ᠵᠤᠬᠢᠶᠠᠭᠴᠢ: ᠴᠠᠭ:2023-09-15 ᠥᠵᠡᠭᠰᠡᠨ : ᠢᠷᠡᠯᠲᠡ:   《  ᠥᠪᠥᠷ ᠮᠣᠩᠭᠤᠯ ᠤᠨ ᠡᠳᠦᠷ ᠤᠨ ᠰᠣᠨᠢᠨ 》  
2023 ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ ᠡᠬᠢᠯᠡᠪᠡ   ᠬᠤ᠋ ᠾᠧ ᠫᠢᠩ   ᠯᠢᠦᠢ ᠶᠠᠨ ᠰᠦᠩ    ᠸᠠᠩ ᠯᠢ ᠰᠢᠶᠠ ᠪᠠᠶᠠᠷ ᠤᠨ ᠦᠭᠡ ᠬᠡᠯᠡᠵᠡᠢ

 

9  ᠰᠠᠷ᠎ᠠ ᠶᠢᠨ 2 ᠤᠨ ᠡᠳᠦᠷ᠂ 2023 ᠳᠤᠮᠳᠠᠳᠤ ᠤᠯᠤᠰ ︵ᠷᠠᠰᠢᠶᠠᠨ︶ ᠤᠨ ᠵᠢᠭᠤᠯᠴᠢᠯᠠᠯ ᠤᠨ ᠶᠡᠭᠡ ᠬᠤᠷᠠᠯ ᠡᠬᠢᠯᠡᠪᠡ᠃ ᠲᠥᠪ ᠤᠨ ᠤᠬᠠᠭᠤᠯᠬᠤ ᠬᠡᠯᠲᠡᠰ ᠤᠨ ᠡᠳᠦᠷ ᠲᠤᠳᠤᠮ ᠤᠨ ᠠᠵᠢᠯ ᠢ ᠬᠠᠮᠢᠶᠠᠷᠴᠤ ᠪᠠᠶᠢᠭ᠎ᠠ ᠳᠡᠳ᠋ ᠳᠠᠷᠤᠭ᠎ᠠ᠂ ᠰᠣᠶᠣᠯ ᠪᠠ ᠵᠢᠭᠤᠯᠴᠢᠯᠠᠯ ᠤᠨ ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠳᠠᠷᠤᠭ᠎ᠠ ᠬᠤ᠋ ᠾᠧ ᠫᠢᠩ᠂ ᠰᠢᠨᠬᠤᠸᠠ ᠴᠢᠮᠡᠭᠡᠯᠡᠯ ᠤᠨ ᠬᠤᠷᠢᠶ᠎ᠠ ᠶᠢᠨ ᠶᠡᠷᠦᠩᠬᠡᠢ ᠨᠠᠶᠢᠷᠠᠭᠤᠯᠤᠭᠴᠢ ᠯᠢᠦᠢ ᠶᠠᠨ ᠰᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠭᠢᠯᠡᠯᠲᠡ ᠶᠢᠨ ᠶᠣᠰᠣᠯᠠᠯ ᠳᠤ ᠣᠷᠣᠯᠴᠠᠬᠰᠠᠨ ᠪᠥᠭᠡᠳ ᠪᠠᠶᠠᠷ ᠤᠨ ᠦᠭᠡ ᠬᠡᠯᠡᠵᠡᠢ᠃

ᠡᠭᠢᠯᠡᠯᠲᠡ ᠶᠢᠨ ᠶᠣᠰᠣᠯᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ ᠬᠤᠩ ᠹᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠣᠷᠣᠯᠴᠠᠵᠠᠢ᠃ ᠰᠣᠶᠣᠯ ᠪᠠ ᠵᠢᠭᠤᠯᠴᠢᠯᠠᠯ ᠤᠨ ᠶᠠᠮᠤᠨ᠂ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ᠂ ᠰᠢᠨᠬᠤᠸᠠ ᠴᠢᠮᠡᠭᠡᠯᠡᠯ ᠤᠨ ᠬᠤᠷᠢᠶ᠎ᠠ ᠵᠢᠴᠢ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠬᠤᠯᠪᠣᠭᠳᠠᠯ ᠪᠦᠬᠦᠢ ᠣᠷᠣᠨ ᠨᠤᠲᠤᠭ ᠪᠣᠯᠣᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ᠂ ᠤᠯᠤᠰ ᠤᠨ ᠳᠣᠲᠣᠭᠠᠳᠤ ᠶᠢᠨ ᠨᠠᠷᠠᠲᠤ ᠤᠷᠠᠯᠢᠭ ᠤᠨ ᠶᠡᠭᠡ ᠳᠡᠭᠡᠳᠦ ᠰᠤᠷᠭᠠᠭᠤᠯᠢ᠂ ᠨᠠᠷᠠᠲᠤ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠲᠥᠯᠥᠭᠡᠯᠡᠭᠴᠢ ᠶᠡᠭᠡ ᠬᠤᠷᠠᠯ ᠳᠤ ᠣᠷᠣᠯᠴᠠᠪᠠ᠃

ᠬᠤ᠋ ᠾᠧ ᠫᠢᠩ᠂ ᠲᠣᠰ ᠤᠳᠠᠭ᠎ᠠ ᠶᠢᠨ ᠶᠡᠭᠡ ᠬᠤᠷᠠᠯ ᠢ ᠡᠷᠭᠢᠯᠡᠭᠰᠡᠨ ᠨᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ  ᠨᠠᠶᠢᠳᠠᠪᠤᠷᠢᠵᠢᠭᠤᠯᠤᠭᠰᠠᠨ ᠪᠣᠳᠠᠲᠠᠢ ᠠᠷᠭ᠎ᠠ ᠬᠡᠮᠵᠢᠶ᠎ᠡ ᠮᠥᠨ᠂ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ᠂ ᠠᠵᠢᠯ ᠲᠥᠷᠥᠯ ᠤᠨ ᠬᠥᠭᠵᠢᠯᠲᠡ ᠪᠠᠨ ᠰᠡᠷᠭᠦᠭᠡᠬᠦ ᠳᠤ ᠬᠦᠴᠦᠨ ᠨᠡᠮᠡᠷᠢᠯᠡᠬᠦ ᠪᠣᠳᠠᠲᠠᠢ ᠶᠢ ᠡᠷᠬᠢᠮᠯᠡᠭᠰᠡᠨ ᠠᠷᠭ᠎ᠠ ᠬᠡᠮᠵᠢᠶ᠎ᠡ ᠮᠥᠨ᠂ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠴᠢᠩᠭᠠᠳᠬᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠦᠢᠯᠡᠴᠢᠯᠡᠬᠦ ᠴᠢᠬᠤᠯᠠ ᠠᠵᠢᠯᠯᠠᠭ᠎ᠠ ᠮᠥᠨ᠃ ᠣᠳᠣᠬᠠᠨ ᠳᠤ᠂ ᠵᠢᠭᠤᠯᠴᠢᠯᠠᠯ ᠤᠨ ᠵᠠᠬ᠎ᠠ ᠳᠡᠯᠭᠡᠭᠦᠷ ᠦᠷᠭᠦᠯᠵᠢᠯᠡᠨ ᠬᠥᠭᠵᠢᠶᠡᠨᠲᠡᠢ ᠪᠣᠯᠵᠤ᠂ ᠵᠢᠭᠤᠯᠴᠢᠯᠠᠯ ᠤᠨ ᠦᠢᠯᠡᠰ ᠶᠡᠭᠡ ᠪᠠᠷ ᠰᠡᠷᠭᠦᠵᠦ᠂ ᠵᠢᠭᠤᠯᠴᠢᠯᠠᠯ ᠤᠨ ᠨᠡᠮᠡᠭᠳᠡᠯ ᠢ ᠲᠣᠭᠲᠠᠭᠤᠨ ᠪᠠᠶᠢᠯᠭᠠᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠢ ᠬᠠᠩᠭᠠᠬᠤ ᠴᠢᠬᠤᠯᠠ ᠦᠢᠯᠡᠳᠦᠯ ᠨᠠᠩ ᠲᠣᠪᠣᠶᠢᠮ᠎ᠠ ᠪᠣᠯᠪᠠ᠃ ᠥᠷᠭᠡᠨ ᠣᠯᠠᠨ ᠰᠣᠶᠣᠯ ᠪᠠ ᠵᠢᠭᠤᠯᠴᠢᠯᠠᠯ ᠤᠨ ᠠᠵᠢᠯᠲᠠᠨ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠪᠠ ᠵᠢᠭᠤᠯᠴᠢᠯᠠᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂ ᠴᠢᠨᠠᠷ ᠰᠠᠶᠢᠲᠠᠢ ᠬᠥᠭᠵᠢᠯᠲᠡ ᠶᠢᠨ ᠭᠤᠣᠯ ᠰᠡᠳᠦᠪ ᠲᠤ ᠠᠩᠬᠠᠷᠤᠯ ᠢᠶᠠᠨ ᠲᠥᠪᠯᠡᠷᠡᠭᠦᠯᠦᠨ᠂ ᠵᠢᠭᠤᠯᠴᠢᠯᠠᠯ ᠢᠶᠠᠷ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠲᠠᠯᠠᠵᠤ᠂ ᠵᠢᠭᠤᠯᠴᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠵᠢᠭᠤᠯᠴᠢᠯᠠᠯ ᠤᠨ ᠲᠥᠷᠥ ᠶᠢᠨ ᠪᠣᠳᠣᠯᠭ᠎ᠠ ᠶᠢᠨ ᠲᠣᠭᠲᠠᠯᠴᠠᠭ᠎ᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠠᠵᠤ ᠠᠬᠤᠶᠢᠯᠠᠯ ᠤᠨ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠵᠢᠭᠤᠯᠴᠢᠯᠠᠯ ᠤᠨ ᠠᠵᠢᠯ ᠲᠥᠷᠥᠯ ᠤᠨ ᠠᠮᠢ ᠠᠬᠤᠢ ᠶᠢ ᠰᠢᠯᠢᠳᠡᠭᠵᠢᠭᠦᠯᠦᠨ᠂ ᠴᠢᠨᠠᠷ ᠰᠠᠶᠢᠲᠠᠢ ᠨᠡᠷᠡᠳᠬᠥᠨ ᠪᠠ ᠦᠢᠯᠡᠴᠢᠯᠡᠭᠡᠨ ᠤ ᠬᠠᠩᠭᠠᠯᠭ᠎ᠠ ᠶᠢ ᠪᠠᠶᠠᠯᠢᠭᠵᠢᠭᠤᠯᠵᠤ᠂ ᠣᠯᠠᠨ ᠨᠡᠶᠢᠲᠡ ᠶᠢᠨ ᠵᠢᠭᠤᠯᠴᠢᠯᠠᠯ᠂ ᠣᠶᠤᠨᠴᠢ ᠵᠢᠭᠤᠯᠴᠢᠯᠠᠯ᠂ ᠪᠣᠬᠢᠷᠳᠤᠯ ᠦᠭᠡᠢ ᠵᠢᠭᠤᠯᠴᠢᠯᠠᠯ᠂ ᠪᠣᠯᠪᠠᠰᠤᠨ ᠵᠢᠭᠤᠯᠴᠢᠯᠠᠯ ᠢ ᠶᠡᠭᠡ ᠪᠠᠷ ᠬᠥᠭᠵᠢᠭᠦᠯᠬᠦ ᠬᠡᠷᠡᠭᠲᠡᠢ ᠭᠡᠵᠦ ᠢᠯᠡᠳᠬᠡᠪᠡ᠃

ᠯᠢᠦᠢ ᠶᠠᠨ ᠰᠥᠩ᠂ ᠰᠣᠶᠣᠯ ᠪᠠ ᠵᠢᠭᠤᠯᠴᠢᠯᠠᠯ ᠤᠨ ᠭᠦᠨᠵᠡᠭᠡᠢ ᠠᠭᠤᠰᠤᠯᠴᠠᠭᠰᠠᠨ ᠥᠯᠢᠭᠡᠷ ᠢ ᠰᠠᠶᠢᠲᠤᠷ ᠶᠠᠷᠢᠬᠤ ᠳᠤ ᠵᠠᠭᠤᠴᠢᠯᠠᠭᠤᠷ ᠤᠨ ᠢᠳᠡᠪᠬᠢᠲᠡᠢ ᠣᠷᠤᠯᠴᠠᠯᠭ᠎ᠠ ᠠᠴᠠ ᠰᠠᠯᠵᠤ ᠴᠢᠳᠠᠬᠤ ᠦᠭᠡᠢ ᠶᠤᠮ᠃ ᠨᠠᠮ ᠤᠨ ᠰᠣᠨᠢᠨ ᠮᠡᠳᠡᠭᠡ ᠶᠠᠷᠢᠶ᠎ᠠ ᠬᠡᠯᠡᠯᠴᠡᠭᠡᠨ ᠤ ᠠᠵᠢᠯ ᠤᠨ ᠴᠢᠬᠤᠯᠠ ᠭᠠᠵᠠᠷ᠂ ᠤᠯᠤᠰ ᠤᠨ ᠴᠢᠮᠡᠭᠡᠯᠡᠯ ᠤᠨ ᠬᠤᠷᠢᠶ᠎ᠠ ᠪᠣᠯᠤᠭᠰᠠᠨ ᠤ ᠬᠤᠪᠢ ᠳᠤ᠂ ᠰᠢᠨᠬᠤᠸᠠ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠬᠤ ᠲᠤᠬᠠᠢ ᠴᠢᠬᠤᠯᠠ ᠥᠭᠦᠯᠡᠯᠲᠡ ᠶᠢᠨ ᠵᠢᠯᠣᠭᠤᠳᠤᠯᠭ᠎ᠠ ᠳᠣᠣᠷ᠎ᠠ᠂ ᠨᠠᠮ ᠤᠨ ᠲᠥᠪ ᠬᠤᠷᠢᠶ᠎ᠠ ᠶᠢᠨ ᠳᠠᠭᠤᠨ ᠬᠤᠭᠤᠯᠠᠢ᠂ ᠨᠢᠳᠦ ᠴᠢᠬᠢ᠂ ᠤᠶᠤᠨ ᠤ ᠬᠥᠮᠥᠷᠭᠡ ᠶᠢᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠮᠠᠨ ᠤ ᠤᠯᠤᠰ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠠᠯ᠎ᠠ ᠪᠠᠷ ᠬᠢ ᠠᠷᠭ᠎ᠠ ᠬᠡᠮᠵᠢᠶ᠎ᠡ ᠦᠷ᠎ᠡ ᠪᠦᠲᠦᠮᠵᠢ ᠶᠢ ᠦᠷᠭᠦᠯᠵᠢᠯᠡᠨ ᠢᠯᠡᠷᠡᠭᠦᠯᠵᠦ᠂ 《ᠰᠠᠷᠠᠭᠤᠯ ᠢᠷᠡᠭᠡᠳᠦᠢ》 ᠶᠢ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠳᠤᠮᠳᠠ ᠠᠶᠠᠨᠳᠠᠭᠠᠨ ᠠᠭᠤᠰᠤᠯᠴᠠᠭᠤᠯᠵᠤ᠂ ᠵᠣᠬᠢᠴᠠᠩᠭᠤᠢ ᠠᠭᠤᠰᠤᠯᠴᠠᠭᠤᠯᠬᠤ ᠶᠢ ᠠᠬᠢᠭᠤᠯᠬᠤ ᠪᠣᠯᠣᠨ᠎ᠠ᠃ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠦᠯᠢᠭᠡᠷ ᠢ ᠰᠠᠶᠢᠲᠤᠷ ᠶᠠᠷᠢᠬᠤ ᠳᠤ᠂ ᠰᠣᠶᠣᠯ ᠤᠨ ᠲᠠᠯ᠎ᠠ ᠪᠠᠷ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠬᠦ ᠶᠢ ᠪᠠᠲᠤᠳᠬᠠᠵᠤ᠂ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠪᠠᠶᠢᠭᠤᠯᠬᠤ ᠤᠶᠤᠨ ᠰᠠᠨᠠᠭᠠᠨ ᠤ ᠠᠤᠭ᠎ᠠ ᠬᠦᠴᠦᠨ ᠢ ᠨᠢᠭᠲᠠᠷᠠᠭᠤᠯᠬᠤ ᠭᠡᠷᠡᠭᠲᠡᠢ︔ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ᠂ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠶᠢᠨ ᠢᠲᠡᠭᠡᠯ ᠢ ᠳᠠᠮᠵᠢᠭᠤᠯᠬᠤ ᠭᠡᠷᠡᠭᠲᠡᠢ︔ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠨᠣᠯᠵᠢᠬᠤᠨ ᠢ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠪᠣᠬᠢᠷᠳᠤᠯ ᠦᠭᠡᠢ ᠬᠥᠭᠵᠢᠯᠲᠡ ᠶᠢᠨ ᠬᠦᠴᠦᠷᠬᠡᠭ ᠲᠠᠭᠤᠨ ᠢ ᠴᠤᠤᠷᠢᠶᠠᠲᠤᠭᠤᠯᠬᠤ ᠬᠡᠷᠡᠭᠲᠡᠢ ᠭᠡᠵᠦ ᠢᠯᠡᠳᠬᠡᠪᠡ᠃

ᠸᠠᠩ ᠯᠢ ᠰᠢᠶᠠ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠪᠡ᠂ ᠲᠡᠷᠡ᠂ ᠥᠪᠥᠷ ᠮᠣᠩᠭᠤᠯ ᠳᠤ ᠬᠦᠷᠦᠯᠴᠡᠨ ᠢᠷᠡᠪᠡᠯ᠂ ᠥᠩᠭᠡ ᠦᠵᠡᠮᠵᠢ ᠶᠢᠨ ᠰᠦᠷᠯᠢᠭ ᠰᠠᠶᠢᠬᠠᠨ᠂ ᠰᠣᠶᠣᠯ ᠤᠨ ᠭᠤᠴᠣ ᠰᠠᠶᠢᠬᠠᠨ᠂ ᠦᠨᠳᠦᠰᠦᠲᠡᠨ ᠤ ᠵᠣᠬᠢᠴᠠᠩᠭᠤᠢ ᠰᠠᠶᠢᠬᠠᠨ᠂ ᠪᠠᠶᠢᠭᠠᠯᠢ ᠶᠢᠨ ᠦᠵᠡᠰᠬᠦᠯᠡᠩᠲᠦ ᠰᠠᠶᠢᠬᠠᠨ᠂ ᠵᠠᠩ ᠦᠢᠯᠡ ᠶᠢᠨ ᠰᠠᠶᠢᠨ ᠰᠠᠶᠢᠬᠠᠨ ᠢ ᠭᠦᠢᠴᠡᠳ ᠪᠠᠭ᠋ᠠᠷᠬᠠᠵᠤ ᠴᠢᠳᠠᠨ᠎ᠠ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠦᠷᠪᠡᠨ ᠵᠦᠭ ᠤᠨ ᠵᠣᠴᠢᠳ ᠨᠠᠶᠢᠵᠠ ᠨᠠᠷ ᠲᠠᠢ ᠪᠠᠨ ᠲᠠᠯ᠎ᠠ ᠨᠤᠲᠤᠭ ᠤᠨ ᠪᠣᠯᠵᠤᠭ᠎ᠠ ᠪᠠᠷ ᠵᠣᠯᠭᠠᠬᠤ ᠶᠢ ᠬᠡᠵᠢᠶᠡᠳᠡ ᠪᠠᠶᠠᠷᠯᠠᠨ ᠤᠭᠲᠤᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠂ ᠡᠨᠡ ᠤᠳᠠᠭ᠎ᠠ ᠶᠢᠨ ᠶᠡᠭᠡ ᠬᠤᠷᠠᠯ ᠤᠨ ᠠᠵᠠ ᠲᠣᠭᠢᠶᠠᠯ ᠢ ᠪᠠᠲᠤ ᠡᠵᠡᠮᠳᠡᠵᠦ᠂ 《ᠬᠤᠶᠠᠷ ᠶᠡᠭᠡ ᠶᠠᠪᠤᠳᠠᠯ》 ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ 《ᠤᠮᠠᠷᠠᠲᠤ ᠬᠢᠯᠢ ᠶᠢᠨ ᠰᠣᠶᠣᠯ》 ᠤᠨ ᠲᠥᠷᠥᠯ ᠲᠡᠮᠳᠡᠭ ᠢ ᠰᠠᠶᠢᠲᠤᠷ ᠱᠤᠭᠤᠵᠤ᠂ ᠥᠪᠡᠷ ᠢᠶᠠᠨ ᠮᠠᠰᠢᠨ ᠵᠢᠯᠤᠭᠤᠳᠴᠤ ᠵᠢᠭᠤᠯᠴᠢᠯᠠᠬᠤ ᠲᠦᠷᠦᠭᠦᠦ ᠰᠣᠩᠭᠤᠯᠲᠠ ᠶᠢᠨ ᠭᠠᠵᠠᠷ᠂ ᠬᠡᠭᠡᠷ᠎ᠡ ᠪᠠᠭᠤᠳᠠᠯᠯᠠᠵᠤ ᠵᠢᠭᠤᠯᠴᠢᠯᠠᠬᠤ ᠰᠢᠯᠢᠳᠡᠭ ᠰᠣᠩᠭᠤᠯᠲᠠ ᠶᠢᠨ ᠭᠠᠵᠠᠷ᠂ ᠴᠡᠩᠭᠡᠵᠦ ᠰᠡᠯᠡᠭᠦᠴᠡᠨ ᠵᠢᠭᠤᠯᠴᠢᠯᠠᠬᠤ ᠳᠤ ᠵᠠᠪᠠᠯ ᠰᠣᠩᠭᠤᠬᠤ ᠭᠠᠵᠠᠷ᠂ ᠡᠷᠡᠭᠦᠯᠵᠢᠵᠦ ᠰᠤᠪᠢᠯᠠᠨ ᠵᠢᠭᠤᠯᠴᠢᠯᠠᠬᠤ ᠰᠢᠯᠢᠳᠡᠭ ᠰᠣᠩᠭᠤᠯᠲᠠ ᠶᠢᠨ ᠭᠠᠵᠠᠷ ᠢ ᠪᠤᠶ ᠪᠤᠯᠭᠠᠵᠤ᠂ ᠪᠦᠭᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠢ ᠡᠬᠡ ᠤᠯᠤᠰ ᠤᠨ ᠤᠮᠠᠷᠠᠲᠤ ᠬᠢᠯᠢ ᠶᠢᠨ ᠭᠠᠵᠠᠷ ᠪᠣᠯᠭᠠᠨ ᠳᠤ ᠨᠡᠶᠢᠳᠡᠮ ᠳᠡᠯᠭᠡᠷᠡᠭᠦᠯᠵᠦ᠂ ᠭᠢᠯᠠᠯᠵᠠᠮ᠎ᠠ ᠦᠷ᠎ᠡ ᠪᠦᠲᠦᠮᠵᠢ ᠭᠠᠷᠭᠠᠨ᠎ᠠ᠃ ᠰᠣᠶᠣᠯ ᠪᠠ ᠵᠢᠭᠤᠯᠴᠢᠯᠠᠯ ᠤᠨ ᠶᠠᠮᠤᠨ᠂ ᠰᠢᠨᠬᠤᠸᠠ ᠬᠤᠷᠢᠶ᠎ᠠ᠂ ᠠᠬ᠎ᠠ ᠳᠡᠭᠦᠦ ᠮᠤᠵᠢ ᠣᠷᠣᠨ ᠬᠤᠲᠠ ᠪᠣᠯᠣᠨ ᠡᠯ᠎ᠡ ᠡᠲᠡᠭᠡᠳ ᠤᠨ ᠨᠠᠶᠢᠵᠠ ᠨᠠᠷ ᠤᠨ ᠥᠪᠥᠷ ᠮᠣᠩᠭᠤᠯ ᠤᠨ ᠰᠣᠶᠣᠯ ᠵᠢᠭᠤᠯᠴᠢᠯᠠᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ᠂ ᠬᠠᠮᠲᠤ ᠪᠠᠷ ᠨᠢᠭᠡ ᠤᠳᠠᠭᠠᠨ ᠤ ᠴᠤᠭᠯᠠᠭᠠᠨ ᠳᠤ ᠣᠷᠣᠯᠴᠠᠵᠤ᠂ ᠬᠠᠮᠲᠤ ᠪᠠᠷ ᠨᠢᠭᠡ ᠤᠳᠠᠭᠠᠨ ᠤ ᠡᠷᠭᠢᠴᠡᠭᠦᠯᠦᠯ ᠬᠢᠵᠦ᠂ ᠬᠠᠮᠲᠤ ᠪᠠᠷ ᠮᠣᠷᠳᠠᠵᠤ᠂ ᠡᠬᠡ ᠤᠯᠤᠰ ᠤᠨ ᠤᠮᠠᠷᠠᠲᠤ ᠶᠢᠨ 《ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ》 ᠢ ᠣᠶᠢᠯᠠᠭᠠᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ ᠭᠡᠵᠡᠢ᠃

ᠶᠡᠭᠡ ᠬᠤᠷᠠᠯ ᠤᠨ ᠬᠤᠭᠤᠴᠠᠭᠠᠨ ᠳᠤ ᠬᠤ᠋ ᠾᠧ ᠫᠢᠩ᠂ ᠯᠢᠦᠢ ᠶᠠᠨ ᠰᠥᠩ᠂ ᠸᠠᠩ ᠯᠢ ᠰᠢᠶᠠ 《ᠮᠢᠩᠭᠠᠨ ᠲᠡᠷᠭᠡ ᠲᠦᠮᠡᠨ ᠬᠥᠮᠥᠨ》 ᠶᠡᠭᠡ ᠬᠢᠩᠭᠠᠨ ᠳᠠᠪᠠᠭ᠎ᠠ ᠶᠢ ᠳᠤᠭᠤᠯᠬᠤ ᠥᠪᠡᠷ ᠢᠶᠠᠨ ᠲᠡᠷᠭᠡ ᠵᠢᠯᠤᠭᠤᠳᠴᠤ ᠵᠢᠭᠤᠯᠴᠢᠯᠠᠬᠤ ᠠᠵᠢᠯᠯᠠᠭ᠎ᠠ ᠶᠢᠨ ᠲᠡᠷᠭᠡ ᠮᠣᠷᠳᠠᠬᠤ ᠶᠣᠰᠣᠯᠠᠯ ᠳᠤ ᠣᠷᠣᠯᠴᠠᠵᠤ᠂ ᠭᠡᠷᠲᠤ ᠲᠡᠷᠭᠡᠨ ᠤ ᠬᠤᠸᠠᠷᠠᠨ ᠤ ᠪᠦᠲᠦᠭᠡᠨ ᠪᠠᠶᠢᠭᠤᠯᠤᠯᠲᠠ᠂ ᠲᠣᠰᠬᠤᠨ ᠤ ᠤᠷᠠᠯᠢᠭ ᠤᠨ ᠴᠤᠭᠯᠠᠭᠠᠨ ᠤ ᠠᠵᠢᠯᠯᠠᠭ᠎ᠠ᠂ ᠲᠠᠯ᠎ᠠ ᠨᠤᠲᠤᠭ ᠤᠨ ᠠᠷᠠᠳ ᠤᠨ ᠤᠯᠠᠮᠵᠢᠯᠠᠯᠲᠤ ᠰᠠᠭᠤᠴᠠ ᠶᠢᠨ ᠪᠠᠭᠤᠳᠠᠯ ᠤᠨ ᠰᠦᠷᠦᠭᠵᠢᠯ ᠤᠨ ᠡᠵᠡᠩᠨᠡᠯᠲᠡ ᠵᠡᠷᠭᠡ ᠲᠠᠯ᠎ᠠ ᠪᠠᠷ ᠪᠠᠶᠢᠴᠠᠭᠠᠨ ᠰᠤᠳᠤᠯᠤᠯᠲᠠ ᠬᠢᠪᠡ᠃

ᠲᠤᠰ ᠤᠳᠠᠭ᠎ᠠ ᠶᠢᠨ ᠶᠡᠭᠡ ᠬᠤᠷᠠᠯ ᠨᠢ 《ᠰᠣᠶᠣᠯ ᠵᠢᠭᠤᠯᠴᠢᠯᠠᠯ ᠢ ᠠᠭᠤᠰᠤᠯᠴᠠᠭᠤᠯᠵᠤ ᠪᠣᠬᠢᠷᠳᠤᠯ ᠦᠭᠡᠢ ᠬᠥᠭᠵᠢᠭᠦᠯᠬᠦ》 ᠪᠠᠷ ᠭᠤᠣᠯ ᠰᠡᠳᠦᠪ ᠪᠤᠯᠭᠠᠵᠤ᠂ 9 ᠭᠤᠣᠯ ᠠᠵᠢᠯᠯᠠᠭ᠎ᠠ ᠲᠣᠬᠢᠷᠠᠭᠤᠯᠵᠤ᠂ 《ᠲᠤᠬᠯᠠᠯᠲᠠ》《ᠴᠤᠭᠯᠠᠭᠠᠨ》《ᠦᠵᠡᠭᠦᠯᠭᠡ》《ᠨᠠᠶᠢᠷ》 ᠵᠡᠷᠭᠡ ᠭᠡᠯᠪᠡᠷᠢ ᠪᠠᠷ ᠰᠣᠶᠣᠯ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠭᠡᠯᠪᠡᠷᠢ᠂ ᠰᠢᠨ᠎ᠡ ᠠᠬᠤᠢ ᠪᠠᠶᠢᠳᠠᠯ ᠢ ᠪᠦᠭᠦ ᠲᠠᠯ᠎ᠠ ᠪᠠᠷ ᠢᠯᠡᠷᠡᠭᠦᠯᠪᠡ᠃ ᠡᠭᠢᠯᠡᠯᠲᠡ ᠶᠢᠨ ᠶᠣᠰᠣᠯᠠᠯ ᠳᠡᠭᠡᠷ᠎ᠡ᠂ ᠤᠯᠤᠰ ᠤᠨ ᠲᠠᠰ ᠤᠨ ᠴᠡᠨᠡᠯᠡᠯᠲᠡ ᠶᠢᠨ ᠵᠢᠭᠤᠯᠴᠢᠯᠠᠯ ᠤᠨ ᠠᠮᠠᠷᠠᠨ ᠰᠡᠯᠡᠭᠦᠴᠡᠬᠦ ᠭᠠᠵᠠᠷ᠂ ᠪᠦᠭᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ ᠪᠠᠯᠭᠠᠰᠤᠨ ᠳᠤ ᠫᠠᠶᠢᠰᠠ ᠣᠯᠭᠤᠬᠤ ᠶᠣᠰᠣᠯᠠᠯ ᠶᠠᠪᠤᠭᠤᠯᠵᠤ᠂ 《ᠪᠢ ᠬᠥᠳᠡᠭᠡ ᠲᠣᠰᠬᠤᠨ ᠳᠤ ᠵᠢᠷᠤᠭ ᠲᠥᠯᠥᠪᠯᠡᠭᠡ ᠬᠢᠵᠦ ᠥᠭᠬᠦ》 ᠠᠵᠢᠯᠯᠠᠭ᠎ᠠ ᠶᠢ ᠡᠬᠢᠯᠡᠭᠦᠯᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠤᠬᠠᠢ ᠲᠠᠨᠢᠯᠴᠠᠭᠤᠯᠭ᠎ᠠ ᠬᠢᠵᠦ᠂ ᠰᠣᠶᠣᠯ ᠵᠢᠭᠤᠯᠴᠢᠯᠠᠯ ᠤᠨ 12 ᠳᠠᠭᠠᠭᠤᠯᠤᠭᠴᠢ ᠠᠵᠤ ᠠᠬᠤᠶᠢᠯᠠᠯ 《ᠷᠠᠰᠢᠶᠠᠨ ᠤ ᠵᠢᠭᠤᠯᠴᠢᠯᠠᠯ ᠤᠨ ᠥᠷᠨᠢᠨ ᠬᠥᠭᠵᠢᠬᠦ ᠳᠤ ᠭᠠᠷ ᠬᠤᠯᠪᠣᠨ ᠬᠦᠴᠦᠨ ᠨᠡᠮᠡᠷᠢᠯᠡᠬᠦ》 ᠬᠠᠮᠲᠤᠷᠠᠭᠰᠠᠨ ᠰᠠᠨᠠᠭᠠᠴᠢᠯᠠᠭ᠎ᠠ ᠶᠢ ᠨᠡᠶᠢᠲᠡᠯᠡᠪᠡ᠃ ᠶᠡᠭᠡ ᠬᠤᠷᠠᠯ ᠤᠨ ᠬᠤᠭᠤᠴᠠᠭᠠᠨ ᠳᠤ ᠪᠠᠰᠠ ᠵᠢᠭᠤᠯᠴᠢᠯᠠᠯ ᠤᠨ ᠨᠠᠭᠠᠳᠤᠮ᠂ ᠰᠢᠺᠸᠤ ᠲᠣᠰᠬᠤᠨ ᠤ ᠤᠷᠠᠯᠢᠭ ᠤᠨ ᠴᠤᠭᠯᠠᠭᠠᠨ᠂ 《ᠪᠣᠳᠠᠰ ᠤᠨ ᠪᠤᠰᠤ ᠰᠣᠶᠣᠯ ᠤᠨ ᠥᠪ + ᠵᠢᠭᠤᠯᠴᠢᠯᠠᠯ》 ᠤᠨ ᠲᠦᠷᠦᠯ ᠵᠦᠢᠯ ᠢ ᠪᠡᠶᠡᠴᠢᠯᠡᠨ ᠣᠶᠢᠯᠠᠭᠠᠬᠤ ᠦᠵᠡᠰᠭᠦᠯᠡᠩ᠂ ᠰᠣᠶᠣᠯ ᠵᠢᠭᠤᠯᠴᠢᠯᠠᠯ ᠤᠨ ᠶᠠᠷᠢᠶᠠᠨ ᠤ ᠲᠠᠪᠴᠠᠩ᠂ ᠵᠢᠭᠤᠯᠴᠢᠯᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠬᠠᠮᠲᠤ ᠪᠠᠷ ᠪᠠᠶᠠᠵᠢᠬᠤ ᠳᠤ ᠬᠦᠴᠦᠨ ᠨᠡᠮᠡᠷᠢᠯᠡᠬᠦ ᠶᠠᠷᠢᠶᠠᠨ ᠤ ᠲᠠᠪᠴᠠᠩ᠂ ᠵᠢᠭᠤᠯᠴᠢᠯᠠᠯ ᠢᠶᠠᠷ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ ᠬᠠᠮᠲᠤ ᠪᠠᠷ ᠡᠳ᠋ᠯᠡᠬᠦ ᠬᠤᠷᠠᠯ ᠵᠡᠷᠭᠡ ᠠᠵᠢᠯᠯᠠᠭ᠎ᠠ ᠶᠢ ᠡᠷᠭᠢᠯᠡᠵᠦ᠂ ᠵᠢᠭᠤᠯᠴᠢᠯᠠᠬᠰᠡᠳ ᠲᠤ ᠬᠡᠭᠡᠷ᠎ᠡ ᠪᠠᠭᠤᠳᠠᠯᠯᠠᠬᠤ ᠶᠡᠭᠡ ᠬᠤᠷᠠᠯ᠂ ᠤᠢ ᠰᠢᠭᠤᠢ ᠶᠢᠨ ᠳᠠᠭᠤᠤ ᠬᠥᠭᠵᠢᠮ ᠤᠨ ᠨᠠᠶᠢᠷ᠂ ᠳᠤᠮᠳᠠᠳᠤ ᠤᠷᠤᠰ ᠮᠣᠩᠭᠤᠯ ᠤᠨ ᠠᠮᠲᠠᠲᠤ ᠢᠳᠡᠭᠡᠨ ᠤ ᠨᠠᠶᠢᠷ᠂ ᠨᠠᠷᠢᠯᠢᠭ ᠨᠡᠷᠡᠭᠰᠡᠨ ᠫᠢᠸᠤ᠋ ᠶᠢᠨ ᠨᠠᠶᠢᠷ᠂ ᠤᠷᠤᠰᠬᠠᠯ ᠳᠠᠭᠠᠬᠰᠠᠨ ᠴᠤᠭᠯᠠᠭ᠎ᠠ ᠮᠠᠶᠢᠮᠠᠢ᠂ ᠴᠡᠴᠡᠭᠲᠦ ᠲᠡᠷᠭᠡ ᠪᠠᠷ ᠲᠣᠭᠤᠷᠢᠨ ᠵᠢᠭᠤᠯᠴᠢᠯᠠᠬᠤ ᠵᠡᠷᠭᠡ ᠭᠦᠨᠵᠡᠭᠡᠢ ᠪᠡᠶᠡᠴᠢᠯᠡᠨ ᠣᠶᠢᠯᠠᠭᠠᠬᠤ ᠲᠦᠷᠦᠯ ᠵᠦᠢᠯ ᠢ ᠲᠣᠬᠢᠷᠠᠭᠤᠯᠤᠭᠰᠠᠨ ᠪᠠᠶᠢᠨ᠎ᠠ᠃

 

 


   :                    
   :           
备案序号:蒙ICP备05003250号 公安备案15010502000173