠎ᠠ ᠶᠢ ᠨᠡᠪᠳᠡᠷᠡᠳᠡᠯ᠎ᠠ ᠰᠤᠳᠤᠯᠵᠤ᠂ ᠲᠥᠯᠦᠪᠵᠢᠭᠦᠯᠭᠡ ᠪᠠ ᠲᠥᠰᠥᠯ ᠢ ᠲᠦᠷᠭᠡᠨ ᠲᠣᠭᠲᠠᠭᠠᠵᠤ᠂ ᠱᠠᠯᠠᠪᠳᠠᠨ ᠬᠢᠬᠦ ᠬᠡᠷᠡᠭᠲᠡᠢ ᠭᠡᠪᠡ᠃
ᠰᠦᠨ ᠱᠤᠤ ᠴᠧᠩ᠂ ᠰᠥᠨᠥᠭᠡᠯᠲᠡ ᠶᠢᠨ ᠳᠠᠶᠢᠯᠠᠯᠳᠤᠭᠠᠨ ᠪᠣᠯ ᠰᠡᠷᠭᠡᠶᠢᠯᠡᠯᠲᠡ ᠶᠢᠨ ᠳᠠᠶᠢᠯᠠᠯᠳᠤᠭᠠᠨ ᠪᠢᠰᠢ᠂ ᠳᠥᠭᠦᠮᠬᠡᠨ ᠢᠶᠠᠷ ᠠᠶᠠᠨᠳᠠᠭᠠᠨ ᠰᠡᠷᠭᠦᠭᠡᠬᠦ ᠪᠠᠷ ᠭᠤᠣᠯ ᠪᠤᠯᠭᠠᠵᠤ ᠪᠤᠯᠬᠤ ᠦᠭᠡᠢ᠂ ᠬᠠᠷᠢᠨ ᠰᠠᠨᠠᠭᠠᠴᠢᠯᠠᠭ᠎ᠠ ᠲᠠᠢ ᠪᠠᠷ ᠳᠠᠭᠠᠷᠢᠯᠲᠠ ᠬᠢᠵᠦ᠂ ᠵᠣᠷᠢᠭᠤᠳᠠ ᠭᠠᠷ ᠲᠦᠷᠦᠭᠦ ᠡᠷᠴᠢᠮ ᠢᠶᠠᠨ ᠰᠢᠨᠵᠢᠯᠡᠬᠦ ᠤᠬᠠᠭᠠᠨᠴᠢ ᠪᠠᠷ ᠴᠢᠩᠭᠠᠷᠠᠭᠤᠯᠬᠤ ᠬᠡᠷᠡᠭᠲᠡᠢ᠃ ᠥᠩᠭᠡᠷᠡᠭᠰᠡᠨ ᠵᠢᠯ ᠤᠳ ᠲᠤ ᠪᠢᠳᠡᠨ ᠤ ᠡᠯᠡᠰᠦᠷᠬᠡᠭᠵᠢᠯ ᠢ ᠵᠠᠰᠠᠵᠤ ᠣᠯᠣᠭᠰᠠᠨ ᠠᠮᠵᠢᠯᠲᠠ ᠪᠦᠲᠦᠮᠵᠢ ᠮᠠᠰᠢ ᠰᠠᠶᠢᠨ᠂ ᠭᠡᠪᠡᠴᠦ ᠰᠥᠨᠥᠭᠡᠯᠲᠡ ᠶᠢᠨ ᠳᠠᠶᠢᠯᠠᠯᠳᠤᠭᠠᠨ ᠤ ᠴᠠᠭ ᠪᠠᠴᠢᠮ᠂ ᠡᠭᠦᠷᠭᠡ ᠬᠦᠨᠳᠦ ᠪᠠᠶᠢᠨ᠎ᠠ᠂ ᠡᠷᠬᠡᠪᠰᠢ ᠦᠵᠡᠯ ᠰᠠᠨᠠᠭ᠎ᠠ ᠪᠠᠨ ᠴᠢᠯᠦᠭᠡᠯᠡᠨ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠤᠯᠠᠨ ᠵᠢᠯ ᠤᠨ ᠲᠤᠷᠰᠢ ᠪᠦᠷᠢᠯᠳᠦᠭᠰᠡᠨ ᠡᠷᠬᠢᠮ ᠨᠠᠨᠳᠢᠨ ᠲᠤᠷᠰᠢᠯᠭ᠎ᠠ ᠪᠠᠨ ᠰᠠᠶᠢᠲᠤᠷ ᠳ᠋ᠦᠩᠨᠡᠨ ᠬᠡᠷᠡᠭᠯᠡᠬᠦ ᠬᠡᠷᠡᠭᠲᠡᠢ ᠮᠥᠷᠲᠡᠭᠡᠨ ᠪᠠᠰᠠ ᠤᠯᠠᠮᠵᠢᠯᠠᠯᠲᠤ ᠬᠡᠪᠰᠢᠯ ᠵᠤᠷᠰᠢᠯ ᠠᠴᠠ ᠦᠰᠦᠷᠦᠨ ᠭᠠᠷᠴᠤ᠂ ᠲᠣᠭᠲᠠᠴᠠ ᠪᠠᠨ ᠰᠠᠶᠢᠵᠢᠷᠠᠭᠤᠯᠤᠨ᠂ ᠠᠷᠭ᠎ᠠ ᠭᠡᠯᠪᠡᠷᠢ ᠪᠠᠨ ᠰᠢᠯᠢᠳᠡᠭᠵᠢᠭᠦᠯᠵᠦ᠂ ᠶᠡᠷᠦ ᠪᠤᠰᠤ ᠶᠢᠨ ᠠᠷᠭ᠎ᠠ ᠪᠠᠷᠢᠯ ᠢᠶᠠᠷ ᠵᠠᠰᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠨ᠂ 《ᠬᠡᠨ ᠠᠰᠢᠭ ᠭᠦᠷᠲᠡᠭᠦ》 ᠰᠡᠳᠬᠢᠴᠡ ᠶᠣᠰᠣᠭᠠᠷ ᠳᠦᠷᠢᠮ ᠤᠨ ᠵᠢᠷᠤᠭ ᠲᠥᠯᠥᠪᠯᠡᠭᠡ ᠶᠢ ᠰᠠᠶᠢᠲᠤᠷ ᠬᠢᠵᠦ᠂ ᠵᠣᠬᠢᠶᠠᠨ ᠪᠠᠶᠢᠭᠤᠯᠵᠤ ᠳᠠᠶᠢᠴᠢᠯᠠᠬᠤ ᠪᠠᠨ ᠴᠢᠩᠭᠠᠳᠬᠠᠨ᠂ ᠥᠷᠭᠡᠨ ᠣᠯᠠᠨ ᠲᠦᠮᠡᠨ ᠪᠣᠯᠣᠨ ᠨᠡᠶᠢᠭᠡᠮ ᠤᠨ ᠬᠦᠴᠦᠨ ᠢ ᠡᠯᠡᠰᠦᠷᠬᠡᠭᠵᠢᠯ ᠢ ᠰᠡᠷᠭᠡᠶᠢᠯᠡᠨ ᠡᠯᠡᠰᠦᠷᠬᠡᠭᠵᠢᠯ ᠢ ᠵᠠᠰᠠᠬᠤ ᠳᠤ ᠭᠦᠨᠵᠡᠭᠡᠢ ᠣᠷᠣᠯᠴᠠᠭᠤᠯᠬᠤ ᠬᠡᠷᠡᠭᠲᠡᠢ ᠭᠡᠵᠦ ᠬᠡᠯᠡᠪᠡ᠃
ᠰᠦᠨ ᠱᠤᠤ ᠴᠧᠩ ᠡᠯᠡᠰᠦᠷᠬᠡᠭᠵᠢᠯ ᠢ ᠵᠠᠰᠠᠬᠤ ᠥᠪᠡᠷ ᠤᠨ ᠦᠷᠳᠡᠭ ᠪᠣᠯᠣᠨ ᠦᠷ᠎ᠡ ᠠᠰᠢᠭ ᠢ ᠮᠠᠰᠢ ᠠᠩᠬᠠᠷᠳᠠᠭ᠃ ᠲᠡᠷᠡ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠦᠷ᠎ᠡ ᠠᠰᠢᠭ ᠢ ᠡᠷᠬᠢᠮᠯᠡᠵᠦ᠂ ᠠᠮᠢ ᠠᠬᠤᠢ ᠶᠢᠨ ᠳᠠᠩᠰᠠ ᠶᠢ ᠪᠤᠳᠤᠬᠤ ᠪᠠᠷ ᠪᠠᠷᠠᠬᠤ ᠦᠭᠡᠢ ᠠᠵᠤ ᠠᠬᠤᠢ ᠶᠢᠨ ᠳᠠᠩᠰᠠ ᠶᠢ ᠪᠠᠰᠠ ᠪᠤᠳᠤᠬᠤ ᠬᠡᠷᠡᠭᠲᠡᠢ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠶᠢ ᠪᠠᠷᠢᠮᠲᠠᠯᠠᠵᠤ᠂ ᠨᠠᠶᠢᠯᠵᠠᠭᠤᠷ ᠬᠠᠷᠭᠠᠨ᠎ᠠ ᠵᠡᠷᠭᠡ ᠥᠪᠡᠷ ᠤᠨ ᠥᠷᠲᠡᠭ ᠳᠣᠣᠷ᠎ᠠ᠂ ᠠᠮᠠᠷᠬᠠᠨ ᠡᠳᠡᠭᠡᠷᠡᠳᠡᠭ᠂ ᠠᠰᠢᠭ ᠬᠦᠷᠲᠡᠵᠦ ᠳᠡᠶᠢᠯᠭᠦ ᠲᠥᠷᠥᠯ ᠵᠦᠢᠯ ᠢ ᠢᠳᠡᠪᠬᠢᠲᠡᠢ ᠳᠡᠯᠭᠡᠷᠡᠭᠦᠯᠵᠦ᠂ ᠲᠡᠵᠢᠭᠡᠯ ᠪᠣᠷᠳᠤᠭ᠎ᠠ ᠪᠤᠯᠪᠠᠰᠤᠷᠠᠭᠤᠯᠬᠤ᠂ ᠬᠠᠰᠢᠶᠠᠯᠠᠨ ᠲᠡᠵᠢᠭᠡᠬᠦ ᠵᠡᠷᠭᠡ ᠪᠠᠷ ᠳᠠᠮᠵᠢᠭᠤᠯᠤᠨ ᠠᠵᠤ ᠦᠢᠯᠡᠰ ᠤᠨ ᠬᠡᠯᠬᠢᠶ᠎ᠡ ᠶᠢ ᠪᠤᠶ ᠪᠤᠯᠭᠠᠵᠤ᠂ ᠡᠯᠡᠰᠦ ᠶᠢ ᠵᠠᠰᠠᠬᠤ ᠮᠥᠷᠲᠡᠭᠡᠨ ᠪᠠᠰᠠ ᠪᠠᠶᠠᠵᠢᠬᠤ ᠶᠢ ᠪᠡᠶᠡᠯᠡᠭᠦᠯᠬᠦ ᠬᠡᠷᠡᠭᠲᠡᠢ᠃ ᠭᠠᠵᠠᠷ ᠰᠢᠷᠣᠢ ᠪᠠᠷ ᠬᠤᠪᠢ ᠣᠷᠣᠵᠤ ᠠᠰᠢᠭ ᠬᠤᠪᠢᠶᠠᠷᠢᠯᠠᠬᠤ ᠵᠡᠷᠭᠡ ᠠᠷᠭ᠎ᠠ ᠮᠠᠶ᠋ᠢᠭ ᠢ ᠰᠦᠪᠡᠭᠴᠢᠯᠡᠵᠦ᠂ ᠭᠡᠷᠡᠯᠴᠢ ᠴᠡᠨᠡᠭ ᠢᠶᠠᠷ ᠡᠯᠡᠰᠦᠷᠬᠡᠭᠵᠢᠯ ᠢ ᠵᠠᠰᠠᠬᠤ ᠵᠠᠭᠪᠤᠷ ᠢ ᠳᠡᠯᠭᠡᠷᠡᠭᠦᠯᠬᠦ ᠬᠡᠷᠡᠭᠲᠡᠢ᠃ ᠤᠰᠤ ᠬᠡᠷᠡᠭᠯᠡᠬᠦ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠤᠰᠤᠨ ᠤ ᠡᠬᠢ ᠪᠠᠶᠠᠯᠢᠭ ᠢ ᠵᠦᠢ ᠵᠣᠬᠢᠰ ᠦᠭᠡᠢ ᠬᠡᠷᠡᠭᠯᠡᠭᠰᠡᠨ ᠠᠴᠠ ᠪᠣᠯᠵᠤ ᠡᠷᠭᠢᠨ ᠲᠣᠭᠤᠷᠢᠨ ᠤ ᠪᠤᠰᠤᠳ ᠤᠷᠭᠤᠮᠠᠯ ᠤᠨ ᠬᠤᠴᠢᠯᠭ᠎ᠠ ᠮᠠᠭᠤᠳᠠᠬᠤ ᠠᠰᠠᠭᠤᠳᠠᠯ ᠭᠠᠷᠬᠤ ᠶᠢ ᠰᠡᠷᠭᠡᠶᠢᠯᠡᠬᠦ ᠬᠡᠷᠡᠭᠲᠡᠢ ᠭᠡᠵᠦ ᠬᠡᠯᠡᠪᠡ᠃
ᠢᠦᠢ ᠯᠢ ᠰᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃