ᠵᠤᠬᠢᠶᠠᠭᠴᠢ:
ᠴᠠᠭ:2023-09-01
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠣᠷᠣᠯᠴᠠᠨ ᠭᠤᠣᠯ ᠰᠡᠳᠦᠪᠲᠦ ᠬᠥᠮᠥᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ ᠰᠦᠨ ᠱᠣᠣ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ
2023 8 ᠰᠠᠷ᠎ᠠ ᠶᠢᠨ 30 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠣᠷᠣᠯᠴᠠᠨ ᠭᠤᠣᠯ ᠰᠡᠳᠦᠪᠲᠦ ᠬᠥᠮᠥᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠰᠦᠨ ᠱᠣᠣ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠥᠷᠪᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠬᠤᠷᠠᠯ ᠠᠴᠠ ᠡᠮᠦᠨ᠎ᠡ ᠲᠤᠰᠬᠠᠶᠢᠯᠠᠨ ᠠᠵᠢᠯ ᠤᠨ ᠲᠥᠰᠥᠯ ᠲᠣᠭᠲᠠᠭᠠᠵᠤ᠂ ᠰᠤᠷᠤᠯᠴᠠᠯᠭ᠎ᠠ ᠶᠠᠷᠢᠯᠴᠠᠯᠭ᠎ᠠ ᠶᠢ ᠨᠠᠷᠢᠨ ᠬᠢᠨᠠᠮᠠᠭᠠᠢ ᠬᠢᠵᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠰᠡᠳᠬᠢᠯ ᠤᠨ ᠦᠭᠡ ᠪᠠᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠬᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠭᠦᠨᠵᠡᠭᠡᠢ ᠵᠠᠳᠠᠯᠤᠭᠰᠠᠨ ᠰᠠᠭᠤᠷᠢᠨ ᠳᠡᠭᠡᠷ᠎ᠡ ᠬᠠᠷᠭᠤᠭᠤᠯᠤᠨ ᠪᠠᠶᠢᠴᠠᠭᠠᠭᠰᠠᠨ ᠮᠠᠲ᠋ᠧᠷᠢᠶᠠᠯ ᠢ ᠨᠠᠷᠢᠨ ᠨᠢᠮᠪᠠᠢ ᠪᠢᠴᠢᠵᠦ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠢ᠃
ᠬᠤᠷᠠᠯ ᠠᠴᠠ ᠡᠩ ᠲᠡᠷᠢᠭᠦᠨ ᠳᠤ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠣᠣ ᠴᠦᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠭᠰᠠᠨ ᠪᠠᠶᠢᠴᠠᠭᠠᠯᠲᠠ ᠬᠢᠪᠡ᠃ ᠳᠠᠷᠠᠭ᠎ᠠ ᠨᠢ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠳ ᠨᠢᠭᠡ ᠪᠠᠷ ᠬᠠᠷᠭᠤᠭᠤᠯᠤᠭᠰᠠᠨ ᠪᠠᠶᠢᠴᠠᠭᠠᠯᠲᠠ ᠬᠢᠵᠦ᠂ ᠨᠥᠬᠦᠳ ᠨᠢᠭᠡᠪᠦᠷᠢ ᠦᠭᠡ ᠬᠡᠯᠡᠭᠰᠡᠨ ᠤ ᠳᠠᠷᠠᠭ᠎ᠠ ᠪᠤᠰᠤᠳ ᠨᠥᠬᠦᠳ ᠳᠠᠷᠠᠭᠠᠯᠠᠨ ᠰᠢᠭᠦᠮᠵᠢᠯᠡᠬᠦ ᠰᠠᠨᠠᠯ ᠳᠤᠷᠠᠳᠴᠠᠢ᠃
ᠰᠦᠨ ᠱᠣᠣ ᠴᠧᠩ ᠳ᠋ᠦᠩᠨᠡᠯᠲᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢᠭᠤᠷ ᠤᠯᠠᠶᠢᠨ ᠬᠥᠯᠥᠰᠦ ᠭᠠᠷᠭᠠᠬᠤ᠂ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠪᠦᠯᠬᠦᠮᠳᠡᠯ ᠢ ᠴᠢᠩᠭᠠᠳᠬᠠᠬᠤ ᠦᠷ᠎ᠡ ᠪᠦᠲᠦᠮᠵᠢ ᠣᠯᠪᠠ᠃ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠬᠡᠷᠡᠭᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠢᠴᠢ ᠡᠨᠡ ᠬᠦ ᠴᠢᠬᠤᠯᠠ ᠦᠵᠡᠯ ᠰᠠᠨᠠᠭ᠎ᠠ ᠶᠢᠨ 《ᠥᠪᠥᠷ ᠮᠣᠩᠭᠤᠯ ᠤᠨ ᠬᠠᠭᠤᠳᠠᠰᠤ》 ᠶᠢ ᠦᠷᠭᠦᠯᠵᠢᠯᠡᠨ ᠭᠦᠨᠵᠡᠭᠡᠢ ᠰᠣᠷᠣᠯᠴᠠᠨ ᠂ 《ᠬᠤᠶᠠᠷ ᠢ ᠲᠣᠭᠲᠠᠭᠠᠭᠰᠠᠨ》 ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠨᠡᠩ ᠭᠦᠨᠵᠡᠭᠡᠢ ᠣᠶᠢᠯᠠᠭᠠᠵᠤ᠂ 《ᠬᠤᠶᠠᠷ ᠢ ᠬᠠᠮᠠᠭᠠᠯᠠᠬᠤ》 ᠶᠢ ᠨᠡᠩ ᠡᠷᠡᠰ ᠪᠠᠲᠤ ᠤᠬᠠᠮᠰᠠᠷ ᠠᠴᠠ ᠪᠠᠨ ᠪᠡᠶᠡᠯᠡᠭᠦᠯᠬᠦ ᠬᠡᠷᠡᠭᠲᠡᠢ᠃ ᠠᠯᠢᠪᠠ ᠶᠠᠪᠤᠳᠠᠯ ᠢ ᠤᠯᠤᠰ ᠲᠥᠷᠥ ᠶᠢᠨ ᠲᠠᠯ᠎ᠠ ᠠᠴᠠ ᠪᠣᠳᠣᠯᠬᠢᠯᠠᠵᠤ᠂ ᠨᠠᠮ ᠤᠨ ᠲᠥᠪ ᠬᠤᠷᠢᠶ᠎ᠠ ᠶᠢᠨ ᠵᠣᠷᠢᠭ ᠰᠠᠨᠠᠭ᠎ᠠ ᠲᠠᠢ ᠨᠡᠩ ᠤᠬᠠᠮᠰᠠᠷ ᠠᠴᠠ ᠪᠠᠨ ᠪᠠᠷᠢᠮᠵᠢᠶᠠᠯᠠᠨ ᠬᠠᠷᠭᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ ᠠᠵᠢᠯ ᠢᠶᠠᠨ ᠰᠠᠶᠢᠲᠤᠷ ᠬᠢᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠤᠯᠤᠰ ᠲᠥᠷᠥ ᠶᠢᠨ ᠴᠢᠭᠯᠡᠯ ᠢ ᠢᠮᠠᠭᠲᠠ ᠪᠠᠲᠤ ᠡᠵᠡᠮᠳᠡᠬᠦ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠡᠯ᠎ᠡ ᠲᠠᠯ᠎ᠠ ᠪᠥᠬᠦ ᠶᠠᠪᠤᠴᠠ ᠳᠤ ᠪᠦᠷᠢᠨ ᠪᠦᠲᠦᠨ᠂ ᠵᠥᠪ ᠣᠨᠣᠪᠴᠢᠲᠠᠢ᠂ ᠪᠥᠬᠦ ᠲᠠᠯ᠎ᠠ ᠪᠠᠷ ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠳᠤ ᠲᠡᠭᠦᠨ ᠢᠶᠠᠷ ᠤᠷᠢᠳᠠᠴᠢ ᠬᠢᠨᠠᠨ ᠬᠠᠷᠭᠤᠭᠤᠯᠬᠤ ᠨᠥᠬᠦᠴᠡᠯ ᠪᠣᠯᠭᠠᠵᠤ᠂ ᠴᠢᠬᠤᠯᠠ ᠶᠡᠭᠡ ᠵᠦᠢᠯ ᠢ ᠶᠠᠷᠢᠯᠴᠠᠨ ᠲᠣᠭᠲᠠᠭᠠᠬᠤ ᠳᠤ ᠲᠡᠭᠦᠨ ᠢᠶᠠᠷ ᠴᠢᠬᠤᠯᠠ ᠬᠡᠮᠵᠢᠭᠦᠷ ᠪᠣᠯᠭᠠᠵᠤ᠂ ᠬᠢᠨᠠᠯᠲᠠ ᠲᠠᠯᠪᠢᠬᠤ ᠶᠢ ᠥᠷᠨᠢᠭᠦᠯᠬᠦ ᠳᠤ ᠲᠡᠭᠦᠨ ᠢᠶᠠᠷ ᠴᠢᠬᠤᠯᠠ ᠠᠭᠤᠯᠭ᠎ᠠ ᠪᠣᠯᠭᠠᠵᠤ᠂ ᠲᠥᠯᠥᠭᠡᠯᠡᠭᠴᠢᠳ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠳᠤ ᠲᠡᠭᠦᠨ ᠢᠶᠠᠷ ᠰᠠᠭᠤᠷᠢ ᠭᠤᠭᠴᠤᠭ᠎ᠠ ᠪᠣᠯᠭᠠᠬᠤ ᠬᠡᠷᠡᠭᠲᠡᠢ᠃ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠲᠠᠢ ᠨᠢᠭᠲᠠ ᠤᠶᠠᠯᠳᠤᠭᠤᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡᠯᠡᠯ ᠢ ᠢᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢ ᠬᠠᠨᠳᠢᠪᠯᠠᠵᠤ᠂ ᠣᠷᠣᠨ ᠨᠤᠲᠤᠭ ᠤᠨ ᠬᠠᠤᠯᠢ ᠲᠣᠭᠲᠠᠭᠠᠬᠤ ᠶᠢ ᠴᠢᠩᠭᠠᠳᠬᠠᠬᠤ ᠪᠠᠷ ᠳᠠᠮᠵᠢᠭᠤᠯᠤᠨ ᠬᠤᠶᠠᠷ ᠶᠡᠭᠡ ᠶᠠᠪᠤᠳᠠᠯ ᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠬᠥᠭᠵᠢᠭᠦᠯᠬᠦ ᠳᠤᠮᠳᠠᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠣᠯᠠᠨ ᠲᠦᠮᠡᠨ ᠲᠠᠢ ᠬᠠᠷᠢᠯᠴᠠᠵᠤ ᠣᠯᠠᠨ ᠲᠦᠮᠡᠨ ᠳᠤ ᠦᠢᠯᠡᠴᠢᠯᠡᠬᠦ ᠳᠤᠮᠳᠠ ᠰᠠᠨᠠᠭᠠᠴᠢᠯᠠᠭ᠎ᠠ ᠠᠴᠠ ᠪᠠᠨ ᠡᠭᠦᠷᠭᠡᠯᠡᠯ ᠡᠭᠦᠷᠭᠡᠯᠡᠬᠦ᠂ ᠬᠢᠨᠠᠯᠲᠠ ᠲᠠᠯᠪᠢᠬᠤ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢᠨ ᠳᠤᠮᠳᠠ ᠢᠳᠡᠪᠬᠢᠲᠡᠢ ᠪᠠᠷ ᠰᠠᠨᠠᠯ ᠢᠶᠠᠨ ᠢᠯᠡᠳᠬᠡᠬᠦ᠂ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠬᠤ ᠳᠤᠮᠳᠠ ᠪᠦᠲᠦᠮᠵᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠶᠢ ᠠᠬᠢᠭᠤᠯᠬᠤ ᠬᠡᠷᠡᠭᠲᠡᠢ ᠭᠡᠪᠡ᠃
ᠰᠦᠨ ᠱᠣᠣ ᠴᠧᠩ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ ᠳᠤ ᠳᠡᠪᠰᠢᠨ ᠣᠷᠣᠬᠤ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠪᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠲᠦᠷᠦᠭᠦᠯᠡᠨ 《ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ》 ᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ 《ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠶᠢ ᠲᠦᠷᠭᠡᠳᠬᠡᠬᠦ》 ᠶᠢ ᠦᠷᠭᠦᠯᠵᠢᠯᠡᠨ ᠠᠬᠢᠭᠤᠯᠵᠤ᠂ ᠠᠵᠢᠯ ᠤᠨ ᠲᠦᠪᠰᠢᠨ ᠢᠶᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠥᠵᠢᠯ ᠳᠤᠮᠳᠠ ᠨᠡᠩ ᠶᠡᠭᠡ ᠦᠢᠯᠡᠳᠦᠯ ᠦᠵᠡᠭᠦᠯᠬᠦ ᠶᠢ ᠬᠥᠲᠥᠯᠥᠨ ᠠᠬᠢᠭᠤᠯᠵᠤ᠂ ᠡᠯ᠎ᠡ ᠲᠠᠯ᠎ᠠ ᠶᠢᠨ ᠠᠵᠢᠯ ᠢ ᠨᠡᠩ ᠰᠠᠶᠢᠲᠤᠷ ᠬᠢᠬᠦ ᠬᠡᠷᠡᠭᠲᠡᠢ᠃ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠬᠢᠨ ᠤᠬᠠᠮᠰᠠᠷ ᠠᠴᠠ ᠪᠠᠨ ᠥᠪᠡᠷ ᠢ ᠪᠠᠨ ᠴᠢᠩᠭ᠎ᠠ ᠱᠠᠭᠠᠷᠳᠠᠵᠤ᠂ ᠪᠡᠶ᠎ᠡ ᠪᠠᠷ ᠢᠶᠠᠨ ᠬᠡᠪ ᠳᠦᠷᠢᠮ ᠪᠣᠯᠵᠤ᠂ ᠡᠩᠨᠡᠭᠡᠨ ᠤ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠪᠡ᠃
ᠯᠢ ᠪᠢᠩ ᠷᠥᠩ ᠬᠤᠷᠠᠯ ᠳᠤ ᠰᠤᠯᠠ ᠣᠷᠣᠯᠴᠠᠵᠠᠢ᠃