ᠰᠢ ᠶᠢᠨ ᠫᠢᠩ ᠰᠧᠴᠤᠸᠠᠨ ᠳᠤ ᠰᠢᠨᠵᠢᠯᠡᠨ ᠪᠠᠶᠢᠴᠠᠭᠠᠬᠤ ᠳᠠᠭᠠᠨ ᠰᠢᠨ᠎ᠡ ᠴᠠᠭ ᠦᠶ᠎ᠡ ᠶᠢᠨ ᠰᠧᠴᠤᠸᠠᠨ ᠢ ᠵᠠᠰᠠᠵᠤ ᠰᠧᠴᠤᠸᠠᠨ ᠢ ᠮᠠᠨᠳᠤᠭᠤᠯᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠧᠴᠤᠸᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠵᠠᠢ
ᠪᠡᠭᠡᠵᠢᠩ ᠳᠤ ᠪᠤᠴᠠᠬᠤ ᠵᠠᠮ ᠳᠠᠭᠠᠨ ᠱᠠᠨᠰᠢ ᠶᠢᠨ ᠬᠠᠨᠵᠦ᠋ᠩ ᠳᠤ ᠰᠢᠨᠵᠢᠯᠡᠨ ᠪᠠᠶᠢᠴᠠᠭᠠᠵᠠᠢ
ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ
ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ
ᠰᠢ ᠶᠢᠨ ᠫᠢᠩ ᠣᠶᠢᠷ᠎ᠠ ᠳᠤ ᠰᠧᠴᠤᠸᠠᠨ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠤᠷᠤᠯᠴᠠᠨ ᠂ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠨᠠᠮ ᠤᠨ ᠭᠤᠣᠯ ᠡᠭᠦᠷᠭᠡ ᠶᠢ ᠪᠠᠲᠤ ᠡᠵᠡᠮᠳᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨᠵᠢᠯᠡᠬᠦ ᠤᠬᠠᠭᠠᠨᠴᠢ ᠠᠭᠤᠯᠤᠭᠳᠠᠬᠤᠨ ᠪᠠ ᠮᠥᠨ ᠴᠢᠨᠠᠷ ᠤᠨ ᠱᠠᠭᠠᠷᠳᠠᠯᠭ᠎ᠠ ᠶᠢ ᠪᠠᠲᠤ ᠡᠵᠡᠮᠳᠡᠵᠦ᠂ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠬᠠᠮᠲᠤ ᠪᠠᠷ ᠪᠠᠶᠠᠵᠢᠬᠤ ᠶᠢ ᠠᠬᠢᠭᠤᠯᠬᠤ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠡᠯ᠎ᠡ ᠲᠠᠯ᠎ᠠ ᠪᠦᠭᠦ ᠶᠠᠪᠤᠴᠠ ᠳᠤ ᠂ ᠬᠥᠭᠵᠢᠯᠲᠡ ᠶᠢᠨ ᠠᠷᠭ᠎ᠠ ᠭᠡᠯᠪᠡᠷᠢ᠂ ᠬᠥᠭᠵᠢᠯᠲᠡ ᠶᠢᠨ ᠬᠥᠳᠡᠯᠭᠡᠬᠦ ᠬᠦᠴᠦᠨ᠂ ᠬᠥᠭᠵᠢᠯᠲᠡ ᠶᠢᠨ ᠬᠦᠷᠢᠶ᠎ᠡ᠂ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ ᠶᠢ ᠭᠦᠨᠵᠡᠭᠡᠢ ᠠᠬᠢᠭᠤᠯᠵᠤ᠂ ᠮᠠᠨ ᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ᠰᠧᠴᠤᠸᠠᠨ ᠤ ᠬᠢᠨ ᠪᠦᠭᠦ ᠤᠯᠤᠰ ᠤᠨ ᠶᠡᠭᠡ ᠲᠠᠯ᠎ᠠ ᠠᠴᠠ ᠲᠤᠰ ᠪᠡᠶ᠎ᠡ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠪᠣᠯᠣᠨ ᠪᠠᠶᠢᠯᠳᠤᠬᠤ ᠪᠣᠳᠣᠯᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠤᠯᠠᠮ ᠡᠵᠡᠮᠳᠡᠵᠦ᠂ ᠲᠤᠰ ᠭᠠᠵᠠᠷ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠬᠥᠭᠵᠢᠯᠲᠡ ᠶᠢᠨ ᠰᠡᠳᠬᠢᠴᠡ ᠪᠣᠯᠣᠨ ᠭᠤᠣᠯ ᠰᠢᠪᠲᠤᠯᠬᠤ ᠴᠢᠭᠯᠡᠯ ᠢᠶᠠᠨ ᠲᠣᠳᠣᠷᠬᠠᠶᠢᠯᠠᠵᠤ᠂ ᠳᠠᠪᠠᠭᠤᠯᠢᠭ ᠢᠶᠠᠨ ᠳᠠᠪᠲᠠᠨ ᠪᠤᠯᠪᠠᠰᠤᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠭᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢ ᠴᠢᠩᠭᠠᠳᠬᠠᠬᠤ ᠵᠡᠷᠭᠡ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠶᠢᠨ ᠰᠧᠴᠤᠸᠠᠨ ᠢ ᠵᠠᠰᠠᠵᠤ ᠰᠧᠴᠤᠸᠠᠨ ᠢ ᠮᠠᠨᠳᠤᠭᠤᠯᠤᠨ ᠳᠠᠬᠢᠨᠲᠠ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠧᠴᠤᠸᠠᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃
7 ᠰᠠᠷ᠎ᠠ ᠶᠢᠨ 25 ᠠᠴᠠ 27 ᠤ ᠡᠳᠦᠷ ᠪᠤᠯᠲᠠᠯ᠎ᠠ᠂ ᠰᠢ ᠶᠢᠨ ᠫᠢᠩ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠸᠠᠩ ᠰᠢᠶᠣᠣ ᠪᠣᠯᠣᠨ ᠮᠤᠵᠢ ᠶᠢᠨ ᠳᠠᠷᠤᠭ᠎ᠠ ᠬᠤᠸᠠᠩ ᠴᠢᠶᠠᠩ ᠤᠨ ᠪᠠᠷ᠎ᠠ ᠪᠤᠯᠣᠯᠭ᠎ᠠ ᠲᠠᠢ ᠪᠠᠷ ᠤᠷᠢᠳ ᠬᠤᠵᠢᠳ ᠭᠤᠸᠠᠩᠶᠤᠸᠠᠨ᠂ ᠳ᠋ᠸᠶᠠᠩ ᠵᠡᠷᠭᠡ ᠭᠠᠵᠠᠷ ᠬᠦᠷᠴᠦ ᠪᠠᠶᠢᠴᠠᠭᠠᠨ ᠰᠤᠳᠤᠯᠤᠯᠲᠠ ᠬᠢᠪᠡ᠃
25 ᠤ ᠦᠳᠡ ᠶᠢᠨ ᠬᠤᠶᠢᠨ᠎ᠠ᠂ ᠰᠢ ᠶᠢᠨ ᠫᠢᠩ ᠡᠩ ᠲᠡᠷᠢᠭᠦᠨ ᠳᠤ ᠭᠤᠸᠠᠩᠶᠤᠸᠠᠨ ᠬᠤᠳᠠ ᠶᠢᠨ ᠵᠢᠶᠠᠨ ᠭᠧ ᠰᠢᠶᠠᠨ ᠳᠤ ᠬᠦᠷᠴᠦ ᠼᠦᠢ ᠶᠦᠨ ᠯᠠᠩ ᠳᠤ ᠰᠢᠨᠵᠢᠯᠡᠨ ᠪᠠᠶᠢᠴᠠᠭᠠᠪᠠ᠃ ᠠᠳᠡᠬᠢ ᠪᠣᠯ ᠡᠷᠲᠡᠨ ᠤ ᠪᠣᠭᠤᠮᠲᠠ ᠶᠢᠨ ᠳᠤᠮᠳᠠᠬᠢ ᠲᠠᠯ᠎ᠠ ᠭᠠᠵᠠᠷ ᠠᠴᠠ ᠰᠧᠴᠤᠸᠠᠨ ᠬᠤᠲᠣᠭᠤᠷ ᠲᠤ ᠨᠡᠪᠲᠡᠷᠡᠬᠦ ᠡᠷᠲᠡᠨ ᠤ ᠱᠤ᠋ ᠤᠯᠤᠰ ᠤᠨ ᠵᠠᠮ ᠤᠨ ᠴᠢᠬᠤᠯᠠ ᠬᠡᠰᠡᠭ ᠪᠠᠶᠢᠵᠤ᠂ ᠤᠳᠤ ᠪᠤᠯᠲᠠᠯ᠎ᠠ ᠬᠠᠳᠠᠭᠠᠯᠠᠭᠳᠠᠵᠤ ᠪᠠᠶᠢᠭ᠎ᠠ ᠬᠠᠮᠤᠭ ᠤᠨ ᠪᠦᠷᠢᠨ ᠪᠦᠲᠦᠨ ᠬᠥᠮᠥᠨ ᠤ ᠬᠦᠴᠦ ᠪᠠᠷ ᠵᠠᠶᠢᠯᠠᠭᠰᠠᠨ ᠡᠷᠲᠡᠨ ᠤ ᠤᠯᠠᠭ᠎ᠠ ᠥᠷᠲᠡᠭᠡᠨ ᠤ ᠵᠠᠮ ᠤᠨ ᠡᠷᠲᠡᠨ ᠤ ᠮᠠᠶᠢᠯᠠᠰᠤᠨ ᠮᠣᠳᠣᠨ ᠤ ᠰᠦᠷᠦᠭ ᠪᠤᠢ᠃ ᠰᠢ ᠶᠢᠨ ᠫᠢᠩ ᠡᠷᠲᠡᠨ ᠤ ᠱᠤ᠋ ᠤᠯᠤᠰ ᠤᠨ ᠵᠠᠮ ᠤᠨ ᠬᠥᠭᠵᠢᠯᠲᠡ ᠶᠢᠨ ᠥᠩᠭᠡᠷᠡᠯᠲᠡ᠂ ᠼᠦᠢ ᠶᠦᠨ ᠯᠠᠩ ᠤᠨ ᠪᠦᠬᠦᠶᠢᠯᠡ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠡᠷᠲᠡᠨ ᠤ ᠵᠠᠮ ᠢᠶᠠᠷ ᠠᠯᠬᠤᠵᠤ ᠮᠢᠩᠭᠠᠨ ᠣᠨ ᠤ ᠡᠷᠲᠡᠨ ᠤ ᠮᠠᠶᠢᠯᠠᠰᠤ ᠶᠢᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠵᠦ᠂ ᠲᠡᠦᠬᠡᠨ ᠳᠡᠭᠡᠷᠡᠬᠢ ᠮᠠᠶᠢᠯᠠᠰᠤ ᠲᠠᠷᠢᠵᠤ ᠮᠠᠶᠢᠯᠠᠰᠤ ᠶᠢ ᠬᠠᠮᠠᠭᠠᠯᠠᠭᠰᠠᠨ ᠪᠠᠶᠢᠳᠠᠯ ᠢ ᠨᠠᠷᠢᠨ ᠠᠰᠠᠭᠤᠪᠠ᠃ ᠲᠡᠷᠡ᠂ ᠡᠨᠡᠬᠦ ᠳᠡᠯᠡᠬᠡᠢ ᠳᠡᠭᠡᠷᠡᠬᠢ ᠬᠥᠮᠥᠨ ᠤ ᠬᠦᠴᠦ ᠪᠠᠷ ᠵᠠᠶᠢᠯᠠᠭᠰᠠᠨ ᠬᠠᠮᠤᠭ ᠤᠨ ᠲᠣᠮᠣ ᠡᠷᠲᠡᠨ ᠤ ᠮᠠᠶᠢᠯᠠᠰᠤ ᠨᠢ ᠡᠶᠢᠮᠦ ᠣᠷᠳᠣ ᠬᠤᠭᠤᠴᠠᠭ᠎ᠠ ᠤᠷᠭᠤᠵᠤ ᠦᠷᠭᠦᠯᠵᠢᠯᠡᠵᠦ ᠴᠢᠳᠠᠭᠰᠠᠨ ᠨᠢ ᠮᠢᠩ ᠤᠯᠤᠰ ᠤᠨ ᠦᠶ᠎ᠡ ᠠᠴᠠ ᠡᠬᠢᠯᠡᠨ 《ᠨᠣᠶᠠᠳ ᠪᠠ ᠠᠷᠠᠳ ᠬᠠᠮᠲᠤ ᠪᠠᠷ ᠣᠭᠲᠣᠯᠬᠤ ᠶᠢ ᠴᠠᠭᠠᠵᠠᠯᠠᠬᠤ》《ᠮᠣᠳᠣ ᠶᠢ ᠲᠤᠰᠢᠶᠠᠵᠤ ᠲᠠᠮᠠᠭ᠎ᠠ ᠶᠢ ᠲᠤᠰᠢᠶᠠᠬᠤ》 ᠵᠡᠷᠭᠡ ᠳᠦᠷᠢᠮ ᠢ ᠨᠡᠶᠢᠲᠡᠯᠡᠨ ᠬᠡᠷᠡᠭᠵᠢᠭᠦᠯᠦᠭᠰᠡᠨ ᠠᠴᠠ ᠪᠣᠯᠤᠭᠰᠠᠨ ᠶᠤᠮ᠂ ᠤᠳᠤ ᠪᠤᠯᠳᠠᠯ᠎ᠠ ᠦᠷᠭᠦᠯᠵᠢᠯᠡᠵᠥ᠂ ᠵᠠᠩᠰᠢᠯ ᠪᠣᠯᠵᠤ ᠴᠢᠳᠠᠭᠰᠠᠨ ᠨᠢ ᠨᠠᠩ ᠴᠤ ᠲᠤᠬᠠᠢ ᠶᠢᠨ ᠭᠠᠵᠠᠷ ᠤᠨ ᠠᠷᠠᠳ ᠲᠦᠮᠡᠨ ᠤ ᠦᠶ᠎ᠡ ᠶᠢᠨ ᠦᠶ᠎ᠡ ᠳᠡᠭᠡᠨ ᠬᠠᠮᠲᠤ ᠪᠠᠷ ᠬᠠᠮᠠᠭᠠᠯᠠᠭᠰᠠᠨ ᠠᠴᠠ ᠪᠣᠯᠤᠭᠰᠠᠨ ᠶᠤᠮ᠃ ᠡᠨᠡ ᠨᠢ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠳᠬᠤᠬᠤ ᠳᠤ ᠡᠷᠬᠡᠪᠰᠢ ᠳᠦᠷᠢᠮ ᠤᠨ ᠪᠣᠷᠣ ᠲᠥᠯᠥᠪ ᠢ ᠰᠠᠶᠢᠲᠤᠷ ᠪᠠᠶᠢᠭᠤᠯᠵᠤ᠂ ᠳᠦᠷᠢᠮ ᠤᠨ ᠬᠡᠷᠡᠭᠵᠢᠭᠦᠯᠦᠯᠲᠡ ᠶᠢ ᠰᠠᠶᠢᠲᠤᠷ ᠠᠳᠬᠤᠬᠤ ᠶᠢᠨ ᠬᠠᠮᠲᠤ ᠥᠷᠭᠡᠨ ᠣᠯᠠᠨ ᠠᠷᠠᠳ ᠲᠦᠮᠡᠨ ᠤ ᠢᠳᠡᠪᠬᠢᠵᠢᠯ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠵᠤ᠂ ᠰᠢᠨ᠎ᠡ ᠴᠠᠭ ᠦᠶ᠎ᠡ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠳᠡᠭ ᠢ ᠪᠢᠳᠡᠨ ᠳᠤ ᠰᠡᠩᠬᠡᠷᠡᠭᠦᠯᠦᠭᠰᠡᠨ ᠪᠠᠶᠢᠨ᠎ᠠ ᠭᠡᠵᠦ ᠵᠢᠭᠠᠵᠤ ᠭᠠᠷᠭᠠᠪᠠ᠃ ᠮᠣᠷᠳᠠᠬᠤ ᠠᠴᠠ ᠪᠠᠨ ᠡᠮᠦᠨ᠎ᠡ᠂ ᠲᠡᠷᠡ ᠲᠤᠬᠠᠢ ᠶᠢᠨ ᠭᠠᠵᠠᠷ ᠤᠨ ᠬᠠᠷᠢᠭᠤᠴᠠᠯᠭᠠᠲᠠᠨ ᠨᠥᠬᠦᠳ ᠲᠤ᠂ ᠡᠷᠲᠡᠨ ᠤ ᠮᠣᠳᠣ ᠨᠡᠷᠡᠳᠦ ᠮᠣᠳᠣ ᠶᠢ ᠰᠠᠶᠢᠲᠤᠷ ᠬᠠᠮᠠᠭᠠᠯᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠠᠶᠢᠲᠤᠷ ᠤᠯᠠᠮᠵᠢᠯᠠᠨ ᠵᠠᠯᠭᠠᠮᠵᠢᠯᠠᠬᠤ ᠬᠡᠷᠡᠭᠲᠡᠢ ᠭᠡᠵᠦ ᠵᠠᠬᠢᠪᠠ᠃
ᠳ᠋ᠧᠶᠠᠩ ᠬᠤᠲᠠ ᠶᠢᠨ ᠭᠤᠸᠠᠩ ᠬᠠᠨ ᠬᠤᠲᠠ ᠶᠢᠨ ᠪᠠᠷᠠᠭᠤᠨ ᠳᠠᠬᠢ ᠶᠠ ᠽᠢ ᠾᠧ ᠭᠤᠣᠯ ᠤᠨ ᠡᠮᠦᠨ᠎ᠡ ᠬᠥᠪᠡᠭᠡᠨ ᠳᠤ ᠪᠠᠶᠢᠷᠢᠯᠠᠭ᠎ᠠ ᠰᠠᠨ ᠰᠢᠩ ᠳ᠋ᠦᠢ ᠶᠢᠨ ᠪᠠᠭᠤᠷᠢ ᠨᠢ ᠬᠡᠳᠦᠨ ᠮᠢᠩᠭᠠᠨ ᠵᠢᠯ ᠤᠨ ᠡᠮᠦᠨᠡᠬᠢ ᠡᠷᠲᠡᠨ ᠤ ᠱᠤ᠋ ᠤᠯᠤᠰ ᠤᠨ ᠪᠣᠯᠪᠠᠰᠤᠨ ᠤ ᠳᠦᠷᠰᠦ ᠪᠠᠶᠢᠳᠠᠯ ᠪᠠ ᠬᠥᠭᠵᠢᠯᠲᠡ ᠶᠢᠨ ᠲᠦᠪᠰᠢᠨ ᠢ ᠲᠥᠯᠥᠭᠡᠯᠡᠵᠦ᠂ ᠠᠳᠠᠯᠢ ᠬᠤᠭᠤᠴᠠᠭᠠᠨ ᠤ ᠬᠥᠬᠡᠮᠥ᠋ᠷᠡᠨ ᠤ ᠰᠠᠪᠠ ᠭᠠᠵᠠᠷ ᠤᠨ ᠰᠣᠶᠣᠯ ᠤᠨ ᠠᠭᠤᠯᠤᠭᠳᠠᠬᠤᠨ ᠢᠶᠠᠷ ᠬᠠᠮᠤᠭ ᠤᠨ ᠪᠠᠶᠠᠯᠢᠭ᠂ ᠲᠠᠯᠠᠪᠠᠶ ᠪᠠᠷ ᠬᠠᠮᠤᠭ ᠤᠨ ᠶᠡᠭᠡ ᠨᠡᠶᠢᠰᠯᠡᠯ ᠤᠨ ᠪᠠᠭᠤᠷᠢ ᠪᠣᠯᠣᠨ᠎ᠠ᠃ 26 ᠤ ᠦᠳᠡ ᠶᠢᠨ ᠬᠤᠶᠢᠨ᠎ᠠ᠂ ᠰᠢ ᠶᠢᠨ ᠫᠢᠩ ᠰᠠᠨ ᠰᠢᠩ ᠳ᠋ᠦᠢ ᠮᠦᠽᠧᠢ ᠶᠢᠨ ᠰᠢᠨ᠎ᠡ ᠣᠷᠳᠣᠨ ᠳᠤ ᠬᠦᠷᠴᠦ᠂ 《ᠡᠷᠡᠨ ᠵᠠᠭᠤᠨ ᠤ ᠵᠡᠭᠦᠳᠦ》《ᠰᠡᠬᠦᠶᠢᠨ ᠰᠦᠨᠳᠡᠷᠯᠡᠭᠰᠡᠨ ᠸᠠᠩᠲᠤ ᠨᠡᠶᠢᠰᠯᠡᠯ》《ᠲᠡᠭᠷᠢ ᠭᠠᠵᠠᠷ ᠬᠥᠮᠥᠨ ᠰᠠᠬᠢᠭᠤᠯᠰᠤᠨ》 ᠵᠡᠷᠭᠡ ᠳᠡᠯᠭᠡᠨ ᠦᠵᠡᠭᠦᠯᠭᠡ ᠶᠢ ᠲᠣᠭᠤᠷᠢᠨ ᠦᠵᠡᠵᠦ᠂ ᠰᠠᠨ ᠰᠢᠩ ᠳ᠋ᠦᠢ ᠶᠢᠨ ᠪᠠᠭᠤᠷᠢ ᠶᠢ ᠠᠭᠤᠳᠠᠯᠤᠭᠰᠠᠨ ᠥᠩᠭᠡᠷᠡᠯᠲᠡ ᠪᠣᠯᠣᠨ ᠡᠷᠲᠡᠨ ᠤ ᠱᠤ᠋ ᠤᠯᠤᠰ ᠤᠨ ᠪᠣᠯᠪᠠᠰᠤᠨ ᠤ ᠦᠷ᠎ᠡ ᠪᠦᠲᠦᠭᠡᠯ ᠢ ᠣᠶᠢᠯᠠᠭᠠᠪᠠ᠃ ᠰᠠᠨ ᠰᠢᠩ ᠳ᠋ᠦᠢ ᠮᠦᠽᠧᠢ ᠶᠢᠨ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠰᠡᠷᠭᠦᠭᠡᠬᠦ ᠣᠷᠳᠣᠨ ᠳᠣᠲᠣᠷ᠎ᠠ᠂ ᠰᠢ ᠶᠢᠨ ᠫᠢᠩ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠰᠡᠷᠭᠦᠭᠡᠬᠦ ᠠᠵᠢᠯ ᠤᠨ ᠲᠣᠭᠤᠷᠢᠭ ᠲᠤ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠰᠡᠷᠭᠦᠭᠡᠬᠦ ᠠᠵᠢᠯ ᠤᠨ ᠶᠠᠪᠤᠴᠠ ᠶᠢᠨ ᠨᠠᠷᠢᠨ ᠵᠦᠢᠯᠡᠰ ᠪᠣᠯᠣᠨ ᠬᠠᠮᠤᠭ ᠤᠨ ᠰᠢᠨ᠎ᠡ ᠮᠡᠷᠭᠡᠵᠢᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠲᠤᠬᠠᠢ ᠶᠢᠨ ᠲᠠᠯᠠᠪᠠᠢ ᠶᠢᠨ ᠠᠵᠢᠯᠲᠠᠳ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠰᠠᠨ ᠰᠢᠩ ᠳ᠋ᠦᠢ ᠶᠢᠨ ᠪᠠᠭᠤᠷᠢ ᠶᠢᠨ ᠬᠠᠭᠤᠴᠢ ᠰᠤᠳᠤᠯᠤᠯ ᠤᠨ ᠦᠷ᠎ᠡ ᠪᠦᠲᠦᠭᠡᠯ ᠳᠡᠯᠡᠬᠡᠢ ᠳ᠋ᠠᠬᠢᠨ ᠳᠤ ᠠᠯᠳᠠᠷᠰᠢᠵᠤ᠂ ᠲᠦᠷᠪᠡᠨ ᠮᠢᠩᠭ᠎ᠠ ᠭᠠᠷᠤᠢ ᠵᠢᠯ ᠤᠨ ᠡᠮᠦᠨᠡᠬᠢ ᠪᠣᠯᠪᠠᠰᠤᠨ ᠤ ᠦᠷ᠎ᠡ ᠪᠦᠲᠦᠭᠡᠯ ᠢ ᠢᠯᠡᠷᠡᠭᠦᠯᠵᠦ᠂ ᠳᠤᠮᠳᠠᠳᠤ ᠶᠢᠨ ᠪᠣᠯᠪᠠᠰᠤᠨ ᠤ ᠤᠯᠠᠨ ᠡᠰᠢᠵᠢᠵᠦ ᠨᠢᠭᠡ ᠴᠣᠭᠴᠠᠵᠢᠭᠰᠠᠨ᠂ ᠡᠷᠲᠡᠨ ᠤ ᠱᠤ᠋ ᠤᠯᠤᠰ ᠤᠨ ᠪᠣᠯᠪᠠᠰᠤᠨ ᠪᠣᠯᠣᠨ ᠳᠤᠮᠳᠠᠳᠤ ᠣᠷᠣᠨ ᠤ ᠪᠣᠯᠪᠠᠰᠤᠨ ᠤ ᠬᠠᠷᠢᠯᠴᠠᠨ ᠨᠥᠯᠥᠭᠡᠯᠡᠭᠰᠡᠨ ᠵᠡᠷᠭᠡ ᠲᠠᠯ᠎ᠠ ᠪᠠᠷ ᠨᠡᠩ ᠬᠦᠴᠦᠲᠡᠢ ᠬᠠᠭᠤᠴᠢ ᠰᠤᠳᠤᠯᠤᠯ ᠤᠨ ᠪᠣᠳᠠᠲᠤ ᠭᠡᠷᠡᠴᠢᠯᠡᠯ ᠬᠠᠩᠭᠠᠵᠠᠢ᠃ ᠲᠡᠦᠬᠡ ᠶᠢᠨ ᠳᠤᠷᠠᠰᠬᠠᠯᠲᠤ ᠵᠦᠢᠯ ᠢ ᠬᠠᠮᠠᠭᠠᠯᠠᠵᠤ ᠰᠡᠷᠭᠦᠭᠡᠬᠦ ᠪᠣᠯ ᠤᠷᠳᠤ ᠬᠤᠭᠤᠴᠠᠭᠠᠨ ᠤ ᠡᠭᠦᠷᠭᠡ ᠮᠥᠨ᠂ ᠤᠯᠤᠰ ᠤᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠢᠩᠭ᠎ᠠ ᠨᠢᠮᠪᠠᠢ ᠤᠷᠠᠨ ᠲᠠᠷᠬᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠡ ᠨᠢᠭᠡ ᠶᠠᠪᠤᠳᠠᠯ ᠢᠶᠠᠷ ᠬᠢᠵᠦ᠂ ᠤᠳᠠᠭᠠᠨ ᠳᠠᠭᠠᠭᠠᠮᠠᠭᠠᠢ ᠵᠢᠳᠬᠦᠯ ᠴᠢᠷᠮᠠᠶᠢᠯᠭ᠎ᠠ ᠭᠠᠷᠭᠠᠵᠤ᠂ ᠨᠡᠩ ᠶᠡᠭᠡ ᠠᠮᠵᠢᠯᠲᠠ ᠭᠠᠷᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠰᠠᠨ ᠰᠢᠩ ᠳ᠋ᠦᠢ ᠮᠦᠽᠧᠢ ᠶᠢᠨ ᠰᠢᠨ᠎ᠡ ᠣᠷᠳᠣᠨ ᠪᠠᠶᠢᠭᠤᠯᠤᠭᠳᠠᠵᠤ ᠠᠰᠢᠭᠯᠠᠯᠲᠠ ᠳᠤ ᠣᠷᠣᠭᠰᠠᠨ ᠳᠤ ᠬᠠᠯᠠᠭᠤᠨ ᠪᠠᠶᠠᠷ ᠬᠦᠷᠭᠡᠵᠦ᠂ ᠥᠷᠭᠡᠨ ᠤᠯᠠᠨ ᠬᠠᠭᠤᠴᠢ ᠰᠤᠳᠤᠯᠤᠭᠴᠢᠳ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠵᠦ ᠪᠠᠶᠢᠬᠤ ᠪᠠᠨ ᠢᠯᠡᠳᠬᠡᠪᠡ︕
27 ᠤ ᠦᠳᠡ ᠶᠢᠨ ᠡᠮᠦᠨ᠎ᠡ᠂ ᠰᠢ ᠶᠢᠨ ᠫᠢᠩ ᠰᠧᠴᠤᠸᠠᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠧᠴᠤᠸᠠᠨ ᠤ ᠡᠯ᠎ᠡ ᠵᠦᠢᠯ ᠤᠨ ᠠᠵᠢᠯ ᠤᠨ ᠠᠮᠵᠢᠯᠲᠠ ᠶᠢ ᠨᠤᠲᠠᠯᠠᠵᠤ᠂ ᠰᠧᠴᠤᠸᠠᠨ ᠤ ᠬᠢᠨ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠠᠬᠢᠭᠤᠯᠬᠤ ᠲᠠᠯ᠎ᠠ ᠪᠠᠷ ᠵᠡᠷᠭᠡ ᠪᠠᠷ ᠬᠦᠴᠦᠯᠡᠵᠦ᠂ ᠣᠳᠣᠬᠢᠴᠢᠯᠠᠭᠰᠠᠨ ᠠᠵᠤ ᠦᠢᠯᠡᠰ ᠤᠨ ᠪᠠᠶᠢᠭᠤᠯᠬᠤ ᠲᠠᠯ᠎ᠠ ᠪᠠᠷ ᠣᠨᠣᠴᠠᠲᠠᠢ ᠬᠦᠴᠦᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠪᠦᠭᠦ ᠲᠠᠯ᠎ᠠ ᠪᠠᠷ ᠬᠦᠴᠦᠯᠡᠵᠦ᠂ ᠬᠥᠬᠡᠮᠥ᠋ᠷᠡᠨ ᠬᠠᠳᠤᠨ ᠭᠤᠣᠯ ᠤᠨ ᠳᠡᠭᠡᠳᠦ ᠤᠷᠤᠰᠬᠠᠯ ᠤᠨ ᠠᠮᠢ ᠠᠬᠤᠢ ᠶᠢᠨ ᠬᠠᠯᠬᠠᠪᠴᠢ ᠶᠢ ᠪᠠᠲᠤ ᠪᠠᠬᠢ ᠴᠣᠭᠴᠠᠯᠠᠬᠤ ᠲᠠᠯ᠎ᠠ ᠪᠠᠷ ᠦᠷᠭᠦᠯᠵᠢᠯᠡᠨ ᠬᠦᠴᠦᠯᠡᠲᠦᠭᠡᠢ ᠭᠡᠵᠦ ᠬᠦᠰᠡᠪᠡ᠃
ᠰᠢ ᠶᠢᠨ ᠫᠢᠩ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠨᠡᠭᠡᠭᠡᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ ᠢ ᠪᠤᠢ ᠪᠤᠯᠭᠠᠬᠤ ᠪᠣᠯ ᠶᠡᠭᠡ ᠬᠠᠨᠳᠤᠰᠢ ᠪᠤᠯᠬᠤ ᠪᠥᠭᠡᠳ ᠪᠠᠰᠠ ᠴᠤ ᠴᠢᠨᠠᠷ ᠰᠠᠶᠢᠲᠠᠢ ᠬᠥᠭᠵᠢᠯᠲᠡ ᠶᠢᠨ ᠲᠤᠯᠭᠠᠮ ᠱᠠᠭᠠᠷᠳᠠᠯᠭ᠎ᠠ ᠮᠥᠨ᠂ ᠡᠷᠬᠡᠪᠰᠢ ᠰᠢᠨ᠎ᠡ ᠶᠢ ᠡᠭᠦᠳᠬᠦ ᠢᠯᠠᠩᠭᠤᠶ᠎ᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠬᠥᠳᠡᠯᠭᠡᠬᠦ ᠬᠦᠴᠦᠨ ᠤ ᠬᠤᠪᠢᠰᠤᠯᠲᠠ ᠪᠣᠯᠣᠨ ᠬᠥᠳᠡᠯᠭᠡᠬᠦ ᠡᠨᠧᠷᠭᠢ ᠶᠢᠨ ᠰᠣᠯᠢᠭᠳᠠᠯ ᠢ ᠪᠡᠶᠡᠯᠡᠭᠦᠯᠬᠦ ᠬᠡᠷᠡᠭᠲᠡᠢ᠃ ᠰᠧᠴᠤᠸᠠᠨ ᠶᠡᠭᠡ ᠳᠡᠭᠡᠳᠦ ᠰᠤᠷᠭᠠᠭᠤᠯᠢ ᠪᠣᠯᠣᠨ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠤᠯᠠᠨ᠂ ᠰᠢᠨ᠎ᠡ ᠶᠢ ᠡᠭᠦᠳᠬᠦ ᠴᠢᠳᠠᠪᠤᠷᠢᠲᠠᠨ ᠲᠥᠪᠯᠡᠷᠡᠭᠰᠡᠨ ᠳᠠᠪᠠᠭᠤᠯᠢᠭ ᠪᠣᠯᠣᠨ ᠠᠵᠤ ᠦᠢᠯᠡᠰ ᠤᠨ ᠨᠡᠯᠢᠶᠡᠳ ᠲᠡᠭᠦᠯᠳᠡᠷᠵᠢᠭᠰᠡᠨ᠂ ᠠᠵᠤ ᠦᠢᠯᠡᠰ ᠤᠨ ᠰᠠᠭᠤᠷᠢ ᠵᠤᠵᠠᠭᠠᠨ ᠪᠠᠶᠢᠭ᠎ᠠ ᠳᠠᠪᠠᠭᠤᠯᠢᠭ ᠢᠶᠠᠨ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠲᠠᠯ᠎ᠠ ᠪᠠᠷ ᠵᠡᠷᠭᠡ ᠪᠠᠷ ᠬᠦᠴᠦᠯᠡᠬᠦ ᠬᠡᠷᠡᠭᠲᠡᠢ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠡᠭᠦᠯᠳᠡᠷᠵᠢᠭᠦᠯᠵᠦ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠪᠠ ᠡᠬᠢ ᠪᠠᠶᠠᠯᠢᠭ ᠢ ᠢᠳᠡᠪᠬᠢᠲᠡᠢ ᠵᠣᠯᠭᠠᠯᠳᠤᠭᠤᠯᠵᠤ᠂ ᠰᠢᠨ᠎ᠡ ᠶᠢ ᠡᠭᠦᠳᠬᠦ ᠡᠬᠢ ᠪᠠᠶᠠᠯᠢᠭ ᠤᠨ ᠪᠠᠶᠢᠷᠢᠰᠢᠯ ᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠨᠢᠭᠡ ᠪᠦᠯᠦᠭ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠬᠦᠴᠢᠷ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠪᠠᠷᠠᠭᠤᠨ ᠬᠡᠰᠡᠭ ᠤᠨ ᠭᠠᠵᠠᠷ ᠣᠷᠣᠨ ᠤ ᠰᠢᠨ᠎ᠡ ᠶᠢ ᠡᠭᠦᠳᠬᠦ ᠥᠨᠳᠦᠷᠯᠢᠭ ᠢ ᠬᠦᠴᠦᠯᠡᠨ ᠴᠣᠭᠴᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠰᠧᠴᠤᠸᠠᠨ ᠪᠣᠯ ᠮᠠᠨ ᠤ ᠤᠯᠤᠰ ᠤᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠥᠷᠥᠴᠡ ᠭᠠᠵᠠᠷ ᠮᠥᠨ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠢᠯᠠᠩᠭᠤᠶ᠎ᠠ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤᠮᠳᠠ ᠥᠪᠡᠷᠮᠢᠴᠡ ᠪᠥᠭᠡᠳ ᠴᠢᠬᠤᠯᠠ ᠪᠠᠶᠢᠷᠢ ᠰᠠᠭᠤᠷᠢ ᠲᠠᠢ᠃ ᠦᠢᠯᠡᠳᠬᠦ ᠦᠢᠯᠡᠰ ᠤᠨ ᠥᠪᠡᠷᠮᠢᠴᠡ ᠳᠠᠪᠠᠭᠤᠯᠢᠭ ᠲᠤ ᠲᠦᠰᠢᠭᠯᠡᠨ᠂ ᠤᠯᠤᠰ ᠤᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠳᠤ ᠢᠳᠡᠪᠬᠢᠲᠡᠢ ᠦᠢᠯᠡᠴᠢᠯᠡᠵᠦ᠂ ᠵᠡᠭᠦᠨ ᠬᠡᠰᠡᠭ ᠤᠨ ᠲᠡᠯᠡᠶ ᠳᠠᠭᠠᠤ ᠭᠠᠵᠠᠷ ᠣᠷᠣᠨ ᠤ ᠠᠵᠤ ᠦᠢᠯᠡᠰ ᠤᠨ ᠰᠢᠨ᠎ᠡ ᠪᠠᠶᠢᠷᠢᠰᠢᠭᠤᠯᠤᠯᠲᠠ ᠯᠤᠭ᠎ᠠ ᠴᠢᠨᠠᠷ ᠰᠠᠶᠢᠲᠠᠢ ᠵᠣᠯᠭᠠᠭᠤᠯᠬᠤ ᠬᠡᠷᠡᠭᠲᠡᠢ᠃ ᠣᠨᠴᠠᠯᠢᠭᠲᠤ ᠳᠠᠪᠠᠭᠤᠯᠢᠭ ᠠᠵᠤ ᠦᠢᠯᠡᠰ ᠪᠣᠯᠣᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠬᠦ ᠪᠠᠷ ᠭᠤᠣᠯ ᠰᠢᠪᠲᠤᠯᠤᠯᠲᠠ ᠶᠢᠨ ᠴᠢᠭᠯᠡᠯ ᠪᠤᠯᠭᠠᠵᠤ᠂ ᠤᠯᠠᠮᠵᠢᠯᠠᠯᠲᠤ ᠠᠵᠤ ᠦᠢᠯᠡᠰ ᠢ ᠲᠦᠷᠭᠡᠨ ᠥᠭᠡᠷᠡᠴᠢᠯᠡᠨ ᠳᠡᠭᠡᠭᠰᠢᠯᠡᠭᠦᠯᠵᠦ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠯᠠᠭᠤᠯᠵᠤ᠂ ᠲᠣᠭᠠᠴᠢᠯᠠᠭᠰᠠᠨ ᠠᠵᠤ ᠠᠬᠤᠢ ᠪᠣᠯᠣᠨ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠰᠧᠴᠤᠸᠠᠨ ᠤ ᠣᠨᠴᠠᠯᠢᠭ ᠪᠣᠯᠣᠨ ᠳᠠᠪᠠᠭᠤᠯᠢᠭ ᠲᠠᠢ ᠣᠳᠣᠬᠢᠴᠢᠯᠠᠭᠰᠠᠨ ᠠᠵᠤ ᠦᠢᠯᠡᠰ ᠤᠨ ᠪᠠᠶᠢᠭᠤᠯᠬᠤ ᠬᠡᠷᠡᠭᠲᠡᠢ᠃ ᠰᠢᠨ᠎ᠡ ᠭᠡᠯᠪᠡᠷᠢ ᠶᠢᠨ ᠡᠨᠧᠷᠭᠢ ᠶᠢᠨ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠭᠤᠯᠵᠤ᠂ ᠤᠰᠤ ᠰᠠᠯᠬᠢ ᠭᠡᠷᠡᠯ ᠤᠰᠤᠲᠥ᠋ᠷᠥᠭᠴᠢ ᠪᠠᠶᠢᠭᠠᠯᠢ ᠶᠢᠨ ᠰᠢᠲᠠᠮᠠᠬᠠᠢ ᠬᠡᠢ ᠵᠡᠷᠭᠡ ᠤᠯᠠᠨ ᠡᠨᠧᠷᠭᠢ ᠶᠢᠨ ᠬᠠᠷᠢᠯᠴᠠᠨ ᠨᠥᠬᠦᠪᠦᠷᠢᠯᠡᠬᠦ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠮᠤ ᠪᠤᠳᠠᠭ᠎ᠠ ᠪᠣᠯᠣᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠵᠡᠷᠭᠡ ᠶᠢᠨ ᠦᠢᠯᠡᠳᠪᠦᠷᠢᠯᠡᠯ ᠬᠠᠩᠭᠠᠯᠭ᠎ᠠ ᠶᠢ ᠴᠢᠩᠭᠠᠳᠬᠠᠵᠤ᠂ ᠤᠯᠤᠰ ᠤᠨ ᠴᠢᠬᠤᠯᠠ ᠠᠩᠬᠠᠨ ᠤ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠪᠠᠶᠢᠯᠳᠤᠬᠤ ᠪᠣᠳᠣᠯᠭ᠎ᠠ ᠶᠢᠨ ᠰᠠᠭᠤᠷᠢᠨ ᠢ ᠪᠠᠶᠢᠭᠤᠯᠬᠤ ᠬᠡᠷᠡᠭᠲᠡᠢ᠃ 《ᠰᠧᠴᠤᠸᠠᠨ ᠴᠦᠩᠴᠢᠩ ᠬᠥᠯᠭᠡ ᠰᠢᠲᠠᠷ᠎ᠠ ᠮᠡᠲᠦ ᠪᠠᠶᠢᠬᠤ》 ᠶᠢ ᠪᠠᠷᠢᠮᠲᠠᠯᠠᠵᠤ᠂ ᠴᠧᠩᠳᠦ᠋ ᠴᠦᠩᠴᠢᠩ ᠤᠨ ᠣᠷᠣᠨ ᠪᠦᠰᠡ ᠶᠢᠨ ᠬᠠᠮᠵᠢᠯᠴᠠᠨ ᠬᠥᠭᠵᠢᠬᠦ ᠶᠢ ᠴᠢᠩᠭᠠᠳᠬᠠᠵᠤ᠂ ᠪᠠᠷᠠᠭᠤᠨᠰᠢ ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠶᠢᠨ ᠥᠨᠳᠦᠷᠯᠢᠭ ᠪᠠ ᠣᠯᠠᠨ ᠤᠯᠤᠰ ᠤᠨ ᠥᠷᠢᠰᠦᠯᠳᠦᠭᠡᠨ ᠳᠤ ᠣᠷᠤᠯᠴᠠᠬᠤ ᠰᠢᠨ᠎ᠡ ᠰᠠᠭᠤᠷᠢᠨ ᠢ ᠪᠠᠶᠢᠭᠤᠯᠵᠤ᠂ ᠪᠠᠷᠠᠭᠤᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠴᠢᠬᠤᠯᠠ ᠨᠡᠮᠡᠭᠳᠡᠯ ᠤᠨ ᠲᠤᠶᠢᠯ ᠪᠠ ᠰᠢᠨ᠎ᠡ ᠬᠥᠳᠡᠯᠭᠡᠬᠦ ᠬᠦᠴᠦᠨ ᠤ ᠡᠬᠢ ᠰᠤᠷᠪᠤᠯᠵᠢ ᠪᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠧᠴᠤᠸᠠᠨ ᠢ ᠵᠠᠰᠠᠬᠤ ᠰᠧᠴᠤᠸᠠᠨ ᠢ ᠮᠠᠨᠳᠤᠭᠤᠯᠬᠤ ᠲᠣᠪᠣᠶᠢᠮ᠎ᠠ ᠪᠠᠶᠢᠷᠢᠨ ᠳᠤ ᠲᠠᠯᠪᠢᠵᠤ᠂ ᠠᠮᠤ ᠪᠤᠳᠠᠭ᠎ᠠ᠂ ᠭᠠᠭ᠋ᠠᠢ᠂ ᠲᠣᠰᠣᠯᠢᠭ ᠲᠠᠷᠢᠮᠠᠯ ᠵᠡᠷᠭᠡ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠬᠦ ᠬᠡᠷᠡᠭᠲᠡᠢ᠃ ᠦᠷ᠎ᠡ ᠪᠠ ᠲᠠᠷᠢᠶᠠᠨ ᠭᠠᠵᠠᠷ ᠬᠤᠶᠠᠷ ᠴᠢᠬᠤᠯᠠ ᠵᠦᠢᠯ ᠢ ᠠᠳᠬᠤᠵᠤ᠂ ᠰᠠᠶᠢᠨ ᠡᠭᠦᠯᠳᠡᠷ ᠪᠠ ᠰᠠᠶᠢᠨ ᠲᠠᠷᠢᠶ᠎ᠠ ᠶᠢ ᠢᠵᠢ ᠪᠦᠷᠢᠳᠦᠭᠦᠯᠬᠦ ᠶᠢ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠨᠠᠩ ᠥᠨᠳᠥᠷ ᠲᠦᠪᠰᠢᠨ ᠪᠦᠬᠦᠢ 《ᠲᠡᠭᠷᠢ ᠶᠢᠨ ᠬᠡᠰᠢᠭᠲᠦ ᠠᠮᠤ ᠶᠢᠨ ᠰᠠᠩ》 ᠪᠠᠶᠢᠭᠤᠯᠬᠤ ᠬᠡᠷᠡᠭᠲᠡᠢ᠃ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠤ ᠵᠠᠰᠠᠯᠲᠠ ᠵᠡᠷᠭᠡ ᠲᠠᠯ᠎ᠠ ᠪᠠᠷ᠂ ᠤᠯᠠᠨ ᠲᠦᠮᠡᠨ ᠤ ᠲᠤᠰᠬᠠᠯ ᠴᠢᠩᠭ᠎ᠠ᠂ ᠠᠳᠬᠤᠵᠤ ᠳᠡᠶᠢᠯᠭᠦ᠂ ᠬᠡᠳᠦᠨ ᠵᠢᠯ ᠠᠳᠬᠤᠪᠠᠯ ᠦᠷ᠎ᠡ ᠪᠦᠲᠦᠮᠵᠢ ᠣᠯᠵᠤ ᠳᠡᠶᠢᠯᠭᠦ ᠬᠡᠳᠦᠨ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠬᠢ ᠪᠠᠶᠠᠯᠢᠭ ᠢ ᠲᠥᠪᠯᠡᠷᠡᠭᠦᠯᠵᠦ᠂ ᠲᠦᠷᠭᠡᠨ ᠰᠢᠪᠲᠤᠯᠤᠯᠲᠠ ᠭᠠᠷᠭᠠᠵᠤ᠂ ᠪᠡᠯᠭᠡ ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠢ ᠪᠦᠷᠢᠯᠳᠦᠭᠦᠯᠬᠦ ᠬᠡᠷᠡᠭᠲᠡᠢ᠃ ᠵᠧᠵᠢᠶᠠᠩ ᠤᠨ 《ᠮᠢᠩᠭᠠᠨ ᠲᠤᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠤᠰᠬᠤᠨ ᠢ ᠵᠠᠰᠠᠬᠤ ᠢᠨᠵᠧᠨᠧᠷᠢᠩ》 ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ᠵᠢᠵᠢᠭ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨᠲᠠᠷᠠᠰᠢ ᠦᠭᠡᠢ ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷᠢᠮᠲᠠᠯᠠᠬᠤ ᠬᠡᠷᠡᠭᠲᠡᠢ᠃ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠳᠤ ᠨᠠᠭᠠᠲᠤ ᠵᠠᠬ᠎ᠠ ᠶᠢᠨ ᠬᠤᠷᠢᠭ᠎ᠠ ᠱᠤᠭᠤᠮ ᠢ ᠰᠠᠬᠢᠬᠤ ᠬᠡᠷᠡᠭᠲᠡᠢ᠃ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠪᠣᠭᠤᠮᠲᠠ ᠶᠢ ᠴᠢᠩᠭ᠎ᠠ ᠠᠳᠬᠤᠵᠤ᠂ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠰᠢᠯᠵᠢᠭᠦᠯᠬᠦ ᠲᠣᠭᠢᠶᠠᠯ ᠢ ᠠᠰᠢᠭᠯᠠᠨ 《ᠲᠠᠷᠢᠶᠠᠯᠠᠩ ᠤᠨ ᠪᠤᠰᠤ ᠪᠤᠯᠭᠠᠵᠤ》 ᠪᠤᠯᠬᠤ ᠦᠭᠡᠢ᠃ ᠨᠡᠶᠢᠭᠡᠮ ᠤᠨ ᠪᠠᠲᠤᠯᠠᠭ᠎ᠠ ᠶᠢᠨ ᠬᠤᠳᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢᠨ ᠬᠤᠳᠠ ᠬᠥᠳᠡᠭᠡ ᠶᠢᠨ ᠲᠡᠩᠴᠡᠭᠦᠷᠢ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠰᠧᠴᠤᠸᠠᠨ ᠪᠣᠯ ᠬᠥᠬᠡᠮᠥ᠋ᠷᠡᠨ ᠤ ᠳᠡᠭᠡᠳᠦ ᠤᠷᠤᠰᠬᠠᠯ ᠤᠨ ᠴᠢᠬᠤᠯᠠ ᠤᠰᠤᠨ ᠤ ᠡᠬᠢ ᠰᠤᠷᠪᠤᠯᠵᠢ ᠶᠢᠨ ᠬᠠᠳᠠᠭᠠᠯᠠᠮᠵᠢ ᠶᠢᠨ ᠭᠠᠵᠠᠷ ᠮᠥᠨ᠂ ᠬᠠᠳᠤᠨ ᠭᠤᠣᠯ ᠤᠨ ᠳᠡᠭᠡᠳᠦ ᠤᠷᠤᠰᠬᠠᠯ ᠤᠨ ᠴᠢᠬᠤᠯᠠ ᠤᠰᠤᠨ ᠤ ᠡᠬᠢ ᠰᠤᠷᠪᠤᠯᠵᠢ ᠶᠢᠨ ᠨᠥᠬᠦᠪᠦᠷᠢ ᠣᠷᠣᠨ ᠮᠥᠨ᠂ ᠪᠠᠰᠠ ᠴᠤ ᠪᠦᠭᠦ ᠪᠥᠮᠪᠥᠷᠴᠡᠭ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠭᠤᠣᠯᠳᠠᠯᠭ᠎ᠠ ᠲᠠᠢ ᠭᠠᠵᠠᠷ ᠣᠷᠣᠨ ᠮᠥᠨ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠰᠠᠶᠢᠲᠤᠷ ᠬᠢᠬᠦ ᠬᠡᠷᠡᠭᠲᠡᠢ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠬᠠᠮᠢᠶᠠᠷᠤᠨ ᠡᠵᠡᠮᠳᠡᠬᠦ ᠪᠠ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠤᠨ ᠴᠡᠴᠡᠷᠯᠢᠭ ᠢᠶᠠᠷ ᠭᠤᠣᠯ ᠴᠣᠭᠴᠠ ᠪᠤᠯᠭᠠᠬᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠦᠷᠭᠡᠨ ᠪᠠᠶᠢᠭᠤᠯᠬᠤ ᠬᠡᠷᠡᠭᠲᠡᠢ᠃ ᠲᠠᠯ᠎ᠠ ᠨᠤᠲᠤᠭ ᠣᠶ ᠰᠢᠭᠤᠢ ᠭᠤᠣᠯ ᠮᠥᠷᠡᠨ ᠨᠠᠭᠤᠷ ᠴᠥᠭᠦᠷᠥᠮ ᠨᠤᠭᠤ ᠭᠠᠵᠠᠷ ᠢ ᠠᠮᠤᠷᠵᠢᠭᠤᠯᠤᠨ ᠲᠡᠩᠬᠡᠷᠡᠭᠦᠯᠬᠦ ᠶᠢ ᠬᠡᠷᠡᠭᠵᠢᠭᠦᠯᠬᠦ ᠬᠡᠷᠡᠭᠲᠡᠢ᠃ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ᠂ ᠭᠠᠵᠠᠷ ᠬᠡᠷᠡᠭᠯᠡᠬᠦ ᠪᠦᠲᠦᠴᠡ ᠶᠢ ᠲᠦᠷᠭᠡᠨ ᠲᠣᠬᠢᠷᠠᠭᠤᠯᠤᠨ ᠰᠢᠯᠢᠳᠡᠭᠵᠢᠭᠦᠯᠵᠦ᠂ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠶᠢ ᠠᠬᠢᠭᠤᠯᠵᠤ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠦᠢᠯᠡᠳᠪᠦᠷᠢᠯᠡᠯ ᠠᠮᠢᠳᠤᠷᠠᠯ ᠤᠨ ᠠᠷᠭ᠎ᠠ ᠭᠡᠯᠪᠡᠷᠢ ᠶᠢ ᠢᠳᠡᠪᠬᠢᠲᠡᠢ ᠰᠠᠨᠠᠭᠠᠴᠢᠯᠠᠬᠤ ᠬᠡᠷᠡᠭᠲᠡᠢ᠃ ᠨᠡᠩ ᠥᠨᠳᠥᠷ ᠪᠠᠷᠢᠮᠵᠢᠶ᠎ᠠ ᠪᠠᠷ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ᠂ ᠰᠧᠴᠤᠸᠠᠨ ᠪᠣᠯ ᠪᠠᠶᠢᠭᠠᠯᠢ ᠶᠢᠨ ᠭᠠᠮᠰᠢᠭ ᠤᠯᠠᠨ ᠡᠭᠦᠰᠳᠡᠭ ᠭᠠᠵᠠᠷ ᠮᠥᠨ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶ᠋ᠢ ᠪᠦᠷᠢᠨᠰᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠪᠠᠶᠢᠭᠤᠯᠤᠯᠲᠠ ᠶᠢ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠵᠦ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠪᠠᠨ ᠰᠢᠰᠲ᠋ᠧᠮ ᠲᠠᠢ ᠳᠡᠭᠡᠭᠰᠢᠯᠡᠭᠦᠯᠭᠦ ᠬᠡᠷᠡᠭᠲᠡᠢ᠃ 7᠂ 8 ᠰᠠᠷ᠎ᠠ ᠳᠤ ᠬᠥᠬᠡᠮᠥ᠋ᠷᠡᠨ ᠤ ᠰᠠᠪᠠ ᠭᠠᠵᠠᠷ ᠦᠶᠡᠷ ᠤᠨ ᠭᠤᠣᠯ ᠬᠤᠭᠤᠴᠠᠭᠠᠨ ᠳᠤ ᠣᠷᠣᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠠᠷᠭᠠᠴᠠᠬᠤ ᠪᠡᠯᠡᠳᠬᠡᠯ ᠠᠵᠢᠯ ᠢ ᠰᠠᠶᠢᠲᠤᠷ ᠬᠢᠬᠦ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠭᠠᠮᠰᠢᠭ ᠠᠴᠠ ᠠᠪᠤᠷᠠᠵᠤ᠂ ᠡᠭᠦᠰᠦᠮᠡᠯ ᠭᠠᠮᠰᠢᠭ ᠭᠠᠷᠬᠤ ᠠᠴᠠ ᠰᠡᠷᠭᠡᠶᠢᠯᠡᠵᠦ᠂ ᠬᠥᠮᠥᠨ ᠬᠠᠷ᠎ᠠ ᠡᠨᠳᠡᠵᠦ᠍ ᠰᠢᠷᠬᠠᠲᠤᠬᠤ ᠪᠠ ᠡᠳ᠋ ᠬᠥᠷᠥᠩᠭᠡ ᠬᠤᠬᠢᠷᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠠᠯᠢ ᠲᠦᠷᠭᠡᠨ ᠢᠶᠠᠷ ᠰᠡᠷᠭᠦᠭᠡᠬᠦ ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠣᠳᠠᠲᠠᠢ ᠨᠠᠷᠢᠯᠢᠭ ᠨᠠᠶᠢᠳᠠᠪᠤᠷᠢᠵᠢᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠬᠦᠨᠳᠦ ᠣᠨᠴᠠ ᠶᠡᠭᠡ ᠠᠶᠤᠯ ᠦᠭᠡᠢ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠵᠥᠪᠭᠡᠨ ᠰᠠᠷ᠎ᠠ ᠭᠠᠷᠤᠢ ᠶᠢᠨ ᠬᠤᠭᠤᠴᠠᠭ᠎ᠠ ᠦᠯᠡᠳᠡᠵᠦ ᠪᠠᠶᠢᠨ᠎ᠠ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠤᠭᠤᠳ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠠᠶᠢᠨ ᠢᠶᠠᠷ ᠡᠬᠢᠯᠡᠭᠦᠯᠦᠨ ᠰᠠᠢᠬᠠᠨ ᠲᠡᠭᠦᠰᠬᠡᠵᠦ᠂ ᠢᠮᠠᠭᠲᠠ ᠬᠢᠨᠠᠮᠠᠭᠠᠢ ᠪᠠᠶᠢᠵᠤ᠂ ᠡᠷᠬᠡᠪᠰᠢ ᠪᠣᠳᠠᠲᠠᠢ ᠦᠷ᠎ᠡ ᠪᠦᠲᠦᠮᠵᠢ ᠣᠯᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠪᠣᠳᠠᠲᠤ ᠦᠷ᠎ᠡ ᠪᠦᠲᠦᠮᠵᠢ ᠳᠤ ᠰᠢᠨᠵᠢᠯᠡᠬᠦ ᠤᠬᠠᠭᠠᠨᠴᠢ᠂ ᠪᠤᠰᠤᠳᠴᠢ ᠦᠨᠡᠯᠡᠯᠲᠡ ᠬᠢᠬᠦ ᠬᠡᠷᠡᠭᠲᠡᠢ᠃ ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠰᠢᠯᠭᠠᠬᠤ ᠳᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠰᠡᠳᠬᠢᠯ ᠳᠡᠭᠡᠨ ᠬᠠᠳᠠᠩᠰᠢᠭᠤᠯᠤᠨ ᠦᠢᠯᠡᠳᠦᠯᠭᠡᠵᠢᠭᠦᠯᠦᠭᠰᠡᠨ ᠡᠰᠡᠬᠦ᠂ ᠨᠠᠮ ᠤᠨ ᠭᠡᠰᠢᠭᠦᠨ ᠺᠠᠳ᠋ᠷ ᠤᠨ ᠰᠠᠶᠢᠨ ᠰᠡᠳᠬᠢᠵᠦ ᠴᠢᠳᠠᠮᠠᠭᠠᠢ ᠬᠡᠷᠡᠭᠯᠡᠭᠰᠡᠨ ᠡᠰᠡᠬᠦ ᠶᠢ ᠦᠵᠡᠬᠦ ᠭᠡᠷᠡᠭᠲᠡᠢ︔ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠳᠠᠭᠠᠨ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠣᠳᠣᠷᠬᠠᠢ ᠣᠶᠢᠯᠠᠭᠠᠭᠰᠠᠨ ᠡᠰᠡᠬᠦ᠂ ᠪᠣᠳᠠᠲᠠᠢ ᠠᠰᠠᠭᠤᠳᠠᠯ ᠢ ᠰᠢᠢᠳᠪᠦᠷᠢᠯᠡᠭᠰᠡᠨ ᠡᠰᠡᠬᠦ ᠶᠢ ᠦᠵᠡᠬᠦ ᠬᠡᠷᠡᠭᠲᠡᠢ︔ ᠬᠥᠭᠵᠢᠯᠲᠡ ᠶᠢ ᠠᠬᠢᠭᠤᠯᠤᠭᠰᠠᠨ ᠦᠷ᠎ᠡ ᠪᠦᠲᠦᠮᠵᠢ ᠶᠢ ᠰᠢᠯᠭᠠᠬᠤ ᠳᠤ᠂ ᠴᠢᠨᠠᠷ ᠰᠠᠶᠢᠲᠠᠢ ᠬᠥᠭᠵᠢᠯᠲᠡ ᠰᠢᠨ᠎ᠡ ᠰᠢᠪᠲᠤᠯᠤᠯᠲᠠ ᠲᠠᠢ ᠪᠠᠶᠢᠬᠤ ᠡᠰᠡᠬᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠰᠢᠨ᠎ᠡ ᠳᠡᠭᠡᠭᠰᠢᠯᠡᠯᠲᠡ ᠲᠠᠢ ᠪᠠᠶᠢᠬᠤ ᠡᠰᠡᠬᠦ ᠶᠢ ᠦᠵᠡᠬᠦ ᠭᠡᠷᠡᠭᠲᠡᠢ︔ ᠴᠡᠭᠴᠡᠯᠡᠨ ᠰᠠᠶᠢᠵᠢᠷᠠᠭᠤᠯᠤᠭᠰᠠᠨ ᠢ ᠰᠢᠯᠭᠠᠨ ᠪᠠᠶᠢᠴᠠᠭᠠᠭᠰᠠᠨ ᠦᠷ᠎ᠡ ᠪᠦᠲᠦᠮᠵᠢ ᠶᠢ ᠰᠢᠯᠭᠠᠬᠤ ᠳᠤ᠂ ᠠᠰᠠᠭᠤᠳᠠᠯ ᠤᠨ ᠵᠠᠩᠭᠢᠯᠠᠭ᠎ᠠ ᠶᠢ ᠣᠨᠣᠪᠴᠢᠲᠠᠢ ᠡᠷᠢᠵᠦ ᠣᠯᠣᠭᠰᠠᠨ ᠡᠰᠡᠬᠦ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠭᠰᠠᠨ ᠨᠢ ᠣᠷᠣᠨ ᠪᠠᠶᠢᠷᠢ ᠳᠠᠭᠠᠨ ᠭᠦᠷᠦᠭᠰᠡᠨ ᠡᠰᠡᠬᠦ ᠶᠢ ᠦᠵᠡᠬᠦ ᠭᠡᠷᠡᠭᠲᠠᠢ︔ ᠺᠠᠳ᠋ᠷ ᠤᠨ ᠡᠩᠨᠡᠭᠡ ᠶᠢ ᠬᠥᠮᠥᠵᠢᠭᠦᠯᠵᠦ ᠴᠡᠭᠴᠡᠯᠡᠭᠰᠡᠨ ᠦᠷ᠎ᠡ ᠪᠦᠲᠦᠮᠵᠢ ᠶᠢ ᠰᠢᠯᠭᠠᠬᠤ ᠳᠤ᠂ ᠦᠵᠡᠯ ᠰᠠᠨᠠᠭᠠᠨ ᠤ ᠲᠠᠯ᠎ᠠ ᠪᠠᠷ ᠴᠡᠪᠡᠷ ᠪᠤᠰᠤ ᠪᠠᠶᠢᠬᠤ ᠪᠠ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠴᠡᠪᠡᠷ ᠪᠤᠰᠤ ᠪᠠᠶᠢᠬᠤ ᠦᠵᠡᠭᠳᠡᠯ ᠢ ᠵᠠᠯᠠᠷᠠᠭᠤᠯᠤᠭᠰᠠᠨ ᠡᠰᠡᠬᠦ᠂ ᠤᠯᠤᠰ ᠲᠦᠷᠦ ᠶᠢᠨ ᠭᠡᠮ ᠰᠣᠭᠤᠭ ᠢ ᠠᠷᠢᠯᠭᠠᠭᠰᠠᠨ ᠡᠰᠡᠬᠦ ᠶᠢ ᠦᠵᠡᠬᠦ ᠬᠡᠷᠡᠭᠲᠡᠢ᠃ ᠦᠷ᠎ᠡ ᠪᠦᠲᠦᠮᠵᠢ ᠶᠢ ᠦᠨᠡᠯᠡᠬᠦ ᠳᠤ ᠪᠣᠳᠠᠲᠤ ᠶᠠᠪᠤᠳᠠᠯ ᠢᠶᠠᠷ ᠦᠭᠡ ᠬᠡᠯᠡᠵᠦ᠂ ᠡᠭᠦᠳᠡ ᠪᠠᠨ ᠨᠡᠭᠡᠭᠡᠵᠦ ᠦᠨᠡᠯᠡᠬᠦ ᠶᠢ ᠠᠳᠬᠤᠵᠤ᠂ ᠤᠯᠠᠨ ᠲᠦᠮᠡᠨ ᠢᠶᠠᠷ ᠦᠨᠡᠯᠡᠭᠦᠯᠵᠦ᠂ ᠪᠤᠰᠤᠳᠴᠢ ᠪᠥᠭᠡᠳ ᠦᠨᠡᠨ ᠪᠣᠳᠠᠲᠠᠢ ᠦᠨᠡᠯᠡᠬᠦ ᠶᠢ ᠪᠠᠲᠤᠯᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠦᠨᠡᠯᠡᠬᠦ ᠳᠤ᠂ ᠮᠠᠰᠢ ᠴᠢᠬᠤᠯᠠ ᠨᠢᠭᠡ ᠲᠠᠯ᠎ᠠ ᠨᠢ ᠬᠡᠯᠪᠡᠷᠢᠴᠢ ᠦᠵᠡᠯ᠂ ᠨᠣᠶᠠᠨᠴᠢ ᠰᠤᠷᠲᠠᠯ ᠪᠦᠲᠦᠮᠵᠢᠲᠡᠢ ᠰᠢᠢᠳᠪᠦᠷᠢᠯᠡᠭᠳᠡᠭᠰᠡᠨ ᠡᠰᠡᠬᠦ ᠶᠢ ᠦᠵᠡᠨ᠎ᠡ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠵᠦᠢᠯ ᠢ ᠨᠢᠭᠡ ᠤᠳᠠᠭ᠎ᠠ ᠪᠠᠶᠢᠴᠠᠭᠠᠨ ᠦᠵᠡᠵᠦ᠂ ᠦᠨᠳᠦᠰᠦ ᠰᠤᠷᠪᠤᠯᠵᠢ ᠶᠢ ᠨᠢ ᠵᠠᠳᠠᠯᠵᠤ᠂ ᠡᠪᠡᠳᠴᠢᠨ ᠳᠤᠨᠢ ᠲᠠᠭᠠᠷᠠᠭᠤᠯᠤᠨ ᠡᠮ ᠥᠭᠴᠦ᠂ ᠦᠨᠡᠨ ᠬᠦ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠤᠳᠤᠷᠢᠳᠬᠤ ᠪᠠᠭ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠪᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠰᠠᠶᠢᠲᠤᠷ ᠬᠢᠵᠦ᠂ ᠰᠤᠷᠤᠯᠴᠠᠬᠤ ᠪᠠᠶᠢᠴᠠᠭᠠᠬᠤ ᠵᠠᠯᠠᠷᠠᠭᠤᠯᠬᠤ ᠲᠠᠢ ᠤᠶᠠᠯᠳᠤᠭᠤᠯᠤᠨ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠰᠢ ᠶᠢᠨ ᠫᠢᠩ ᠬᠠᠨᠵᠢᠶᠠᠩ ᠮᠥᠷᠡᠨ ᠤ ᠰᠠᠪᠠ ᠭᠠᠵᠠᠷ ᠤᠨ ᠲᠡᠦᠬᠡ ᠰᠣᠶᠣᠯ ᠤᠨ ᠤᠯᠠᠮᠵᠢᠯᠠᠯ ᠪᠣᠯᠣᠨ ᠠᠮᠢ ᠠᠬᠤᠢ ᠶᠢᠨ ᠬᠠᠮᠠᠭᠠᠯᠠᠯᠲᠠ ᠲᠤᠶᠢᠯ ᠢᠶᠠᠷ ᠃ 7 ᠰᠠᠷ᠎ᠠ ᠶᠢᠨ 29 ᠤ ᠡᠳᠦᠷ᠂ ᠰᠢ ᠶᠢᠨ ᠫᠢᠩ ᠪᠡᠭᠡᠵᠢᠩ ᠳᠤ ᠪᠤᠴᠠᠬᠤ ᠵᠠᠮ ᠳᠠᠭᠠᠨ ᠭᠠᠯᠲᠤ ᠲᠡᠷᠭᠡᠨ ᠠᠴᠠ ᠪᠠᠭᠤᠵᠤ᠂ ᠱᠠᠨᠰᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠤᠤ ᠢ ᠳ᠋ᠧ᠂ ᠮᠤᠵᠢ ᠶᠢᠨ ᠳᠠᠷᠤᠭ᠎ᠠ ᠵᠤᠤ ᠭᠠᠩ ᠤᠨ ᠪᠠᠷ᠎ᠠ ᠪᠤᠯᠤᠯᠭ᠎ᠠ ᠪᠠᠷ ᠬᠠᠨᠵᠦ᠋ᠩ ᠬᠤᠳᠠ ᠳᠤ ᠰᠢᠨᠵᠢᠯᠡᠨ ᠪᠠᠶᠢᠴᠠᠭᠠᠪᠠ᠃ ᠰᠢ ᠶᠢᠨ ᠫᠢᠩ ᠬᠠᠨᠵᠦ᠋ᠩ ᠬᠤᠲᠠ ᠶᠢᠨ ᠮᠦᠽᠧᠢ ᠶᠢᠨ ᠬᠤᠯᠪᠣᠭᠳᠠᠯ ᠪᠦᠬᠦᠢ ᠲᠡᠦᠬᠡ ᠶᠢᠨ ᠳᠤᠷᠠᠰᠬᠠᠯᠲᠤ ᠵᠦᠢᠯᠡᠰ ᠤᠨ ᠦᠵᠡᠭᠦᠯᠭᠡ ᠶᠢ ᠲᠣᠭᠤᠷᠢᠨ ᠦᠵᠡᠵᠦ᠂ ᠬᠠᠨᠵᠦ᠋ᠩ ᠤᠨ ᠲᠡᠦᠬᠡ ᠰᠣᠶᠣᠯ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠪᠠᠶᠢᠳᠠᠯ ᠢ ᠣᠶᠢᠯᠠᠭᠠᠪᠠ᠃ ᠲᠡᠷᠡ᠂ ᠲᠡᠦᠬᠡ ᠶᠢᠨ ᠳᠤᠷᠠᠰᠬᠠᠯᠲᠤ ᠵᠦᠢᠯᠡᠰ ᠨᠢ ᠭᠡᠷᠡᠯ ᠰᠠᠴᠤᠷᠠᠩᠭᠤᠢ ᠪᠣᠯᠪᠠᠰᠤᠨ ᠢ ᠠᠴᠢᠶᠠᠯᠠᠵᠤ᠂ ᠲᠡᠦᠬᠡ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠦᠨᠳᠦᠰᠦᠲᠡᠨ ᠤ ᠵᠣᠷᠢᠭ ᠰᠠᠨᠠᠭ᠎ᠠ ᠶᠢ ᠬᠠᠮᠠᠭᠠᠯᠠᠵᠤ ᠪᠠᠶᠢᠳᠠᠭ᠃ ᠮᠦᠽᠧᠢ ᠶᠢᠨ ᠬᠥᠮᠥᠨ ᠲᠥᠷᠥᠯᠬᠢᠲᠡᠨ ᠤ ᠪᠣᠯᠪᠠᠰᠤᠨ ᠢ ᠬᠠᠮᠠᠭᠠᠯᠠᠬᠤ᠂ ᠤᠯᠠᠮᠵᠢᠯᠠᠬᠤ᠂ ᠰᠤᠳᠤᠯᠬᠤ᠂ ᠳᠡᠯᠭᠡᠨ ᠦᠵᠡᠭᠦᠯᠭᠦ ᠴᠢᠬᠤᠯᠠ ᠦᠢᠯᠡᠳᠦᠯ ᠢ ᠰᠠᠶᠢᠲᠤᠷ ᠪᠠᠳᠠᠷᠠᠭᠤᠯᠵᠤ᠂ ᠳᠤᠮᠳᠠᠳᠤ ᠶᠢᠨ ᠰᠣᠶᠣᠯ ᠢ ᠰᠠᠶᠢᠲᠤᠷ ᠬᠠᠮᠠᠭᠠᠯᠠᠬᠤ ᠪᠥᠭᠡᠳ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠯᠠᠭᠤᠯᠵᠤ᠂ ᠳᠤᠮᠳᠠᠳᠤ ᠶᠢᠨ ᠰᠣᠶᠣᠯ ᠤᠨ ᠨᠥᠯᠥᠭᠡᠯᠡᠬᠦ ᠬᠦᠴᠦᠨ ᠢ ᠥᠷᠭᠡᠳᠬᠡᠬᠦ ᠬᠡᠷᠡᠭᠲᠡᠢ᠃ ᠬᠠᠨᠵᠦ᠋ᠩ ᠤᠨ ᠲᠠᠩᠰᠠᠨ ᠭᠦᠷᠦᠮᠡᠯ ᠵᠡᠷᠭᠡ ᠪᠣᠳᠠᠰ ᠤᠨ ᠪᠤᠰᠤ ᠰᠣᠶᠣᠯ ᠤᠨ ᠥᠪ ᠨᠢ ᠶᠡᠬᠡᠳᠡ ᠠᠯᠳᠠᠷᠰᠢᠵᠠᠢ᠂ ᠣᠨᠴᠠᠯᠢᠭᠲᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠣᠯᠠᠨ ᠲᠦᠮᠡᠨ ᠢ ᠨᠠᠩ ᠰᠠᠶᠢᠲᠤᠷ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ᠃ ᠮᠦᠽᠧᠢ ᠠᠴᠠ ᠰᠠᠯᠬᠤ ᠦᠶ᠎ᠡ ᠳᠤ᠂ ᠣᠶᠢᠷ᠎ᠠ ᠬᠠᠪᠢ ᠶᠢᠨ ᠨᠤᠲᠤᠭ ᠤᠨ ᠠᠬ᠎ᠠ ᠳᠡᠭᠦᠦ ᠨᠠᠷ ᠬᠦᠷᠦᠯᠴᠡᠨ ᠢᠷᠡᠵᠦ 《ᠶᠡᠷᠦᠩᠬᠡᠢ ᠱᠦᠵᠢ ᠰᠠᠶᠢᠨ ᠪᠠᠶᠢᠨ᠎ᠠ ᠦᠦ》 ᠭᠡᠵᠦ ᠬᠠᠯᠠᠭᠤᠨ ᠢᠶᠠᠷ ᠪᠠᠶᠠᠷᠯᠠᠯᠳᠤᠨ ᠬᠠᠰᠬᠢᠷᠴᠤ ᠪᠠᠶᠢᠯ᠎ᠠ᠃ ᠰᠢ ᠶᠢᠨ ᠫᠢᠩ ᠤᠯᠠᠨ ᠲᠦᠮᠡᠨ ᠳᠤ᠂ ᠪᠢ 2008 ᠣᠨ ᠤ ᠸᠧᠨᠴᠤᠸᠠᠨ ᠤ ᠶᠡᠭᠡ ᠭᠠᠵᠠᠷ ᠬᠥᠳᠡᠯᠦᠯᠲᠡ ᠲᠠᠢ ᠲᠡᠮᠡᠴᠡᠵᠦ ᠭᠠᠮᠰᠢᠭ ᠠᠴᠠ ᠠᠪᠤᠷᠠᠬᠤ ᠦᠶ᠎ᠡ ᠳᠤ ᠬᠠᠨᠵᠦ᠋ᠩ ᠳᠤ ᠢᠷᠡᠵᠦ ᠥᠩᠭᠡᠷᠡᠵᠡᠢ᠂ ᠡᠳᠡᠭᠡᠷ ᠵᠢᠯ ᠤᠳ ᠲᠤ ᠪᠢ ᠠᠳᠡᠬᠢ ᠶᠢ ᠰᠡᠳᠬᠢᠯ ᠳᠡᠭᠡᠨ ᠪᠤᠳᠤᠬᠰᠠᠭᠠᠷ ᠢᠷᠡᠵᠠᠢ᠃ ᠡᠨᠡ ᠤᠳᠠᠭ᠎ᠠ᠂ ᠠᠳᠡᠬᠢ ᠬᠥᠭᠵᠢᠯᠲᠡ ᠬᠤᠪᠢᠷᠠᠯᠲᠠ ᠮᠠᠰᠢ ᠶᠡᠭᠡ᠂ ᠬᠤᠳᠠ ᠴᠤ ᠡᠮᠬᠢ ᠳᠢᠭᠯᠢᠮ ᠲᠠᠢ ᠪᠠᠶᠢᠬᠤ ᠶᠢ ᠦᠵᠡᠭᠡᠳ ᠮᠠᠰᠢ ᠪᠠᠶᠠᠷᠯᠠᠵᠤ ᠪᠤᠢ ᠭᠡᠵᠦ ᠬᠡᠯᠡᠪᠡ᠃ ᠲᠡᠷᠡ ᠤᠯᠠᠨ ᠤ ᠠᠵᠢᠯ ᠦᠢᠯᠡᠰ ᠰᠠᠶᠢᠨ᠂ ᠠᠮᠢᠳᠤᠷᠠᠯ ᠰᠠᠶᠢᠨ᠂ ᠭᠡᠷ ᠪᠦᠯᠢ ᠵᠣᠯ ᠵᠢᠷᠭᠠᠯ ᠲᠠᠢ ᠪᠠᠶᠢᠬᠤ ᠶᠢ ᠬᠦᠰᠡᠨ ᠵᠥᠩᠨᠡᠪᠡ᠃
ᠠᠶᠠᠨ ᠵᠠᠮ ᠳᠠᠭᠠᠨ᠂ ᠰᠢ ᠶᠢᠨ ᠫᠢᠩ ᠬᠠᠨᠵᠢᠶᠠᠩ ᠤᠨ ᠬᠠᠨᠵᠦ᠋ᠩ ᠬᠤᠳᠠ ᠶᠢᠨ ᠬᠡᠰᠡᠭ ᠲᠤ ᠪᠠᠶᠢᠷᠢᠯᠠᠭ᠎ᠠ ᠲᠢᠶᠠᠨ ᠬᠠᠨ ᠨᠤᠭᠤ ᠭᠠᠵᠠᠷ ᠤᠨ ᠴᠡᠴᠡᠷᠯᠢᠭ ᠢᠶᠠᠷ ᠰᠢᠨᠵᠢᠯᠡᠨ ᠪᠠᠶᠢᠴᠠᠭᠠᠵᠤ᠂ ᠠᠳᠡ ᠪᠣᠯ ᠬᠤᠳᠠ ᠶᠢᠨ ᠠᠷᠠᠳ ᠤᠨ 《ᠵᠣᠯ ᠵᠢᠷᠭᠠᠯ ᠤᠨ ᠬᠦᠷᠢᠶᠡᠯᠡᠩ》 ᠮᠥᠨ ᠭᠡᠵᠦ ᠮᠠᠭᠲᠠᠨ ᠰᠠᠶᠢᠰᠢᠶᠠᠪᠠ᠃ ᠰᠢ ᠶᠢᠨ ᠫᠢᠩ᠂ ᠬᠠᠨᠵᠢᠶᠠᠩ ᠮᠥᠷᠡᠨ ᠵᠢᠴᠢ ᠲᠡᠭᠦᠨ ᠤ ᠰᠠᠯᠪᠤᠷᠢ ᠤᠷᠤᠰᠬᠠᠯ ᠪᠣᠯ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠳᠤᠮᠳᠠ ᠱᠤᠭᠤᠮ ᠤᠨ ᠢᠨᠵᠧᠨᠧᠷᠢᠩ ᠤᠨ ᠭᠤᠣᠯ ᠪᠤᠯᠬᠤ ᠤᠰᠤᠨ ᠤ ᠡᠬᠢ ᠰᠤᠷᠪᠤᠯᠵᠢ ᠲᠥᠪᠯᠡᠷᠡᠭᠰᠡᠨ ᠣᠷᠣᠨ ᠪᠠ ᠬᠠᠩᠭᠠᠯᠭ᠎ᠠ ᠶᠢᠨ ᠭᠠᠵᠠᠷ ᠪᠣᠯᠣᠨ᠎ᠠ᠂ ᠡᠨᠡ ᠬᠦ ᠣᠷᠣᠨ ᠪᠦᠰᠡ ᠶᠢᠨ ᠨᠤᠭᠤ ᠭᠠᠵᠠᠷ ᠤᠨ ᠡᠬᠢ ᠪᠠᠶᠠᠯᠢᠭ ᠢ ᠰᠠᠶᠢᠲᠤᠷ ᠬᠠᠮᠠᠭᠠᠯᠠᠬᠤ ᠬᠠᠷᠢᠭᠤᠴᠠᠯᠭ᠎ᠠ ᠬᠦᠨᠳᠦ ᠶᠡᠭᠡ᠂ ᠠᠴᠢ ᠬᠤᠯᠪᠣᠭᠳᠠᠯ ᠭᠦᠨ ᠭᠦᠨᠵᠡᠭᠡᠢ ᠶᠤᠮ᠃ ᠠᠮᠢ ᠠᠬᠤᠢ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠨᠢ ᠪᠠᠶᠢᠭᠠᠯᠢ ᠲᠠᠢ ᠵᠣᠬᠢᠴᠠᠵᠤ᠂ ᠨᠤᠭᠤ ᠭᠠᠵᠠᠷ ᠤᠨ ᠠᠮᠢ ᠠᠬᠤᠢ ᠶᠢᠨ ᠪᠦᠬᠦᠯᠢ ᠴᠣᠭᠴᠠ ᠶᠢᠨ ᠴᠢᠨᠠᠷᠲᠠᠢ ᠬᠠᠮᠠᠭᠠᠯᠠᠯᠲᠠ ᠪᠠ ᠰᠢᠰᠲ᠋ᠧᠮᠲᠦ ᠴᠢᠨᠠᠷᠲᠠᠢ ᠰᠡᠷᠭᠦᠭᠡᠯᠲᠡ ᠶᠢ ᠴᠢᠩᠭᠠᠳᠬᠠᠵᠤ᠂ ᠠᠮᠢ ᠠᠬᠤᠢ ᠶᠢᠨ ᠬᠠᠮᠠᠭᠠᠯᠠᠯᠲᠠ ᠬᠢᠭᠡᠳ ᠦᠢᠯᠡᠳᠪᠦᠷᠢᠯᠡᠯ ᠠᠮᠢᠳᠤᠷᠠᠯ ᠤᠨ ᠠᠭᠤᠰᠤᠯᠴᠠᠯ ᠢ ᠠᠬᠢᠭᠤᠯᠵᠤ᠂ ᠣᠷᠴᠢᠨ ᠲᠣᠭᠤᠷᠢᠨ ᠭᠤᠶᠣ ᠰᠠᠶᠢᠬᠠᠨ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠣᠷᠣᠰᠢᠨ ᠰᠠᠭᠤᠷᠢᠰᠢᠬᠤ ᠳᠤ ᠲᠣᠬᠢᠷᠠᠮᠵᠢᠲᠠᠢ ᠵᠢᠭᠤᠯᠴᠢᠯᠠᠬᠤ ᠳᠤ ᠲᠣᠬᠢᠷᠠᠮᠵᠢᠲᠠᠢ ᠠᠮᠢ ᠠᠬᠤᠢ ᠶᠢᠨ ᠬᠤᠲᠠ ᠶᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃
ᠯᠢ ᠭᠠᠨ ᠵᠢᠶᠧ᠂ ᠾᠧ ᠯᠢ ᠹᠧᠩ ᠵᠢᠴᠢ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠵᠤ᠂ ᠭᠤᠣᠯ ᠰᠡᠳᠦᠪᠲᠦ ᠬᠥᠮᠦᠵᠢᠯ ᠤᠨ ᠲᠥᠪ ᠤᠨ ᠠᠷᠪᠠᠨ ᠬᠤᠶᠠᠳᠤᠭᠠᠷ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠠᠷᠢᠭᠤ ᠮᠡᠳᠡᠭᠦᠯᠦᠯᠲᠡ ᠶᠢᠨ ᠬᠤᠷᠠᠯ ᠳᠤ ᠣᠷᠣᠯᠴᠠᠪᠠ᠃
︵ᠰᠢᠨᠬᠤᠸᠠ ᠬᠤᠷᠢᠶ᠎ᠠ ᠶᠢᠨ ᠰᠧᠴᠤᠸᠠᠨ ᠤ ᠴᠧᠩᠳᠦ᠋ \ ᠱᠠᠨᠰᠢ ᠶᠢᠨ ᠬᠠᠨᠵᠦ᠋ᠩ ᠤᠨ 7 ᠰᠠᠷ᠎ᠠ ᠶᠢᠨ 29 ᠤ ᠴᠠᠭᠢᠯᠭᠠᠨ ᠮᠡᠳᠡᠭᠡ︶