ᠵᠤᠬᠢᠶᠠᠭᠴᠢ:
ᠴᠠᠭ:2023-07-28
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠬᠤᠷᠠᠯ ᠬᠤᠷᠠᠯᠳᠤᠭᠤᠯᠵᠤ ᠣᠳᠣᠬᠠᠨ ᠤ ᠠᠵᠤ ᠠᠬᠤᠢ ᠶᠢᠨ ᠪᠠᠶᠢᠳᠠᠯ ᠪᠣᠯᠣᠨ ᠠᠵᠤ ᠠᠬᠤᠢ ᠶᠢᠨ ᠠᠵᠢᠯ ᠢ ᠵᠠᠳᠠᠯᠤᠨ ᠰᠤᠳᠤᠯᠪᠠ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 7 ᠰᠠᠷ᠎ᠠ ᠶᠢᠨ 24 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 7 ᠰᠠᠷ᠎ᠠ ᠶᠢᠨ 24 ᠤ ᠡᠳᠦᠷ ᠬᠤᠷᠠᠯ ᠬᠤᠷᠠᠯᠳᠤᠭᠤᠯᠵᠤ ᠂ ᠣᠳᠣᠬᠠᠨ ᠤ ᠠᠵᠤ ᠠᠬᠤᠢ ᠶᠢᠨ ᠪᠠᠶᠢᠳᠠᠯ ᠢ ᠵᠠᠳᠠᠯᠤᠨ ᠰᠤᠳᠤᠯᠵᠤ ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠪᠠᠶᠢᠷᠢᠯᠠᠭᠤᠯᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠭᠢᠯᠡᠵᠠᠢ ᠃
ᠬᠤᠷᠠᠯ ᠠᠴᠠ ᠂ ᠡᠨᠡ ᠵᠢᠯ ᠠᠴᠠ ᠨᠠᠭᠠᠰᠢ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠤᠯᠤᠰ ᠠᠷᠠᠳ ᠤᠨ ᠠᠵᠤ ᠠᠬᠤᠢ ᠶᠢᠨ ᠦᠷᠭᠦᠯᠵᠢᠯᠡᠨ ᠰᠡᠷᠭᠦᠵᠦ ᠂ ᠶᠡᠷᠦᠩᠬᠡᠢ ᠳᠡᠭᠡᠨ ᠳᠡᠭᠡᠭᠰᠢᠯᠡᠨ ᠰᠠᠶᠢᠵᠢᠷᠠᠵᠤ ᠂ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ ᠂ ᠠᠵᠤ ᠦᠢᠯᠡᠰ ᠢ ᠳᠡᠰ ᠳᠡᠪᠰᠢᠭᠦᠯᠬᠦ ᠶᠢ ᠰᠠᠶᠢᠲᠤᠷ ᠠᠬᠢᠭᠤᠯᠵᠤ ᠂ ᠠᠮᠤ ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠦᠲᠦᠮᠵᠢᠲᠡᠢ ᠪᠠᠲᠤᠯᠠᠵᠤ ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠵᠤ ᠂ ᠪᠦᠭᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠳᠤ ᠰᠠᠶᠢᠨ ᠰᠠᠭᠤᠷᠢ ᠶᠢ ᠲᠠᠯᠪᠢᠵᠠᠢ ᠭᠡᠵᠦ ᠦᠵᠡᠪᠡ ᠃
ᠬᠤᠷᠠᠯ ᠠᠴᠠ ᠂ ᠣᠳᠣᠬᠠᠨ ᠤ ᠠᠵᠤ ᠠᠬᠤᠢ ᠶᠢᠨ ᠡᠷᠭᠢᠯᠲᠡ ᠳᠤ ᠰᠢᠨ᠎ᠡ ᠬᠦᠴᠢᠷᠳᠡᠯ ᠪᠠ ᠥᠷᠢᠰᠦᠯᠳᠦᠭᠡᠨ ᠲᠤᠯᠭᠠᠷᠠᠵᠤ ᠪᠠᠶᠢᠨ᠎ᠠ ᠂ ᠭᠤᠣᠯᠳᠠᠭᠤ ᠤᠯᠤᠰ ᠤᠨ ᠳᠣᠲᠣᠭᠠᠳᠤ ᠶᠢᠨ ᠬᠡᠷᠡᠭᠴᠡᠭᠡ ᠬᠦᠷᠦᠯᠴᠡᠬᠦ ᠦᠭᠡᠢ ᠂ ᠵᠠᠷᠢᠮ ᠠᠵᠤ ᠠᠬᠤᠶᠢᠯᠠᠯ ᠤᠨ ᠡᠵᠡᠩᠨᠡᠯᠲᠡ ᠬᠦᠴᠢᠷᠳᠡᠯᠲᠡᠢ ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠭᠡᠮ ᠰᠣᠭᠤᠭ ᠨᠡᠯᠢᠶᠡᠳ ᠤᠯᠠᠨ ᠂ ᠭᠠᠳᠠᠭᠠᠳᠤ ᠣᠷᠴᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠨ᠎ᠠ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠣᠭᠲᠠᠭᠤᠨ ᠢᠶᠠᠷ ᠰᠢᠯᠵᠢᠭᠰᠡᠨ ᠤ ᠳᠠᠷᠠᠭ᠎ᠠ ᠂ ᠠᠵᠤ ᠠᠬᠤᠢ ᠶᠢᠨ ᠰᠡᠷᠭᠦᠯᠲᠡ ᠨᠢ ᠳᠠᠪᠠᠯᠭᠠᠨ ᠮᠠᠶ᠋ᠢᠭ ᠤᠨ ᠬᠥᠭᠵᠢᠯᠲᠡ ᠂ ᠮᠤᠷᠤᠢ ᠰᠠᠷᠤᠢ ᠮᠠᠶ᠋ᠢᠭ ᠢᠶᠠᠷ ᠤᠷᠤᠭᠰᠢᠯᠠᠬᠤ ᠶᠠᠪᠤᠴᠠ ᠪᠣᠯᠣᠨ᠎ᠠ ᠃ ᠮᠠᠨ ᠤ ᠤᠯᠤᠰ ᠤᠨ ᠠᠵᠤ ᠠᠬᠤᠢ ᠯᠤᠲᠤ ᠶᠡᠭᠡ ᠬᠥᠭᠵᠢᠯᠲᠡ ᠶᠢᠨ ᠤᠶᠠᠨ ᠬᠠᠳᠠᠨ ᠴᠢᠨᠠᠷ ᠪᠠ ᠳᠠᠯᠳᠠ ᠬᠦᠴᠦᠨ ᠲᠠᠢ ᠪᠠᠶᠢᠵᠤ ᠂ ᠤᠷᠲᠤ ᠬᠤᠭᠤᠴᠠᠭᠠᠨ ᠤ ᠰᠠᠶᠢᠵᠢᠷᠠᠵᠤ ᠪᠠᠶᠢᠭ᠎ᠠ ᠦᠨᠳᠦᠰᠦᠨ ᠪᠠᠶᠢᠳᠠᠯ ᠬᠤᠪᠢᠷᠠᠭᠰᠠᠨ ᠦᠭᠡᠢ ᠭᠡᠵᠦ ᠵᠢᠭᠠᠵᠤ ᠭᠠᠷᠭᠠᠪᠠ ᠃
ᠬᠤᠷᠠᠯ ᠠᠴᠠ ᠂ ᠳᠣᠣᠷ᠎ᠠ ᠬᠠᠭᠠᠰ ᠵᠢᠯ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠳᠤ ᠲᠣᠭᠲᠠᠭᠤᠨ ᠤ ᠳᠤᠮᠳᠠ ᠠᠬᠢᠯᠲᠠ ᠲᠠᠢ ᠪᠠᠶᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠬᠤᠷᠸ᠎ᠠ ᠲᠦᠷᠦ ᠶᠢᠨ ᠪᠣᠳᠣᠯᠭ᠎ᠠ ᠶᠢᠨ ᠡᠵᠡᠮᠰᠢᠯ ᠲᠣᠬᠢᠷᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠂ ᠢᠲᠡᠭᠡᠯ ᠵᠣᠷᠢᠭ ᠢ ᠬᠥᠪᠴᠢᠯᠡᠬᠦ ᠂ ᠠᠶᠤᠯ ᠲᠦᠭᠰᠢᠭᠦᠷᠢ ᠶᠢ ᠰᠡᠷᠭᠡᠶᠢᠯᠡᠬᠦ ᠳᠤ ᠬᠦᠴᠦ ᠣᠷᠣᠭᠤᠯᠵᠤ ᠂ ᠠᠵᠤ ᠠᠬᠤᠢ ᠶᠢᠨ ᠡᠷᠭᠢᠯᠲᠡ ᠶᠢ ᠦᠷᠭᠦᠯᠵᠢᠯᠡᠨ ᠰᠠᠶᠢᠵᠢᠷᠠᠭᠤᠯᠬᠤ ᠂ ᠳᠣᠲᠣᠭᠠᠳᠤ ᠬᠥᠳᠡᠯᠭᠡᠬᠦ ᠬᠦᠴᠦᠨ ᠢ ᠦᠷᠭᠦᠯᠵᠢᠯᠡᠨ ᠴᠢᠩᠭᠠᠷᠠᠭᠤᠯᠬᠤ ᠂ ᠨᠡᠶᠢᠭᠡᠮ ᠤᠨ ᠵᠢᠱᠢᠯᠲᠡ ᠶᠢ ᠦᠷᠭᠦᠯᠵᠢᠯᠡᠨ ᠰᠠᠶᠢᠵᠢᠷᠠᠭᠤᠯᠬᠤ ᠂ ᠠᠶᠤᠯ ᠲᠦᠭᠰᠢᠭᠦᠷᠢ ᠭᠡᠮ ᠰᠣᠭᠤᠭ ᠢ ᠦᠷᠭᠦᠯᠵᠢᠯᠡᠨ ᠠᠷᠢᠯᠭᠠᠬᠤ ᠶᠢ ᠲᠠᠰᠤᠷᠠᠯᠳᠠ ᠦᠭᠡᠢ ᠠᠬᠢᠭᠤᠯᠵᠤ ᠂ ᠠᠵᠤ ᠠᠬᠤᠢ ᠶᠢᠨ ᠴᠢᠨᠠᠷ ᠤᠨ ᠪᠦᠲᠦᠮᠵᠢᠲᠡᠢ ᠳᠡᠭᠡᠭᠰᠢᠯᠡᠯᠲᠡ ᠪᠠ ᠬᠡᠮᠵᠢᠶᠡᠨ ᠤ ᠵᠣᠬᠢᠰᠲᠠᠢ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠂ ᠲᠦᠷᠦ ᠶᠢᠨ ᠪᠣᠳᠣᠯᠭ᠎ᠠ ᠶᠢᠨ ᠣᠷᠣᠨ ᠵᠠᠢ ᠶᠢ ᠰᠠᠶᠢᠲᠤᠷ ᠠᠰᠢᠭᠯᠠᠵᠤ ᠂ ᠬᠦᠴᠦᠯᠡᠬᠦ ᠴᠢᠭᠯᠡᠯ ᠢᠶᠠᠨ ᠣᠨᠣᠪᠴᠢᠲᠠᠢ ᠣᠯᠵᠤ ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠬᠤᠷᠸ᠎ᠠ ᠡᠵᠡᠮᠰᠢᠯ ᠲᠣᠬᠢᠷᠠᠭᠤᠯᠭ᠎ᠠ ᠶᠢ ᠣᠨᠣᠪᠴᠢᠲᠠᠢ ᠪᠥᠭᠡᠳ ᠬᠦᠴᠦᠲᠡᠢ ᠬᠡᠷᠡᠭᠵᠢᠭᠦᠯᠵᠦ ᠂ ᠰᠥᠷᠭᠡᠦ ᠦᠶᠡᠯᠡᠯ ᠤᠨ ᠲᠣᠬᠢᠷᠠᠭᠤᠯᠤᠯᠲᠠ ᠪᠣᠯᠣᠨ ᠲᠦᠷᠦ ᠶᠢᠨ ᠪᠣᠳᠣᠯᠭ᠎ᠠ ᠶᠢᠨ ᠨᠥᠭᠡᠴᠡ ᠶᠢ ᠴᠢᠩᠭᠠᠳᠬᠠᠬᠤ ᠬᠡᠷᠡᠭᠲᠡᠢ ᠃ ᠡᠳ᠋ ᠤᠨ ᠵᠠᠰᠠᠭ ᠤᠨ ᠢᠳᠡᠪᠬᠢᠲᠡᠢ ᠲᠦᠷᠦ ᠶᠢᠨ ᠪᠣᠳᠣᠯᠭ᠎ᠠ ᠪᠠ ᠵᠣᠭᠤᠰᠤᠨ ᠤ ᠯᠠᠪᠳᠠᠭᠤᠨ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ ᠂ ᠭᠠᠶᠢᠯᠢ ᠶᠢ ᠪᠠᠭᠠᠰᠬᠠᠵᠤ ᠰᠦᠢᠳᠬᠡᠯ ᠢ ᠪᠠᠭᠤᠷᠠᠭᠤᠯᠬᠤ ᠲᠦᠷᠦ ᠶᠢᠨ ᠪᠣᠳᠣᠯᠭ᠎ᠠ ᠶᠢ ᠦᠷᠭᠦᠯᠵᠢᠯᠡᠭᠦᠯᠬᠦ ᠂ ᠰᠢᠯᠢᠳᠡᠭᠵᠢᠭᠦᠯᠬᠦ ᠂ ᠲᠡᠭᠦᠯᠳᠡᠷᠵᠢᠭᠦᠯᠬᠦ ᠶᠢᠨ ᠬᠠᠮᠲᠤ ᠰᠠᠶᠢᠲᠤᠷ ᠨᠠᠶᠢᠳᠠᠪᠤᠷᠢᠵᠢᠭᠤᠯᠵᠤ ᠂ ᠶᠡᠷᠦᠩᠬᠡᠢ ᠬᠡᠮᠵᠢᠶ᠎ᠡ ᠪᠠ ᠪᠦᠲᠦᠴᠡ ᠶᠢᠨ ᠴᠢᠨᠠᠷᠲᠠᠢ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠦᠢᠯᠡᠳᠦᠯ ᠢ ᠪᠠᠳᠠᠷᠠᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠂ ᠪᠣᠳᠠᠲᠤ ᠴᠣᠭᠴᠠ ᠶᠢᠨ ᠠᠵᠤ ᠠᠬᠤᠢ ᠪᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠶᠡᠭᠡ ᠪᠠᠷ ᠳᠡᠮᠵᠢᠬᠦ ᠬᠡᠷᠡᠭᠲᠡᠢ ᠃ ᠠᠷᠠᠳ ᠤᠨ ᠵᠣᠭᠤᠰᠤᠨ ᠤ ᠭᠤᠪᠢᠭᠤᠯᠭ᠎ᠠ ᠶᠢᠨ ᠨᠤᠷᠮ᠎ᠠ ᠶᠢᠨ ᠵᠦᠢ ᠵᠣᠬᠢᠰᠲᠠᠢ ᠪᠥᠭᠡᠳ ᠲᠡᠩᠴᠡᠭᠦᠷᠢᠲᠡᠢ ᠲᠦᠪᠰᠢᠨ ᠳᠤ ᠦᠨᠳᠦᠰᠦᠨ ᠳᠡᠭᠡᠨ ᠲᠣᠭᠲᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠃ ᠬᠥᠷᠥᠩᠭᠡ ᠶᠢᠨ ᠵᠠᠬ᠎ᠠ ᠳᠡᠯᠭᠡᠭᠦᠷ ᠢ ᠬᠥᠭᠵᠢᠶᠡᠨ ᠲᠠᠢ ᠪᠤᠯᠭᠠᠵᠤ ᠂ ᠪᠡᠯᠡ ᠣᠷᠣᠭᠤᠯᠤᠭᠴᠢᠳ ᠤᠨ ᠢᠲᠡᠭᠡᠯ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ ᠃
ᠬᠤᠷᠠᠯ ᠠᠴᠠ ᠂ ᠤᠯᠤᠰ ᠤᠨ ᠳᠣᠲᠣᠭᠠᠳᠤ ᠶᠢᠨ ᠬᠡᠷᠡᠭᠴᠡᠭᠡ ᠶᠢ ᠢᠳᠡᠪᠬᠢᠲᠡᠢ ᠥᠷᠭᠡᠳᠬᠡᠵᠦ ᠂ ᠬᠡᠷᠡᠭᠯᠡᠭᠡ ᠪᠠᠷ ᠠᠵᠤ ᠠᠬᠤᠢ ᠶᠢᠨ ᠨᠡᠮᠡᠭᠳᠡᠯ ᠢ ᠳᠠᠶᠢᠴᠢᠯᠠᠬᠤ ᠰᠠᠭᠤᠷᠢᠯᠠᠬᠤ ᠴᠢᠨᠠᠷᠲᠠᠢ ᠦᠢᠯᠡᠳᠦᠯ ᠢ ᠪᠠᠳᠠᠷᠠᠭᠤᠯᠵᠤ ᠂ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠪᠠᠷ ᠳᠠᠮᠵᠢᠭᠤᠯᠤᠨ ᠬᠡᠷᠡᠭᠯᠡᠭᠡ ᠶᠢ ᠥᠷᠭᠡᠳᠬᠡᠵᠦ ᠂ ᠡᠴᠦᠰ ᠤᠨ ᠬᠡᠷᠡᠭᠴᠡᠭᠡ ᠪᠠᠷ ᠳᠠᠮᠵᠢᠭᠤᠯᠤᠨ ᠪᠦᠲᠦᠮᠵᠢᠲᠡᠢ ᠬᠠᠩᠭᠠᠯᠭ᠎ᠠ ᠶᠢ ᠲᠠᠶᠢᠴᠢᠯᠠᠵᠥ ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠣᠷᠭᠠᠨᠢᠭ ᠢᠶᠠᠷ ᠤᠶᠠᠯᠳᠤᠭᠤᠯᠬᠤ ᠬᠡᠷᠡᠭᠲᠡᠢ ᠃ ᠮᠠᠰᠢᠨ ᠲᠡᠷᠭᠡ ᠂ ᠡᠯᠧᠺᠲᠷᠣᠨ ᠦᠢᠯᠡᠳᠬᠦᠨ ᠂ ᠭᠡᠷ ᠤᠨ ᠡᠳ᠋ᠯᠡᠯ ᠬᠡᠷᠡᠭᠰᠡᠯ ᠵᠡᠷᠭᠡ ᠶᠡᠭᠡ ᠬᠡᠮᠵᠢᠶᠡᠨ ᠤ ᠬᠡᠷᠡᠭᠯᠡᠭᠡ ᠶᠢ ᠬᠥᠭᠵᠢᠭᠡᠵᠦ ᠂ ᠪᠡᠶ᠎ᠡ ᠶᠢᠨ ᠲᠠᠮᠢᠷ ᠵᠤᠭ᠎ᠠ ᠰᠡᠯᠡᠭᠦᠴᠡᠯ ᠂ ᠰᠣᠶᠣᠯ ᠵᠢᠭᠤᠯᠴᠢᠯᠠᠯ ᠵᠡᠷᠭᠡ ᠦᠢᠯᠡᠴᠢᠯᠡᠭᠡᠨ ᠤ ᠬᠡᠷᠡᠭᠯᠡᠭᠡ ᠶᠢ ᠠᠬᠢᠭᠤᠯᠬᠤ ᠬᠡᠷᠡᠭᠲᠡᠢ ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠳᠠᠶᠢᠴᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ ᠂ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ ᠵᠢᠭᠡᠯᠡᠯᠭᠡ ᠶᠢᠨ ᠲᠡᠮᠳᠡᠭᠲᠦ ᠶᠢ ᠲᠠᠷᠬᠠᠭᠠᠬᠤ ᠪᠠ ᠬᠡᠷᠡᠭᠯᠡᠬᠦ ᠶᠢ ᠲᠦᠷᠭᠡᠳᠬᠡᠬᠦ ᠬᠡᠷᠡᠭᠲᠡᠢ ᠃ ᠠᠷᠠᠳ ᠤᠨ ᠪᠡᠯᠡ ᠣᠷᠣᠭᠤᠯᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠬᠦ ᠬᠡᠷᠡᠭᠲᠡᠢ ᠃ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ ᠂ ᠭᠠᠳᠠᠭᠠᠳᠤ ᠠᠷᠠᠯᠵᠢᠶ᠎ᠠ ᠭᠠᠳᠠᠭᠠᠳᠤ ᠪᠡᠯᠡ ᠶᠢᠨ ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠬᠡᠷᠡᠭᠲᠡᠢ ᠃ ᠤᠯᠠᠨ ᠤᠯᠤᠰ ᠤᠨ ᠵᠢᠰᠢᠶᠠᠨ ᠤ ᠨᠢᠰᠬᠡᠯ ᠢ ᠨᠡᠮᠡᠭᠳᠡᠭᠦᠯᠵᠦ ᠂ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢᠨ ᠲᠣᠭᠲᠠᠪᠤᠷᠢᠲᠠᠢ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠂ ᠣᠳᠣᠬᠢᠴᠢᠯᠠᠭᠰᠠᠨ ᠠᠵᠤ ᠦᠢᠯᠡᠰ ᠤᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠵᠤ ᠂ ᠨᠡᠩ ᠤᠯᠠᠨ ᠲᠤᠯᠭᠠᠭᠤᠷᠢ ᠠᠵᠤ ᠦᠢᠯᠡᠰ ᠢ ᠪᠠᠶᠢᠭᠤᠯᠬᠤ ᠶᠢ ᠲᠦᠷᠭᠡᠳᠬᠡᠬᠦ ᠬᠡᠷᠡᠭᠲᠡᠢ ᠃ ᠲᠣᠭᠠᠴᠢᠯᠠᠭᠰᠠᠨ ᠠᠵᠤ ᠠᠬᠤᠢ ᠪᠣᠯᠣᠨ ᠲᠡᠷᠢᠭᠦᠨ ᠤ ᠦᠢᠯᠡᠳᠬᠦ ᠦᠢᠯᠡᠰ ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠵᠤ ᠂ ᠵᠣᠬᠢᠶᠠᠮᠠᠯ ᠤᠶᠤᠨ ᠴᠢᠳᠠᠪᠤᠷᠢ ᠶᠢᠨ ᠠᠮᠤᠷ ᠲᠦᠪᠰᠢᠨ ᠶᠢ ᠠᠬᠢᠭᠤᠯᠬᠤ ᠬᠡᠷᠡᠭᠲᠡᠢ ᠃ ᠲᠠᠪᠴᠠᠩᠳᠤ ᠠᠵᠤ ᠠᠬᠤᠶᠢᠯᠠᠯ ᠤᠨ ᠵᠢᠷᠤᠮᠵᠢᠭᠤᠨ ᠪᠥᠭᠡᠳ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠬᠤᠷᠠᠯ ᠠᠴᠠ ᠂ ᠥᠭᠡᠷᠡᠴᠢᠯᠡᠯᠲᠡ ᠨᠡᠭᠡᠭᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ 《ᠬᠤᠶᠠᠷ ᠭᠤᠶᠢᠪᠢᠰᠢ ᠦᠭᠡᠢ ᠪᠠᠶᠢᠬᠤ 》 ᠶᠢ ᠪᠠᠷᠢᠮᠲᠠᠯᠠᠵᠤ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠷᠢᠰᠦᠯᠳᠦᠬᠦ ᠬᠦᠴᠦᠨ ᠢ ᠦᠨᠡᠨ ᠬᠦ ᠳᠡᠭᠡᠭᠰᠢᠯᠡᠭᠦᠯᠵᠦ ᠂ ᠠᠷᠠᠳ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠦᠨᠡᠨ ᠬᠦ ᠰᠢᠯᠢᠳᠡᠭᠵᠢᠭᠦᠯᠬᠦ ᠬᠡᠷᠡᠭᠲᠡᠢ ᠃ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠂ ᠳᠤᠷ᠎ᠠ ᠪᠠᠷ ᠢᠶᠠᠨ ᠵᠣᠭᠤᠰ ᠢᠶᠠᠷ ᠲᠣᠷᠭᠠᠬᠤ ᠂ ᠳᠤᠷ᠎ᠠ ᠪᠠᠷ ᠢᠶᠠᠨ ᠲᠡᠰᠬᠡᠨ ᠨᠣᠭᠳᠠᠭᠤᠯᠬᠤ ᠶᠢ ᠡᠷᠡᠰ ᠴᠡᠭᠴᠡᠯᠡᠨ ᠵᠠᠰᠠᠵᠤ ᠂ ᠵᠠᠰᠠᠭ ᠤᠨ ᠣᠷᠳᠣᠨ ᠠᠴᠠ ᠠᠵᠤ ᠠᠬᠤᠶᠢᠯᠠᠯ ᠤᠨ ᠳᠠᠩᠰᠠᠨ ᠳᠠᠬᠢ ᠵᠣᠭᠤᠰ ᠢ ᠥᠷᠢᠲᠦᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠃ ᠠᠵᠤ ᠠᠬᠤᠶᠢᠯᠠᠯ ᠯᠤᠭ᠎ᠠ ᠶᠢᠨ ᠪᠠᠶᠢᠩᠭᠤᠵᠢᠭᠰᠠᠨ ᠣᠯᠣᠯᠴᠠᠭ᠎ᠠ ᠰᠣᠯᠢᠯᠴᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠠᠵᠤ ᠠᠬᠤᠶᠢᠯᠠᠯ ᠤᠨ ᠵᠣᠷᠢᠭᠲᠠᠢ ᠪᠠᠷ ᠰᠢᠪᠲᠤᠯᠤᠯᠲᠠ ᠬᠢᠬᠦ ᠂ ᠵᠣᠷᠢᠭᠲᠠᠢ ᠪᠠᠷ ᠪᠡᠯᠡ ᠣᠷᠣᠭᠤᠯᠬᠤ ᠂ ᠵᠣᠷᠢᠭᠲᠠᠢ ᠪᠠᠷ ᠠᠶᠤᠯ ᠲᠦᠭᠰᠢᠭᠦᠷᠢ ᠶᠢ ᠡᠭᠦᠷᠭᠡᠯᠡᠬᠦ ᠶᠢ ᠵᠣᠷᠢᠭᠵᠢᠭᠤᠯᠵᠤ ᠂ ᠵᠠᠬ᠎ᠠ ᠳᠡᠯᠭᠡᠭᠦᠷ ᠢ ᠢᠳᠡᠪᠬᠢᠲᠡᠢ ᠡᠭᠦᠳᠬᠦ ᠬᠡᠷᠡᠭᠲᠡᠢ ᠃ ᠨᠥᠬᠦᠴᠡᠯ ᠲᠠᠢ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠪᠣᠯᠣᠨ ᠴᠢᠯᠦᠭᠡᠲᠦ ᠠᠷᠠᠯᠵᠢᠶᠠᠨ ᠤ ᠭᠠᠷᠠᠮ ᠢ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠳᠦᠷᠢᠮ ᠲᠠᠢ ᠵᠣᠯᠭᠠᠭᠤᠯᠬᠤ ᠶᠢ ᠳᠡᠮᠵᠢᠵᠤ ᠂ ᠥᠭᠡᠷᠡᠴᠢᠯᠡᠯᠲᠡ ᠨᠡᠭᠡᠭᠡᠯᠲᠡ ᠶᠢᠨ ᠤᠷᠢᠳ ᠢᠶᠠᠷ ᠬᠢᠵᠦ ᠤᠷᠢᠳ ᠢᠶᠠᠷ ᠲᠤᠷᠰᠢᠬᠤ ᠶᠢ ᠠᠬᠢᠭᠤᠯᠬᠤ ᠬᠡᠷᠡᠭᠲᠡᠢ ᠃ ᠭᠤᠷᠪᠠᠳᠤᠭᠠᠷ ᠬᠤᠭᠤᠴᠠᠭᠠᠨ ᠤ 《ᠨᠢᠭᠡ ᠪᠦᠰᠡ ᠨᠢᠭᠡ ᠵᠠᠮ 》 ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠨᠢᠮᠪᠠᠢ ᠰᠠᠶᠢᠲᠤᠷ ᠡᠷᠭᠢᠯᠡᠭᠦ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠂ ᠭᠤᠣᠯᠳᠠᠯᠭ᠎ᠠ ᠲᠠᠢ ᠬᠦᠷᠢᠶᠡᠨ ᠳᠠᠬᠢ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ ᠠᠷᠢᠯᠭᠠᠵᠤ ᠂ ᠮᠠᠨ ᠤ ᠤᠯᠤᠰ ᠤᠨ ᠭᠡᠷ ᠭᠠᠵᠠᠷ ᠤᠨ ᠬᠥᠷᠥᠩᠭᠡ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠬᠠᠷᠢᠴᠠᠭ᠎ᠠ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ ᠰᠢᠨ᠎ᠡ ᠪᠠᠶᠢᠳᠠᠯ ᠳᠤ ᠵᠣᠬᠢᠴᠠᠵᠤ ᠂ ᠭᠡᠷ ᠭᠠᠵᠠᠷ ᠤᠨ ᠬᠥᠷᠥᠩᠭᠡ ᠶᠢᠨ ᠲᠥᠷᠥ ᠶᠢᠨ ᠪᠣᠳᠣᠯᠭ᠎ᠠ ᠶᠢ ᠴᠠᠭ ᠲᠤᠨᠢ ᠲᠣᠬᠢᠷᠠᠭᠤᠯᠤᠨ ᠰᠢᠯᠢᠳᠡᠭᠵᠢᠭᠦᠯᠵᠦ ᠂ ᠬᠤᠲᠠ ᠶᠢᠨ ᠪᠠᠶᠢᠳᠠᠯ ᠲᠠᠢ ᠪᠠᠨ ᠵᠣᠬᠢᠴᠠᠭᠤᠯᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠳᠤ ᠲᠥᠷᠥ ᠶᠢᠨ ᠪᠣᠳᠣᠯᠭ᠎ᠠ ᠶᠢᠨ ᠪᠠᠭᠠᠵᠢ ᠶᠢᠨ ᠬᠠᠶᠢᠷᠴᠠᠭ ᠢ ᠰᠠᠶᠢᠲᠤᠷ ᠬᠡᠷᠡᠭᠯᠡᠵᠦ ᠂ ᠰᠠᠭᠤᠭᠠᠯᠢ ᠠᠷᠠᠳ ᠤᠨ ᠬᠠᠲᠠᠭᠤ ᠬᠡᠷᠡᠭᠴᠡᠭᠡᠲᠦ ᠪᠠ ᠰᠠᠶᠢᠵᠢᠷᠠᠭᠤᠯᠬᠤ ᠬᠡᠷᠡᠭᠴᠡᠭᠡᠲᠦ ᠣᠷᠣᠨ ᠰᠠᠭᠤᠴᠠ ᠶᠢᠨ ᠬᠡᠷᠡᠭᠴᠡᠭᠡ ᠶᠢ ᠨᠠᠩ ᠰᠠᠶᠢᠲᠤᠷ ᠬᠠᠩᠭᠠᠵᠤ ᠂ ᠭᠡᠷ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠃ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠠ ᠬᠠᠩᠭᠠᠯᠭ᠎ᠠ ᠶᠢ ᠨᠡᠮᠡᠭᠳᠡᠭᠦᠯᠵᠦ ᠂ ᠬᠤᠳᠠ ᠶᠢᠨ ᠳᠤᠮᠳᠠᠬᠢ ᠲᠣᠰᠬᠤᠨ ᠤ ᠥᠭᠡᠷᠡᠴᠢᠯᠡᠯᠲᠡ ᠪᠠ 《ᠡᠩ ᠤᠨ ᠪᠠ ᠪᠠᠴᠢᠮ ᠪᠠᠶᠢᠳᠠᠯ ᠳᠤ ᠵᠡᠷᠭᠡ ᠪᠠᠷ ᠬᠡᠷᠡᠭᠯᠡᠬᠦ 》 ᠤᠯᠠᠨ ᠨᠡᠶᠢᠲᠡ ᠶᠢᠨ ᠰᠠᠭᠤᠷᠢ ᠶᠢᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ ᠂ ᠡᠯ᠎ᠡ ᠲᠦᠷᠦᠯ ᠤᠨ ᠰᠤᠯᠠ ᠪᠠᠶᠢᠭ᠎ᠠ ᠭᠡᠷ ᠭᠠᠵᠠᠷ ᠤᠨ ᠬᠥᠷᠥᠩᠭᠡ ᠶᠢᠨ ᠡᠷᠭᠢᠯᠲᠡ ᠶᠢ ᠰᠠᠶᠢᠵᠢᠷᠠᠭᠤᠯᠬᠤ ᠪᠠ ᠥᠭᠡᠷᠡᠴᠢᠯᠡᠬᠦ ᠬᠡᠷᠡᠭᠲᠡᠢ ᠃ ᠣᠷᠣᠨ ᠨᠤᠲᠤᠭ ᠤᠨ ᠥᠷᠢ ᠥᠭᠴᠡᠭᠡ ᠶᠢᠨ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ ᠂ ᠪᠦᠭᠦᠨ ᠢ ᠬᠠᠮᠤᠷᠤᠭᠰᠠᠨ ᠥᠷᠢ ᠥᠭᠴᠡᠭᠡ ᠶᠢ ᠠᠷᠢᠯᠭᠠᠬᠤ ᠲᠥᠰᠥᠯ ᠢ ᠲᠣᠭᠲᠠᠭᠠᠨ ᠬᠡᠷᠡᠭᠵᠢᠭᠦᠯᠬᠦ ᠬᠡᠷᠡᠭᠲᠡᠢ ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠠᠶᠤᠯ ᠲᠦᠭᠰᠢᠭᠦᠷᠢ ᠶᠡᠬᠡᠲᠡᠢ ᠳᠤᠮᠳᠠ ᠵᠢᠵᠢᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠬᠤᠷᠠᠯ ᠠᠴᠠ ᠂ ᠠᠷᠠᠳ ᠤᠨ ᠠᠮᠢᠳᠤᠷᠠᠯ ᠢ ᠪᠠᠲᠤᠯᠠᠬᠤ ᠡᠷᠴᠢᠮ ᠢᠶᠠᠨ ᠴᠢᠩᠭᠠᠷᠠᠭᠤᠯᠵᠤ ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ ᠶᠢ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠭᠠᠨ ᠲᠡᠭᠡᠭᠰᠢᠯᠡᠭᠦᠯᠵᠤ ᠪᠦᠭᠦ ᠲᠠᠯ᠎ᠠ ᠪᠠᠷ ᠪᠣᠳᠣᠯᠬᠢᠯᠠᠵᠤ ᠂ ᠦᠨᠳᠦᠰᠦᠨ ᠱᠠᠲᠤᠨ ᠤ 《ᠭᠤᠷᠪᠠ ᠶᠢ ᠪᠠᠲᠤᠯᠠᠬᠤ 》 ᠬᠤᠷᠢᠭ᠎ᠠ ᠱᠤᠭᠤᠮ ᠢ ᠯᠠᠪᠳᠠᠭᠤᠨ ᠪᠠᠲᠤᠲᠠᠢ ᠰᠠᠬᠢᠵᠤ ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠥᠰ ᠢ ᠨᠡᠮᠡᠭᠳᠡᠭᠦᠯᠬᠦ ᠬᠡᠷᠡᠭᠲᠡᠢ ᠃ ᠲᠠᠷᠢᠶᠠᠨ ᠭᠠᠵᠠᠷ ᠢ ᠬᠠᠮᠠᠭᠠᠯᠠᠬᠤ ᠪᠠ ᠶᠠᠰᠤ ᠴᠢᠨᠠᠷ ᠢ ᠳᠡᠭᠡᠭᠰᠢᠯᠡᠭᠦᠯᠭᠦ ᠶᠢ ᠴᠢᠩᠭᠠᠳᠬᠠᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠃ ᠬᠦᠨᠳᠦ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠵᠦ ᠂ ᠵᠤᠨ ᠤ ᠤᠯᠠᠷᠢᠯ ᠤᠨ ᠡᠨᠧᠷᠭᠢ ᠴᠠᠭᠢᠯᠭᠠᠨ ᠬᠦᠴᠦᠨ ᠤ ᠬᠡᠷᠡᠭᠯᠡᠭᠡ ᠶᠢᠨ ᠤᠷᠭᠢᠯ ᠤᠨ ᠬᠤᠭᠤᠴᠠᠭ᠎ᠠ ᠶᠢᠨ ᠬᠠᠩᠭᠠᠯᠭ᠎ᠠ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ ᠠᠴᠠ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠦᠵᠢᠯ ᠢᠶᠠᠷ ᠠᠵᠠ ᠲᠣᠭᠢᠶᠠᠯ ᠪᠤᠯᠭᠠᠵᠤ ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠬᠥᠮᠥᠵᠢᠭᠦᠯᠦᠨ ᠵᠢᠯᠤᠭᠤᠳᠴᠤ ᠵᠥᠪ ᠵᠠᠰᠠᠭ ᠤᠨ ᠠᠵᠢᠯ ᠤᠨ ᠠᠮᠵᠢᠯᠲᠠ ᠶᠢᠨ ᠦᠵᠡᠯᠲᠡ ᠶᠢ ᠪᠠᠲᠤ ᠪᠤᠢ ᠪᠤᠯᠭᠠᠵᠤ ᠂ ᠠᠵᠢᠯ ᠬᠢᠵᠦ ᠦᠢᠯᠡᠰ ᠪᠣᠰᠬᠠᠬᠤ ᠢᠳᠡᠪᠬᠢᠵᠢᠯ ᠢ ᠨᠢ ᠨᠡᠩ ᠰᠠᠶᠢᠲᠤᠷ ᠬᠥᠭᠵᠢᠭᠡᠵᠦ ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ ᠂ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠳᠠᠭᠠᠨ ᠴᠢᠳᠠᠮᠠᠭᠠᠢ ᠰᠢᠯᠢᠳᠡᠭ ᠺᠠᠳ᠋ᠷ ᠢ ᠴᠣᠯᠭᠤᠷᠠᠭᠤᠯᠵᠤ ᠂ ᠢᠯᠡᠭᠦᠬᠡᠨ ᠬᠤᠪᠢ ᠨᠡᠮᠡᠷᠢ ᠦᠵᠡᠭᠦᠯᠵᠦ ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃