ᠵᠤᠬᠢᠶᠠᠭᠴᠢ:
ᠴᠠᠭ:2023-07-28
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠯᠠᠭᠠᠨᠴᠠᠪ ᠬᠤᠲᠠ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠪᠠ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠬᠦᠷᠴᠦ ᠤᠬᠠᠭᠤᠯᠤᠨ ᠲᠠᠶᠢᠯᠪᠤᠷᠢᠯᠠᠪᠠ
2023 7 ᠰᠠᠷ᠎ᠠ ᠶᠢᠨ 25 ᠤ ᠡᠳᠦᠷ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠯᠠᠭᠠᠨᠴᠠᠪ ᠬᠤᠲᠠ ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠬᠦᠷᠴᠦ ᠤᠬᠠᠭᠤᠯᠤᠨ ᠲᠠᠶᠢᠯᠪᠤᠷᠢᠯᠠᠪᠠ ᠃
ᠤᠯᠠᠭᠠᠨᠴᠠᠪ ᠬᠤᠲᠠ ᠳᠤ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠂ ᠥᠪᠡᠷᠲᠡᠭᠡᠨ ᠵᠠᠰᠠᠬᠤ ᠣᠷᠣᠨ ᠤ ᠰᠣᠨᠢᠨ ᠮᠡᠳᠡᠭᠡ ᠬᠡᠪᠯᠡᠯ ᠤᠨ ᠲᠣᠪᠴᠢᠶ᠎ᠠ ︵ ᠬᠡᠪᠯᠡᠯ ᠤᠨ ᠡᠷᠬᠡ ᠶᠢᠨ ᠲᠣᠪᠴᠢᠶ᠎ᠠ ︶ ᠶᠢᠨ ᠳᠠᠷᠤᠭ᠎ᠠ ᠹᠦ᠋ ᠯᠧᠢ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠬᠠᠶᠢᠷ᠎ᠠ ᠬᠠᠯᠠᠮᠵᠢ ᠶᠢ ᠭᠦᠨᠵᠡᠭᠡᠢ ᠣᠶᠢᠯᠠᠭᠠᠬᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠭᠦᠨᠵᠡᠭᠡᠢ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠡᠵᠡᠮᠰᠢᠬᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠬᠤ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠂ ᠴᠢᠬᠤᠯᠠ ᠶᠡᠭᠡ ᠲᠡᠦᠬᠡᠨ ᠠᠵᠠ ᠲᠣᠭᠢᠶᠠᠯ ᠤᠨ ᠬᠤᠭᠤᠴᠠᠭ᠎ᠠ ᠂ ᠡᠯ᠎ᠡ ᠵᠦᠢᠯ ᠤᠨ ᠳᠠᠪᠠᠭᠤᠯᠢᠭ ᠢᠶᠠᠨ ᠲᠥᠪᠯᠡᠷᠡᠭᠦᠯᠦᠨ ᠢᠯᠡᠷᠡᠭᠦᠯᠬᠦ ᠬᠤᠭᠤᠴᠠᠭ᠎ᠠ ᠂ ᠭᠡᠯᠪᠡᠷᠢ ᠪᠠᠨ ᠬᠤᠪᠢᠷᠠᠭᠤᠯᠤᠨ ᠬᠥᠭᠵᠢᠯᠲᠡ ᠶᠢᠨ ᠬᠤᠷᠳᠤᠴᠠ ᠪᠠᠨ ᠲᠦᠷᠭᠡᠳᠬᠡᠬᠦ ᠬᠤᠭᠤᠴᠠᠭ᠎ᠠ ᠶᠢ ᠡᠵᠡᠮᠳᠡᠨ ᠂ ᠢᠲᠡᠭᠡᠯ ᠵᠣᠷᠢᠭ ᠢᠶᠠᠨ ᠴᠢᠨᠠᠭᠰᠢᠳᠠ ᠬᠥᠪᠴᠢᠯᠡᠵᠦ ᠂ ᠦᠨᠡᠨ ᠬᠦ ᠠᠳᠬᠤᠵᠤ ᠪᠣᠳᠠᠲᠠᠢ ᠬᠢᠵᠦ ᠂ ᠭᠠᠪᠰᠢᠭᠠᠶᠢᠯᠠᠨ ᠲᠡᠮᠡᠴᠡᠵᠦ ᠂ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠭᠠᠨᠴᠠᠪ ᠬᠤᠲᠠ ᠳᠤ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠦᠭᠦ ᠬᠦᠴᠦᠨ ᠢᠶᠠᠷ ᠠᠬᠢᠭᠤᠯᠬᠤ ᠶᠢ ᠵᠣᠷᠢᠭᠵᠢᠭᠤᠯᠪᠠ ᠃
ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠭᠡᠰᠢᠭᠦᠨ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠱᠦᠵᠢ ᠵᠠᠩ ᠽᠢ ᠵᠢᠶᠦ᠋ᠨ 《 ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ 》 ᠭᠡᠬᠦ ᠰᠡᠳᠦᠪ ᠢᠶᠠᠷ ᠮᠡᠳᠡᠭᠦᠯᠦᠯᠲᠡ ᠬᠢᠪᠡ ᠃ ᠵᠠᠩ ᠽᠢ ᠵᠢᠶᠦ᠋ᠨ ᠶᠡᠭᠡ ᠬᠡᠮᠵᠢᠶᠡᠨ ᠤ ᠲᠤᠭ᠎ᠠ ᠪᠠᠷᠢᠮᠲᠠ ᠂ ᠠᠮᠢᠳᠤᠯᠢᠭ ᠪᠣᠳᠠᠲᠠᠢ ᠵᠢᠱᠢᠶ᠎ᠡ ᠪᠠᠷ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ ᠂ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠂ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠬᠤ ᠂ ᠠᠵᠢᠯ ᠬᠢᠵᠦ ᠦᠢᠯᠡᠰ ᠪᠣᠰᠬᠠᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ ᠂ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠶᠢᠨ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠂ ᠲᠡᠷᠢᠭᠦᠨ ᠤ ᠬᠢ ᠪᠤᠯᠬᠤ ᠪᠠᠷ ᠴᠢᠷᠮᠠᠶᠢᠬᠤ ᠴᠤᠭ ᠵᠢᠪᠬᠤᠭ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠪᠠ ᠃
ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠳᠤ ᠂ ᠥᠪᠡᠷᠲᠡᠭᠡᠨ ᠵᠠᠰᠠᠬᠤ ᠣᠷᠣᠨ ᠤ ᠤᠬᠠᠭᠤᠯᠤᠨ ᠲᠠᠶᠢᠯᠪᠤᠷᠢᠯᠠᠬᠤ ᠪᠦᠯᠭᠦᠮ ᠤᠨ ᠪᠦᠷᠢᠯᠳᠦᠭᠦᠨ ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠵᠥᠪᠯᠡᠯ ᠤᠨ ᠡᠷᠭᠢᠯᠡᠭᠴᠢ ᠭᠡᠰᠢᠭᠦᠨ ᠰᠢᠦᠢ ᠬᠤᠩ ᡁᠢ 《 ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠶ᠎ᠡ 》 ᠭᠡᠬᠦ ᠰᠡᠳᠦᠪ ᠢᠶᠠᠷ ᠮᠡᠳᠡᠭᠦᠯᠦᠯᠲᠡ ᠬᠢᠵᠦ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ ᠲᠠᠶᠢᠯᠤᠮᠵᠢ ᠬᠢᠭᠰᠡᠨ ᠪᠥᠭᠡᠳ 《 ᠡᠮᠴᠢᠯᠡᠭᠡ ᠂ ᠡᠮ ᠡᠮᠨᠡᠯᠭᠡ ᠶᠢᠨ ᠳᠠᠭᠠᠳᠬᠠᠯ ᠂ ᠡᠮ ᠡᠮᠨᠡᠯᠭᠡ ᠶᠢᠨ ᠥᠭᠡᠷᠡᠴᠢᠯᠡᠯᠲᠡ 》 ᠶᠢ ᠵᠣᠬᠢᠴᠠᠩᠭᠤᠢ ᠬᠥᠭᠵᠢᠭᠦᠯᠬᠦ ᠪᠠ ᠴᠡᠭᠴᠡᠯᠡᠨ ᠵᠠᠰᠠᠬᠤ ᠪᠠᠷ ᠭᠠᠷᠳᠠᠴᠠ ᠪᠤᠯᠭᠠᠵᠤ ᠂ ᠨᠠᠶᠢᠳᠠᠪᠤᠷᠢᠵᠢᠭᠤᠯᠬᠤ ᠰᠡᠳᠬᠢᠴᠡ ᠪᠠ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠤᠨ ᠶᠠᠷᠢᠯᠴᠠᠪᠠ ᠃ ᠤᠯᠠᠨ ᠢᠶᠠᠷ ᠢᠶᠠᠨ ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ ᠂ ᠠᠴᠢ ᠡᠨᠡᠷᠢᠯ ᠳᠤ ᠲᠠᠯᠠᠷᠬᠠᠨ ᠡᠷᠡᠮᠡᠬᠡᠶᠢᠯᠡᠨ ᠤᠷᠤᠭᠰᠢᠯᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠵᠢᠭᠠᠭᠰᠠᠨ ᠴᠢᠭᠯᠡᠯ ᠢᠶᠠᠷ ᠡᠷᠡᠰ ᠭᠤᠶᠢᠪᠢᠰᠢ ᠦᠭᠡᠢ ᠤᠷᠤᠭᠰᠢᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠨᠡᠩ ᠤᠯᠠᠨ ᠡᠮ ᠡᠮᠨᠡᠯᠭᠡ ᠶᠢᠨ ᠳᠠᠭᠠᠳᠬᠠᠯ ᠤᠨ ᠬᠦᠴᠦᠨ ᠴᠢᠳᠠᠯ ᠢᠶᠠᠨ ᠡᠷᠭᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ ᠃