ᠵᠤᠬᠢᠶᠠᠭᠴᠢ: ᠴᠠᠭ:2023-09-15 ᠥᠵᠡᠭᠰᠡᠨ : ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ 》  
ᠰᠢ ᠶᠢᠨ ᠫᠢᠩ ᠪᠦᠭᠦ ᠤᠯᠤᠰ ᠤᠨ ᠰᠢᠯᠢᠳᠡᠭ ᠪᠠᠭᠰᠢ ᠨᠠᠷ ᠤᠨ ᠲᠥᠯᠥᠭᠡᠯᠡᠭᠴᠢᠳ ᠲᠤ ᠵᠠᠬᠢᠳᠠᠯ ᠢᠯᠡᠭᠡᠵᠦ ᠴᠢᠬᠤᠯᠠᠴᠢᠯᠠᠭᠰᠠᠨ ᠨᠢ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠭᠦ ᠬᠡᠷᠡᠭᠲᠡᠢ

 

ᠪᠦᠭᠦ ᠤᠯᠤᠰ ᠤᠨ ᠰᠢᠯᠢᠳᠡᠭ ᠪᠠᠭᠰᠢ ᠨᠠᠷ ᠤᠨ ᠲᠥᠯᠥᠭᠡᠯᠡᠭᠴᠢᠳ ᠤᠨ ᠶᠠᠷᠢᠯᠴᠠᠬᠤ ᠬᠤᠷᠠᠯ 2023  9  ᠰᠠᠷ᠎ᠠ ᠶᠢᠨ 9 ᠤ ᠡᠳᠦᠷ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠠᠭᠰᠢ ᠨᠠᠷ ᠤᠨ ᠲᠥᠯᠥᠭᠡᠯᠡᠭᠴᠢᠳ ᠲᠤ ᠵᠠᠬᠢᠳᠠᠯ ᠢᠯᠡᠭᠡᠵᠦ᠂ ᠭᠤᠴᠢ ᠶᠢᠰᠦᠳᠡᠬᠢ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ ᠨᠠᠮ ᠤᠨ ᠲᠥᠪ ᠬᠤᠷᠢᠶ᠎ᠠ ᠶᠢᠨ ᠡᠮᠦᠨ᠎ᠡ ᠠᠴᠠ ᠲᠡᠳᠡ ᠨᠠᠷ ᠵᠢᠴᠢ ᠪᠦᠭᠦ ᠤᠯᠤᠰ ᠤᠨ ᠥᠷᠭᠡᠨ ᠣᠯᠠᠨ ᠪᠠᠭᠰᠢ ᠨᠠᠷ ᠬᠢᠭᠡᠳ ᠰᠤᠷᠭᠠᠨ ᠬᠥᠮᠦᠵᠢᠯ ᠤᠨ ᠠᠵᠢᠯᠲᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠵᠥᠩᠨᠡᠯ ᠳᠡᠪᠰᠢᠭᠦᠯᠪᠡ᠃

ᠰᠢ ᠶᠢᠨ ᠫᠢᠩ ᠵᠠᠬᠢᠳᠠᠯ ᠳᠠᠭᠠᠨ᠂ ᠤᠷᠳᠤ ᠬᠤᠭᠤᠴᠠᠭᠠᠨ ᠤ ᠲᠤᠷᠰᠢ᠂ ᠲᠠ ᠨᠠᠷ ᠢᠶᠠᠷ ᠲᠥᠯᠥᠭᠡᠯᠡᠭᠦᠯᠦᠭᠰᠡᠨ ᠪᠦᠭᠦ ᠤᠯᠤᠰ ᠤᠨ ᠥᠷᠭᠡᠨ ᠤᠯᠠᠨ ᠪᠠᠭᠰᠢ ᠨᠠᠷ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ ᠂   ᠬᠥᠮᠥᠵᠢᠭᠦᠯᠵᠦ᠂ ᠦᠨᠳᠦᠰᠦ ᠰᠠᠭᠤᠷᠢ ᠶᠢ ᠪᠣᠶᠢᠵᠢᠭᠤᠯᠤᠨ ᠰᠦᠭ ᠰᠦᠨᠡᠰᠦ ᠶᠢ ᠱᠤᠭᠤᠵᠤ᠂ ᠦᠶ᠎ᠡ ᠦᠶ᠎ᠡ ᠶᠢᠨ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠥᠮᠥᠵᠢᠭᠦᠯᠵᠦ᠂ ᠶᠡᠭᠡ ᠬᠡᠷᠡᠭᠴᠡᠭᠡ ᠲᠠᠢ ᠪᠥᠭᠡᠳ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠲᠤᠯᠭᠠᠭᠤᠷᠢ ᠴᠢᠳᠠᠪᠤᠷᠢᠲᠠᠨ ᠢ ᠦᠯᠡᠮᠵᠢ ᠤᠯᠠᠨ ᠬᠥᠮᠥᠵᠢᠭᠦᠯᠵᠦ᠂ ᠤᠯᠤᠰ ᠣᠷᠣᠨ ᠤ ᠬᠥᠭᠵᠢᠯᠲᠡ᠂ ᠦᠨᠳᠦᠰᠦᠲᠡᠨ ᠤ ᠬᠥᠭᠵᠢᠯ ᠮᠠᠨᠳᠤᠯ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠪᠠᠭᠰᠢ ᠨᠠᠷ ᠤᠨ ᠳᠣᠲᠣᠷ᠎ᠠ ᠠᠴᠠ ᠨᠢᠭᠡ ᠪᠦᠯᠦᠭ ᠰᠤᠷᠭᠠᠨ ᠬᠥᠮᠥᠵᠢᠯᠲᠡᠨ ᠪᠠ ᠰᠢᠯᠢᠳᠡᠭ ᠪᠠᠭᠰᠢ ᠨᠠᠷ ᠴᠣᠯᠭᠤᠷᠠᠨ ᠭᠠᠷᠴᠤ᠂ ᠲᠡᠳᠡ ᠰᠡᠳᠬᠢᠯ ᠳᠡᠭᠡᠨ ᠶᠡᠭᠡ ᠲᠠᠯ᠎ᠠ ᠶᠢ ᠪᠤᠳᠤᠵᠤ᠂ ᠴᠢᠩ ᠦᠨᠡᠨᠴᠢ ᠪᠠᠷ ᠤᠯᠤᠰ ᠲᠠᠭᠠᠨ ᠵᠢᠳᠬᠦᠬᠦ ᠬᠦᠰᠡᠯᠡᠩ ᠢᠲᠡᠭᠡᠯ ᠪᠢᠰᠢᠷᠡᠯ ᠲᠠᠢ ᠪᠠᠶᠢᠵᠤ᠂ ᠦᠭᠡ ᠶᠠᠷᠢᠶ᠎ᠠ ᠨᠢ ᠡᠷᠳᠡᠮᠲᠡᠨ ᠤ ᠪᠠᠷᠢᠮᠵᠢᠶ᠎ᠠ᠂ ᠦᠢᠯᠡ ᠠᠵᠢᠯᠯᠠᠭ᠎ᠠ ᠨᠢ ᠶᠢᠷᠲᠢᠨᠴᠦ ᠶᠢᠨ ᠬᠡᠪ ᠨᠠᠮᠪᠠ ᠲᠠᠢ ᠪᠠᠶᠢᠬᠤ ᠶᠣᠰᠣ ᠰᠤᠷᠲᠠᠬᠤᠨ ᠤ ᠦᠵᠡᠯ ᠰᠡᠳᠬᠢᠯᠭᠡ᠂ ᠤᠶᠤᠨ ᠤᠬᠠᠭᠠᠨ ᠢ ᠰᠡᠬᠡᠭᠡᠷᠡᠭᠦᠯᠦᠨ ᠰᠡᠳᠬᠢᠯ ᠢ ᠤᠮᠳᠠᠯᠠᠬᠤ᠂ ᠠᠪᠢᠶᠠᠰ ᠲᠤᠨᠢ ᠲᠣᠬᠢᠷᠠᠭᠤᠯᠤᠨ  ᠬᠥᠮᠥᠵᠢᠭᠦᠯᠬᠦ ᠤᠶᠤᠨ ᠤᠬᠠᠭᠠᠨ ᠲᠠᠢ᠂ ᠰᠢᠷᠭᠠᠭᠤ ᠰᠤᠷᠤᠯᠴᠠᠨ ᠦᠨᠡᠨᠴᠢ ᠰᠢᠳᠤᠷᠭᠤ ᠪᠠᠷ ᠠᠵᠢᠯᠯᠠᠬᠤ᠂ ᠦᠨᠡᠨ ᠢ ᠪᠠᠷᠢᠮᠲᠠᠯᠠᠨ ᠰᠢᠨ᠎ᠡ ᠶᠢ ᠡᠭᠦᠳᠬᠦ ᠥᠪᠡᠷ ᠤᠨ ᠪᠡᠶ᠎ᠡ ᠪᠠᠷ ᠢᠶᠠᠨ ᠬᠢᠬᠦ ᠣᠪᠣᠷ ᠲᠠᠢ᠂ ᠵᠢᠭᠠᠨ ᠰᠤᠷᠭᠠᠬᠤ ᠳᠤᠷᠠᠲᠠᠢ ᠰᠤᠷᠤᠬᠴᠢ ᠪᠠᠨ ᠬᠠᠶᠢᠷᠠᠯᠠᠬᠤ᠂ ᠬᠠᠷᠠᠮ ᠦᠭᠡᠢ ᠵᠣᠷᠢᠭᠤᠯᠬᠤ ᠡᠨᠡᠷᠢᠩᠭᠦᠢ ᠰᠡᠳᠬᠢᠯ ᠲᠠᠢ᠂ ᠥᠷᠥᠴᠡ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ᠂ ᠰᠣᠶᠣᠯ ᠢᠶᠠᠷ ᠬᠥᠮᠥᠨ ᠢ ᠰᠤᠷᠭᠠᠬᠤ ᠠᠭᠤᠤ ᠶᠡᠭᠡ ᠬᠥᠭᠡᠭᠡᠴᠡᠯᠳᠦᠯ ᠢᠶᠠᠷ ᠢᠶᠠᠨ ᠳᠤᠮᠳᠠᠳᠤ ᠤᠯᠤᠰ ᠲᠤ ᠣᠨᠴᠠ ᠪᠠᠶᠢᠳᠠᠭ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠢᠯᠡᠷᠡᠭᠦᠯᠵᠡᠢ ᠭᠡᠵᠦ ᠬᠡᠯᠡᠪᠡ᠃

  ᠶᠢᠨ ᠫᠢᠩ᠂ ᠰᠢᠨ᠎ᠡ ᠠᠶᠠᠨ ᠳᠤ᠂ ᠲᠠ ᠨᠠᠷ ᠬᠢᠭᠡᠳ ᠪᠦᠭᠦ ᠤᠯᠤᠰ ᠤᠨ ᠥᠷᠭᠡᠨ ᠤᠯᠠᠨ ᠪᠠᠭᠰᠢ ᠨᠠᠷ ᠰᠤᠷᠭᠠᠨ ᠬᠥᠮᠥᠵᠢᠯᠲᠡᠨ ᠢᠶᠠᠷ ᠳᠠᠭᠤᠷᠢᠶᠠᠯ ᠪᠤᠯᠭᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠠᠮ ᠤᠨ ᠲᠥᠯᠥᠭᠡ ᠬᠥᠮᠥᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠥᠵᠢᠭᠦᠯᠬᠦ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ 《ᠰᠤᠷᠭᠠᠨ ᠬᠥᠮᠦᠵᠢᠯ ᠤᠨ ᠦᠢᠯᠡᠰ ᠲᠤ ᠵᠢᠳᠬᠦᠵᠦ᠂ ᠤᠯᠤᠰ ᠢᠶᠠᠨ ᠬᠦᠴᠦᠷᠬᠡᠭᠵᠢᠭᠦᠯᠬᠦ ᠳᠤ ᠪᠢ ᠪᠤᠢ》ᠭᠡᠬᠦ ᠬᠦᠰᠡᠯ ᠵᠣᠷᠢᠯᠲᠠ ᠶᠢ ᠪᠤᠢ ᠪᠤᠯᠭᠠᠵᠤ᠂ ᠢᠲᠡᠭᠡᠯ ᠲᠠᠢ ᠪᠠᠷ ᠥᠪᠡᠷ ᠢ ᠪᠠᠨ ᠬᠦᠴᠦᠷᠬᠡᠭᠵᠢᠭᠦᠯᠵᠦ᠂ ᠡᠷᠡᠯᠬᠡᠭᠯᠡᠨ ᠲᠡᠮᠡᠴᠡᠵᠦ᠂ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠰᠢᠨ᠎ᠡ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ᠃

ᠨᠠᠮ ᠤᠨ ᠲᠥᠪ ᠬᠤᠷᠢᠶ᠎ᠠ ᠶᠢᠨ ᠤᠯᠤᠰ ᠲᠦᠷᠤ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠤ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠴᠦ᠂ ᠪᠠᠭᠰᠢ ᠪᠣᠯ ᠰᠤᠷᠭᠠᠨ ᠬᠥᠮᠦᠵᠢᠯ ᠤᠨ ᠦᠨᠳᠦᠰᠦ᠂ ᠰᠤᠷᠭᠠᠨ ᠬᠥᠮᠦᠵᠢᠯ ᠢ ᠬᠥᠭᠵᠢᠭᠦᠯᠬᠦ ᠶᠢᠨ ᠡᠬᠢ ᠰᠤᠷᠪᠤᠯᠵᠢ ᠮᠥᠨ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠨᠢᠭᠡᠳᠦᠭᠡᠷ ᠡᠬᠢ ᠪᠠᠶᠠᠯᠢᠭ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠪᠣᠯᠣᠨ ᠲᠦᠷᠦ ᠶᠢᠨ ᠶᠠᠪᠤᠳᠠᠯ ᠤᠨ ᠬᠤᠷᠢᠶ᠎ᠠ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠠᠭᠰᠢ ᠶᠢᠨ ᠡᠩᠨᠡᠭᠡᠨ ᠤ ᠬᠡᠪ ᠴᠢᠨᠠᠷ ᠳᠠᠰᠤᠷᠠᠯᠳᠠ ᠦᠭᠡᠢ ᠳᠡᠭᠡᠭᠰᠢᠯᠡᠵᠦ᠂ ᠪᠦᠲᠦᠴᠡ ᠳᠠᠰᠤᠷᠠᠯᠳᠠ ᠦᠭᠡᠢ ᠰᠢᠯᠢᠳᠡᠭᠵᠢᠵᠦ᠂ ᠬᠠᠷᠠᠭᠠᠯᠵᠠᠯ ᠬᠦᠷᠲᠡᠭᠡᠮᠵᠢ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠲᠡᠦᠬᠡᠲᠦ ᠴᠢᠨᠠᠷᠲᠠᠢ ᠠᠮᠵᠢᠯᠲᠠ ᠣᠯᠵᠤ᠂ ᠨᠠᠮ ᠪᠣᠯᠣᠨ ᠤᠯᠤᠰ ᠲᠤ ᠦᠯᠡᠮᠵᠢ ᠤᠯᠠᠨ ᠰᠢᠯᠢᠳᠡᠭ ᠴᠢᠳᠠᠪᠤᠷᠢᠲᠠᠨ ᠢ ᠬᠥᠮᠥᠵᠢᠭᠦᠯᠵᠦ᠂ ᠮᠠᠨ ᠤ ᠤᠯᠤᠰ ᠤᠨ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠳᠤ ᠲᠣᠪᠣᠶᠢᠮ᠎ᠠ ᠬᠤᠪᠢ ᠨᠡᠮᠡᠷᠢ ᠦᠵᠡᠭᠦᠯᠪᠡ᠃ ᠰᠢ  ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠥᠨᠳᠥᠷ ᠬᠡᠪ ᠴᠢᠨᠠᠷ ᠪᠦᠬᠦᠢ ᠪᠠᠭᠰᠢ ᠶᠢᠨ ᠡᠩᠨᠡᠭᠡ ᠶᠢ ᠬᠥᠮᠥᠵᠢᠭᠦᠯᠵᠦ᠂ ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠲᠡᠭᠦᠯᠳᠡᠷᠵᠢᠭᠦᠯᠵᠦ᠂   ᠬᠥᠮᠥᠵᠢᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ᠪᠠᠭᠰᠢ ᠶᠢᠨ ᠬᠠᠮᠢᠶᠠᠷᠤᠯᠲᠠ ᠪᠠ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠠᠷᠠᠭᠠᠯᠵᠠᠯ ᠬᠦᠷᠲᠡᠭᠡᠮᠵᠢ ᠶᠢ ᠪᠠᠲᠤᠯᠠᠬᠤ ᠡᠷᠴᠢᠮ ᠢ ᠴᠢᠩᠭᠠᠷᠠᠭᠤᠯᠵᠤ᠂ ᠢᠷᠠᠭᠤ ᠠᠯᠳᠠᠷ ᠢ ᠬᠥᠬᠢᠭᠦᠯᠦᠨ ᠰᠠᠶᠢᠰᠢᠶᠠᠬᠤ  ᠲᠡᠭᠦᠯᠳᠡᠷᠵᠢᠭᠦᠯᠵᠦ᠂ ᠪᠦᠭᠦ ᠨᠡᠶᠢᠭᠡᠮ ᠢᠶᠠᠷ ᠢᠶᠠᠨ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠪᠠᠭᠰᠢ ᠨᠠᠷ ᠢ ᠨᠡᠶᠢᠭᠡᠮ ᠳᠤ ᠬᠠᠮᠤᠭ ᠠᠴᠠ ᠢᠯᠡᠭᠦᠦ ᠬᠦᠨᠳᠦᠳᠬᠡᠭᠳᠡᠬᠦ ᠪᠠ ᠬᠥᠮᠥᠰ ᠢ ᠪᠢᠰᠢᠷᠡᠭᠦᠯᠦᠮ᠎ᠡ  ᠠᠵᠢᠯ  ᠪᠤᠯᠭᠠᠵᠤ᠂ ᠰᠤᠷᠭᠠᠨ ᠬᠥᠮᠦᠵᠢᠯ ᠤᠨ ᠬᠦᠴᠦᠷᠬᠡᠭ ᠤᠯᠤᠰ ᠢ ᠲᠦᠷᠭᠡᠪᠴᠢᠯᠡᠨ ᠪᠦᠲᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠵᠤ᠂ ᠰᠢ ᠶᠢᠨ ᠫᠢᠩ ᠤᠨ ᠵᠠᠬᠢᠳᠠᠯ ᠪᠣᠯᠣᠨ ᠯᠢ ᠴᠢᠶᠠᠩ ᠤᠨ ᠴᠣᠬᠤᠯᠠᠪᠤᠷᠢ ᠶᠢ ᠤᠯᠠᠮᠵᠢᠯᠠᠭᠰᠠᠨ ᠪᠥᠭᠡᠳ ᠶᠠᠷᠢᠶ᠎ᠠ ᠲᠠᠯᠪᠢᠪᠠ᠃

ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠴᠢᠬᠤᠯᠠ ᠵᠢᠭᠠᠪᠤᠷᠢ ᠥᠭᠴᠦ᠂ ᠶᠡᠷᠦᠩᠬᠡᠢ ᠰᠠᠶᠢᠳ ᠯᠢ ᠴᠢᠶᠠᠩ ᠴᠣᠬᠤᠯᠠᠪᠤᠷᠢ ᠥᠭᠭᠦᠭᠰᠡᠨ ᠨᠢ ᠨᠠᠮ ᠤᠨ ᠲᠥᠪ ᠬᠤᠷᠢᠶ᠎ᠠ ᠪᠣᠯᠣᠨ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠥᠷᠭᠡᠨ ᠣᠯᠠᠨ ᠪᠠᠭᠰᠢ ᠨᠠᠷ ᠢ ᠬᠠᠯᠠᠮᠵᠢᠯᠠᠨ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠥᠷᠭᠡᠨ ᠤᠯᠠᠨ ᠪᠠᠭᠰᠢ ᠨᠠᠷ ᠤᠨ ᠤᠯᠤᠰ ᠤᠨ ᠬᠥᠭᠵᠢᠯᠲᠡ᠂ ᠦᠨᠳᠦᠰᠦᠲᠡᠨ ᠤ ᠬᠥᠭᠵᠢᠯ ᠮᠠᠨᠳᠤᠯ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠭᠦᠢᠴᠡᠳ ᠨᠤᠲᠠᠯᠠᠵᠤ᠂ ᠰᠤᠷᠭᠠᠨ ᠬᠥᠮᠥᠵᠢᠯᠲᠡᠨ ᠤ ᠵᠣᠷᠢᠭ ᠰᠠᠨᠠᠭᠠᠨ ᠤ ᠪᠠᠶᠠᠯᠢᠭ ᠠᠭᠤᠯᠤᠭᠳᠠᠬᠤᠨ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠲᠠᠶᠢᠯᠪᠤᠷᠢᠯᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠪᠠᠭᠰᠢ ᠳᠤ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠣᠯᠭᠤᠪᠠ᠃ ᠥᠷᠭᠡᠨ ᠤᠯᠠᠨ ᠪᠠᠭᠰᠢ ᠨᠠᠷ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠢ ᠂ ᠰᠤᠷᠭᠠᠨ ᠬᠥᠮᠥᠵᠢᠯᠲᠡᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠢᠭᠡ ᠰᠡᠳᠬᠢᠯ ᠢᠶᠠᠷ   ᠬᠥᠮᠥᠵᠢᠭᠦᠯᠵᠦ᠂ ᠤᠭ ᠦᠨᠳᠦᠰᠦ ᠶᠢ ᠪᠣᠶᠢᠵᠢᠭᠤᠯᠵᠤ ᠰᠦᠭ ᠰᠦᠨᠡᠰᠦ ᠶᠢ ᠱᠤᠭᠤᠵᠤ᠂ ᠤᠯᠤᠰ ᠲᠤ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠭᠴᠢ ᠪᠣᠯᠣᠨ ᠵᠠᠯᠭᠠᠮᠵᠢᠯᠠᠭᠴᠢ ᠶᠢ ᠦᠷᠭᠦᠯᠵᠢᠯᠡᠨ ᠬᠥᠮᠥᠵᠢᠭᠦᠯᠵᠦ᠂ ᠨᠡᠩ ᠤᠯᠠᠨ ᠶᠡᠭᠡ ᠬᠡᠷᠡᠭᠴᠡᠭᠡ ᠲᠠᠢ᠂ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠭᠦ ᠲᠤᠯᠭᠠᠭᠤᠷᠢ ᠴᠢᠳᠠᠪᠤᠷᠢᠲᠠᠨ ᠢ ᠬᠥᠮᠥᠵᠢᠭᠦᠯᠬᠦ ᠶᠢ ᠬᠦᠰᠡᠵᠦ ᠪᠠᠶᠢᠨ᠎ᠠ᠃ ᠰᠡᠳᠬᠢᠯ ᠳᠡᠭᠡᠨ ᠶᠡᠭᠡ ᠲᠠᠯ᠎ᠠ ᠶᠢ ᠪᠤᠳᠤᠵᠤ᠂ ᠴᠢᠩ ᠦᠨᠡᠨᠴᠢ ᠪᠠᠷ ᠤᠯᠤᠰ ᠲᠠᠭᠠᠨ ᠵᠢᠳᠬᠦᠬᠦ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠶᠣᠰᠣ ᠰᠤᠷᠲᠠᠬᠤᠨ ᠢᠶᠠᠷ ᠬᠥᠮᠥᠵᠢᠭᠦᠯᠬᠦ ᠦᠨᠳᠦᠰᠦᠨ ᠡᠭᠦᠷᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠭᠡᠷᠡᠭᠲᠡᠢ︔ ᠦᠭᠡ ᠶᠠᠷᠢᠶ᠎ᠠ ᠨᠢ ᠡᠷᠳᠡᠮᠲᠡᠨ ᠤᠨ ᠪᠠᠷᠢᠮᠵᠢᠶ᠎ᠠ᠂ ᠦᠢᠯᠡ ᠠᠵᠢᠯᠯᠠᠭ᠎ᠠ ᠨᠢ ᠶᠢᠷᠲᠢᠨᠴᠦ ᠶᠢᠨ ᠬᠡᠪ ᠨᠠᠮᠪᠠ ᠲᠠᠢ ᠪᠠᠶᠢᠬᠤ ᠶᠣᠰᠣ ᠰᠤᠷᠲᠠᠬᠤᠨ ᠤ ᠦᠵᠡᠯ ᠰᠡᠳᠬᠢᠯᠭᠡ ᠶᠢ ᠪᠤᠢ ᠪᠤᠯᠭᠠᠵᠤ᠂ 《ᠨᠣᠮ ᠤᠨ ᠪᠠᠭᠰᠢ》ᠪᠠ《ᠬᠥᠮᠥᠨ ᠤ ᠪᠠᠭᠰᠢ》 ᠶᠢ ᠬᠠᠷᠢᠯᠴᠠᠨ ᠨᠢᠭᠡᠳᠬᠡᠭᠰᠡᠨ 《ᠶᠡᠭᠡ ᠪᠠᠭᠰᠢᠲᠠᠨ》ᠪᠤᠯᠬᠤ ᠪᠠᠷ ᠴᠢᠷᠮᠠᠶᠢᠬᠤ ᠭᠡᠷᠡᠭᠲᠡᠢ︔ ᠤᠶᠤᠨ ᠤᠬᠠᠭᠠᠨ ᠢ ᠰᠡᠬᠡᠭᠡᠷᠡᠭᠦᠯᠦᠨ ᠰᠡᠳᠬᠢᠯ ᠢ ᠤᠮᠳᠠᠯᠠᠬᠤ᠂ ᠠᠪᠢᠶᠠᠰ ᠲᠤᠨᠢ ᠲᠣᠬᠢᠷᠠᠭᠤᠯᠤᠨ   ᠬᠥᠮᠥᠵᠢᠭᠦᠯᠬᠦ ᠤᠶᠤᠨ ᠤᠬᠠᠭᠠᠨ ᠲᠠᠢ ᠪᠠᠶᠢᠵᠤ᠂ ᠰᠤᠷᠤᠬᠴᠢ ᠨᠢᠭᠡ ᠪᠦᠷᠢ ᠳᠤ ᠴᠥᠮ ᠬᠥᠮᠥᠨ ᠤ ᠠᠮᠢᠳᠤᠷᠠᠯ ᠤᠨ ᠭᠡᠷᠡᠯ ᠭᠢᠯᠪᠠᠭ᠎ᠠ ᠪᠠᠨ ᠰᠠᠴᠤᠷᠠᠭᠤᠯᠬᠤ ᠲᠣᠭᠢᠶᠠᠯ ᠣᠯᠭᠤᠬᠤ ᠭᠡᠷᠡᠭᠲᠡᠢ︔ ᠰᠢᠷᠭᠠᠭᠤ ᠰᠤᠷᠤᠯᠴᠠᠨ ᠦᠨᠡᠨᠴᠢ ᠰᠢᠳᠤᠷᠭᠤ ᠪᠠᠷ ᠠᠵᠢᠯᠯᠠᠬᠤ᠂ ᠦᠨᠡᠨ ᠢ ᠪᠠᠷᠢᠮᠲᠠᠯᠠᠨ ᠰᠢᠨ᠎ᠡ ᠶᠢ ᠡᠭᠦᠳᠬᠦ ᠥᠪᠡᠷ ᠤᠨ ᠪᠡᠶ᠎ᠡ ᠪᠠᠷ ᠢᠶᠠᠨ ᠬᠢᠬᠦ ᠣᠪᠣᠷ ᠢ ᠪᠠᠷᠢᠮᠲᠠᠯᠠᠵᠤ᠂ ᠨᠠᠰᠤᠨ ᠲᠤᠷᠰᠢᠲᠠ ᠰᠤᠷᠤᠯᠴᠠᠬᠤ ᠶᠢᠨ ᠦᠢᠯᠡᠳᠦᠯᠭᠡᠵᠢᠭᠦᠯᠦᠭᠴᠢ ᠪᠤᠯᠬᠤ ᠭᠡᠷᠡᠭᠲᠡᠢ︔ ᠵᠢᠭᠠᠨ ᠰᠤᠷᠭᠠᠬᠤ ᠳᠤᠷᠠᠲᠠᠢ ᠰᠤᠷᠤᠬᠴᠢ ᠪᠠᠨ ᠬᠠᠶᠢᠷᠠᠯᠠᠬᠤ᠂ ᠬᠠᠷᠠᠮ ᠦᠭᠡᠢ ᠵᠣᠷᠢᠭᠤᠯᠬᠤ ᠡᠨᠡᠷᠢᠩᠭᠦᠢ ᠰᠡᠳᠬᠢᠯ ᠲᠠᠢ᠂ ᠶᠡᠭᠡ ᠬᠠᠶᠢᠷ᠎ᠠ ᠪᠠᠷ ᠬᠥᠮᠥᠨ ᠬᠥᠮᠥᠵᠢᠭᠦᠯᠬᠦ ᠠᠮᠢᠳᠤᠷᠠᠯ ᠢ ᠪᠢᠴᠢᠭᠯᠡᠬᠦ ᠭᠡᠷᠡᠭᠲᠡᠢ︔ ᠥᠷᠥᠴᠡ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠵᠤ᠂ ᠰᠣᠶᠣᠯ ᠢᠶᠠᠷ ᠬᠥᠮᠥᠨ ᠢ ᠰᠤᠷᠭᠠᠬᠤ ᠠᠭᠤᠤ ᠶᠡᠭᠡ ᠬᠥᠭᠡᠭᠡᠴᠡᠯᠳᠦᠯ ᠢᠶᠠᠷ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠪᠠᠳᠠᠷᠠᠭᠤᠯᠬᠤ ᠬᠡᠷᠡᠭᠲᠡᠢ ᠭᠡᠵᠦ ᠢᠯᠡᠳᠬᠡᠪᠡ᠃

ᠳ᠋ᠢᠩ ᠰᠢᠤᠸᠠᠢ ᠰᠢᠶᠠᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠰᠠᠭᠤᠷᠢ ᠠᠵᠢᠯ ᠪᠤᠯᠭᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠪᠠᠭᠰᠢ ᠶᠢᠨ ᠰᠤᠷᠭᠠᠨ ᠬᠥᠮᠦᠵᠢᠯ ᠤᠨ ᠰᠢᠰᠲ᠋ᠧᠮ ᠢ ᠪᠦᠷᠢᠨᠰᠢᠭᠦᠯᠦᠨ᠂ ᠨᠢᠭᠡ ᠪᠦᠯᠦᠭ ᠥᠨᠳᠥᠷ ᠬᠡᠪ ᠴᠢᠨᠠᠷ ᠲᠠᠢ ᠪᠠᠭᠰᠢ ᠶᠢ ᠬᠥᠮᠥᠵᠢᠭᠦᠯᠦᠨ ᠪᠣᠶᠢᠵᠢᠭᠤᠯᠬᠤ ᠭᠡᠷᠡᠭᠲᠡᠶ︔ ᠪᠠᠭᠰᠢ ᠶᠢᠨ ᠬᠠᠷᠠᠭᠠᠯᠵᠠᠯ ᠬᠦᠷᠲᠡᠭᠡᠮᠵᠢ ᠶᠢ ᠬᠠᠤᠯᠢ ᠶᠣᠰᠣᠭᠠᠷ ᠪᠠᠲᠤᠯᠠᠵᠤ᠂ ᠰᠢᠯᠢᠳᠡᠭ ᠴᠢᠳᠠᠪᠤᠷᠢᠲᠠᠨ ᠢ ᠪᠠᠭᠰᠢᠯᠠᠭᠤᠯᠬᠤ ᠪᠠᠷ ᠲᠠᠳᠠᠨ ᠠᠪᠴᠢᠷᠠᠬᠤ ᠪᠠ ᠲᠣᠭᠲᠠᠭᠤᠨ ᠪᠠᠶᠢᠯᠭᠠᠬᠤ ᠭᠡᠷᠡᠭᠲᠡᠢ︔ ᠪᠠᠭᠰᠢ ᠶᠢᠨ ᠬᠠᠮᠢᠶᠠᠷᠤᠯᠲᠠ ᠪᠠ ᠪᠦᠲᠦᠴᠡ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠬᠡᠦᠬᠡᠳ ᠨᠢᠭᠡ ᠪᠦᠷᠢ ᠳᠤ ᠴᠥᠮ ᠲᠥᠪ ᠭᠤᠤᠯᠴᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠬᠦᠷᠲᠡᠭᠡᠬᠦ ᠭᠡᠷᠡᠭᠲᠡᠢ︔ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠨᠢᠭᠡᠳᠦᠭᠡᠷ ᠪᠠᠷᠢᠮᠵᠢᠶ᠎ᠠ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠪᠠᠭᠰᠢ ᠶᠢᠨ  ᠠᠵᠢᠯ ᠤᠨ ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠭᠡᠷᠡᠭᠲᠡᠢ︔ ᠪᠠᠭᠰᠢ ᠶᠢ ᠭᠦᠨᠳᠦᠳᠭᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠨᠡᠶᠢᠭᠡᠮ ᠤᠨ ᠬᠡᠪ ᠰᠤᠷᠲᠠᠯ ᠢ ᠪᠤᠢ ᠪᠤᠯᠭᠠᠵᠤ᠂ 《ᠠᠷᠠᠳ ᠤᠨ ᠪᠠᠭᠰᠢ ᠬᠢᠵᠠᠭᠠᠯᠠᠰᠢ ᠦᠭᠡᠢ ᠢᠷᠠᠭᠤ ᠠᠯᠳᠠᠷ ᠲᠠᠢ》ᠭᠡᠬᠦ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠳᠤᠮᠳᠠᠳᠤ ᠤᠯᠤᠰ ᠤᠨ ᠠᠷᠠᠳ ᠤᠨ ᠶᠡᠭᠡ ᠰᠤᠷᠭᠠᠭᠤᠯᠢ ᠶᠢᠨ ᠨᠡᠷ᠎ᠡ ᠬᠦᠨᠳᠦᠲᠦ ᠨᠢᠭᠡᠳᠦᠭᠡᠷ ᠳᠡᠰ ᠤᠨ ᠫᠷᠣᠹᠧᠰᠰᠣᠷ ᠭᠤᠤ ᠮᠢᠩ ᠰᠢᠤᠸᠠᠨ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠨᠡᠷ᠎ᠡ ᠬᠦᠨᠳᠦᠲᠦ ᠫᠷᠣᠹᠧᠰᠰᠣᠷ ᠭᠦ᠋ ᠮᠢᠩ ᠶᠤᠸᠠᠨ᠂ ᠵᠧᠵᠢᠶᠠᠩ ᠮᠤᠵᠢ ᠶᠢᠨ ᠬᠠᠩᠵᠧᠦ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠵᠠᠬᠢᠷᠤᠯ ᠼᠠᠢ ᠰᠢᠶᠣᠣ ᠰᠢᠶᠦ᠋ᠩ᠂ ᠴᠢᠩᠬᠤᠸᠠ ᠶᠡᠭᠡ ᠰᠤᠷᠭᠠᠭᠤᠯᠢ ᠶᠢᠨ ᠫᠷᠣᠹᠧᠰᠰᠣᠷ ᠾᠧ ᠺᠧ ᠪᠢᠨ᠂ ᠱᠧᠨᠵᠧᠨ ᠤ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠳᠡᠳ᠋ ᠵᠠᠬᠢᠷᠤᠯ ᠰᠢᠦᠢ ᡁᠢ ᠯᠢᠶᠠᠩ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠺᠠᠱᠭᠠᠷ ᠣᠷᠣᠨ ᠤ ᠪᠠ ᠴᠦ᠋ ᠰᠢᠶᠠᠨ ᠤ ᠲᠦᠩ ᠮᠧᠩ ᠬᠡᠦᠬᠡᠳ ᠤᠨ ᠴᠡᠴᠡᠷᠯᠢᠭ ᠤᠨ ᠵᠠᠬᠢᠷᠤᠯ ᠠᠮᠢᠯᠠᠭᠦᠯᠢ · ᠠᠪᠦ᠋ᠳᠦ᠋᠂ ᠵᠢᠶᠠᠩᠰᠢ ᠮᠤᠵᠢ ᠶᠢᠨ ᠨᠠᠨᠴᠠᠩ ᠬᠤᠳᠠ ᠶᠢᠨ ᠴᠢ ᠶᠢᠨ ᠰᠤᠷᠭᠠᠭᠤᠯᠢ ᠶᠢᠨ ᠵᠠᠬᠢᠷᠤᠯ ᠵᠠᠩ ᠯᠢ᠂ ᠰᠢ ᠠᠨ ᠤ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠵᠠᠬᠢᠷᠤᠯ ᠶᠠᠨ ᠯᠢᠶᠠᠨ ᠹᠦ᠋ ᠤᠷᠢᠳ ᠬᠤᠵᠢᠳ ᠦᠭᠡ ᠬᠡᠯᠡᠵᠡᠢ᠃

《ᠠᠷᠠᠳ ᠤᠨ ᠰᠤᠷᠭᠠᠨ ᠬᠥᠮᠥᠵᠢᠯᠲᠡᠨ》 ᠤ ᠤᠯᠤᠰ ᠤᠨ ᠢᠷᠠᠭᠤ ᠠᠯᠳᠠᠷ ᠤᠨ ᠴᠣᠯᠠ ᠬᠦᠷᠲᠡᠭᠰᠡᠳ᠂ 《ᠴᠠᠭ ᠦᠶ᠎ᠡ ᠶᠢᠨ ᠵᠢᠱᠢᠶᠡᠴᠢ》 ᠶᠢᠨ ᠳᠣᠲᠣᠷᠠᠬᠢ ᠪᠠᠭᠰᠢ ᠶᠢᠨ ᠲᠥᠯᠥᠭᠡᠯᠡᠭᠴᠢ᠂ ᠪᠦᠭᠦ ᠤᠯᠤᠰ ᠤᠨ   ᠬᠥᠮᠥᠵᠢᠭᠦᠯᠦᠭᠰᠡᠨ ᠵᠢᠱᠢᠶᠡᠴᠢ᠂ ᠪᠦᠭᠦ ᠤᠯᠤᠰ ᠤᠨ ᠬᠠᠮᠤᠭ ᠤᠨ ᠭᠤᠶᠤ ᠪᠠᠭᠰᠢ ᠵᠡᠷᠭᠡ ᠪᠦᠭᠦ ᠤᠯᠤᠰ ᠤᠨ ᠰᠢᠯᠢᠳᠡᠭ ᠪᠠᠭᠰᠢ ᠶᠢᠨ ᠲᠥᠯᠥᠭᠡᠯᠡᠭᠴᠢ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠤᠷᠭᠠᠨ ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃

︵ᠰᠢᠨᠬᠤᠸᠠ ᠬᠤᠷᠢᠶ᠎ᠠ ᠶᠢᠨ ᠪᠡᠭᠡᠵᠢᠩ ᠤᠨ 9  ᠰᠠᠷ᠎ᠠ ᠶᠢᠨ 9 ᠤ  ᠴᠠᠭᠢᠯᠭᠠᠨ ᠮᠡᠳᠡᠭᠡ︶

 

 


   :                    
   :           
备案序号:蒙ICP备05003250号 公安备案15010502000173