ᠵᠤᠬᠢᠶᠠᠭᠴᠢ: ᠴᠠᠭ:2023-09-01 ᠥᠵᠡᠭᠰᠡᠨ : ᠢᠷᠡᠯᠲᠡ:  《 ᠥᠪᠥᠷ ᠮᠣᠩᠭᠤᠯ ᠤᠨ ᠡᠳᠦᠷ ᠤᠨ ᠰᠣᠨᠢᠨ》  
ᠰᠢ ᠶᠢᠨ ᠫᠢᠩ ᠠᠯᠳᠠᠨ ᠲᠣᠭᠤᠰᠭ᠋᠎ᠠ ᠤᠯᠤᠰ ᠤᠳ ᠤᠨ ᠠᠹᠷᠢᠺᠠ ᠲᠢᠪ ᠤᠨ ᠤᠯᠤᠰ ᠵᠢᠴᠢ ᠪᠤᠰᠤᠳ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠪᠠ ᠬᠥᠭᠵᠢᠵᠦ ᠪᠠᠶᠢᠭ᠎ᠠ ᠤᠯᠤᠰ ᠯᠤᠭ᠎ᠠ ᠶᠢᠨ ᠤᠳᠤᠷᠢᠳᠬᠤ ᠬᠥᠮᠥᠰ ᠤᠨ ᠶᠠᠷᠢᠯᠴᠠᠭ᠎ᠠ ᠶᠢᠨ ᠬᠤᠷᠠᠯ ᠳᠤ ᠣᠷᠣᠯᠴᠠᠪᠠ

 

ᠰᠢᠨᠬᠤᠸᠠ ᠬᠤᠷᠢᠶ᠎ᠠ ᠶᠢᠨ ᠶᠤᠬᠠᠨᠨᠧᠰᠪᠦ᠋ᠷᠡᠭ ᠤᠨ 2023  8  ᠰᠠᠷ᠎ᠠ ᠶᠢᠨ 24 ᠤ  ᠴᠠᠭᠢᠯᠭᠠᠨ ᠮᠡᠳᠡᠭᠡ  ᠲᠤᠬᠠᠢ ᠶᠢᠨ ᠭᠠᠵᠠᠷ ᠤᠨ ᠴᠠᠭ ᠢᠶᠠᠷ 8  ᠰᠠᠷ᠎ᠠ ᠶᠢᠨ 24 ᠤ  ᠦᠳᠡ ᠶᠢᠨ ᠡᠮᠦᠨ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠶᠤᠬᠠᠨᠨᠧᠰᠪᠦ᠋ᠷᠡᠭ ᠲᠤ ᠠᠯᠳᠠᠨ ᠲᠣᠭᠤᠰᠭ᠋᠎ᠠ ᠤᠯᠤᠰ ᠤᠳ ᠤᠨ ᠠᠹᠷᠢᠺᠠ ᠲᠢᠪ ᠤᠨ ᠤᠯᠤᠰ ᠵᠢᠴᠢ ᠪᠤᠰᠤᠳ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠪᠠ ᠬᠥᠭᠵᠢᠵᠦ ᠪᠠᠶᠢᠭ᠎ᠠ ᠤᠯᠤᠰ ᠯᠤᠭ᠎ᠠ ᠶᠢᠨ ᠤᠳᠤᠷᠢᠳᠬᠤ ᠬᠥᠮᠥᠰ ᠤᠨ ᠶᠠᠷᠢᠯᠴᠠᠭ᠎ᠠ ᠶᠢᠨ ᠬᠤᠷᠠᠯ ᠳᠤ ᠣᠷᠣᠯᠴᠠᠪᠠ ᠃

ᠬᠤᠷᠠᠯ ᠢ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠡᠷᠭᠢᠯᠡᠵᠥ ᠂ ᠪᠷᠠᠽᠢᠯ ᠤᠨ ᠶᠡᠷᠦᠩᠬᠡᠶᠢᠯᠡᠭᠴᠢ ᠯᠦᠯᠠ ᠂ ᠡᠨᠡᠳᠬᠡᠭ ᠤᠨ ᠶᠡᠷᠦᠩᠬᠡᠢ ᠰᠠᠶᠢᠳ ᠮᠦᠸᠧᠳᠢ ᠂ ᠤᠷᠤᠰ ᠤᠨ ᠶᠡᠷᠦᠩᠬᠡᠶᠢᠯᠡᠭᠴᠢ ᠫᠦᠲ᠋ᠢᠨ ︵ᠰᠦᠯᠵᠢᠶᠡᠨ ᠳᠡᠭᠡᠷ᠎ᠡ ︶ ᠪᠣᠯᠣᠨ ᠠᠹᠷᠢᠺᠠ ᠲᠢᠪ ᠤᠨ ᠤᠯᠤᠰ ᠵᠢᠴᠢ ᠪᠤᠰᠤᠳ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠪᠠ ᠬᠥᠭᠵᠢᠵᠦ ᠪᠠᠶᠢᠭ᠎ᠠ ᠤᠯᠤᠰ ᠤᠨ 60 ᠭᠠᠷᠤᠢ ᠤᠳᠤᠷᠢᠳᠬᠤ ᠬᠥᠮᠥᠨ ᠪᠤᠶᠤ ᠲᠥᠯᠥᠭᠡᠯᠡᠭᠴᠢ ᠵᠢᠴᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠨᠠᠷᠢᠨ ᠪᠢᠴᠢᠭ ᠤᠨ ᠳᠠᠷᠤᠭ᠎ᠠ ᠭᠦᠲ᠋ᠧᠯᠸᠶᠢᠰ ᠂ ᠰᠢᠨ᠎ᠡ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠳᠠᠷᠤᠭ᠎ᠠ ᠯᠦᠸᠧᠰᠠᠶᠢᠹ ᠵᠡᠷᠭᠡ ᠳᠡᠯᠡᠬᠡᠢ ᠶᠢᠨ ᠪᠠ ᠭᠠᠵᠠᠷ ᠣᠷᠣᠨ ᠤ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠣᠷᠣᠯᠴᠠᠪᠠ ᠃

ᠰᠢ ᠶᠢᠨ ᠫᠢᠩ 《ᠰᠡᠳᠬᠢᠯ ᠨᠢᠭᠡᠳᠦᠨ ᠬᠦᠴᠦᠨ ᠢᠶᠠᠨ ᠬᠠᠮᠲᠤᠳᠬᠠᠵᠤ ᠭᠠᠷ ᠬᠤᠯᠪᠣᠯᠴᠠᠨ ᠬᠠᠮᠲᠤ ᠪᠠᠷ ᠤᠷᠤᠭᠰᠢᠯᠠᠵᠤ ᠬᠥᠭᠵᠢᠯᠲᠡ ᠶᠢᠨ ᠬᠠᠮᠲᠤ ᠶᠢᠨ ᠴᠣᠭᠴᠠ ᠲᠡᠶᠢᠰᠢ ᠤᠷᠤᠭᠰᠢᠯᠠᠶ᠎ᠠ 》 ᠭᠡᠬᠦ ᠰᠡᠳᠦᠪ ᠢᠶᠠᠷ ᠶᠠᠷᠢᠶ᠎ᠠ ᠲᠠᠯᠪᠢᠪᠠ ᠃ ︵ᠶᠠᠷᠢᠶᠠᠨ ᠤ ᠪᠦᠭᠦ ᠠᠭᠤᠯᠭ᠎ᠠ ᠶᠢ ᠠᠰ ᠲᠤᠨᠢ ᠨᠡᠶᠢᠲᠡᠯᠡᠪᠡ ︶

ᠰᠢ ᠶᠢᠨ ᠫᠢᠩ ᠂ ᠬᠥᠭᠵᠢᠭᠦᠯᠦᠯᠲᠡ ᠨᠢ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠠᠴᠢᠶᠠᠯᠠᠵᠤ ᠂ ᠬᠥᠭᠵᠢᠵᠦ ᠪᠠᠶᠢᠭ᠎ᠠ ᠤᠯᠤᠰ ᠤᠨ ᠲᠡᠷᠢᠭᠦᠨ ᠴᠢᠬᠤᠯᠠ ᠡᠭᠦᠷᠭᠡ ᠮᠥᠨ ᠂ ᠮᠥᠨ ᠴᠤ ᠬᠥᠮᠥᠨ ᠲᠥᠷᠥᠯᠬᠢᠲᠡᠨ ᠤ ᠨᠡᠶᠢᠭᠡᠮ ᠤᠨ ᠮᠥᠩᠬᠡ ᠶᠢᠨ ᠭᠤᠣᠯ ᠰᠡᠳᠦᠪ ᠮᠥᠨ ᠃ ᠡᠨᠡ ᠵᠢᠯ ᠪᠣᠯ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠤᠨ ᠳᠤᠮᠳᠠ ᠬᠤᠭᠤᠴᠠᠭᠠᠨ ᠤ ᠦᠨᠡᠯᠡᠯᠲᠡ ᠶᠢᠨ ᠣᠨ ᠪᠣᠯᠣᠨ᠎ᠠ ᠃ ᠣᠳᠣᠬᠠᠨ ᠳᠤ ᠂ ᠣᠯᠠᠩᠬᠢ ᠦᠷᠭᠦᠯᠵᠢᠯᠡᠬᠦ ᠬᠥᠭᠵᠢᠯᠲᠡ ᠶᠢᠨ ᠬᠠᠷᠠᠯᠲᠠ ᠶᠢ ᠨᠠᠶᠢᠳᠠᠪᠤᠷᠢᠵᠢᠭᠤᠯᠬᠤ ᠨᠢ ᠤᠳᠠᠭᠠᠨ ᠪᠠᠶᠢᠵᠤ ᠂ ᠬᠥᠮᠥᠰ ᠢ ᠰᠠᠨᠠᠭᠠᠰᠢᠷᠠᠭᠤᠯᠵᠤ ᠪᠠᠶᠢᠨ᠎ᠠ ᠃ ᠪᠦᠭᠦ ᠪᠥᠮᠪᠥᠷᠴᠡᠭ ᠤᠨ ᠬᠥᠭᠵᠢᠯᠲᠡ ᠶᠢᠨ ᠦᠢᠯᠡᠰ ᠯᠤᠲᠤ ᠶᠡᠭᠡ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ ᠃ ᠳᠡᠯᠡᠬᠡᠢ ᠨᠡᠶᠢᠭᠡᠮ ᠢᠶᠠᠷ ᠢᠶᠠᠨ ᠳᠡᠯᠡᠬᠡᠢ ᠳ᠋ᠠᠬᠢᠨ ᠤ ᠠᠰᠢᠭ ᠲᠤᠰᠠ ᠪᠠᠷ ᠠᠰᠢᠭ ᠲᠤᠰᠠ ᠪᠠᠨ ᠪᠤᠯᠭᠠᠵᠤ ᠂ ᠠᠷᠠᠳ ᠲᠦᠮᠡᠨ ᠤ ᠪᠤᠳᠤᠯ ᠰᠡᠳᠬᠢᠯ ᠢᠶᠠᠷ ᠪᠤᠳᠤᠯ ᠰᠡᠳᠬᠢᠯ ᠢᠶᠠᠨ ᠪᠤᠯᠭᠠᠵᠤ ᠂ ᠬᠥᠭᠵᠢᠯᠲᠡ ᠶᠢᠨ ᠠᠰᠠᠭᠤᠳᠠᠯ ᠢ ᠳᠠᠬᠢᠨᠲᠠ ᠤᠯᠠᠨ ᠤᠯᠤᠰ ᠤᠨ ᠵᠥᠪᠯᠡᠬᠦ ᠵᠦᠢᠯᠡᠰ ᠤᠨ ᠭᠤᠣᠯᠳᠠᠯᠭ᠎ᠠ ᠪᠤᠯᠭᠠᠬᠤ ᠶᠢ ᠠᠬᠢᠭᠤᠯᠤᠶ᠎ᠠ ᠃ ᠪᠦᠭᠦ ᠪᠥᠮᠪᠥᠷᠴᠡᠭ ᠤᠨ ᠵᠠᠰᠠᠯᠲᠠ ᠳᠤᠮᠳᠠᠬᠢ ᠬᠥᠭᠵᠢᠵᠦ ᠪᠠᠶᠢᠭ᠎ᠠ ᠤᠯᠤᠰ ᠤᠨ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠵᠦ ᠂ ᠬᠥᠭᠵᠢᠵᠦ ᠪᠠᠶᠢᠭ᠎ᠠ ᠤᠯᠤᠰ ᠤᠨ ᠨᠡᠩ ᠰᠠᠶᠢᠨ ᠬᠥᠭᠵᠢᠯᠲᠡ ᠶᠢ ᠪᠡᠶᠡᠯᠡᠭᠦᠯᠬᠦ ᠶᠢ ᠳᠡᠮᠵᠢᠶ᠎ᠡ ᠃ ᠵᠢᠩᠬᠢᠨᠢ ᠤᠯᠠᠨ ᠲᠠᠯᠠᠲᠤ ᠦᠵᠡᠯ ᠢ ᠪᠠᠷᠢᠮᠲᠠᠯᠠᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠬᠠᠨᠢᠲᠠᠨ ᠤ ᠬᠠᠷᠢᠯᠴᠠᠭ᠎ᠠ ᠶᠢ ᠪᠠᠶᠢᠭᠤᠯᠵᠤ ᠂ ᠬᠠᠮᠲᠤ ᠶᠢᠨ ᠬᠥᠭᠵᠢᠯᠲᠡ ᠳᠤ ᠠᠮᠤᠷ ᠲᠦᠪᠰᠢᠨ ᠲᠣᠭᠲᠠᠭᠤᠨ ᠳᠡᠯᠡᠬᠡᠢ ᠶᠢᠨ ᠣᠷᠴᠢᠨ ᠲᠣᠭᠤᠷᠢᠨ ᠢ ᠪᠤᠢ ᠪᠣᠯᠭᠠᠶ᠎ᠠ ᠭᠡᠵᠦ ᠵᠢᠭᠠᠵᠤ ᠭᠠᠷᠭᠠᠪᠠ ᠃

ᠰᠢ ᠶᠢᠨ ᠫᠢᠩ ᠂ ᠳᠤᠮᠳᠠᠳᠤ ᠤᠯᠤᠰ ᠢᠮᠠᠭᠲᠠ ᠬᠥᠭᠵᠢᠵᠦ ᠪᠠᠶᠢᠭ᠎ᠠ ᠤᠯᠤᠰ ᠲᠠᠢ ᠠᠮᠢᠰᠬᠤᠭ᠎ᠠ ᠪᠠᠨ ᠨᠢᠭᠡᠳᠬᠡᠵᠦ ᠂ ᠬᠤᠪᠢ ᠵᠠᠶᠠᠭ᠎ᠠ ᠪᠠᠨ ᠬᠠᠮᠲᠤᠳᠬᠠᠨ᠎ᠠ ᠂ ᠥᠩᠭᠡᠷᠡᠭᠰᠡᠨ ᠳᠤ ᠡᠶᠢᠮᠦ ᠂ ᠤᠳᠤ  ᠡᠶᠢᠮᠦ ᠂ ᠢᠷᠡᠭᠡᠳᠦᠢ ᠳᠤ ᠪᠠᠰᠠ ᠥᠨᠢ ᠡᠭᠦᠷᠢᠳᠡ ᠬᠥᠭᠵᠢᠵᠦ ᠪᠠᠶᠢᠭ᠎ᠠ ᠤᠯᠤᠰ ᠤᠨ ᠨᠢᠭᠡ ᠭᠡᠰᠢᠭᠦᠨ ᠪᠣᠯᠣᠨ᠎ᠠ  ᠪᠢ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠳᠤᠷᠠᠳᠤᠭᠰᠠᠨ ᠨᠢ ᠳᠠᠷᠤᠢ ᠳᠡᠯᠡᠬᠡᠢ ᠨᠡᠶᠢᠭᠡᠮ ᠢᠶᠠᠷ ᠢᠶᠠᠨ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ ᠂ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠢ ᠨᠠᠶᠢᠳᠠᠪᠤᠷᠢᠵᠢᠭᠤᠯᠬᠤ ᠳᠤ ᠬᠦᠴᠦᠨ ᠨᠡᠮᠡᠷᠢᠯᠡᠬᠦ ᠶᠢᠨ ᠲᠥᠯᠥᠭᠡ ᠶᠤᠮ ᠃ ᠨᠢᠳᠤᠨᠤᠨ ᠂ ᠳᠤᠮᠳᠠᠳᠤ ᠤᠯᠤᠰ ᠠᠩᠬᠠᠳᠤᠭᠠᠷ ᠬᠤᠭᠤᠴᠠᠭᠠᠨ ᠤ ᠪᠦᠭᠦ ᠪᠥᠮᠪᠥᠷᠴᠡᠭ ᠤᠨ ᠬᠥᠭᠵᠢᠯᠲᠡ ᠶᠢᠨ ᠳᠡᠭᠡᠳᠦ ᠳᠠᠪᠬᠤᠷᠭ᠎ᠠ ᠶᠢᠨ ᠶᠠᠷᠢᠯᠴᠠᠭᠠᠨ ᠤ ᠬᠤᠷᠠᠯ ᠢ ᠡᠷᠭᠢᠯᠡᠨ ᠬᠤᠷᠠᠯᠳᠤᠭᠤᠯᠵᠤ ᠂ ᠠᠯᠢ ᠤᠯᠠᠨ ᠬᠥᠭᠵᠢᠯᠲᠡ ᠶᠢᠨ ᠬᠠᠮᠲᠤᠷᠠᠯᠴᠠᠭᠠᠨ ᠤ ᠠᠷᠭ᠎ᠠ ᠬᠡᠮᠵᠢᠶ᠎ᠡ ᠶᠢ ᠲᠣᠭᠲᠠᠭᠠᠵᠤ ᠂ ᠪᠠᠶᠠᠷᠯᠠᠭᠤᠰᠢᠲᠠᠢ ᠠᠬᠢᠴᠠ ᠲᠠᠢ ᠪᠣᠯᠪᠠ ᠃ ᠪᠢᠳᠡ ᠬᠥᠭᠵᠢᠯᠲᠡ ᠶᠢ ᠤᠷᠢᠳ ᠢᠶᠠᠷ ᠪᠣᠳᠣᠯᠬᠢᠯᠠᠬᠤ ᠶᠢ ᠪᠠᠷᠢᠮᠲᠠᠯᠠᠵᠤ ᠂ ᠡᠬᠢ ᠪᠠᠶᠠᠯᠢᠭ ᠤᠨ ᠣᠷᠣᠭᠤᠯᠤᠯᠲᠠ ᠪᠠᠨ ᠨᠡᠮᠡᠭᠳᠡᠭᠦᠯᠵᠦ ᠂ ᠨᠢᠭᠡᠨᠲᠡ ᠪᠦᠭᠦ ᠪᠥᠮᠪᠥᠷᠴᠡᠭ ᠤᠨ ᠬᠥᠭᠵᠢᠯᠲᠡ ᠪᠣᠯᠣᠨ ᠬᠥᠭᠵᠢᠵᠦ ᠪᠠᠶᠢᠭ᠎ᠠ ᠤᠯᠤᠰ ᠤᠨ ᠬᠠᠮᠲᠤᠷᠠᠯᠴᠠᠭᠠᠨ ᠤ ᠰᠠᠭᠤᠷᠢ ᠮᠥᠩᠭᠦ ᠶᠢ ᠪᠠᠶᠢᠭᠤᠯᠵᠤ ᠂ ᠳᠤᠮᠳᠠᠳᠤ ᠤᠯᠤᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠤᠳᠠᠯ ᠦᠭᠡᠢ ᠲᠤᠰᠬᠠᠢ ᠪᠡᠯᠡ ᠮᠥᠩᠭᠦ ᠭᠠᠷᠭᠠᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠳᠤ ᠲᠤᠰᠬᠠᠢ ᠬᠡᠷᠡᠭᠯᠡᠨ᠎ᠡ ᠃ ᠪᠢᠳᠠ ᠠᠵᠢᠯᠯᠠᠭᠠᠨ ᠤ ᠤᠳᠤᠷᠢᠳᠤᠮᠵᠢ ᠶᠢ ᠪᠠᠷᠢᠮᠲᠠᠯᠠᠵᠤ ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠪᠡ ᠃ 200 ᠭᠠᠷᠤᠢ ᠬᠠᠮᠲᠤᠷᠠᠯᠴᠠᠭᠠᠨ ᠤ ᠲᠦᠷᠦᠯ ᠵᠦᠢᠯ ᠦᠷ᠎ᠡ ᠪᠦᠲᠦᠮᠵᠢ ᠣᠯᠵᠤ ᠂ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠂ ᠰᠤᠷᠭᠠᠨ ᠬᠥᠮᠦᠵᠢᠯ ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠳᠠᠬᠢ ᠬᠠᠮᠲᠤᠷᠠᠯᠴᠠᠭᠠᠨ ᠤ ᠲᠣᠭᠲᠠᠴᠠ ᠲᠠᠰᠤᠷᠠᠯᠳᠠ ᠦᠭᠡᠢ ᠥᠷᠭᠡᠵᠢᠪᠡ ᠃ ᠪᠢᠳᠡ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠶᠢ ᠪᠠᠷᠢᠮᠲᠠᠯᠠᠵᠤ ᠂ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠶᠢ ᠨᠡᠮᠡᠭᠳᠡᠭᠦᠯᠪᠡ ᠃ ᠪᠣᠬᠢᠷᠳᠤᠯ ᠦᠭᠡᠢ ᠬᠥᠭᠵᠢᠯᠲᠡ ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠂ ᠲᠣᠭᠠᠴᠢᠯᠠᠭᠰᠠᠨ ᠠᠵᠤ ᠠᠬᠤᠢ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ ᠂ ᠰᠢᠨ᠎ᠡ ᠠᠵᠤ ᠦᠢᠯᠡᠳᠪᠦᠷᠢ ᠶᠢᠨ ᠬᠤᠪᠢᠰᠬᠠᠯ ᠤᠨ ᠬᠠᠨᠢᠲᠠᠨ ᠤ ᠬᠠᠷᠢᠯᠴᠠᠭ᠎ᠠ ᠶᠢᠨ ᠪᠠᠶᠢᠭᠤᠯᠤᠯᠲᠠ ᠶᠢ ᠠᠬᠢᠭᠤᠯᠵᠤ ᠂ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ ᠃ ᠪᠢᠳᠠ ᠴᠠᠭ ᠤᠨ ᠪᠡᠷᠬᠡ ᠶᠢ ᠬᠠᠮᠲᠤ ᠪᠠᠷ ᠲᠤᠭᠤᠯᠬᠤ ᠶᠢ ᠪᠠᠷᠢᠮᠲᠠᠯᠠᠵᠤ ᠂ ᠬᠥᠭᠵᠢᠯᠲᠡ ᠶᠢᠨ ᠤᠶᠠᠨ ᠬᠠᠳᠠᠨ ᠴᠢᠨᠠᠷ ᠢ ᠳᠡᠭᠡᠭᠰᠢᠯᠡᠭᠦᠯᠪᠡ ᠃ ᠳᠤᠮᠳᠠᠳᠤ ᠤᠯᠤᠰ — ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠮᠤ ᠪᠤᠳᠠᠭ᠎ᠠ ᠲᠠᠷᠢᠶᠠᠯᠠᠩ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠵᠦ ᠪᠠᠶᠢᠭ᠎ᠠ ᠤᠯᠤᠰ ᠤᠨ ᠬᠠᠮᠲᠤᠷᠠᠯᠴᠠᠭᠠᠨ ᠤ ᠢᠲᠡᠭᠡᠮᠵᠢᠲᠦ ᠨᠠᠶᠢᠳᠠᠯᠭ᠎ᠠ ᠶᠢᠨ ᠰᠠᠭᠤᠷᠢ ᠮᠥᠩᠭᠦ ᠶᠢ ᠡᠬᠢᠯᠡᠭᠦᠯᠵᠦ ᠂ ᠮᠠᠰᠢ ᠤᠯᠠᠨ ᠤᠯᠤᠰ ᠲᠤ ᠠᠮᠤ ᠪᠤᠳᠠᠭᠠᠨ ᠤ ᠲᠤᠰᠠᠯᠠᠮᠵᠢ ᠬᠠᠩᠭᠠᠵᠤ ᠂ ᠲᠠᠷᠢᠶᠠᠯᠠᠩ ᠤᠨ ᠮᠡᠷᠭᠡᠵᠢᠯ ᠤᠨ ᠮᠡᠳᠡᠯᠭᠡ ᠶᠢ ᠬᠤᠪᠢᠶᠠᠯᠴᠠᠨ ᠂ ᠪᠦᠭᠦ ᠪᠥᠮᠪᠥᠷᠴᠡᠭ ᠤᠨ ᠴᠡᠪᠡᠷ ᠡᠨᠧᠷᠭᠢ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠡᠭᠦᠰᠬᠡᠨ ᠪᠠᠶᠢᠭᠤᠯᠵᠤ ᠂ ᠡᠨᠧᠷᠭᠢ ᠶᠢᠨ ᠠᠮᠤᠷ ᠲᠦᠪᠰᠢᠨ ᠢ ᠪᠡᠶᠡᠯᠡᠭᠦᠯᠬᠦ ᠳᠤ ᠬᠦᠴᠦᠨ ᠨᠡᠮᠡᠷᠢᠯᠡᠪᠡ ᠭᠡᠵᠦ ᠵᠢᠭᠠᠵᠤ ᠭᠠᠷᠭᠠᠵᠠᠢ ᠃

ᠰᠢ ᠶᠢᠨ ᠫᠢᠩ ᠂ ᠳᠤᠮᠳᠠᠳᠤ ᠤᠯᠤᠰ ᠪᠣᠯ ᠠᠹᠷᠢᠺᠠ ᠲᠢᠪ ᠤᠨ ᠨᠠᠶᠢᠳᠠᠪᠤᠷᠢᠲᠠᠢ ᠨᠠᠶᠢᠵᠠ ᠮᠥᠨ ᠂ ᠥᠩᠭᠡᠷᠡᠭᠰᠡᠨ 10 ᠵᠢᠯ ᠳᠤ ᠠᠹᠷᠢᠺᠠ ᠲᠢᠪ ᠲᠤ ᠶᠡᠭᠡ ᠬᠡᠮᠵᠢᠶᠡᠨ ᠤ ᠬᠥᠭᠵᠢᠯᠲᠡ ᠶᠢᠨ ᠲᠤᠰᠠᠯᠠᠮᠵᠢ ᠬᠠᠩᠭᠠᠵᠤ ᠂ 6000 ᠭᠠᠷᠤᠢ ᠺᠢᠯᠣᠮᠧᠲᠷ ᠤᠨ ᠲᠡᠮᠦᠷ ᠵᠠᠮ ᠂ 6000 ᠭᠠᠷᠤᠢ ᠺᠢᠯᠣᠮᠧᠲᠷ ᠤᠨ ᠵᠠᠰᠠᠮᠠᠯ ᠵᠠᠮ ᠂ 80 ᠭᠠᠷᠤᠢ ᠲᠣᠮᠣ ᠭᠡᠯᠪᠡᠷᠢ ᠶᠢᠨ ᠴᠠᠭᠢᠯᠭᠠᠨ ᠬᠦᠴᠦᠨ ᠤ ᠲᠥᠬᠦᠭᠡᠷᠦᠮᠵᠢ ᠶᠢ ᠪᠦᠲᠦᠭᠡᠨ ᠪᠠᠶᠢᠭᠤᠯᠬᠤ ᠳᠤ ᠣᠷᠣᠯᠴᠠᠪᠠ ᠃ ᠲᠠᠷᠠᠭᠠᠴᠢ ᠶᠢᠨ   ᠳᠤ ᠂ ᠳᠤᠮᠳᠠᠳᠤ ᠤᠯᠤᠰ ᠠᠹᠷᠢᠺᠠ ᠲᠢᠪ ᠤᠨ ᠤᠯᠤᠰ  ᠨᠡᠩ ᠤᠯᠠᠨ ᠬᠠᠮᠲᠤᠷᠠᠯᠴᠠᠭ᠎ᠠ ᠥᠷᠨᠢᠭᠦᠯᠵᠦ ᠂ ᠠᠹᠷᠢᠺᠠ ᠲᠢᠪ ᠤᠨ ᠪᠡᠶ᠎ᠡ ᠪᠠᠨ ᠳᠠᠭᠠᠭᠠᠵᠤ ᠬᠥᠭᠵᠢᠬᠦ ᠴᠢᠳᠠᠪᠤᠷᠢ ᠪᠠᠨ ᠴᠢᠩᠭᠠᠳᠬᠠᠬᠤ ᠶᠢ ᠳᠡᠮᠵᠢᠨ᠎ᠠ ᠃ ᠡᠭᠦᠨ ᠳᠤ ᠳᠠᠭᠠᠭᠤᠯᠢ ᠤᠳᠤ ᠪᠠᠷ ᠬᠡᠮᠵᠢᠨ ᠵᠢᠷᠤᠭᠯᠠᠬᠤ ᠢᠵᠢ ᠪᠦᠷᠢᠨ ᠲᠤᠭ᠎ᠠ ᠪᠠᠷᠢᠮᠲᠠ ᠶᠢᠨ ᠦᠢᠯᠡᠳᠬᠦᠨ ᠢ ᠬᠠᠩᠭᠠᠬᠤ  《ᠣᠶᠤᠨᠴᠢ ᠪᠣᠭᠤᠮᠲᠠ 》 ᠶᠢᠨ ᠬᠠᠮᠲᠤᠷᠠᠯᠴᠠᠭᠠᠨ ᠤ ᠬᠠᠨᠢᠲᠠᠨ ᠤ ᠲᠥᠯᠥᠪᠯᠡᠭᠡ ᠶᠢ ᠭᠡᠷᠡᠭᠵᠢᠭᠦᠯᠭᠦ  ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠲᠠᠢ ᠬᠠᠮᠵᠢᠯᠴᠠᠨ 《ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠪᠠᠷ ᠠᠹᠷᠢᠺᠠ ᠲᠢᠪ ᠤᠨ ᠢᠷᠡᠭᠡᠳᠦᠢ ᠳᠤ ᠬᠦᠴᠦᠨ ᠨᠡᠮᠡᠷᠢᠯᠡᠬᠦ 》 ᠠᠵᠢᠯᠯᠠᠭ᠎ᠠ ᠶᠢ ᠥᠷᠨᠢᠭᠦᠯᠬᠦ ᠵᠡᠷᠭᠡ ᠪᠠᠷ ᠠᠹᠷᠢᠺᠠ ᠲᠢᠪ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠶᠢ ᠢᠳᠡᠪᠬᠢᠲᠡᠢ ᠲᠡᠮᠵᠢᠨ᠎ᠠ ᠃ ᠪᠢᠳᠡ ᠢᠲᠡᠭᠡᠯ ᠢᠶᠠᠨ ᠪᠠᠲᠤᠳᠬᠠᠨ ᠂ ᠪᠦᠭᠦᠳᠡ ᠤᠯᠠᠨ ᠢᠶᠠᠷ ᠢᠶᠠᠨ ᠰᠡᠳᠬᠢᠯ ᠨᠢᠭᠡᠳᠦᠨ ᠂ ᠬᠥᠭᠵᠢᠯᠲᠡ ᠶᠢᠨ ᠬᠠᠮᠲᠤ ᠶᠢᠨ ᠴᠣᠭᠴᠠ ᠶᠢ ᠭᠠᠷ ᠬᠤᠯᠪᠣᠯᠴᠠᠨ ᠪᠠᠶᠢᠭᠤᠯᠵᠤ ᠂ ᠠᠯᠢ ᠨᠢᠭᠡᠨ ᠤᠯᠤᠰ ᠢ ᠴᠤ ᠳᠡᠯᠡᠬᠡᠢ ᠶᠢᠨ ᠣᠳᠣᠬᠢᠴᠢᠯᠠᠯᠲᠠ ᠶᠢᠨ ᠠᠬᠢᠴᠠ ᠳᠤᠮᠳᠠ ᠡᠩᠨᠡᠭᠡ ᠠᠴᠠ ᠨᠢ ᠪᠤᠤ ᠬᠤᠴᠣᠷᠤᠭᠤᠯᠤᠶ᠎ᠠ ᠭᠡᠵᠦ ᠴᠢᠬᠤᠯᠠᠴᠢᠯᠠᠵᠠᠢ ᠃

ᠬᠤᠷᠠᠯ ᠳᠤ ᠣᠷᠣᠯᠴᠠᠬᠰᠠᠨ ᠤᠳᠤᠷᠢᠳᠬᠤ ᠬᠥᠮᠥᠰ ᠬᠠᠮᠲᠤ ᠶᠢᠨ ᠭᠡᠷᠡᠯ ᠵᠢᠷᠤᠭ ᠲᠠᠲᠠᠭᠤᠯᠵᠠᠢ ᠃

ᠼᠠᠢ ᠴᠢ ᠂ ᠸᠠᠩ ᠢ ᠶᠠᠷᠢᠯᠴᠠᠭ᠎ᠠ ᠶᠢᠨ ᠬᠤᠷᠠᠯ ᠳᠤ ᠣᠷᠣᠯᠴᠠᠪᠠ ᠃

 

 


   :                    
   :           
备案序号:蒙ICP备05003250号 公安备案15010502000173