ᠵᠤᠬᠢᠶᠠᠭᠴᠢ: ᠴᠠᠭ:2023-09-15 ᠥᠵᠡᠭᠰᠡᠨ : ᠢᠷᠡᠯᠲᠡ:  《 ᠥᠪᠥᠷ ᠮᠣᠩᠭᠤᠯ ᠤᠨ ᠡᠳᠦᠷ ᠤᠨ ᠰᠣᠨᠢᠨ 》  
ᠰᠢ ᠶᠢᠨ ᠫᠢᠩ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠵᠡᠭᠦᠨ ᠬᠤᠶᠢᠲᠤ ᠣᠷᠣᠨ ᠤ ᠴᠢᠬᠤᠯᠠ ᠡᠭᠦᠷᠭᠡ ᠶᠢ ᠪᠠᠲᠤ ᠡᠵᠡᠮᠳᠡᠵᠦ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠼᠠᠢ ᠴᠢ ᠳ᠋ᠢᠩ ᠰᠢᠤᠸᠠᠢ ᠰᠢᠶᠠᠩ ᠣᠷᠣᠯᠴᠠᠵᠠᠢ

 

ᠰᠢᠨᠬᠤᠸᠠ ᠬᠤᠷᠢᠶ᠎ᠠ ᠶᠢᠨ ᠬᠠᠷᠪᠢᠨ ᠤ 2023  9  ᠰᠠᠷ᠎ᠠ ᠶᠢᠨ 9 ᠤ  ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 7 ᠤ  ᠦᠳᠡ ᠶᠢᠨ ᠬᠤᠶᠢᠨ᠎ᠠ ᠬᠠᠷᠠᠮᠥ᠋ᠷᠡᠨ ᠮᠤᠵᠢ ᠶᠢᠨ ᠬᠠᠷᠪᠢᠨ ᠬᠤᠳᠠ ᠳᠤ ᠰᠢᠨ᠎ᠡ ᠴᠠᠭ ᠦᠶ᠎ᠡ ᠶᠢᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠲᠤᠬᠠᠢ ᠪᠠᠶᠢᠷᠢᠯᠠᠭᠤᠯᠤᠯᠲᠠ ᠶᠢ  ᠨᠠᠶᠢᠳᠠᠪᠤᠷᠢᠵᠢᠭᠤᠯᠵᠤ ᠂ ᠰᠢᠨ᠎ᠡ ᠬᠥᠭᠵᠢᠯᠲᠡ ᠶᠢᠨ  ᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ  ᠂ ᠵᠡᠭᠦᠨ ᠬᠤᠶᠢᠲᠤ ᠣᠷᠣᠨ ᠤ ᠤᠯᠤᠰ ᠤᠨ 《ᠲᠠᠪᠤᠨ ᠶᠡᠭᠡ ᠠᠮᠤᠷ ᠲᠦᠪᠰᠢᠨ》 ᠢ ᠬᠠᠮᠠᠭᠠᠯᠠᠬᠤ ᠳᠤᠮᠳᠠᠬᠢ ᠴᠢᠬᠤᠯᠠ ᠡᠭᠦᠷᠭᠡ ᠶᠢ ᠪᠠᠲᠤ ᠡᠵᠡᠮᠳᠡᠵᠦ ᠂ ᠴᠢᠨᠠᠷ ᠰᠠᠶᠢᠲᠠᠢ ᠬᠥᠭᠵᠢᠭᠦᠯᠬᠦ ᠡᠨᠡ ᠬᠦ ᠲᠡᠷᠢᠭᠦᠨ ᠴᠢᠬᠤᠯᠠ ᠡᠭᠦᠷᠭᠡ ᠪᠠ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠭᠡᠬᠦ ᠡᠨᠡ ᠬᠦ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠠᠲᠤ ᠡᠵᠡᠮᠳᠡᠵᠦ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠦᠨ ᠂ ᠬᠠᠷᠠᠯᠲᠠ ᠪᠠᠷ ᠤᠳᠤᠷᠢᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ ᠳᠠᠪᠠᠭᠤᠯᠢᠭ ᠢᠶᠠᠨ ᠪᠠᠬᠢᠵᠢᠭᠦᠯᠬᠦ ᠂ ᠳᠤᠲᠠᠭᠤᠳᠠᠯ ᠢᠶᠠᠨ ᠨᠥᠬᠦᠪᠦᠷᠢᠯᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ ᠂ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠪᠠ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠨ ᠂ ᠬᠠᠷᠠᠯᠲᠠ ᠪᠠᠨ ᠰᠤᠯᠠᠷᠠᠭᠤᠯᠤᠯ ᠦᠭᠡᠢ ᠪᠠᠷᠢᠮᠲᠠᠯᠠᠵᠤ ᠂ ᠵᠣᠷᠢᠭᠲᠠᠢ ᠬᠢᠵᠦ ᠵᠣᠷᠢᠭᠲᠠᠢ ᠠᠵᠢᠯᠯᠠᠵᠤ ᠪᠣᠳᠠᠲᠠᠢ ᠠᠵᠢᠯᠯᠠᠵᠤ ᠂ ᠴᠢᠨᠠᠷ ᠰᠠᠶᠢᠲᠠᠢ ᠬᠥᠭᠵᠢᠭᠰᠡᠨ ᠂ ᠦᠷᠭᠦᠯᠵᠢᠯᠡᠨ ᠬᠥᠭᠵᠢᠨ ᠮᠠᠨᠳᠤᠬᠤ ᠰᠢᠨ᠎ᠡ ᠵᠠᠮ ᠢᠶᠠᠷ ᠴᠢᠷᠮᠠᠶᠢᠨ ᠵᠠᠮᠨᠠᠵᠤ ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ ᠃

ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ ᠃

ᠶᠠᠷᠢᠯᠴᠠᠬᠤ ᠬᠤᠷᠠᠯ ᠳᠡᠭᠡᠷ᠎ᠡ ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ ᠂ ᠯᠢᠶᠣᠤᠨᠢᠩ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠤᠤ ᠫᠧᠩ ᠂ ᠭᠢᠷᠢᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠵᠢᠩ ᠵᠢᠶᠦ᠋ᠨ ᠬᠠᠢ ᠂ ᠬᠠᠷᠠᠮᠥ᠋ᠷᠡᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠰᠢᠦᠢ ᠴᠢᠨ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠷᠢᠳ ᠬᠤᠵᠢᠳ ᠦᠭᠡ ᠬᠡᠯᠡᠵᠦ ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠪᠠᠶᠢᠳᠠᠯ ᠤᠨ ᠲᠤᠬᠠᠢ ᠰᠠᠨᠠᠯ ᠰᠠᠨᠠᠭᠤᠯᠭ᠎ᠠ ᠳᠤᠷᠠᠳᠪᠠ ᠃

ᠤᠯᠠᠨ ᠤ ᠶᠠᠷᠢᠬᠤ ᠶᠢ ᠰᠣᠨᠣᠰᠤᠭᠰᠠᠨ ᠤ ᠲᠠᠷᠠᠭ᠎ᠠ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠃ ᠲᠡᠷᠡ ᠂ 2018 ᠣᠨ ᠤ 9  ᠰᠠᠷ᠎ᠠ ᠳᠤ ᠮᠦᠭᠳᠡᠨ ᠳᠤ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠬᠢᠭᠤᠯᠬᠤ ᠶᠠᠷᠢᠯᠴᠠᠬᠤ ᠬᠤᠷᠠᠯ ᠬᠤᠷᠠᠯᠳᠤᠭᠰᠠᠨ ᠠᠴᠠ ᠨᠠᠭᠠᠰᠢ ᠂ ᠵᠡᠭᠦᠨ ᠬᠤᠶᠢᠲᠤ ᠶᠢᠨ ᠭᠤᠷᠪᠠᠨ ᠮᠤᠵᠢ ᠵᠢᠴᠢ ᠥᠪᠥᠷ ᠮᠣᠩᠭᠤᠯ ᠤᠨ ᠬᠢᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠯ᠎ᠠ ᠪᠠᠷ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠭᠠᠷᠭᠠᠵᠤ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ 《ᠲᠣᠭᠲᠠᠪᠤᠷᠢᠵᠢᠭᠤᠯᠤᠭᠴᠢ》 ᠶᠢᠨ ᠦᠢᠯᠡᠳᠦᠯ ᠴᠢᠨᠠᠭᠰᠢᠳᠠ ᠪᠠᠬᠢᠵᠢᠵᠦ ᠂ ᠠᠵᠤ ᠦᠢᠯᠡᠰ ᠤᠨ ᠠᠮᠤᠷ ᠲᠦᠪᠰᠢᠨ ᠤ ᠰᠠᠭᠤᠷᠢ ᠲᠠᠰᠤᠷᠠᠯᠳᠡ ᠦᠭᠡᠢ ᠪᠠᠬᠢᠵᠢᠵᠦ ᠂ ᠡᠨᠧᠷᠭᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠦᠢᠯᠡᠳᠦᠯ ᠲᠠᠰᠤᠷᠠᠯᠳᠡ ᠦᠭᠡᠢ ᠴᠢᠩᠭᠠᠷᠠᠵᠤ ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠲᠠᠰᠤᠷᠠᠯᠳᠡ ᠦᠭᠡᠢ ᠪᠠᠬᠢᠵᠢᠭᠦᠯᠵᠦ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠲᠣᠭᠲᠠᠭᠤᠨ ᠢᠶᠠᠷ ᠳᠡᠭᠡᠭᠰᠢᠯᠡᠵᠦ ᠂ ᠥᠭᠡᠷᠡᠴᠢᠯᠡᠯᠲᠡ ᠨᠡᠭᠡᠭᠡᠯᠲᠡ ᠳᠤ ᠰᠢᠨ᠎ᠡ ᠳᠦᠷᠰᠦ ᠪᠠᠶᠢᠳᠠᠯ ᠢᠯᠡᠷᠡᠵᠡᠢ ᠭᠡᠵᠦ ᠴᠢᠬᠤᠯᠠᠴᠢᠯᠠᠪᠠ ᠃

ᠰᠢ ᠶᠢᠨ ᠫᠢᠩ ᠂ ᠵᠡᠭᠦᠨ ᠬᠤᠶᠢᠲᠤ ᠣᠷᠣᠨ ᠤ ᠡᠬᠢ ᠪᠠᠶᠠᠯᠢᠭ ᠤᠨ ᠨᠥᠬᠦᠴᠡᠯ ᠨᠡᠯᠢᠶᠡᠳ ᠰᠠᠶᠢᠨ ᠂ ᠠᠵᠤ ᠦᠢᠯᠡᠰ ᠤᠨ ᠰᠠᠭᠤᠷᠢ ᠨᠡᠯᠢᠶᠡᠳ ᠵᠤᠵᠠᠭᠠᠨ ᠂ ᠣᠷᠣᠨ ᠪᠠᠶᠢᠷᠢ ᠶᠢᠨ ᠳᠠᠪᠠᠭᠤᠯᠢᠭ ᠥᠪᠡᠷᠮᠢᠴᠡ ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠳᠠᠭ ᠃ ᠣᠳᠣᠬᠠᠨ ᠳᠤ ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠴᠢᠬᠤᠯᠠ ᠶᠡᠭᠡ ᠠᠵᠠ ᠲᠣᠭᠢᠶᠠᠯ ᠲᠤᠯᠭᠠᠷᠠᠵᠤ ᠪᠠᠶᠢᠨ᠎ᠠ᠄ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠨᠢ ᠵᠡᠭᠦᠨ ᠬᠤᠶᠢᠲᠤ ᠣᠷᠣᠨ ᠤ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠪᠣᠯᠣᠨ ᠠᠵᠤ ᠦᠢᠯᠡᠰ ᠤᠨ ᠳᠠᠪᠠᠭᠤᠯᠢᠭ ᠢᠶᠠᠨ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠳᠤ ᠠᠰᠢᠬᠲᠠᠢ︔ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ ᠂ ᠵᠡᠭᠦᠨ ᠬᠤᠶᠢᠲᠤ ᠣᠷᠣᠨ ᠤ ᠴᠢᠬᠤᠯᠠ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠤᠯᠠᠮ ᠴᠢᠨᠠᠭᠰᠢᠳᠠ ᠲᠤᠪᠤᠶᠢᠯᠭᠠᠪᠠ︔ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠵᠡᠭᠦᠨ ᠬᠤᠶᠢᠲᠤ ᠣᠷᠣᠨ ᠤ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠦᠢᠯᠡᠳᠦᠯ ᠢ ᠴᠢᠩᠭᠠᠳᠬᠠᠬᠤ ᠴᠢᠬᠤᠯᠠᠲᠠᠢ ᠃ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠢᠨ᠎ᠡ ᠠᠶᠠᠨ ᠳᠤ ᠂ ᠵᠡᠭᠦᠨ ᠬᠤᠶᠢᠲᠤ ᠣᠷᠣᠨ ᠤ ᠬᠢᠨ ᠯᠠᠪᠲᠠᠢ ᠰᠦᠷ ᠵᠢᠪᠬᠤᠭ᠎ᠠ ᠪᠠᠨ ᠳᠠᠬᠢᠨᠲᠠ ᠪᠠᠳᠠᠷᠠᠭᠤᠯᠵᠤ ᠂ ᠳᠠᠬᠢᠨᠲᠠ ᠰᠢᠯᠢᠳᠡᠭ ᠠᠮᠵᠢᠯᠲᠠ ᠣᠯᠬᠤ ᠶᠢ ᠢᠲᠡᠭᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃

ᠰᠢ ᠶᠢᠨ ᠫᠢᠩ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠵᠤ ᠂ ᠵᠡᠭᠦᠨ ᠬᠤᠶᠢᠲᠤ ᠶᠢᠨ ᠣᠨᠴᠠᠯᠢᠭ ᠲᠠᠢ ᠳᠠᠪᠠᠭᠤᠯᠢᠭ ᠪᠦᠬᠦᠢ ᠣᠳᠣᠬᠢᠴᠢᠯᠠᠭᠰᠠᠨ ᠠᠵᠤ ᠦᠢᠯᠡᠰ ᠤᠨ  ᠲᠦᠷᠭᠡᠨ ᠪᠠᠶᠢᠭᠤᠯᠬᠤ ᠬᠡᠷᠡᠭᠲᠡᠢ ᠃ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢᠨ ᠦᠨᠳᠦᠰᠦ ᠰᠠᠭᠤᠷᠢ ᠨᠢ ᠪᠣᠳᠠᠲᠤ ᠴᠣᠭᠴᠠ ᠶᠢᠨ ᠠᠵᠤ ᠠᠬᠤᠢ ᠳᠤ ᠪᠤᠢ ᠂ ᠵᠠᠩᠭᠢᠯᠠᠭ᠎ᠠ ᠨᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠪᠤᠢ ᠂ ᠴᠢᠭᠯᠡᠯ ᠨᠢ ᠠᠵᠤ ᠦᠢᠯᠡᠰ ᠤᠨ ᠳᠡᠰ ᠳᠡᠪᠰᠢᠬᠦ ᠳᠤ ᠪᠤᠢ ᠃ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ ᠂  ᠬᠡᠮᠵᠢᠶ᠎ᠡ ᠶᠢ ᠪᠠᠬᠢᠵᠢᠭᠦᠯᠬᠦ ᠂ ᠨᠡᠮᠡᠭᠳᠡᠯ ᠤᠨ ᠬᠡᠮᠵᠢᠶ᠎ᠡ ᠶᠢ ᠥᠷᠭᠡᠳᠬᠡᠬᠦ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠂ ᠨᠡᠮᠡᠯᠲᠡ ᠦᠷᠳᠡᠭ ᠢ ᠳᠡᠭᠡᠭᠰᠢᠯᠡᠭᠦᠯᠭᠦ ᠳᠡᠭᠡᠷ᠎ᠡ ᠬᠦᠴᠦ ᠲᠠᠯᠪᠢᠬᠤ ᠬᠡᠷᠡᠭᠲᠡᠢ ᠃ ᠤᠯᠠᠮᠵᠢᠯᠠᠯᠲᠤ ᠦᠢᠯᠡᠳᠬᠦ ᠦᠢᠯᠡᠰ  ᠂  ᠂ ᠣᠶᠤᠨᠴᠢᠯᠠᠬᠤ ᠥᠭᠡᠷᠡᠴᠢᠯᠡᠯᠲᠡ ᠶᠢ ᠲᠦᠷᠭᠡᠳᠬᠡᠵᠦ ᠂ ᠠᠵᠤ ᠦᠢᠯᠡᠰ ᠤᠨ ᠬᠡᠯᠬᠢᠶ᠎ᠡ ᠶᠢ ᠳᠡᠭᠡᠳᠦ ᠳᠣᠣᠷᠠᠳᠤ ᠬᠡᠯᠬᠢᠶ᠎ᠡ ᠲᠡᠶᠢᠰᠢ ᠤᠷᠲᠤᠳᠬᠠᠬᠤ ᠶᠢ ᠠᠬᠢᠭᠤᠯᠵᠤ ᠂ ᠨᠡᠯᠢᠶᠡᠳ ᠲᠡᠭᠦᠯᠳᠡᠷᠵᠢᠭᠰᠡᠨ ᠠᠵᠤ ᠦᠢᠯᠡᠰ ᠤᠨ ᠬᠡᠯᠬᠢᠶ᠎ᠡ ᠪᠠ ᠠᠵᠤ ᠦᠢᠯᠡᠰ ᠤᠨ ᠪᠦᠯᠦᠭᠵᠢᠯ ᠢ ᠪᠤᠢ ᠪᠤᠯᠭᠠᠬᠤ ᠬᠡᠷᠡᠭᠲᠡᠢ ᠃ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠡᠷᠡᠭᠴᠡᠭᠡ ᠶᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠨᠡᠶᠢᠳᠬᠡᠵᠦ ᠰᠢᠯᠢᠳᠡᠭᠵᠢᠭᠦᠯᠦᠨ ᠂ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠵᠦ ᠂ ᠨᠡᠩ ᠤᠯᠠᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠢ ᠡᠵᠡᠮᠰᠢᠬᠦ ᠬᠡᠷᠡᠭᠲᠡᠢ ᠃ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠢᠳᠡᠪᠬᠢᠲᠡᠢ ᠪᠣᠶᠢᠵᠢᠭᠤᠯᠵᠤ ᠂ ᠠᠵᠢᠯ ᠲᠥᠷᠥᠯ ᠢᠶᠠᠷ ᠬᠠᠮᠲᠤᠷᠠᠯᠴᠠᠬᠤ ᠶᠢ ᠴᠢᠩᠭᠠᠳᠬᠠᠨ ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠨᠠᠶᠢᠳᠠᠪᠤᠷᠢᠵᠢᠭᠤᠯᠤᠨ ᠣᠨᠳᠣᠣᠰᠢᠭᠤᠯᠬᠤ ᠶᠢ ᠲᠦᠷᠭᠡᠳᠬᠡᠬᠦ ᠬᠡᠷᠡᠭᠲᠡᠢ ᠃ ᠰᠢᠨ᠎ᠡ ᠡᠨᠧᠷᠭᠢ ᠂ ᠰᠢᠨ᠎ᠡ ᠮᠠᠲ᠋ᠧᠷᠢᠶᠠᠯ ᠂ ᠲᠡᠷᠢᠭᠦᠨ ᠤ ᠦᠢᠯᠡᠳᠬᠦ ᠦᠢᠯᠡᠰ ᠂ ᠡᠯᠧᠺᠲᠷᠣᠨ ᠮᠡᠳᠡᠭᠡ ᠵᠠᠩᠭᠢ ᠵᠡᠷᠭᠡ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠢᠳᠡᠪᠬᠢᠲᠡᠢ ᠪᠣᠶᠢᠵᠢᠭᠤᠯᠵᠤ ᠂ ᠢᠷᠡᠭᠡᠳᠦᠢ ᠶᠢᠨ ᠠᠵᠤ ᠦᠢᠯᠡᠰ ᠢ ᠢᠳᠡᠪᠬᠢᠲᠡᠢ ᠬᠥᠭᠵᠢᠭᠦᠯᠦᠨ ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠪᠴᠢᠯᠡᠨ ᠪᠤᠢ ᠪᠤᠯᠭᠠᠵᠤ ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠶᠢ ᠴᠢᠩᠭᠠᠷᠠᠭᠤᠯᠬᠤ ᠬᠡᠷᠡᠭᠲᠡᠢ ᠃ ᠰᠠᠯᠬᠢᠨ ᠬᠦᠴᠦᠨ ᠤ ᠴᠠᠭᠢᠯᠭᠠᠨ ᠂ ᠭᠡᠷᠡᠯ ᠴᠠᠭᠢᠯᠭᠠᠨ ᠂ ᠴᠥᠮ᠎ᠡ ᠶᠢᠨ ᠴᠠᠭᠢᠯᠭᠠᠨ ᠵᠡᠷᠭᠡ ᠴᠡᠪᠡᠷ ᠡᠨᠧᠷᠭᠢ ᠶᠢ ᠲᠦᠷᠭᠡᠪᠴᠢᠯᠡᠨ ᠬᠥᠭᠵᠢᠭᠦᠯᠵᠦ ᠂ ᠰᠠᠯᠬᠢᠨ ᠭᠡᠷᠡᠯ ᠢᠯᠴᠢ ᠴᠥᠮ᠎ᠡ ᠶᠢᠨ ᠨᠥᠭᠡᠴᠡᠯᠡᠯᠲᠡ ᠶᠢ ᠨᠢᠭᠡ ᠴᠣᠭᠴᠠᠵᠢᠭᠤᠯᠤᠭᠰᠠᠨ ᠡᠨᠧᠷᠭᠢ ᠶᠢᠨ ᠰᠠᠭᠤᠷᠢᠨ  ᠢ ᠪᠦᠲᠦᠭᠡᠨ ᠪᠠᠶᠢᠭᠤᠯᠬᠤ ᠬᠡᠷᠡᠭᠲᠡᠢ ᠃ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠵᠤ ᠂ ᠵᠡᠭᠦᠨ ᠬᠤᠶᠢᠲᠤ ᠣᠷᠣᠨ ᠤ ᠠᠮᠢ ᠠᠬᠤᠢ ᠣᠷᠴᠢᠨ ᠲᠣᠭᠤᠷᠢᠨ ᠪᠠ ᠠᠮᠢᠳᠤ ᠪᠣᠳᠠᠰ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠂ ᠤᠳᠤ ᠦᠶ᠎ᠡ ᠶᠢᠨ ᠠᠮᠢᠳᠤ ᠪᠣᠳᠠᠰ ᠂ ᠲᠣᠮᠣ ᠳ᠋ᠠᠶᠢᠲ᠋ᠠ ᠵᠡᠷᠭᠡ ᠰᠢᠨ᠎ᠡ ᠪᠠᠷ ᠬᠥᠭᠵᠢᠭᠰᠡᠨ ᠣᠨᠴᠠᠯᠢᠭᠲᠤ ᠠᠵᠤ ᠦᠢᠯᠡᠰ ᠢ ᠬᠥᠭᠵᠢᠭᠦᠯᠵᠦ ᠂ ᠮᠥᠰᠥ ᠴᠠᠰᠤᠨ ᠤ ᠠᠵᠤ ᠠᠬᠤᠢ ᠪᠠ ᠲᠠᠯᠠᠢ ᠲᠠᠩᠭᠢᠰ ᠤᠨ ᠠᠵᠤ ᠠᠬᠤᠢ ᠶᠢ ᠬᠥᠭᠵᠢᠭᠦᠯᠬᠦ ᠬᠡᠷᠡᠭᠲᠡᠢ ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠥᠭᠵᠢᠭᠦᠯᠦᠨ ᠮᠠᠨᠳᠤᠭᠤᠯᠬᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠴᠢᠬᠤᠯᠠ ᠠᠵᠢᠯ ᠲᠦᠷᠦᠯ ᠪᠠ ᠵᠠᠩᠭᠢᠯᠠᠭ᠎ᠠ ᠶᠢᠨ ᠬᠦᠷᠢᠶ᠎ᠡ ᠲᠡᠶᠢᠰᠢ ᠲᠥᠪᠯᠡᠷᠡᠬᠦ ᠶᠢ ᠠᠬᠢᠭᠤᠯᠵᠤ ᠂ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠬᠤ ᠦᠢᠯᠡᠳᠦᠯ ᠢ  ᠬᠡᠷᠡᠭᠲᠡᠢ ᠃ ᠲᠥᠪ ᠤᠨ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠵᠠᠭᠪᠤᠷ ᠤᠨ ᠰᠢᠨ᠎ᠡ ᠶᠢ ᠡᠭᠦᠳᠴᠦ ᠂ ᠲᠥᠪ ᠪᠠ ᠣᠷᠣᠨ ᠨᠤᠲᠤᠭ ᠤᠨ ᠠᠭᠤᠰᠤᠯᠴᠠᠨ ᠬᠥᠭᠵᠢᠬᠦ ᠶᠢ ᠠᠬᠢᠭᠤᠯᠵᠤ ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢ ᠨᠡᠩ ᠰᠠᠶᠢᠲᠤᠷ ᠳᠠᠶᠢᠴᠢᠯᠠᠬᠤ ᠬᠡᠷᠡᠭᠲᠡᠢ ᠃ ᠠᠷᠠᠳ  ᠠᠵᠤ ᠠᠬᠤᠢ ᠶᠢᠨ ᠡᠷᠡᠭᠦᠯ ᠢᠶᠠᠷ ᠬᠥᠭᠵᠢᠬᠦ ᠶᠢ ᠲᠡᠮᠵᠢᠨ ᠵᠣᠷᠢᠭᠵᠢᠭᠤᠯᠵᠤ ᠂ ᠬᠥᠲᠥᠯᠥᠨ ᠵᠢᠯᠤᠭᠤᠳᠴᠤ ᠂ ᠳᠤᠮᠳᠠ ᠪᠠᠭ᠎ᠠ ᠠᠵᠤ ᠠᠬᠤᠶᠢᠯᠠᠯ ᠳᠤ ᠬᠠᠨᠳᠤᠭᠤᠯᠤᠭᠰᠠᠨ ᠲᠦᠭᠡᠮᠡᠯ ᠬᠠᠷᠠᠭᠠᠯᠵᠠᠯ ᠤᠨ ᠴᠢᠨᠠᠷᠲᠠᠢ ᠨᠡᠩ ᠤᠯᠠᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ ᠂ ᠤᠯᠠᠨ ᠲᠦᠷᠦᠯ ᠤᠨ ᠥᠮᠴᠢᠯᠡᠯ ᠤᠨ ᠳᠦᠷᠢᠮᠲᠦ ᠠᠵᠤ ᠠᠬᠤᠶᠢᠯᠠᠯ ᠤᠨ ᠬᠠᠮᠲᠤ ᠪᠠᠷ ᠬᠥᠭᠵᠢᠬᠦ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃

ᠰᠢ ᠶᠢᠨ ᠫᠢᠩ ᠂ ᠣᠳᠣᠬᠢᠴᠢᠯᠠᠭᠰᠠᠨ ᠲᠣᠮᠣ ᠲᠠᠷᠢᠶᠠᠯᠠᠩ ᠢ ᠬᠥᠭᠵᠢᠭᠦᠯᠬᠦ ᠪᠠᠷ ᠭᠤᠣᠯ ᠰᠢᠪᠲᠤᠯᠬᠤ ᠴᠢᠭᠯᠡᠯ ᠪᠤᠯᠭᠠᠵᠤ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠠᠬᠢᠭᠤᠯᠬᠤ ᠬᠡᠷᠡᠭᠲᠡᠢ ᠃ ᠤᠯᠤᠰ ᠤᠨ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠵᠤ ᠬᠠᠩᠭᠠᠯᠭ᠎ᠠ ᠶᠢ ᠪᠠᠲᠤᠯᠠᠬᠤ 《ᠲᠣᠭᠲᠠᠪᠤᠷᠢᠵᠢᠭᠤᠯᠤᠭᠴᠢ》ᠪᠤᠯᠬᠤ ᠪᠣᠯ ᠵᠡᠭᠦᠨ ᠬᠤᠶᠢᠲᠤ ᠣᠷᠣᠨ ᠤ ᠲᠡᠷᠢᠭᠦᠨ ᠴᠢᠬᠤᠯᠠ ᠬᠠᠷᠢᠭᠤᠴᠠᠯᠭ᠎ᠠ ᠡᠭᠦᠷᠭᠡᠯᠡᠯ ᠪᠣᠯᠣᠨ᠎ᠠ ᠃ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠨ ᠪᠡᠶᠡᠯᠡᠭᠦᠯᠵᠦ ᠂ ᠠᠮᠤ ᠪᠤᠳᠠᠭᠠᠨ ᠤ ᠶᠡᠷᠦᠩᠬᠡᠶᠢᠯᠡᠭᠰᠡᠨ  ᠴᠢᠳᠠᠪᠤᠷᠢ ᠶᠢ ᠳᠡᠭᠡᠭᠰᠢᠯᠡᠭᠦᠯᠵᠦ ᠂ ᠡᠩ ᠤᠨ ᠦᠶ᠎ᠡ ᠳᠤ ᠤᠨᠠᠯᠲᠠ ᠲᠠᠢ ᠂ ᠬᠠᠩᠭᠠᠯᠭ᠎ᠠ ᠭᠦᠢᠴᠡᠳ ᠂ ᠬᠡᠲᠦᠷᠡᠮᠡᠬᠡᠢ ᠪᠠᠶᠢᠳᠠᠯ ᠳᠣᠣᠷ᠎ᠠ ᠳᠠᠭᠠᠭᠠᠵᠤ ᠳᠡᠶᠢᠯᠭᠦ ᠂ ᠨᠠᠶᠢᠳᠠᠪᠤᠷᠢᠲᠠᠢ ᠪᠠᠶᠢᠬᠤ ᠶᠢ ᠪᠠᠲᠤᠯᠠᠬᠤ ᠬᠡᠷᠡᠭᠲᠡᠢ ᠃ ᠣᠷᠣᠭᠤᠯᠤᠯᠲᠠ ᠪᠠᠨ ᠨᠡᠮᠡᠭᠳᠡᠭᠦᠯᠦᠨ ᠂ ᠦᠨᠳᠦᠰᠦᠨ ᠲᠠᠷᠢᠶᠠᠨ ᠭᠠᠵᠠᠷ ᠢ ᠤᠷᠢᠳ ᠢᠶᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠬᠡᠷᠡᠭᠵᠢᠭᠦᠯᠬᠦ ᠬᠡᠪᠴᠢᠶ᠎ᠡ ᠶᠢ ᠵᠡᠷᠭᠡ ᠳᠤᠨᠢ ᠥᠷᠭᠡᠳᠬᠡᠨ ᠂ ᠭᠤᠣᠯ ᠨᠠᠭᠤᠷ ᠢ ᠬᠤᠯᠪᠣᠨ ᠨᠡᠪᠲᠡᠷᠡᠭᠦᠯᠬᠦ ᠂ ᠲᠣᠮᠣ ᠭᠡᠯᠪᠡᠷᠢ ᠶᠢᠨ ᠤᠰᠤᠯᠠᠯᠲᠠ ᠶᠢᠨ ᠣᠷᠣᠨ ᠢ ᠦᠷᠭᠦᠯᠵᠢᠯᠡᠨ ᠪᠠᠶᠢᠭᠤᠯᠵᠤ ᠥᠭᠡᠷᠡᠴᠢᠯᠡᠬᠦ ᠢᠨᠵᠧᠨᠧᠷᠢᠩ ᠢ ᠢᠵᠢ ᠪᠦᠷᠢᠳᠦᠭᠦᠯᠦᠨ ᠬᠡᠷᠡᠭᠵᠢᠭᠦᠯᠵᠦ ᠂ ᠦᠷ᠎ᠡ ᠶᠢᠨ ᠦᠢᠯᠡᠰ ᠢ ᠬᠥᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠦᠨ ᠂ ᠲᠠᠷᠢᠶᠠᠯᠠᠬᠤ ᠳᠤ ᠲᠣᠬᠢᠷᠠᠬᠤ ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠬᠤ ᠂ ᠥᠨᠳᠥᠷ ᠤᠨᠠᠯᠲᠠ ᠲᠣᠭᠲᠠᠭᠤᠨ ᠬᠤᠷᠢᠶᠠᠯᠲᠠ ᠲᠠᠢ ᠣᠳᠣᠬᠢᠴᠢᠯᠠᠭᠰᠠᠨ ᠰᠠᠶᠢᠨ ᠲᠠᠷᠢᠶᠠᠨ ᠭᠠᠵᠠᠷ ᠢ ᠪᠦᠲᠦᠭᠡᠨ ᠪᠠᠶᠢᠭᠤᠯᠬᠤ ᠬᠡᠷᠡᠭᠲᠡᠢ ᠃ ᠬᠠᠮ ᠢᠳᠡᠭᠡᠨ ᠤ ᠦᠵᠡᠯᠲᠡ ᠶᠢ ᠦᠢᠯᠡᠳᠦᠯᠭᠡᠵᠢᠭᠦᠯᠵᠦ ᠂ ᠵᠡᠭᠦᠨ ᠬᠤᠶᠢᠲᠤ ᠶᠢᠨ ᠡᠯ᠎ᠡ ᠲᠥᠷᠥᠯ ᠤᠨ ᠡᠬᠢ ᠪᠠᠶᠠᠯᠢᠭ ᠢ ᠵᠦᠢ ᠵᠣᠬᠢᠰᠲᠠᠢ ᠨᠡᠭᠡᠭᠡᠨ ᠠᠰᠢᠭᠯᠠᠵᠤ ᠂ ᠣᠳᠣ ᠦᠶ᠎ᠡ ᠶᠢᠨ ᠠᠮᠢ ᠠᠬᠤᠢ ᠶᠢᠨ ᠲᠡᠵᠢᠭᠡᠨ ᠦᠷᠡᠵᠢᠭᠦᠯᠬᠦ ᠦᠢᠯᠡᠰ ᠢ ᠢᠳᠡᠪᠬᠢᠲᠡᠢ ᠬᠥᠭᠵᠢᠭᠦᠯᠵᠦ ᠂ ᠠᠮᠤ ᠪᠤᠳᠠᠭ᠎ᠠ ᠠᠵᠤ ᠠᠬᠤᠢ ᠶᠢᠨ ᠲᠠᠷᠢᠮᠠᠯ ᠲᠡᠵᠢᠭᠡᠯ ᠪᠣᠷᠳᠤᠭ᠎ᠠ ᠶᠢ ᠨᠢᠭᠡᠳᠦᠯᠲᠡᠢ ᠲᠥᠯᠥᠪᠵᠢᠭᠦᠯᠬᠦ ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠤ ᠠᠵᠤ ᠠᠬᠤᠢ ᠶᠢ ᠵᠡᠷᠭᠡ ᠳᠤᠨᠢ ᠬᠥᠭᠵᠢᠭᠦᠯᠬᠦ ᠠᠵᠤ ᠦᠢᠯᠡᠰ ᠤᠨ  ᠪᠤᠶ ᠪᠤᠯᠭᠠᠵᠤ ᠂ ᠲᠠᠷᠢᠶᠠᠯᠠᠩ ᠢ ᠲᠣᠮᠣ ᠠᠵᠤ ᠦᠢᠯᠡᠰ ᠪᠣᠯᠭᠠᠨ ᠪᠠᠶᠢᠭᠤᠯᠬᠤ ᠬᠡᠷᠡᠭᠲᠡᠢ ᠃ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠪᠤᠯᠪᠠᠰᠤᠷᠠᠭᠤᠯᠬᠤ ᠪᠠ ᠨᠠᠷᠢᠯᠢᠭ ᠪᠤᠯᠪᠠᠰᠤᠷᠠᠭᠤᠯᠬᠤ ᠶᠢ ᠬᠠᠮᠵᠢᠯᠴᠠᠨ ᠠᠬᠢᠭᠤᠯᠵᠤ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ ᠂ ᠲᠠᠷᠢᠶᠠᠯᠠᠩ ᠤᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠨ ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃

ᠰᠢ ᠶᠢᠨ ᠫᠢᠩ ᠂ ᠣᠳᠣᠬᠢᠴᠢᠯᠠᠭᠰᠠᠨ ᠰᠠᠭᠤᠷᠢ  ᠶᠢᠨ  ᠲᠦᠷᠭᠡᠨ ᠪᠠᠶᠢᠭᠤᠯᠵᠤ ᠂ ᠳᠣᠲᠣᠭᠠᠳᠤ ᠭᠠᠳᠠᠭᠠᠳᠤ ᠳᠤ ᠨᠡᠭᠡᠭᠡᠯᠲᠡ ᠬᠢᠵᠦ ᠬᠠᠮᠲᠤᠷᠠᠯᠴᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ ᠃ ᠵᠡᠭᠦᠨ ᠬᠤᠶᠢᠲᠤ ᠣᠷᠣᠨ ᠪᠣᠯ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠡᠭᠦᠳᠡ ᠡᠷᠦᠭᠡ ᠮᠥᠨ ᠂ ᠮᠠᠨ ᠤ ᠤᠯᠤᠰ ᠵᠡᠭᠦᠨ ᠬᠤᠶᠢᠲᠤ ᠠᠽᠢᠶ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠳᠤᠮᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠪᠠ ᠦᠢᠯᠡᠳᠦᠯ ᠡᠳᠦᠷ ᠢᠷᠡᠬᠦᠶ᠎ᠡ ᠲᠣᠪᠣᠶᠢᠮ᠎ᠠ ᠪᠣᠯᠵᠤ ᠪᠠᠶᠢᠨ᠎ᠠ ᠃ ᠬᠤᠰᠢᠭᠤᠷᠠᠯ ᠤᠨ ᠤᠬᠠᠮᠰᠠᠷ ᠂ ᠨᠡᠭᠡᠭᠡᠯᠲᠡ ᠶᠢᠨ ᠤᠬᠠᠮᠰᠠᠷ ᠢᠶᠠᠨ  ᠂ ᠵᠡᠭᠦᠨ ᠬᠡᠰᠡᠭ ᠤᠨ ᠲᠠᠯᠠᠢ ᠳᠠᠭᠠᠤ ᠣᠷᠣᠨ ᠪᠣᠯᠣᠨ ᠪᠡᠭᠡᠵᠢᠩ ᠲᠢᠶᠠᠨᠵᠢᠨ ᠾᠧᠪᠧᠢ ᠯᠦᠭᠡ ᠶᠢᠨ ᠬᠠᠷᠢᠯᠴᠠᠭ᠎ᠠ ᠶᠢ ᠴᠢᠩᠭᠠᠳᠬᠠᠵᠤ ᠂ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠰᠢᠯᠤᠭᠤᠳᠬᠠᠬᠤ ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠳᠤᠮᠳᠠ ᠨᠡᠩ ᠶᠡᠭᠡ ᠦᠢᠯᠡᠳᠦᠯ ᠪᠠᠳᠠᠷᠠᠭᠤᠯᠬᠤ ᠬᠡᠷᠡᠭᠲᠡᠢ ᠃ ᠵᠡᠭᠦᠨ ᠬᠤᠶᠢᠲᠤ ᠣᠷᠣᠨ ᠤ ᠤᠳᠤ ᠦᠶ᠎ᠡ ᠶᠢᠨ ᠰᠠᠭᠤᠷᠢ ᠪᠡᠯᠡᠳᠭᠡᠮᠵᠢ ᠶᠢᠨ ᠲᠣᠭᠲᠠᠯᠴᠠᠭ᠎ᠠ ᠶᠢ ᠰᠢᠰᠲ᠋ᠧᠮ ᠲᠠᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠂ ᠲᠦᠷᠭᠡᠨ ᠤ ᠲᠡᠮᠦᠷ ᠵᠠᠮ ᠤᠨ ᠲᠣᠣᠷ ᠪᠣᠯᠣᠨ ᠲᠡᠮᠦᠷ ᠵᠠᠮ ᠤᠨ ᠲᠣᠣᠷ ᠂ ᠰᠢᠨ᠎ᠡ ᠭᠡᠯᠪᠡᠷᠢ ᠶᠢᠨ ᠴᠠᠭᠢᠯᠭᠠᠨ ᠤ ᠲᠣᠣᠷ ᠪᠣᠯᠣᠨ ᠴᠠᠭᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠂ ᠰᠢᠨ᠎ᠡ ᠨᠢᠭᠡ ᠦᠶ᠎ᠡ ᠶᠢᠨ ᠰᠢᠯᠵᠢᠭᠡ ᠴᠢᠮᠡᠭᠡ ᠬᠤᠯᠪᠤᠭ᠎ᠠ ᠪᠣᠯᠣᠨ ᠳ᠋ᠠᠶᠢᠲ᠋ᠠ ᠶᠢᠨ ᠲᠣᠣᠷ ᠢ ᠲᠦᠷᠭᠡᠨ ᠨᠤᠲᠠᠯᠠᠬᠤ ᠪᠠ ᠪᠦᠲᠦᠭᠡᠨ ᠪᠠᠶᠢᠭᠤᠯᠵᠤ ᠂ ᠪᠡᠭᠡᠵᠢᠩ ᠲᠢᠶᠠᠨᠵᠢᠨ ᠾᠧᠪᠧᠢ ᠶᠢᠨ ᠬᠠᠮᠵᠢᠯᠴᠠᠨ ᠬᠥᠭᠵᠢᠬᠦ ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠂ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠨᠢᠭᠡ ᠴᠣᠭᠴᠠᠵᠢᠭᠰᠠᠨ ᠬᠥᠭᠵᠢᠯᠲᠡ ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤ ᠪᠦᠲᠦᠭᠡᠨ ᠪᠠᠶᠢᠭᠤᠯᠤᠯᠲᠠ ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠵᠡᠷᠭᠡ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠯᠤᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ ᠂ ᠵᠡᠭᠦᠨ ᠬᠤᠶᠢᠲᠤ ᠣᠷᠣᠨ ᠤ ᠪᠦᠭᠦ ᠤᠯᠤᠰ ᠤᠨ ᠨᠢᠭᠡᠳᠦᠯᠲᠡᠢ ᠶᠡᠭᠡ ᠵᠠᠬ᠎ᠠ ᠳᠡᠯᠭᠡᠭᠦᠷ ᠲᠤ ᠨᠡᠩ ᠰᠠᠶᠢᠲᠤᠷ ᠠᠭᠤᠰᠤᠯᠴᠠᠬᠤ ᠶᠢ ᠠᠬᠢᠭᠤᠯᠬᠤ ᠬᠡᠷᠡᠭᠲᠡᠢ ᠃ ᠳᠦᠷᠢᠮ ᠂ ᠲᠣᠭᠲᠠᠭᠠᠯ ᠂ ᠬᠠᠮᠢᠶᠠᠷᠤᠯᠲᠠ ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠬᠦ ᠬᠡᠷᠡᠭᠲᠡᠢ ᠃ ᠪᠣᠭᠤᠮᠲᠠ ᠪᠠᠷ ᠥᠩᠭᠡᠷᠡᠬᠦ ᠴᠢᠳᠠᠪᠤᠷᠢ ᠪᠠ ᠳᠥᠭᠦᠮᠴᠢᠯᠡᠯᠲᠡ ᠶᠢᠨ ᠬᠡᠮᠵᠢᠶ᠎ᠡ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃

ᠰᠢ ᠶᠢᠨ ᠫᠢᠩ ᠂ ᠬᠥᠮᠥᠨ ᠠᠮᠠ ᠶᠢᠨ ᠪᠦᠬᠦᠯᠢ ᠴᠣᠭᠴᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ ᠂ ᠬᠥᠮᠥᠨ ᠠᠮᠠ ᠶᠢᠨ ᠴᠢᠨᠠᠷ ᠰᠠᠶᠢᠲᠠᠢ ᠬᠥᠭᠵᠢᠯᠲᠡ ᠪᠠᠷ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠲᠤᠯᠭᠠᠭᠤᠷᠢᠯᠠᠬᠤ ᠬᠡᠷᠡᠭᠲᠡᠢ ᠃ ᠲᠦᠭᠡᠮᠡᠯ ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠶᠡᠭᠡ ᠪᠠᠷ ᠬᠥᠭᠵᠢᠭᠦᠯᠵᠦ ᠂ ᠭᠡᠷ ᠪᠦᠯᠢ ᠶᠢᠨ ᠦᠷᠡᠵᠢᠯ ᠠᠰᠠᠷᠠᠬᠤ ᠰᠤᠷᠭᠠᠨ ᠬᠥᠮᠦᠵᠢᠯ ᠤᠨ ᠳᠠᠷᠤᠭᠠᠰᠤ ᠶᠢ ᠬᠥᠩᠭᠡᠷᠡᠭᠦᠯᠵᠦ ᠂ ᠵᠣᠬᠢᠬᠤ ᠦᠷᠡᠵᠢᠯ ᠤᠨ ᠨᠣᠷᠮ᠎ᠠ ᠪᠠ ᠬᠥᠮᠥᠨ ᠠᠮᠠ ᠶᠢᠨ ᠬᠡᠪᠴᠢᠶ᠎ᠡ ᠶᠢ ᠪᠠᠲᠤᠯᠠᠬᠤ ᠬᠡᠷᠡᠭᠲᠡᠢ ᠃ ᠰᠠᠭᠤᠷᠢ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ ᠂ ᠵᠡᠭᠦᠨ ᠬᠤᠶᠢᠲᠤ ᠶᠢᠨ ᠳᠡᠭᠡᠳᠦ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠶᠢ ᠳᠡᠮᠵᠢᠬᠦ ᠡᠷᠴᠢᠮ ᠢᠶᠠᠨ ᠨᠡᠮᠡᠭᠳᠡᠭᠦᠯᠵᠦ ᠂ ᠪᠦᠭᠦ ᠠᠷᠠᠳ ᠢᠯᠠᠩᠭᠤᠶ᠎ᠠ ᠵᠠᠯᠠᠭᠤᠴᠤᠳ ᠤᠨ ᠰᠤᠷᠭᠠᠨ ᠬᠥᠮᠦᠵᠢᠯ ᠭᠦᠷᠲᠡᠭᠦ ᠲᠦᠪᠰᠢᠨ ᠢ ᠳᠡᠭᠡᠭᠰᠢᠯᠡᠭᠦᠯᠵᠦ ᠂ ᠬᠥᠮᠥᠨ ᠠᠮᠠ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠬᠡᠷᠡᠭᠲᠡᠢ ᠃ ᠰᠢᠨ᠎ᠡ ᠶᠢ ᠡᠭᠦᠳᠬᠦ ᠠᠵᠤ ᠦᠢᠯᠡᠰ ᠤᠨ ᠣᠷᠴᠢᠨ ᠨᠥᠬᠦᠴᠡᠯ ᠢ ᠰᠢᠯᠢᠳᠡᠭᠵᠢᠭᠦᠯᠵᠦ ᠂ ᠬᠥᠮᠥᠨ ᠤ ᠬᠦᠴᠦᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠴᠢᠩᠭᠠᠳᠬᠠᠵᠤ ᠂ ᠴᠢᠳᠠᠪᠤᠷᠢᠲᠠᠨ ᠢ ᠬᠥᠭᠵᠢᠭᠦᠯᠦᠨ ᠮᠠᠨᠳᠤᠭᠤᠯᠬᠤ ᠲᠦᠷᠦ ᠶᠢᠨ ᠪᠣᠳᠣᠯᠭ᠎ᠠ ᠶᠢᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠨᠡᠩ ᠤᠯᠠᠨ ᠦᠢᠯᠡᠰ ᠪᠣᠰᠬᠠᠵᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ ᠂ ᠵᠡᠭᠦᠨ ᠬᠤᠶᠢᠲᠤ ᠣᠷᠣᠨ ᠤ ᠴᠢᠳᠠᠪᠤᠷᠢᠲᠠᠨ ᠢ ᠦᠯᠡᠳᠡᠭᠡᠬᠦ ᠂ ᠴᠢᠳᠠᠪᠤᠷᠢᠲᠠᠨ ᠣᠷᠣᠭᠤᠯᠤᠨ ᠠᠪᠴᠢᠷᠠᠬᠤ ᠶᠢ ᠳᠡᠮᠵᠢᠬᠦ ᠬᠡᠷᠡᠭᠲᠡᠢ ᠃ ᠬᠢᠯᠢ ᠳᠠᠭᠠᠤ ᠣᠷᠣᠨ ᠤ ᠵᠠᠮ ᠬᠠᠷᠢᠯᠴᠠᠭ᠎ᠠ ᠂ ᠴᠢᠮᠡᠭᠡ ᠬᠤᠯᠪᠤᠭ᠎ᠠ ᠂ ᠡᠨᠧᠷᠭᠢ ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠭᠡᠮᠵᠢ ᠶᠢᠨ ᠲᠥᠯᠦᠪᠵᠢᠭᠦᠯᠭᠡ ᠪᠠᠶᠢᠷᠢᠰᠢᠭᠤᠯᠤᠯᠲᠠ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ ᠂ ᠬᠢᠯᠢ ᠳᠠᠭᠠᠤ ᠠᠶᠢᠯ ᠲᠣᠰᠬᠤᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ ᠂ ᠣᠲᠣ ᠶᠢᠨ ᠪᠠᠶᠢᠭ᠎ᠠ ᠬᠥᠮᠥᠨ ᠠᠮᠠ ᠶᠢ ᠴᠢᠷᠮᠠᠶᠢᠨ ᠦᠯᠡᠳᠡᠭᠡᠬᠦ ᠶᠢᠨ ᠬᠠᠮᠲᠤ ᠬᠢᠯᠢ ᠳᠠᠭᠠᠤ ᠶᠢᠨ ᠠᠷᠠᠯᠵᠢᠶ᠎ᠠ ᠂ ᠬᠢᠯᠢ ᠳᠠᠭᠠᠤ ᠶᠢᠨ ᠵᠢᠭᠤᠯᠴᠢᠯᠠᠯ ᠪᠠ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠵᠤ ᠂ ᠬᠢᠯᠢ ᠳᠠᠭᠠᠤ ᠬᠤᠲᠠ ᠳᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠰᠤᠷᠭᠠᠭᠤᠯᠢ ᠪᠠᠶᠢᠭᠤᠯᠬᠤ ᠶᠢ ᠳᠡᠮᠵᠢᠵᠦ ᠂ ᠰᠢᠶᠠᠨ ᠤ ᠬᠤᠲᠠ ᠪᠣᠯᠣᠨ ᠵᠢᠵᠢᠭ ᠬᠤᠲᠠ ᠪᠠᠯᠭᠠᠰᠤ ᠶᠢ ᠬᠠᠪᠰᠤᠷᠤᠨ ᠠᠵᠤ ᠦᠢᠯᠡᠰ ᠤᠨ ᠳᠠᠭᠠᠭᠠᠴᠠ ᠶᠢᠨ ᠴᠢᠳᠠᠪᠤᠷᠢ ᠪᠣᠯᠣᠨ ᠬᠥᠮᠥᠨ ᠠᠮᠠ ᠶᠢ ᠲᠥᠪᠯᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ ᠬᠢᠯᠢ ᠬᠢᠵᠠᠭᠠᠷ ᠣᠷᠣᠨ ᠢ ᠬᠠᠮᠠᠭᠠᠯᠠᠬᠤ ᠨᠠᠩ ᠬᠦᠴᠦᠲᠡᠢ ᠨᠥᠬᠦᠪᠦᠷᠢ ᠥᠭᠬᠦ ᠵᠡᠷᠭᠡ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃

ᠰᠢ ᠶᠢᠨ ᠫᠢᠩ ᠂ ᠤᠯᠤᠰ ᠲᠦᠷᠦ ᠶᠢᠨ ᠠᠮᠢ ᠠᠬᠤᠢ ᠶᠢ ᠴᠢᠨᠠᠭᠰᠢᠳᠠ ᠰᠢᠯᠢᠳᠡᠭᠵᠢᠭᠦᠯᠵᠦ ᠂ ᠬᠤᠳᠠᠯᠳᠤᠭ᠎ᠠ ᠡᠷᠭᠢᠯᠡᠭᠦ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠤᠯᠭᠠᠬᠤ ᠬᠡᠷᠡᠭᠲᠡᠢ ᠃ ᠵᠡᠭᠦᠨ ᠬᠤᠶᠢᠲᠤ ᠶᠢᠨ ᠶᠠᠫᠤᠨ ᠢ ᠡᠰᠡᠷᠭᠦᠴᠡᠬᠦ ᠬᠤᠯᠪᠣᠭᠠᠲᠤ ᠴᠡᠷᠢᠭ ᠤᠨ ᠵᠣᠷᠢᠭ ᠰᠠᠨᠠᠭ᠎ᠠ ᠂ ᠳ᠋ᠠᠴᠢᠩ ᠤᠨ ᠵᠣᠷᠢᠭ ᠰᠠᠨᠠᠭ᠎ᠠ ︵ᠲᠡᠮᠦᠷ ᠬᠥᠮᠥᠨ ᠤ ᠵᠣᠷᠢᠭ ᠰᠠᠨᠠᠭ᠎ᠠ ︶᠂ ᠤᠮᠠᠷᠠᠲᠤ ᠶᠢᠨ ᠶᠡᠭᠡ ᠠᠲᠠᠷ ᠬᠠᠭᠠᠯᠪᠤᠷᠢᠯᠠᠬᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠨᠠᠮ ᠤᠨ ᠭᠡᠰᠢᠭᠦᠨ ᠂ ᠺᠠᠳ᠋ᠷ ᠢ ᠬᠥᠲᠥᠯᠥᠨ ᠵᠢᠯᠤᠭᠤᠳᠴᠤ ᠪᠠᠶᠢᠭᠠᠳ ᠠᠵᠢᠯ ᠤᠨ ᠪᠦᠲᠦᠮᠵᠢ ᠶᠢᠨ ᠲᠤᠬᠠᠢ ᠵᠥᠪ ᠦᠵᠡᠯᠲᠡ ᠶᠢ ᠪᠤᠢ ᠪᠤᠯᠭᠠᠵᠤ ᠂ ᠠᠵᠢᠯ ᠬᠢᠵᠦ ᠦᠢᠯᠡᠰ ᠪᠣᠰᠬᠠᠬᠤ ᠬᠠᠯᠠᠭᠤᠨ ᠰᠡᠳᠬᠢᠯᠭᠡ ᠶᠢ ᠨᠢ ᠬᠥᠭᠵᠢᠭᠡᠬᠦ ᠬᠡᠷᠡᠭᠲᠡᠢ ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ ᠂ ᠢᠯᠵᠠᠷᠠᠬᠤ ᠠᠴᠠ ᠵᠢᠷᠦᠬᠡᠰᠢᠶᠡᠬᠦ ᠂ ᠢᠯᠵᠠᠷᠠᠵᠤ ᠪᠤᠯᠬᠤ ᠦᠭᠡᠢ ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠨᠠᠮ ᠤᠨ ᠭᠡᠰᠢᠭᠦᠨ ᠂ ᠺᠠᠳ᠋ᠷᠴᠤᠳ ᠢᠯᠠᠩᠭᠤᠶ᠎ᠠ ᠤᠳᠤᠷᠢᠳᠬᠤ ᠺᠠᠳ᠋ᠷᠴᠤᠳ ᠤᠨ ᠠᠷᠢᠭᠤᠨ ᠴᠢᠬᠡᠴᠢ ᠪᠠᠷ ᠥᠪᠡᠷ ᠢ ᠪᠠᠨ ᠱᠠᠭᠠᠷᠳᠠᠬᠤ ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠂ ᠠᠷᠢᠭᠤᠨ ᠴᠢᠬᠡᠴᠢ ᠪᠠᠷ ᠠᠵᠢᠯ ᠬᠢᠬᠦ ᠶᠢ ᠱᠠᠯᠠᠪᠳᠠᠭᠤᠯᠬᠤ ᠬᠡᠷᠡᠭᠲᠡᠢ ᠃ ᠦᠵᠡᠯ ᠰᠠᠨᠠᠭ᠎ᠠ ᠪᠠᠨ ᠴᠢᠯᠦᠭᠡᠯᠡᠨ ᠂ ᠦᠵᠡᠯᠲᠡ ᠪᠠᠨ ᠬᠤᠪᠢᠷᠠᠭᠤᠯᠵᠤ ᠂ ᠵᠠᠬ᠎ᠠ ᠳᠡᠯᠭᠡᠭᠦᠷ ᠤᠨ ᠤᠬᠠᠮᠰᠠᠷ ᠂ ᠦᠢᠯᠡᠴᠢᠯᠡᠭᠡᠨ ᠤ ᠤᠬᠠᠮᠰᠠᠷ ᠢᠶᠠᠨ ᠨᠡᠮᠡᠭᠳᠡᠭᠦᠯᠵᠦ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠲᠡᠪᠴᠢᠬᠦ ᠬᠡᠷᠡᠭᠲᠡᠢ ᠃ ᠵᠠᠰᠠᠭ ᠤᠨ ᠣᠷᠳᠣᠨ ᠪᠠ ᠬᠤᠳᠠᠯᠳᠤᠭᠠᠨ ᠤ ᠬᠤᠭᠤᠷᠣᠨᠳᠣᠭᠢ ᠳᠣᠲᠣᠨᠣ ᠴᠢᠬᠡᠴᠢ ᠨᠢᠭᠡᠳᠦᠯᠲᠡᠢ ᠰᠢᠨ᠎ᠡ ᠭᠡᠯᠪᠡᠷᠢ ᠶᠢᠨ ᠬᠠᠷᠢᠴᠠᠭ᠎ᠠ ᠶᠢ ᠪᠦᠭᠦ ᠲᠠᠯ᠎ᠠ ᠪᠠᠷ ᠪᠠᠶᠢᠭᠤᠯᠵᠤ ᠂ ᠨᠠᠮ ᠤᠨ ᠭᠡᠰᠢᠭᠦᠨ ᠂ ᠺᠠᠳ᠋ᠷᠴᠤᠳ ᠠᠷᠠᠳ ᠡᠴᠡ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠦ ᠂ ᠬᠦᠴᠢᠷ ᠵᠣᠪᠠᠯᠠᠩ ᠢ ᠨᠢ ᠰᠠᠨᠠᠭᠠᠴᠢᠯᠠᠭ᠎ᠠ ᠠᠴᠠ ᠪᠠᠨ ᠠᠷᠢᠯᠭᠠᠬᠤ ᠮᠥᠷᠲᠡᠭᠡᠨ ᠪᠠᠰᠠ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠃ ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠭᠡᠯᠪᠡᠷᠢ ᠪᠠᠷ ᠠᠰᠠᠭᠤᠳᠠᠯ ᠢ ᠰᠢᠢᠳᠪᠦᠷᠢᠯᠡᠬᠦ ᠂ ᠵᠥᠷᠢᠴᠡᠯ ᠢ ᠰᠢᠢᠳᠪᠦᠷᠢᠯᠡᠬᠦ ᠂ ᠬᠠᠷᠢᠴᠠᠭ᠎ᠠ ᠶᠢ ᠵᠣᠬᠢᠴᠠᠭᠤᠯᠬᠤ ᠳᠠᠭᠠᠨ ᠴᠢᠳᠠᠮᠠᠭᠠᠢ ᠪᠠᠶᠢᠵᠤ ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠮᠡᠳᠡᠯᠭᠡ ᠶᠢᠨ ᠪᠥᠲᠥᠭᠡᠭᠳᠡᠭᠦᠨ ᠦ ᠦᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠤᠨ ᠥᠷᠨᠢᠭᠦᠯᠵᠦ ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠳᠤ ᠲᠣᠭᠲᠠᠭᠤᠨ ᠂ ᠢᠯᠡ ᠲᠣᠳᠣ ᠂ ᠵᠢᠷᠤᠮᠵᠢᠯ ᠲᠠᠢ ᠂ ᠵᠢᠱᠢᠵᠦ ᠪᠣᠯᠬᠤᠶᠢᠴᠠ ᠬᠠᠤᠯᠢᠵᠢᠯ ᠤᠨ ᠣᠷᠴᠢᠨ ᠨᠥᠬᠦᠴᠡᠯ ᠢ ᠪᠣᠢ ᠪᠣᠯᠭᠠᠵᠦ ᠥᠭᠬᠦ ᠬᠡᠷᠡᠭᠲᠡᠢ ᠃ ᠣᠷᠣᠨ ᠨᠤᠲᠤᠭ ᠤᠨ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠲᠦᠷᠭᠡᠨ ᠨᠠᠮᠳᠠᠭᠠᠵᠤ ᠂ ᠳᠤᠮᠳᠠ ᠪᠠᠭ᠎ᠠ ᠭᠡᠯᠪᠡᠷᠢ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠶᠤᠯ ᠲᠦᠭᠰᠢᠭᠦᠷᠢ ᠶᠢ ᠲᠦᠷᠭᠡᠨ ᠰᠢᠢᠳᠪᠦᠷᠢᠯᠡᠵᠦ ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠴᠢᠩᠭᠠᠳᠬᠠᠵᠤ ᠂ ᠡᠷᠡᠭᠦᠯ ᠡᠩᠬᠡ ᠮᠥᠩᠭᠦᠨ ᠭᠦᠢᠯᠭᠡᠭᠡᠨ ᠤ ᠣᠷᠴᠢᠨ ᠨᠥᠬᠦᠴᠡᠯ ᠢ ᠳᠠᠭᠢᠨ ᠴᠣᠭᠴᠠᠯᠠᠬᠤ ᠬᠡᠷᠡᠭᠲᠡᠢ ᠃ ᠵᠡᠭᠦᠨ ᠬᠤᠶᠢᠲᠤ ᠣᠷᠣᠨ ᠪᠣᠯᠣᠨ ᠲᠥᠪ ᠤᠨ ᠪᠠ ᠲᠦᠷᠦ ᠶᠢᠨ ᠪᠠᠶᠢᠭᠤᠯᠭ᠎ᠠ ᠂ ᠵᠡᠭᠦᠨ ᠡᠮᠦᠨᠡᠲᠦ ᠲᠠᠯᠠᠢ ᠳᠠᠭᠠᠤ ᠣᠷᠣᠨ ᠤ ᠺᠠᠳ᠋ᠷ ᠯᠤᠭ᠎ᠠ ᠶᠢᠨ ᠲᠤᠰᠢᠶᠠᠯ ᠡᠭᠦᠷᠭᠡᠯᠡᠬᠦ ᠲᠦᠷ ᠴᠠᠭ ᠲᠤᠰᠢᠶᠠᠯ ᠡᠭᠦᠷᠭᠡᠯᠡᠬᠦ ᠪᠠ ᠬᠤᠣᠰ ᠴᠢᠭᠯᠡᠯ ᠢᠶᠠᠷ ᠰᠣᠯᠢᠯᠴᠠᠬᠤ ᠶᠢ ᠴᠢᠩᠭᠠᠳᠬᠠᠵᠤ ᠂ ᠺᠠᠳ᠋ᠷ ᠤᠨ ᠡᠩᠨᠡᠭᠡᠨ ᠤ ᠪᠦᠲᠦᠴᠡ ᠶᠢ ᠰᠢᠯᠢᠳᠡᠭᠵᠢᠭᠦᠯᠦᠨ ᠂ ᠲᠤᠰᠬᠠᠶᠢᠵᠢᠭᠰᠠᠨ ᠬᠡᠪ ᠴᠢᠨᠠᠷ ᠢ ᠳᠡᠭᠡᠭᠰᠢᠯᠡᠭᠦᠯᠭᠦ ᠬᠡᠷᠡᠭᠲᠡᠢ ᠃ ᠴᠢᠩᠭ᠎ᠠ ᠬᠠᠮᠢᠶᠠᠷᠬᠤ ᠪᠠ ᠬᠠᠶᠢᠷᠠᠯᠠᠨ ᠬᠠᠯᠠᠮᠵᠢᠯᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ ᠂ 《ᠭᠤᠷᠪᠠ ᠶᠢ ᠢᠯᠭᠠᠬᠤ》 ᠶᠢ ᠨᠠᠶᠢᠳᠠᠪᠤᠷᠢᠵᠢᠭᠤᠯᠵᠤ ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠪᠠ ᠬᠠᠮᠠᠭᠠᠯᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠴᠢᠳᠠᠪᠤᠷᠢ ᠲᠠᠢ ᠶᠢ ᠨᠢ ᠳᠡᠪᠰᠢᠭᠦᠯᠬᠦ ᠂ ᠰᠢᠯᠢᠳᠡᠭ ᠢ ᠨᠢ ᠱᠠᠩᠨᠠᠬᠤ ᠂ ᠶᠡᠷᠦᠮᠳᠡᠭ ᠢ ᠨᠢ ᠪᠠᠭᠤᠯᠭᠠᠬᠤ ᠂ ᠰᠢᠭᠠᠷᠤ ᠶᠢ ᠨᠢ ᠰᠢᠭᠰᠢᠭᠳᠡᠭᠦᠯᠬᠦ ᠰᠠᠶᠢᠨ ᠰᠠᠶᠢᠬᠠᠨ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃

ᠰᠢ ᠶᠢᠨ ᠫᠢᠩ ᠂ ᠨᠠᠮ ᠤᠨ ᠤᠳᠤᠷᠢᠳᠤᠯᠭ᠎ᠠ ᠪᠣᠯᠣᠨ ᠨᠠᠮ ᠤᠨ ᠪᠠᠶᠢᠭᠤᠯᠤᠯᠲᠠ ᠶᠢ ᠴᠢᠩᠭᠠᠳᠬᠠᠬᠤ ᠪᠣᠯ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢᠨ ᠦᠨᠳᠦᠰᠦᠨ ᠪᠠᠲᠤᠯᠠᠭ᠎ᠠ ᠮᠥᠨ ᠃ ᠨᠢᠭᠡᠳᠦᠭᠡᠷ ᠪᠦᠯᠦᠭ ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠵᠣᠯᠭᠠᠭᠤᠯᠵᠤ ᠬᠤᠯᠪᠣᠯᠳᠤᠭᠤᠯᠬᠤ ᠶᠢ ᠴᠢᠬᠤᠯᠠᠴᠢᠯᠠᠨ ᠰᠠᠶᠢᠲᠤᠷ ᠠᠳᠬᠤᠵᠤ ᠂ ᠨᠠᠮ ᠤᠨ ᠲᠥᠪ ᠬᠤᠷᠢᠶ᠎ᠠ ᠶᠢᠨ ᠳᠤᠷᠠᠳᠤᠭᠰᠠᠨ ᠬᠠᠷᠠᠯᠲᠠ ᠱᠠᠭᠠᠷᠳᠠᠯᠭ᠎ᠠ ᠪᠣᠯᠣᠨ ᠡᠯ᠎ᠡ ᠵᠦᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠃ ᠤᠨᠤᠯ ᠤᠨ ᠰᠤᠷᠤᠯᠴᠠᠯᠭ᠎ᠠ ᠶᠢ ᠭᠦᠨᠵᠡᠭᠡᠶᠢᠷᠡᠭᠦᠯᠵᠦ ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠵᠤ ᠂ ᠨᠠᠮ ᠤᠨ ᠭᠡᠰᠢᠭᠦᠨ ᠂ ᠺᠠᠳ᠋ᠷ ᠤᠨ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠶᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ ᠂ ᠢᠲᠡᠭᠡᠯ ᠵᠣᠷᠢᠭ ᠢᠶᠠᠨ ᠨᠡᠮᠡᠭᠳᠡᠭᠦᠯᠵᠦ ᠂ ᠵᠣᠷᠢᠭ ᠰᠠᠨᠠᠭ᠎ᠠ ᠪᠠᠨ ᠬᠥᠪᠴᠢᠯᠡᠬᠦ ᠬᠡᠷᠡᠭᠲᠡᠢ ᠃ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠵᠦ ᠂ ᠨᠠᠮ ᠤᠨ ᠭᠡᠰᠢᠭᠦᠨ ᠂ ᠺᠠᠳ᠋ᠷ ᠢᠯᠠᠩᠭᠤᠶ᠎ᠠ ᠤᠳᠤᠷᠢᠳᠬᠤ ᠺᠠᠳ᠋ᠷ ᠤᠨ ᠰᠢᠨᠵᠢᠯᠡᠬᠦ ᠤᠬᠠᠭᠠᠨᠴᠢ ᠪᠠᠷ ᠠᠵᠢᠯ ᠢᠶᠠᠨ ᠲᠥᠯᠥᠪᠵᠢᠭᠦᠯᠬᠦ ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠃ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠭᠤᠣᠯᠳᠠᠭᠤᠯᠵᠤ ᠂ ᠨᠠᠮ ᠤᠨ ᠭᠡᠰᠢᠭᠦᠨ ᠂ ᠺᠠᠳ᠋ᠷ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠭᠦ ᠲᠠᠯ᠎ᠠ ᠪᠠᠷ  ᠂ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ  ᠂ ᠰᠢᠨᠵᠢᠯᠡᠬᠦ ᠤᠬᠠᠭᠠᠨᠴᠢ ᠣᠪᠣᠷ ᠪᠣᠯᠣᠨ ᠪᠣᠳᠠᠲᠠᠢ ᠶᠢ ᠡᠷᠭᠢᠮᠯᠡᠭᠦ ᠵᠣᠷᠢᠭ ᠰᠠᠨᠠᠭ᠎ᠠ ᠪᠠᠷ ᠬᠥᠭᠵᠢᠯᠲᠡ ᠶᠢᠨ ᠰᠢᠨ᠎ᠡ ᠪᠠᠶᠢᠳᠠᠯ ᠢ ᠪᠣᠢ ᠪᠣᠯᠭᠠᠬᠤ ᠬᠡᠷᠡᠭᠲᠡᠢ ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ ᠂ ᠨᠠᠮ ᠤᠨ ᠭᠡᠰᠢᠭᠦᠨ ᠂ ᠺᠠᠳ᠋ᠷ ᠢ ᠱᠠᠯᠠᠪᠳᠠᠭᠤᠯᠤᠨ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠲᠠᠯ᠎ᠠ ᠪᠠᠷ ᠬᠢ ᠠᠰᠠᠭᠤᠳᠠᠯ ᠳᠤ ᠵᠥᠪ ᠢᠶᠠᠷ ᠬᠠᠨᠳᠤᠬᠤ ᠪᠠ ᠰᠢᠢᠳᠪᠦᠷᠢᠯᠡᠵᠦ ᠂ ᠰᠢᠨ᠎ᠡ ᠰᠤᠷᠲᠠᠯ ᠲᠥᠪ ᠰᠤᠷᠲᠠᠯ ᠢᠶᠠᠷ ᠠᠷᠠᠳ ᠤᠯᠠᠨ ᠤ ᠬᠥᠭᠵᠢᠯᠲᠡ ᠶᠢᠨ ᠢᠲᠡᠭᠡᠯ ᠵᠣᠷᠢᠭ ᠢ ᠬᠥᠭᠵᠢᠭᠡᠬᠦ ᠬᠡᠷᠡᠭᠲᠡᠢ ᠭᠡᠵᠦ ᠵᠢᠭᠠᠵᠤ ᠭᠠᠷᠭᠠᠪᠠ ᠃

ᠰᠢ ᠶᠢᠨ ᠫᠢᠩ ᠬᠠᠮᠤᠭ ᠤᠨ ᠰᠡᠭᠦᠯ ᠳᠤ ᠂ ᠦᠶᠡᠷ ᠤᠨ ᠬᠤᠭᠤᠴᠠᠭᠠᠨ ᠳᠤ ᠣᠷᠣᠭᠰᠠᠨ ᠠᠴᠠ ᠨᠠᠭᠠᠰᠢ ᠂ ᠵᠡᠭᠦᠨ ᠬᠤᠶᠢᠲᠤ ᠶᠢᠨ ᠵᠠᠷᠢᠮ ᠭᠠᠵᠠᠷ ᠣᠷᠣᠨ ᠬᠦᠨᠳᠦ ᠨᠣᠴᠢᠲᠠᠢ ᠦᠶᠡᠷ ᠤᠰᠤᠲᠤᠯ ᠤᠨ ᠭᠠᠮᠰᠢᠭ ᠲᠤ ᠤᠴᠠᠷᠠᠪᠠ ᠃ ᠨᠠᠮ ᠤᠨ ᠲᠥᠪ ᠬᠤᠷᠢᠶ᠎ᠠ ᠠᠴᠠ ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠬᠤ ᠪᠠ ᠭᠠᠮᠰᠢᠭ ᠤᠨ ᠳᠠᠷᠠᠭ᠎ᠠ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠲᠤᠬᠠᠢ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ ᠃ ᠵᠡᠭᠦᠨ ᠬᠤᠶᠢᠲᠤ ᠶᠢᠨ ᠭᠤᠷᠪᠠᠨ ᠮᠤᠵᠢ ᠵᠢᠴᠢ ᠥᠪᠥᠷ ᠮᠣᠩᠭᠤᠯ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠭᠠᠮᠰᠢᠭ ᠤᠨ ᠳᠠᠷᠠᠭᠠᠬᠢ ᠰᠡᠷᠭᠦᠭᠡᠵᠦ ᠲᠠᠭᠢᠨ ᠪᠦᠲᠦᠭᠡᠨ ᠪᠠᠶᠢᠭᠤᠯᠬᠤ ᠡᠯ᠎ᠡ ᠵᠦᠢᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ ᠂ ᠭᠠᠮᠰᠢᠭᠳᠠᠭᠰᠠᠨ ᠤᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨ ᠬᠦ ᠪᠠᠲᠤᠯᠠᠵᠤ ᠂ ᠭᠠᠮᠰᠢᠭᠳᠠᠭᠰᠠᠨ ᠣᠷᠣᠨ ᠤ ᠰᠤᠷᠤᠬᠴᠢᠳ ᠢ ᠰᠤᠷᠭᠠᠭᠤᠯᠢ ᠳᠤ ᠰᠠᠭᠤᠯᠭᠠᠬᠤ ᠶᠢ ᠦᠨᠡᠨ ᠬᠦ ᠪᠠᠲᠤᠯᠠᠵᠤ ᠂ ᠭᠠᠮᠰᠢᠭᠳᠠᠭᠰᠠᠨ ᠣᠷᠣᠨ ᠤ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠳᠠᠷᠤᠢ ᠲᠦᠷᠭᠡᠨ ᠰᠡᠷᠭᠦᠭᠡᠬᠦ ᠶᠢ ᠬᠦᠰᠡᠵᠦ ᠪᠠᠶᠢᠨ᠎ᠠ ᠃ ᠨᠠᠮᠤᠷ ᠤᠨ ᠦᠶᠡᠷ ᠢ ᠳᠡᠭᠡᠳᠦ ᠬᠡᠮᠵᠢᠶ᠎ᠡ ᠪᠠᠷ ᠰᠡᠷᠡᠮᠵᠢᠯᠡᠵᠦ ᠂ ᠠᠶᠤᠯ ᠭᠠᠮᠰᠢᠭ ᠠᠴᠠ ᠠᠪᠤᠷᠠᠬᠤ ᠡᠯ᠎ᠡ ᠵᠦᠢᠯ ᠤᠨ ᠪᠡᠯᠡᠳᠬᠡᠯ ᠢ ᠰᠠᠶᠢᠲᠤᠷ ᠬᠢᠵᠦ ᠂ ᠪᠡᠯᠡᠳᠬᠡᠯ ᠲᠠᠢ ᠪᠣᠯ ᠪᠠᠯᠢᠳᠠᠬᠤ ᠦᠭᠡᠢ ᠪᠠᠶᠢᠬᠤ ᠬᠡᠷᠡᠭᠲᠡᠢ ᠭᠡᠵᠦ ᠴᠢᠬᠤᠯᠠᠴᠢᠯᠠᠪᠠ ᠃

ᠳ᠋ᠢᠩ ᠰᠢᠤᠸᠠᠢ ᠰᠢᠶᠠᠩ ᠶᠠᠷᠢᠶᠠᠨ ᠳᠠᠭᠠᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ  ᠂ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠪᠠᠲᠤ ᠡᠵᠡᠮᠳᠡᠵᠦ ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ ᠂ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠰᠢᠨ᠎ᠡ ᠰᠢᠪᠲᠤᠯᠤᠯᠲᠠ ᠲᠠᠢ ᠪᠤᠯᠬᠤ ᠶᠢ ᠠᠬᠢᠭᠤᠯᠵᠤ ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠢ ᠃ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ ᠂ ᠣᠷᠣᠨ ᠪᠦᠰᠡ ᠶᠢᠨ ᠰᠢᠨ᠎ᠡ ᠶᠢ ᠡᠭᠦᠳᠬᠦ ᠥᠨᠳᠦᠷᠯᠢᠭ ᠢ ᠲᠦᠷᠭᠡᠳᠬᠡᠨ ᠪᠠᠶᠢᠭᠤᠯᠵᠤ ᠂ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠬᠡᠷᠡᠭᠯᠡᠯᠲᠡ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ ᠂ ᠥᠨᠳᠥᠷ ᠲᠦᠪᠰᠢᠨ ᠪᠦᠬᠦᠢ ᠰᠢᠨ᠎ᠡ ᠶᠢ ᠡᠭᠦᠳᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠃ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ ᠂ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠲᠣᠭᠲᠠᠭᠤᠨ ᠢᠶᠠᠷ ᠥᠷᠭᠡᠳᠬᠡᠵᠦ ᠂ ᠬᠥᠭᠵᠢᠯᠲᠡ ᠶᠢᠨ ᠳᠣᠲᠣᠭᠠᠳᠤ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠃ ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠶ ᠪᠤᠯᠭᠠᠵᠤ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠨᠢᠭᠡ ᠪᠦᠷᠢ ᠶᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠢᠯᠡᠳᠬᠡᠪᠡ ᠃

ᠯᠢ ᠭᠠᠨ ᠵᠢᠶᠧ ᠂ ᠾᠧ ᠯᠢ ᠹᠧᠩ ᠂ ᠮᠦ ᠬᠤᠩ ᠂ ᠵᠢᠶᠠᠩ ᠰᠢᠨ ᡁᠢ ᠶᠠᠷᠢᠯᠴᠠᠬᠤ ᠬᠤᠷᠠᠯ ᠳᠤ ᠣᠷᠣᠯᠴᠠᠵᠤ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠬᠤᠯᠪᠣᠭᠳᠠᠯ ᠪᠦᠬᠦᠢ ᠣᠷᠣᠨ ᠨᠤᠲᠤᠭ ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ ᠃

 

 


   :                    
   :           
备案序号:蒙ICP备05003250号 公安备案15010502000173