ᠵᠤᠬᠢᠶᠠᠭᠴᠢ:
ᠴᠠᠭ:2023-09-01
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ ᠵᠠᠩ ᠶᠠᠨ ᠺᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠶᠣᠰᠣᠭᠠᠷ ᠂ 2023 8 ᠰᠠᠷ᠎ᠠ ᠶᠢᠨ 30 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠡᠷᠢᠭᠦᠯᠡᠭᠴᠢ ᠵᠠᠩ ᠶᠠᠨ ᠺᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ ᠃
ᠬᠤᠷᠠᠯ ᠳᠡᠭᠡᠷ᠎ᠡ ᠂ ᠵᠠᠩ ᠶᠠᠨ ᠺᠦᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠡᠮᠦᠨ᠎ᠡ ᠠᠴᠠ ᠬᠠᠷᠭᠤᠭᠤᠯᠤᠭᠰᠠᠨ ᠪᠠᠶᠢᠴᠠᠭᠠᠯᠲᠠ ᠬᠢᠭᠰᠡᠨ ᠪᠥᠭᠡᠳ ᠲᠦᠷᠦᠭᠦᠯᠡᠨ ᠬᠤᠪᠢ ᠬᠥᠮᠥᠨ ᠤ ᠬᠠᠷᠭᠤᠭᠤᠯᠤᠭᠰᠠᠨ ᠪᠠᠶᠢᠴᠠᠭᠠᠯᠲᠠ ᠬᠢᠵᠦ ᠂ ᠨᠠᠮ ᠤᠨ ᠤᠳᠤᠷᠢᠳᠬᠤ ᠳᠤᠭᠤᠶᠢᠯᠠᠩ ᠤᠨ ᠪᠤᠰᠤᠳ ᠪᠦᠷᠢᠯᠳᠦᠭᠦᠨ ᠨᠢᠭᠡᠳ ᠨᠢᠭᠡ ᠪᠠᠷ ᠬᠠᠷᠭᠤᠭᠤᠯᠤᠭᠰᠠᠨ ᠪᠠᠶᠢᠴᠠᠭᠠᠯᠲᠠ ᠬᠢᠵᠦ ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ ᠃
ᠬᠤᠷᠠᠯ ᠠᠴᠠ ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠥᠷᠭᠡᠳᠬᠡᠵᠦ ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ ᠂ ᠢᠮᠠᠭᠲᠠ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠪᠡᠶᠡᠯᠡᠭᠦᠯᠬᠦ ᠭᠡᠷᠡᠭᠲᠡᠢ ᠭᠦᠨᠵᠡᠭᠡᠢ ᠰᠤᠳᠤᠯᠵᠤ ᠨᠠᠷᠢᠨ ᠣᠶᠢᠯᠠᠭᠠᠵᠤ ᠦᠵᠡᠯ ᠰᠠᠨᠠᠭ᠎ᠠ ᠶᠢ ᠰᠤᠷᠤᠯᠴᠠᠵᠤ ᠂ ᠦᠵᠡᠯ ᠰᠠᠨᠠᠭᠠᠨ ᠤ ᠰᠠᠭᠤᠷᠢ ᠶᠢ ᠦᠷᠭᠦᠯᠵᠢᠯᠡᠨ ᠪᠠᠬᠢᠵᠢᠭᠦᠯᠬᠦ ᠭᠡᠷᠡᠭᠲᠡᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠡᠭᠦᠷᠭᠡᠯᠡᠯ ᠡᠭᠦᠷᠭᠡᠯᠡᠬᠦ ᠶᠢ ᠡᠷᠬᠢᠮᠯᠡᠵᠦ ᠂ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠭᠡᠷᠡᠭᠲᠡᠶ ᠨᠠᠮ ᠤᠨ ᠪᠠᠶᠢᠭᠤᠯᠤᠯᠲᠠ ᠶᠢ ᠴᠢᠩᠭ᠎ᠠ ᠪᠣᠳᠠᠲᠠᠢ ᠠᠳᠬᠤᠵᠤ ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠦᠢᠯᠡᠳᠦᠯ ᠢ ᠳᠡᠭᠡᠭᠰᠢᠯᠡᠭᠦᠯᠭᠦ ᠭᠡᠷᠡᠭᠲᠡᠶ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ ᠰᠤᠷᠲᠠᠯ ᠢᠶᠠᠨ ᠬᠤᠪᠢᠷᠠᠭᠤᠯᠵᠤ ᠂ ᠤᠯᠤᠰ ᠲᠦᠷᠦ ᠶᠢᠨ ᠵᠥᠪᠯᠡᠯᠭᠡᠨ ᠤ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠤᠯᠭᠠᠬᠤ ᠭᠡᠷᠡᠭᠲᠡᠢ ᠦᠨᠡᠨ ᠬᠦ ᠬᠢᠵᠦ ᠬᠠᠲᠠᠭᠤ ᠲᠠᠢ ᠨᠢ ᠬᠠᠯᠳᠠᠵᠤ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ ᠂ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠵᠢᠷᠭᠤᠳᠤᠭᠠᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠴᠠᠢ ᠃