ᠵᠤᠬᠢᠶᠠᠭᠴᠢ:
ᠴᠠᠭ:2023-07-31
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠭᠤᠴᠢᠨ ᠨᠢᠭᠡᠳᠦᠭᠡᠷ ᠬᠤᠭᠤᠴᠠᠭᠠᠨ ᠤ ᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ 28 ᠤ ᠣᠷᠣᠢ ᠰᠧᠴᠤᠸᠠᠨ ᠤ ᠴᠧᠩᠳᠦ᠋ ᠳᠤ ᠶᠠᠪᠤᠭᠳᠠᠨ᠎ᠠ ᠰᠢ ᠶᠢᠨ ᠫᠢᠩ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠶᠢᠨ ᠬᠠᠮᠲᠤ ᠲᠤᠰ ᠬᠤᠭᠤᠴᠠᠭᠠᠨ ᠤ ᠣᠶᠤᠲᠠᠳ ᠤᠨ ᠲᠠᠮᠢᠷ ᠤᠨ ᠴᠤᠭᠯᠠᠭᠠᠨ ᠡᠬᠢᠯᠡᠬᠦ ᠶᠢ ᠵᠠᠷᠯᠠᠨ᠎ᠠ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 7 ᠰᠠᠷ᠎ᠠ ᠶᠢᠨ 27 ᠤ ᠴᠠᠭᠢᠯᠭᠠᠨ ᠮᠡᠳᠡᠭᠡ ᠭᠤᠴᠢᠨ ᠨᠢᠭᠡᠳᠦᠭᠡᠷ ᠬᠤᠭᠤᠴᠠᠭᠠᠨ ᠤ ᠳᠡᠯᠡᠬᠡᠢ ᠶᠢᠨ ᠣᠶᠤᠲᠠᠳ ᠤᠨ ᠵᠤᠨ ᠤ ᠤᠯᠠᠷᠢᠯ ᠤᠨ ᠲᠠᠮᠢᠷ ᠤᠨ ᠴᠤᠭᠯᠠᠭᠠᠨ ᠤ ᠡᠭᠢᠯᠡᠯᠲᠡ ᠶᠢᠨ ᠶᠣᠰᠣᠯᠠᠯ 7 ᠰᠠᠷ᠎ᠠ ᠶᠢᠨ 28 ᠤ ᠣᠷᠣᠢ ᠰᠧᠴᠤᠸᠠᠨ ᠮᠤᠵᠢ ᠶᠢᠨ ᠴᠧᠩᠳᠦ᠋ ᠬᠤᠳᠠ ᠳᠤ ᠶᠠᠪᠤᠭᠳᠠᠬᠤ ᠪᠠᠷ ᠪᠤᠢ ᠃ ᠤᠯᠤᠰ ᠤᠨ ᠲᠡᠷᠢᠭᠦᠯᠡᠭᠴᠢ ᠰᠢ ᠶᠢᠨ ᠫᠢᠩ ᠡᠭᠢᠯᠡᠯᠲᠡ ᠶᠢᠨ ᠶᠣᠰᠣᠯᠠᠯ ᠳᠤ ᠣᠷᠤᠯᠴᠠᠬᠤ ᠶᠢᠨ ᠬᠠᠮᠲᠤ ᠲᠤᠰ ᠬᠤᠭᠤᠴᠠᠭᠠᠨ ᠤ ᠣᠶᠤᠲᠠᠳ ᠤᠨ ᠲᠠᠮᠢᠷ ᠤᠨ ᠴᠤᠭᠯᠠᠭᠠᠨ ᠡᠬᠢᠯᠡᠬᠦ ᠶᠢ ᠵᠠᠷᠯᠠᠨ᠎ᠠ ᠃
ᠲᠤᠬᠠᠢ ᠶᠢᠨ ᠦᠶ᠎ᠡ ᠳᠤ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠠᠬᠤᠢ ᠲᠠᠯᠠᠪᠠᠶ ᠶᠢᠨ ᠰᠢᠭᠤᠳ ᠨᠡᠪᠲᠡᠷᠡᠭᠦᠯᠭᠡ ᠬᠢᠵᠦ᠂ ᠰᠢᠨᠬᠤᠸᠠ ᠰᠦᠯᠵᠢᠶ᠎ᠡ ᠵᠢᠷᠤᠭ ᠪᠢᠴᠢᠭ ᠤᠨ ᠰᠢᠭᠤᠳ ᠨᠡᠪᠲᠡᠷᠡᠭᠦᠯᠭᠡ ᠬᠢᠬᠦ ᠪᠣᠯᠣᠨ᠎ᠠ ᠃