ᠵᠤᠬᠢᠶᠠᠭᠴᠢ:
ᠴᠠᠭ:2023-09-01
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
300 ᠵᠠᠯᠠᠭᠤ ᠰᠠᠶᠢᠨ ᠳᠤᠷᠠᠴᠤᠤᠯ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠳᠤ ᠦᠢᠯᠡᠴᠢᠯᠡᠨ᠎ᠡ ᠶᠠᠩ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠭᠦᠢᠴᠡᠳᠬᠡᠬᠦ ᠵᠥᠪᠯᠡᠯ ᠢ ᠲᠥᠯᠥᠭᠡᠯᠡᠨ ᠰᠠᠶᠢᠨ ᠲᠤᠷᠠᠴᠤᠳ ᠤᠨ ᠦᠢᠯᠡᠴᠢᠯᠡᠭᠡᠨ ᠤ ᠶᠡᠷᠦᠩᠬᠡᠢ ᠠᠩᠭᠢ ᠳᠤ ᠲᠤᠭ ᠣᠯᠭᠤᠵᠠᠢ
2023 8 ᠰᠠᠷ᠎ᠠ ᠶᠢᠨ 27 ᠤ ᠡᠳᠦᠷ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠭᠦᠢᠴᠡᠳᠬᠡᠬᠦ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠠᠴᠠ ᠭᠤᠣᠯᠯᠠᠨ ᠡᠷᠭᠢᠯᠡᠭᠰᠡᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ — ᠮᠣᠩᠭᠤᠯ ᠤᠯᠤᠰ ᠤᠨ ᠦᠵᠡᠰᠭᠦᠯᠡᠩ ᠤᠨ ᠴᠤᠭᠯᠠᠭᠠᠨ ᠤ ᠰᠠᠶᠢᠨ ᠲᠤᠷᠠᠴᠤᠳ ᠤᠨ ᠠᠵᠢᠯ ᠤᠨ ᠪᠠᠶᠢᠷᠢᠨ ᠳᠤ ᠭᠠᠷᠬᠤ ᠶᠣᠰᠣᠯᠠᠯ ᠭᠦᠭᠡᠬᠤᠲᠠ ᠳᠤ ᠶᠠᠪᠤᠭᠳᠠᠪᠠ᠃
ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠭᠦᠢᠴᠡᠳᠬᠡᠬᠦ ᠵᠥᠪᠯᠡᠯ ᠤᠨ ᠡᠷᠭᠢᠯᠡᠭᠴᠢ ᠶᠠᠩ ᠶᠢᠨ ᠳᠥᠷᠪᠡᠳᠦᠭᠡᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠭᠦᠢᠴᠡᠳᠬᠡᠬᠦ ᠵᠥᠪᠯᠡᠯ ᠢ ᠲᠥᠯᠥᠭᠡᠯᠡᠨ ᠰᠠᠶᠢᠨ ᠲᠤᠷᠠᠴᠤᠳ ᠤᠨ ᠦᠢᠯᠡᠴᠢᠯᠡᠭᠡᠨ ᠤ ᠶᠡᠷᠦᠩᠬᠡᠢ ᠠᠩᠭᠢ ᠳᠤ ᠲᠤᠭ ᠣᠯᠭᠤᠵᠠᠢ᠃
ᠲᠣᠰ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠳᠤ ᠨᠡᠶᠢᠲᠡ 300 ᠭᠠᠷᠤᠢ ᠰᠠᠶᠢᠨ ᠲᠤᠷᠠᠴᠤᠤᠯ ᠢ ᠡᠯᠰᠡᠵᠦ᠂ ᠭᠠᠳᠠᠭᠠᠳᠤ ᠶᠠᠪᠤᠳᠠᠯ ᠤᠨ ᠶᠣᠰᠣᠯᠠᠯ᠂ ᠦᠵᠡᠰᠭᠦᠯᠡᠩ ᠦᠵᠡᠭᠦᠯᠭᠡ᠂ ᠳᠠᠩᠰᠠᠯᠠᠭᠤᠯᠵᠤ ᠠᠰᠠᠭᠤᠨ ᠯᠠᠪᠯᠠᠬᠤ᠂ ᠠᠮᠤᠷ ᠲᠦᠪᠰᠢᠨ ᠤ ᠪᠠᠲᠤᠯᠠᠭ᠎ᠠ᠂ ᠭᠥᠯᠢᠶᠡᠨ ᠠᠪᠴᠤ ᠬᠠᠷᠢᠯᠴᠠᠬᠤ ᠵᠡᠷᠭᠡ ᠲᠠᠯ᠎ᠠ ᠪᠠᠷ ᠬᠤᠷᠠᠯ ᠳᠤ ᠣᠷᠣᠯᠴᠠᠬᠰᠠᠨ ᠡᠷᠬᠢᠮ ᠵᠣᠴᠢᠳ ᠲᠤ ᠦᠢᠯᠡᠴᠢᠯᠡᠭᠡ ᠬᠠᠩᠭᠠᠵᠤ᠂ ᠪᠦᠭᠦ ᠳᠡᠯᠡᠬᠡᠢ ᠳᠤ ᠥᠪᠥᠷ ᠮᠣᠩᠭᠤᠯ ᠤᠨ ᠵᠠᠯᠠᠭᠤᠴᠤᠳ ᠤᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠥᠪᠥᠷ ᠮᠣᠩᠭᠤᠯ ᠤᠨ ᠵᠠᠯᠠᠭᠤ ᠰᠠᠶᠢᠨ ᠲᠤᠷᠠᠴᠤᠳ ᠤᠨ ᠭᠢᠯᠠᠯᠵᠠᠮ᠎ᠠ 《ᠨᠡᠷ᠎ᠡ ᠶᠢᠨ ᠬᠠᠭᠤᠳᠠᠰᠤ》 ᠶᠢ ᠳᠡᠯᠭᠡᠨ ᠦᠵᠡᠭᠦᠯᠭᠦ ᠪᠣᠯᠣᠨ᠎ᠠ᠃