ᠵᠤᠬᠢᠶᠠᠭᠴᠢ:
ᠴᠠᠭ:2023-07-30
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠬᠤᠷᠠᠯ ᠡᠬᠢᠯᠡᠪᠡ ᠰᠦᠨ ᠱᠤᠤ ᠴᠧᠩ ᠬᠤᠷᠠᠯ ᠢ ᠡᠷᠭᠢᠯᠡᠵᠡᠢ
2023 7 ᠰᠠᠷ᠎ᠠ ᠶᠢᠨ 28 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠬᠤᠷᠠᠯ ᠡᠬᠢᠯᠡᠬᠦ ᠶᠢᠨ ᠬᠠᠮᠲᠤ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ ᠃
ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠣᠲᠣ 73 ᠬᠥᠮᠥᠨ ᠪᠤᠶ ᠂ 66 ᠬᠥᠮᠥᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠪᠡ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ ᠂ ᠳᠡᠳ᠋ ᠡᠷᠭᠢᠯᠡᠭᠴᠢ ᠵᠠᠩ ᠱᠤᠤ ᠴᠦᠨ ᠂ ᠳ᠋ᠤᠸᠠᠨ ᡁᠢ ᠴᠢᠶᠠᠩ ᠂ ᠠᠢ ᠯᠢ ᠬᠤᠸᠠ ᠂ ᠯᠢ ᠪᠢᠩ ᠷᠦᠩ ᠂ ᠦ᠋ ᠶᠠᠨ ᠭᠠᠩ ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠬᠤᠷᠠᠯ ᠳᠤ ᠣᠷᠣᠯᠴᠠᠵᠠᠢ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠣᠣ ᠶᠦᠩ ᠪᠦᠸᠧ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠥᠩ ᠷᠧᠨ ᠬᠤᠷᠠᠯ ᠳᠤ ᠰᠤᠯᠠ ᠣᠷᠣᠯᠴᠠᠵᠠᠢ ᠃
ᠬᠤᠷᠠᠯ ᠤᠨ ᠵᠥᠪᠯᠡᠬᠦ ᠵᠦᠢᠯ ᠢ ᠪᠠᠲᠤᠯᠠᠭᠰᠠᠨ ᠤ ᠲᠠᠷᠠᠭ᠎ᠠ ᠂ ᠬᠤᠷᠠᠯ ᠠᠴᠠ ᠵᠠᠩ ᠱᠤᠤ ᠴᠦᠨ ᠂ ᠶᠣᠣ ᠶᠦᠩ ᠪᠦᠸᠧ ᠶᠢᠨ ᠬᠢᠭᠰᠡᠨ ᠲᠤᠰᠢᠶᠠᠯ ᠳᠤ ᠲᠣᠮᠢᠯᠠᠬᠤ ᠪᠠᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠲᠤᠰ ᠲᠤᠰ ᠰᠣᠨᠣᠰᠪᠠ ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠵᠧᠩ ᠶᠢᠨ ᠴᠦᠨ ᠤ ᠬᠢᠭᠰᠡᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︵ ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ ︶ 》 ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠪᠠᠬᠢ ᠴᠣᠭᠴᠠᠯᠠᠬᠤ ᠶᠢ ᠠᠬᠢᠭᠤᠯᠬᠤ ᠳᠦᠷᠢᠮ ︵ ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ ︶ 》 ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠵᠠᠩ ᠽᠦᠸᠧ ᠾᠧᠦ ᠶᠢᠨ ᠬᠢᠭᠰᠡᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︵ ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ ︶ 》 ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︵ ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ︶ 》 ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠯᠠ ᠵᠢᠶᠦ᠋ᠨ ᠤ ᠬᠢᠭᠰᠡᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︵ ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ ︶ 》 ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠡᠷᠭᠢᠯᠡᠭᠴᠢ ᠭᠡᠰᠢᠭᠦᠨ ᠰᠠᠷᠠᠨ ᠤ ᠬᠢᠭᠰᠡᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠳᠦᠷᠢᠮ ︵ ᠲᠥᠰᠥᠯ ︶》 ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠪᠠ ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠦ᠋ ᠵᠧᠨ ᠴᠢᠩ ᠤᠨ ᠬᠢᠭᠰᠡᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠤᠨ ᠡᠷᠬᠡ ᠶᠢ ᠠᠬᠢᠭᠤᠯᠬᠤ ᠪᠠ ᠬᠠᠮᠠᠭᠠᠯᠠᠬᠤ ᠳᠦᠷᠢᠮ ︵ ᠲᠥᠰᠥᠯ ︶》 ᠤᠨ ᠲᠤᠬᠠᠢ ᠲᠣᠳᠣᠷᠬᠠᠶᠢᠯᠠᠯᠲᠠ ︔ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠤᠨ ᠬᠢᠭᠰᠡᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠥᠦ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ ︵ ᠲᠥᠰᠥᠯ ︶ 》 ᠤᠨ ᠲᠤᠬᠠᠢ ᠲᠣᠳᠣᠷᠬᠠᠶᠢᠯᠠᠯᠲᠠ ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠦᠷᠢᠮ ︵ ᠲᠥᠰᠥᠯ ︶ 》 ᠤᠨ ᠲᠤᠬᠠᠢ ᠲᠣᠳᠣᠷᠬᠠᠶᠢᠯᠠᠯᠲᠠ︔ ᠥᠪᠡᠷᠲᠡᠭᠡᠨ ᠵᠠᠰᠠᠬᠤ ᠣᠷᠣᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠭᠡᠷ ᠤᠨ ᠳᠡᠳ᠋ ᠡᠷᠭᠢᠯᠡᠭᠴᠢ ᠸᠠᠩ ᠬᠤᠸᠠ ᠶᠢᠨ ᠬᠢᠭᠰᠡᠨ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ ﹀ ᠶᠢ ᠬᠡᠷᠡᠭᠵᠢᠭᠦᠯᠬᠦ ᠠᠷᠭ᠎ᠠ ︵ ᠵᠠᠰᠠᠪᠤᠷᠢ ᠣᠷᠣᠭᠤᠯᠤᠭᠰᠠᠨ ᠲᠥᠰᠥᠯ ︶》 ᠶᠢᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ ᠃
ᠬᠤᠷᠠᠯ ᠠᠴᠠ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠷᠡᠭ ᠵᠥᠪᠯᠡᠬᠦ ᠳᠦᠷᠢᠮ》 ᠵᠡᠷᠭᠡ 4 ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ︵ ᠵᠠᠰᠠᠪᠤᠷᠢ ᠣᠷᠣᠭᠤᠯᠤᠭᠰᠠᠨ ᠲᠥᠰᠥᠯ ︶ ᠤᠨ ᠰᠠᠨᠠᠯ ᠵᠥᠪᠯᠡᠯᠭᠡ ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠢᠨᠵᠢᠯᠡᠨ ᠪᠠᠶᠢᠴᠠᠭᠠᠬᠤ ᠠᠷᠭ᠎ᠠ》 ᠶᠢ ᠬᠦᠴᠦᠨ ᠦᠭᠡᠢ ᠪᠤᠯᠭᠠᠬᠤ ᠲᠤᠬᠠᠢ ᠰᠠᠨᠠᠯ ᠵᠥᠪᠯᠡᠯᠭᠡ ᠂ 《 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠲᠣᠭᠲᠠᠭᠠᠯ ︵ ᠵᠠᠰᠠᠪᠤᠷᠢ ᠣᠷᠣᠭᠤᠯᠤᠭᠰᠠᠨ ᠲᠥᠰᠥᠯ ︶ 》 ᠢ ᠬᠢᠨᠠᠨ ᠵᠥᠪᠯᠡᠪᠡ ᠃ ᠬᠤᠷᠠᠯ ᠠᠴᠠ ᠬᠡᠰᠡᠭ ᠲᠣᠭᠤᠷᠢᠭ ᠬᠤᠳᠠ ᠶᠢᠨ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠣᠨ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠢᠯ ᠢ ᠬᠢᠨᠠᠨ ᠵᠥᠪᠯᠡᠪᠡ ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠂ ᠭᠡᠰᠢᠭᠦᠨ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠂ ᠡᠯ᠎ᠡ ᠲᠣᠭᠤᠷᠢᠭ ᠬᠤᠳᠠ ᠂ ᠲᠤᠰᠠᠭᠠᠷ ᠲᠥᠯᠥᠪᠯᠡᠭᠡᠲᠦ ᠬᠤᠳᠠ ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ ᠃