ᠵᠤᠬᠢᠶᠠᠭᠴᠢ:
ᠴᠠᠭ:2023-08-04
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ ᠫᠠᠺᠢᠰᠲ᠋ᠠᠨ ᠤ ᠺᠠᠶᠢᠫᠦ᠋ ᠮᠤᠵᠢ ᠳᠤ ᠪᠡᠶ᠎ᠡ ᠪᠠᠨ ᠬᠤᠣᠷᠯᠠᠬᠤ ᠮᠠᠶ᠋ᠢᠭ ᠤᠨ ᠳᠡᠯᠪᠡᠴᠢᠬᠦ ᠪᠥᠮᠪᠦᠭᠡ ᠶᠢᠨ ᠳᠠᠭᠠᠷᠢᠯᠲᠠ ᠶᠢᠨ ᠬᠡᠷᠡᠭ ᠭᠠᠷᠤᠭᠰᠠᠨ ᠲᠤᠬᠠᠢ ᠫᠠᠺᠢᠰᠲ᠋ᠠᠨ ᠤ ᠶᠡᠷᠦᠩᠬᠡᠶᠢᠯᠡᠭᠴᠢ ᠠᠷᠸᠧᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠵᠠᠢ
ᠯᠢ ᠴᠢᠶᠠᠩ ᠫᠠᠺᠢᠰᠲ᠋ᠠᠨ ᠤ ᠶᠡᠷᠦᠩᠬᠡᠢ ᠰᠠᠶᠢᠳ ᠱᠠᠭᠪᠠᠽᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠵᠠᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 8 ᠰᠠᠷ᠎ᠠ ᠶᠢᠨ 1 ᠤ ᠴᠠᠬᠢᠯᠭᠠᠨ ᠮᠡᠳᠡᠭᠡ 8 ᠰᠠᠷ᠎ᠠ ᠶᠢᠨ 1 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠫᠠᠺᠢᠰᠲ᠋ᠠᠨ ᠳᠤ ᠪᠡᠶ᠎ᠡ ᠪᠠᠨ ᠬᠤᠣᠷᠯᠠᠬᠤ ᠮᠠᠶ᠋ᠢᠭ ᠤᠨ ᠳᠡᠯᠪᠡᠴᠢᠬᠦ ᠪᠥᠮᠪᠦᠭᠡ ᠶᠢᠨ ᠳᠠᠭᠠᠷᠢᠯᠲᠠ ᠶᠢᠨ ᠬᠡᠷᠡᠭ ᠭᠠᠷᠤᠭᠰᠠᠨ ᠲᠤᠬᠠᠢ ᠫᠠᠺᠢᠰᠲ᠋ᠠᠨ ᠤ ᠶᠡᠷᠦᠩᠬᠡᠶᠢᠯᠡᠭᠴᠢ ᠠᠷᠸᠧᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠵᠠᠢ᠃
ᠰᠢ ᠶᠢᠨ ᠫᠢᠩ᠂ ᠡᠷᠬᠢᠮ ᠤᠯᠤᠰ ᠤᠨ ᠺᠠᠶᠢᠫᠦ᠋ ᠮᠤᠵᠢ ᠳᠤ ᠪᠡᠶ᠎ᠡ ᠪᠠᠨ ᠬᠤᠣᠷᠯᠠᠬᠤ ᠮᠠᠶ᠋ᠢᠭ ᠤᠨ ᠳᠡᠯᠪᠡᠷᠡᠯᠲᠡ ᠶᠢᠨ ᠳᠠᠭᠠᠷᠢᠯᠲᠠ ᠶᠢᠨ ᠬᠡᠷᠡᠭ ᠭᠠᠷᠴᠤ᠂ ᠬᠥᠮᠥᠨ ᠬᠠᠷ᠎ᠠ ᠬᠦᠨᠳᠦ ᠨᠣᠴᠢᠲᠠᠢ ᠠᠳᠡᠵᠦ ᠰᠢᠷᠬᠠᠲᠤᠭᠰᠠᠨ ᠢ ᠰᠣᠴᠢᠰᠬᠢᠨ ᠰᠣᠨᠣᠰᠤᠯ᠎ᠠ᠃ ᠪᠢ ᠳᠤᠮᠳᠠᠳᠤ ᠤᠯᠤᠰ ᠤᠨ ᠵᠠᠰᠠᠭ ᠤᠨ ᠣᠷᠳᠣᠨ ᠪᠣᠯᠣᠨ ᠳᠤᠮᠳᠠᠳᠤ ᠤᠯᠤᠰ ᠤᠨ ᠠᠷᠠᠳ ᠲᠦᠮᠡᠨ ᠤ ᠡᠮᠦᠨ᠎ᠡ ᠠᠴᠠ ᠠᠳᠡᠭᠰᠡᠳ ᠢ ᠭᠦᠨ ᠡᠮᠭᠡᠨᠢᠨ ᠭᠠᠰᠢᠭᠤᠳᠠᠵᠤ ᠪᠠᠶᠢᠬᠤ ᠪᠠᠨ ᠢᠯᠡᠳᠬᠡᠵᠦ᠂ ᠠᠳᠡᠭᠰᠡᠳ ᠤᠨ ᠭᠡᠷ ᠪᠦᠯᠢ ᠪᠣᠯᠣᠨ ᠰᠢᠷᠬᠠᠲᠤᠭᠰᠠᠳ ᠢ ᠴᠢᠩ ᠰᠡᠳᠬᠢᠯ ᠠᠴᠠ ᠪᠠᠨ ᠲᠣᠬᠤᠨᠢᠭᠤᠯᠵᠤ ᠪᠠᠶᠢᠨ᠎ᠠ ᠭᠡᠵᠦ ᠢᠯᠡᠳᠬᠡᠪᠡ᠃
ᠰᠢ ᠶᠢᠨ ᠫᠢᠩ᠂ ᠳᠤᠮᠳᠠᠳᠤ ᠤᠯᠤᠰ ᠠᠯᠢᠪᠠ ᠬᠡᠯᠪᠡᠷᠢ ᠶᠢᠨ ᠰᠦᠷᠳᠡᠭᠦᠯᠬᠦ ᠦᠵᠡᠯ ᠢ ᠡᠰᠡᠷᠭᠦᠴᠡᠵᠦ᠂ ᠡᠨᠡ ᠤᠳᠠᠭ᠎ᠠ ᠶᠢᠨ ᠳᠠᠭᠠᠷᠢᠯᠲᠠ ᠶᠢᠨ ᠬᠡᠷᠡᠭ ᠢ ᠴᠢᠩᠭ᠎ᠠ ᠵᠢᠮᠡᠯᠡᠨ ᠪᠤᠷᠤᠭᠤᠰᠢᠶᠠᠵᠤ᠂ ᠫᠠᠺᠢᠰᠲ᠋ᠠᠨ ᠤ ᠤᠯᠤᠰ ᠤᠨ ᠰᠦᠷᠳᠡᠭᠦᠯᠦᠯ ᠢ ᠡᠰᠡᠷᠭᠦᠴᠡᠬᠦ ᠠᠵᠢᠯᠯᠠᠭᠠᠨ ᠤ ᠲᠥᠯᠥᠪᠯᠡᠭᠡ ᠶᠢ ᠦᠷᠭᠦᠯᠵᠢᠯᠡᠨ ᠡᠷᠡᠰ ᠳᠡᠮᠵᠢᠵᠦ᠂ ᠲᠣᠰ ᠭᠠᠵᠠᠷ ᠣᠷᠣᠨ ᠵᠢᠴᠢ ᠳᠡᠯᠡᠬᠡᠢ ᠶᠢᠨ ᠡᠩᠬᠡ ᠲᠠᠶᠢᠪᠤᠩ ᠠᠮᠤᠷ ᠲᠦᠪᠰᠢᠨ ᠢ ᠬᠠᠮᠲᠤ ᠪᠠᠷ ᠬᠠᠮᠠᠭᠠᠯᠠᠨ᠎ᠠ ᠭᠡᠵᠦ ᠴᠢᠬᠤᠯᠠᠴᠢᠯᠠᠪᠠ᠃
ᠲᠣᠰ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠫᠠᠺᠢᠰᠲ᠋ᠠᠨ ᠤ ᠶᠡᠷᠦᠩᠬᠡᠢ ᠰᠠᠶᠢᠳ ᠱᠠᠭᠪᠠᠽᠢ ᠳᠤ ᠲᠣᠬᠤᠨᠢᠭᠤᠯᠬᠤ ᠴᠠᠬᠢᠯᠭᠠᠨ ᠴᠢᠮᠡᠭᠡ ᠶᠠᠪᠤᠭᠤᠯᠪᠠ᠃