ᠵᠤᠬᠢᠶᠠᠭᠴᠢ: ᠴᠠᠭ:2023-09-15 ᠥᠵᠡᠭᠰᠡᠨ : ᠢᠷᠡᠯᠲᠡ:  《 ᠥᠪᠥᠷ ᠮᠣᠩᠭᠤᠯ ᠤᠨ ᠡᠳᠦᠷ ᠤᠨ ᠰᠣᠨᠢᠨ 》  
ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ   ᠰᠦᠨ ᠱᠤᠤ ᠴᠧᠩ ᠴᠧ ᠵᠢᠶᠦ᠋ᠨ ᠶᠠᠷᠢᠶ᠎ᠠ ᠲᠠᠯᠪᠢᠵᠠᠢ

 

2023  9  ᠰᠠᠷ᠎ᠠ ᠶᠢᠨ 11 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ ᠬᠤᠷᠠᠯ ᠭᠦᠭᠡᠬᠤᠲᠠ ᠳᠤ ᠬᠤᠷᠠᠯᠳᠤᠵᠤ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂ ᠲᠥᠪ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ  ᠨᠠᠶᠢᠳᠠᠪᠤᠷᠢᠵᠢᠭᠤᠯᠵᠤ᠂ ᠮᠠᠨ ᠤ ᠣᠷᠣᠨ ᠤ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠳ᠋ᠦᠩᠨᠡᠵᠦ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠦᠨ ᠱᠤᠤ ᠴᠧᠩ᠂ ᠲᠥᠪ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ ᠲᠤᠰ ᠲᠤᠰ ᠶᠠᠷᠢᠶ᠎ᠠ ᠲᠠᠯᠪᠢᠪᠠ᠃

ᠲᠥᠪ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠳᠡᠳ᠋ ᠳᠠᠷᠤᠭ᠎ᠠ ᠵᠠᠩ ᠵᠢᠢ ᠵᠢᠴᠢ ᠪᠦᠭᠦ ᠪᠦᠷᠢᠯᠳᠦᠭᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠶᠢᠨ ᠳᠠᠷᠤᠭ᠎ᠠ᠂ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠯᠢ ᠢᠦᠢ ᠭᠠᠩ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠢ ᠡᠷᠭᠢᠯᠡᠭᠰᠡᠨ ᠪᠥᠭᠡᠳ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠳᠡᠭᠡᠷ᠎ᠡ ᠳ᠋ᠦᠩᠨᠡᠯᠲᠡ ᠶᠢᠨ ᠶᠠᠷᠢᠶ᠎ᠠ ᠲᠠᠯᠪᠢᠵᠠᠢ᠃

ᠰᠦᠨ ᠱᠤᠤ ᠴᠧᠩ᠂ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠪᠣᠯᠣᠨ ᠲᠥᠪ ᠤᠨ ᠨᠢᠭᠡᠳᠦᠭᠡᠷ ᠲᠣᠭᠤᠷᠢᠨ ᠵᠢᠯᠤᠭᠤᠳᠬᠤ ᠳᠤᠭᠤᠶᠢᠯᠠᠩ ᠤᠨ ᠨᠠᠷᠢᠨ ᠬᠢᠨᠠᠮᠠᠭᠠᠢ ᠵᠢᠯᠣᠭᠤᠳᠤᠯᠭ᠎ᠠ ᠳᠣᠣᠷ᠎ᠠ᠂ ᠮᠠᠨ ᠤ ᠣᠷᠣᠨ ᠤ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠵᠢᠱᠢᠭᠰᠡᠨ ᠬᠠᠷᠠᠯᠲᠠ ᠳᠠᠭᠠᠨ ᠬᠦᠷᠴᠦ᠂ ᠴᠢᠬᠤᠯᠠ ᠦᠷ᠎ᠡ ᠪᠦᠲᠦᠭᠡᠯ ᠣᠯᠪᠠ᠃ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠤᠨ 《ᠬᠤᠶᠠᠷ ᠢ ᠲᠣᠭᠲᠠᠭᠠᠭᠰᠠᠨ》 ᠢ ᠡᠷᠡᠰ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠰᠠᠭᠤᠷᠢ ᠨᠠᠩ ᠪᠠᠲᠤ ᠪᠠᠬᠢ ᠪᠣᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠬᠦ ᠨᠢ ᠨᠡᠩ ᠭᠦᠨ ᠳᠠᠪᠬᠤᠷᠭ᠎ᠠ ᠲᠡᠶᠢᠰᠢ ᠶᠡᠭᠡ ᠠᠯᠬᠤᠮ ᠤᠷᠤᠭᠰᠢᠯᠠᠵᠤ᠂ ᠥᠭᠡᠷᠡᠴᠢᠯᠡᠯᠲᠡ ᠬᠥᠭᠵᠢᠯᠲᠡ ᠶᠢᠨ ᠰᠡᠳᠬᠢᠴᠡ ᠨᠠᠩ ᠲᠣᠳᠣᠷᠬᠠᠢ ᠪᠣᠯᠵᠤ᠂ ᠪᠠᠶᠢᠴᠠᠭᠠᠨ ᠰᠤᠳᠤᠯᠤᠯᠲᠠ ᠬᠢᠬᠦ ᠰᠢᠯᠢᠳᠡᠭ ᠤᠯᠠᠮᠵᠢᠯᠠᠯ ᠢ ᠰᠢᠨ᠎ᠡ ᠪᠠᠷ ᠪᠠᠳᠠᠷᠠᠭᠤᠯᠤᠨ ᠳᠡᠯᠭᠡᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠢᠯᠡᠳᠲᠡ ᠳᠡᠭᠡᠭᠰᠢᠯᠡᠵᠦ᠂ ᠺᠠᠳ᠋ᠷ ᠤᠨ ᠡᠩᠨᠡᠭᠡᠨ ᠤ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠴᠤᠭ ᠵᠢᠪᠬᠤᠭ᠎ᠠ ᠤᠯᠠᠮ ᠴᠢᠨᠠᠭᠰᠢᠳᠠ ᠪᠠᠳᠠᠷᠠᠵᠥ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠨᠡᠩ ᠶᠡᠭᠡ ᠰᠢᠨ᠎ᠡ ᠦᠷ᠎ᠡ ᠪᠦᠲᠦᠮᠵᠢ ᠣᠯᠵᠤ᠂ ᠪᠦᠭᠦ ᠣᠷᠣᠨ ᠰᠤᠷᠤᠯᠴᠠᠯᠭ᠎ᠠ ᠪᠠᠷ ᠰᠦᠭ ᠰᠦᠨᠡᠰᠦ ᠶᠢ ᠱᠤᠭᠤᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ ᠨᠡᠮᠡᠭᠳᠡᠭᠦᠯᠬᠦ᠂ ᠰᠤᠷᠤᠯᠴᠠᠯᠭ᠎ᠠ ᠪᠠᠷ ᠰᠤᠷᠲᠠᠯ ᠢ ᠲᠥᠪ ᠪᠤᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠠᠬᠢᠭᠤᠯᠬᠤ ᠲᠠᠯ᠎ᠠ ᠪᠠᠷ ᠰᠢᠨ᠎ᠡ ᠣᠯᠣᠯᠲᠠ ᠲᠠᠢ ᠪᠣᠯᠵᠤ᠂ ᠦᠵᠡᠯ ᠰᠠᠨᠠᠭ᠎ᠠ ᠨᠠᠩ ᠨᠢᠭᠡᠳᠦᠯᠲᠡᠢ᠂ ᠡᠷᠴᠢ ᠵᠣᠷᠢᠭ ᠨᠠᠩ ᠭᠦᠢᠴᠡᠳ ᠪᠣᠯᠵᠠᠢ ᠭᠡᠪᠡ᠃

ᠰᠦᠨ ᠱᠤᠤ ᠴᠧᠩ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠲᠠᠢ ᠬᠠᠷᠢᠴᠠᠭᠤᠯᠪᠠᠯ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠡᠭᠦᠷᠭᠡ ᠨᠡᠩ ᠪᠡᠷᠬᠡ ᠬᠠᠲᠠᠭᠤᠵᠢᠯᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ 《ᠲᠠᠪᠤᠨ ᠨᠠᠩ ᠴᠢᠨᠠᠭᠰᠢᠳᠠ》 ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠨᠠᠷᠢᠨ ᠬᠢᠨᠠᠮᠠᠭᠠᠢ  ᠨᠠᠶᠢᠳᠠᠪᠤᠷᠢᠵᠢᠭᠤᠯᠵᠤ᠂ 《ᠵᠢᠷᠭᠤᠭᠠᠨ ᠡᠷᠬᠡᠪᠰᠢ》 ᠶᠢᠨ ᠵᠢᠮ᠎ᠡ ᠶᠣᠰᠣᠴᠢ ᠴᠢᠨᠠᠷᠲᠠᠢ ᠲᠠᠨᠢᠯᠲᠠ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠂ ᠰᠠᠶᠢᠲᠤᠷ ᠬᠡᠷᠡᠭᠯᠡᠵᠦ᠂ ᠡᠯ᠎ᠡ ᠵᠦᠢᠯ ᠤᠨ ᠡᠭᠦᠷᠭᠡ ᠪᠣᠯᠣᠨ ᠠᠷᠭ᠎ᠠ ᠬᠡᠮᠵᠢᠶ᠎ᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠨᠢᠭᠡ ᠪᠦᠷᠢ ᠴᠥᠮ ᠰᠢᠨ᠎ᠡ ᠬᠤᠪᠢᠷᠠᠯᠲᠠ ᠲᠠᠢ ᠪᠣᠯᠵᠤ᠂ ᠨᠠᠮ ᠤᠨ ᠭᠡᠰᠢᠭᠦᠨ᠂ ᠺᠠᠳ᠋ᠷ ᠨᠢᠭᠡ ᠪᠦᠷᠢ ᠴᠥᠮ ᠰᠢᠨ᠎ᠡ ᠳᠠᠪᠰᠢᠯᠲᠠ ᠲᠠᠢ ᠪᠣᠯᠵᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠡᠭᠦᠨ ᠠᠴᠠ ᠦᠨᠡᠨ ᠬᠦ ᠠᠰᠢᠭ ᠭᠦᠷᠳᠡᠭᠦ ᠶᠢ ᠪᠠᠲᠤᠯᠠᠬᠤ ᠬᠡᠷᠡᠭᠲᠡᠢ᠃ ᠭᠤᠣᠯ ᠰᠡᠳᠦᠪ ᠭᠤᠣᠯ ᠰᠢᠵᠢᠮ ᠳᠤ ᠠᠩᠬᠠᠷᠤᠯ ᠢᠶᠠᠨ ᠲᠥᠪᠯᠡᠷᠡᠭᠦᠯᠦᠨ ᠬᠡᠯᠪᠡᠶᠢᠬᠦ ᠦᠭᠡᠢ ᠪᠠᠶᠢᠵᠤ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠠᠮᠵᠢᠯᠲᠠ ᠲᠠᠢ ᠲᠤᠷᠰᠢᠯᠭ᠎ᠠ ᠶᠢ ᠭᠦᠢᠴᠡᠳ ᠲᠣᠯᠢᠳᠠᠵᠤ᠂ ᠡᠬᠢᠯᠡᠩᠭᠦᠲᠡ ᠪᠠᠨ ᠳᠠᠷᠤᠢ ᠲᠦᠷᠭᠡᠨ ᠪᠠᠶᠢᠳᠠᠯ ᠳᠠᠭᠠᠨ ᠣᠷᠣᠬᠤ ᠬᠡᠷᠡᠭᠲᠡᠢ᠃ ᠨᠠᠷᠢᠯᠢᠭ ᠣᠨᠣᠴᠠᠲᠠᠢ ᠪᠠᠷ ᠲᠥᠷᠥᠯ ᠬᠤᠪᠢᠶᠠᠨ ᠵᠢᠯᠤᠭᠤᠳᠬᠤ ᠲᠠᠯ᠎ᠠ ᠪᠠᠷ ᠶᠡᠷᠦᠮᠳᠡᠭ ᠪᠤᠰᠤ ᠪᠠᠶᠢᠯᠭᠠᠵᠤ᠂ ᠰᠢᠶᠠᠨ ᠭᠠᠵᠠᠷ ᠤᠨ ᠲᠠᠰ ᠠᠴᠠ ᠳᠡᠭᠡᠭᠰᠢᠬᠢ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠭᠡᠬᠦ ᠡᠨᠡ ᠬᠦ ᠭᠤᠣᠯᠳᠠᠯᠭ᠎ᠠ ᠶᠢ ᠰᠠᠶᠢᠲᠤᠷ ᠠᠳᠬᠤᠵᠤ᠂ ᠠᠳᠠᠯᠢ ᠪᠤᠰᠤ ᠭᠠᠵᠠᠷ ᠣᠷᠣᠨ᠂ ᠠᠳᠠᠯᠢ ᠪᠤᠰᠤ ᠲᠥᠷᠥᠯ ᠭᠡᠯᠪᠡᠷᠢ᠂ ᠠᠳᠠᠯᠢ ᠪᠤᠰᠤ ᠬᠦᠷᠢᠶ᠎ᠡ᠂ ᠠᠳᠠᠯᠢ ᠪᠤᠰᠤ ᠠᠵᠢᠯ ᠤᠨ ᠪᠠᠶᠢᠷᠢ ᠶᠢᠨ ᠨᠠᠮ ᠤᠨ ᠭᠡᠰᠢᠭᠦᠨ ᠺᠠᠳ᠋ᠷ ᠤᠨ ᠣᠨᠴᠠᠯᠢᠭ ᠪᠣᠯᠣᠨ ᠪᠣᠳᠠᠲᠠᠢ ᠳᠤ ᠴᠢᠭᠯᠡᠭᠦᠯᠦᠨ᠂ ᠠᠮᠢᠳᠤᠯᠢᠭ ᠰᠢᠨ᠎ᠡ ᠰᠣᠷᠭᠤᠭ᠂ ᠪᠣᠳᠠᠲᠠᠢ ᠶᠢ ᠡᠷᠬᠢᠮᠯᠡᠭᠰᠡᠨ ᠲᠤᠰᠠᠲᠠᠢ ᠠᠷᠭ᠎ᠠ ᠭᠡᠯᠪᠡᠷᠢ ᠪᠠᠷ ᠠᠬᠢᠭᠤᠯᠬᠤ ᠬᠡᠷᠡᠭᠲᠡᠢ᠃ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠳᠡᠭᠡᠨ ᠬᠤᠭᠤᠰᠤᠳᠠᠬᠤ ᠦᠭᠡᠢ ᠪᠠᠶᠢᠵᠤ ᠂ ᠠᠰᠠᠭᠤᠳᠠᠯ ᠢ ᠪᠠᠶᠢᠴᠠᠭᠠᠨ ᠰᠢᠨᠵᠢᠬᠦ ᠳᠡᠭᠡᠨ 《ᠬᠡᠶᠢᠰᠪᠦᠷᠢ》ᠦᠭᠡᠢ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠠᠭᠠᠨ 《ᠤᠳᠠᠭᠠᠰᠢᠷᠠᠭᠤᠯᠬᠤ》ᠦᠭᠡᠢ᠂ ᠲᠤᠰᠬᠠᠢ ᠴᠡᠭᠴᠡᠯᠡᠨ ᠵᠠᠰᠠᠬᠤ ᠳᠠᠭᠠᠨ 《ᠵᠥᠭᠡᠯᠡᠨ》ᠦᠭᠡᠢ ᠪᠠᠶᠢᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ ᠶᠢ ᠲᠠᠰᠤᠯᠳᠠᠭᠤᠯᠬᠤ ᠦᠭᠡᠢ ᠪᠠᠶᠢᠬᠤ ᠶᠢ ᠰᠠᠶᠢᠲᠤᠷ ᠬᠢᠵᠦ᠂ ᠬᠤᠶᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠰᠠᠶᠢᠲᠤᠷ ᠵᠣᠯᠭᠠᠭᠤᠯᠵᠤ᠂ ᠠᠰᠠᠭᠤᠳᠠᠯ ᠢ ᠬᠤᠯᠪᠤᠭᠠᠯᠠᠨ ᠴᠡᠭᠴᠡᠯᠡᠨ ᠰᠠᠶᠢᠵᠢᠷᠠᠭᠤᠯᠵᠤ᠂ 《ᠳᠠᠪᠠᠭᠤᠯᠢᠭ ᠢᠶᠠᠨ ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠬᠥᠭᠵᠢᠯᠲᠡ ᠶᠢ ᠠᠬᠢᠭᠤᠯᠬᠤ》ᠲᠤᠰᠬᠠᠢ ᠰᠡᠳᠦᠪᠲᠦ ᠰᠤᠷᠤᠯᠴᠠᠯᠭ᠎ᠠ ᠰᠤᠳᠤᠯᠤᠨ ᠶᠠᠷᠢᠯᠴᠠᠬᠤ ᠶᠢ ᠰᠠᠶᠢᠲᠤᠷ ᠵᠣᠬᠢᠶᠠᠨ ᠪᠠᠶᠢᠭᠤᠯᠵᠤ᠂ 《ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ》 ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠦᠭᠦ ᠲᠠᠯ᠎ᠠ ᠪᠠᠷ ᠥᠷᠨᠢᠭᠦᠯᠵᠦ᠂ ᠭᠤᠣᠯ ᠰᠡᠳᠦᠪᠲᠦ ᠬᠥᠮᠦᠵᠢᠯ ᠪᠣᠯᠣᠨ ᠭᠤᠣᠯ ᠠᠵᠢᠯ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠪᠣᠳᠠᠲᠤ ᠦᠷ᠎ᠡ ᠪᠦᠲᠦᠮᠵᠢ ᠶᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠢ ᠨᠡᠭᠡᠭᠡᠬᠦ᠂ ᠳᠤᠮᠳᠠ ᠲᠦᠪᠰᠢᠨ ᠳᠤ ᠣᠷᠣᠬᠤ ᠶᠢ ᠲᠦᠷᠭᠡᠳᠬᠡᠨ ᠪᠡᠶᠡᠯᠡᠭᠦᠯᠬᠦ ᠬᠠᠷᠠᠯᠲᠠ ᠳᠡᠭᠡᠷ᠎ᠡ ᠢᠯᠡᠷᠡᠭᠦᠯᠬᠦ ᠬᠡᠷᠡᠭᠲᠡᠢ᠃ ᠴᠢᠩᠭ᠎ᠠ ᠪᠣᠳᠠᠲᠠᠢ ᠪᠠᠶᠢᠬᠤ ᠲᠠᠯ᠎ᠠ ᠪᠠᠷ ᠦᠭᠡᠷᠡᠳᠡᠭᠦ ᠦᠭᠡᠢ ᠪᠠᠶᠢᠬᠤ ᠶᠢ ᠪᠠᠷᠢᠮᠲᠠᠯᠠᠵᠤ᠂ ᠡᠯ᠎ᠡ ᠲᠦᠷᠦᠯ ᠤᠨ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠵᠠᠯᠠᠷᠠᠭᠤᠯᠤᠨ ᠵᠠᠰᠠᠬᠤ ᠡᠷᠴᠢᠮ ᠢᠶᠠᠨ ᠴᠢᠩᠭᠠᠷᠠᠭᠤᠯᠵᠤ᠂ ᠭᠤᠣᠯ ᠰᠡᠳᠦᠪᠲᠦ ᠬᠥᠮᠦᠵᠢᠯ ᠢ ᠬᠡᠯᠪᠡᠷᠢᠴᠢ ᠦᠵᠡᠯ ᠪᠤᠯᠭᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠪᠡ᠃

ᠰᠦᠨ ᠱᠣᠣ ᠴᠧᠩ᠂ ᠪᠦᠭᠦ ᠣᠷᠣᠨ ᠤ ᠡᠯ᠎ᠡ ᠱᠠᠲᠤᠨ ᠤ ᠬᠢᠨ ᠵᠣᠬᠢᠶᠠᠨ ᠪᠠᠶᠢᠭᠤᠯᠵᠤ ᠤᠳᠤᠷᠢᠳᠬᠤ ᠪᠠᠨ ᠦᠨᠡᠨ ᠬᠦ ᠴᠢᠩᠭᠠᠳᠬᠠᠵᠤ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠨᠠᠮ ᠤᠨ ᠬᠤᠷᠢᠶ᠎ᠠ ᠲᠤᠰ ᠪᠡᠶ᠎ᠡ ᠶᠢᠨ ᠵᠢᠱᠢᠶ᠎ᠡ ᠦᠵᠡᠭᠦᠯᠦᠨ ᠳᠠᠶᠢᠴᠢᠯᠠᠬᠤ ᠶᠢ ᠰᠠᠶᠢᠲᠤᠷ ᠠᠳᠬᠤᠬᠤ ᠪᠥᠭᠡᠳ ᠪᠠᠰᠠ ᠦᠨᠳᠦᠰᠦᠨ ᠱᠠᠲᠤ ᠶᠢ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠠᠵᠢᠯ ᠲᠥᠷᠥᠯ ᠤᠨ ᠰᠢᠰᠲ᠋ᠧᠮ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠨᠢ ᠬᠠᠷᠢᠶ᠎ᠠ ᠨᠢᠭᠡᠴᠢ ᠪᠣᠯᠣᠨ ᠰᠠᠯᠪᠤᠷᠢ ᠪᠠᠶᠢᠭᠤᠯᠤᠮᠵᠢ ᠪᠠᠨ ᠵᠢᠯᠤᠭᠤᠳᠬᠤ ᠪᠠᠨ ᠴᠢᠩᠭᠠᠳᠬᠠᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠦᠷᠦᠭᠦᠯᠡᠨ ᠰᠤᠷᠤᠯᠴᠠᠵᠤ᠂ ᠲᠦᠷᠦᠭᠦᠯᠡᠨ ᠰᠠᠶᠢᠵᠢᠷᠠᠭᠤᠯᠵᠤ᠂ ᠲᠦᠷᠦᠭᠦᠯᠡᠨ ᠠᠳᠬᠤᠵᠤ᠂ ᠰᠢᠶᠠᠨ ᠰᠢᠶᠠᠩ ᠤᠨ ᠤᠳᠤᠷᠢᠳᠬᠤ ᠺᠠᠳ᠋ᠷ ᠨᠡᠩ ᠥᠨᠳᠥᠷ ᠪᠠᠷᠢᠮᠵᠢᠶ᠎ᠠ ᠪᠠᠷ ᠥᠪᠡᠷ ᠢ ᠪᠠᠨ ᠱᠠᠭᠠᠷᠳᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠯ᠎ᠡ ᠲᠣᠭᠤᠷᠢᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠬᠢᠨ ᠡᠮᠦᠨ᠎ᠡ ᠨᠢ ᠴᠢᠩᠭ᠎ᠠ ᠱᠠᠯᠠᠪᠳᠠᠭᠤᠯᠤᠨ ᠪᠣᠳᠠᠲᠠᠢ ᠵᠢᠯᠤᠭᠤᠳᠴᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠬᠠᠭᠤᠯᠵᠤ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠨᠳᠥᠷ ᠪᠠᠷᠢᠮᠵᠢᠶ᠎ᠠ ᠪᠠᠷ ᠥᠷᠨᠢᠭᠦᠯᠬᠦ᠂ ᠴᠢᠨᠠᠷ ᠰᠠᠶᠢᠲᠠᠢ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠬᠡᠯᠡᠪᠡ᠃

ᠴᠧ ᠵᠢᠶᠦ᠋ᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠂ ᠭᠤᠣᠯ ᠰᠡᠳᠦᠪᠲᠦ ᠬᠥᠮᠦᠵᠢᠯ ᠤᠨ《ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ》ᠶᠡᠷᠦᠩᠬᠡᠢ ᠱᠠᠭᠠᠷᠳᠠᠯᠭ᠎ᠠ ᠶᠢ ᠢᠮᠠᠭᠲᠠ ᠡᠵᠡᠮᠳᠡᠵᠦ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠵᠡᠷᠭᠡ ᠭᠤᠣᠯᠳᠠᠯᠭ᠎ᠠ ᠲᠠᠢ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠰᠤᠳᠤᠯᠤᠨ ᠲᠥᠯᠥᠪᠵᠢᠭᠦᠯᠦᠭᠰᠡᠨ ᠨᠢ ᠬᠦᠴᠦᠲᠡᠢ᠂ ᠠᠵᠢᠯ ᠤᠨ ᠨᠠᠶᠢᠳᠠᠪᠤᠷᠢᠵᠢᠭᠤᠯᠤᠯᠲᠠ ᠨᠢ ᠪᠦᠲᠦᠮᠵᠢᠲᠡᠢ᠂ ᠤᠯᠠᠨ ᠲᠦᠮᠡᠨ ᠣᠶᠢᠯᠠᠭᠠᠯᠲᠠ ᠲᠥᠷᠥᠭᠳᠡᠯ ᠲᠠᠢ᠂ ᠲᠣᠭᠲᠠᠭᠠᠭᠰᠠᠨ ᠠᠭᠤᠯᠭ᠎ᠠ ᠶᠢ ᠪᠦᠭᠦᠨ ᠢ ᠬᠠᠮᠤᠷᠤᠭᠤᠯᠵᠤ ᠂ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠨᠢ ᠣᠨᠴᠠᠯᠢᠭ ᠲᠠᠢ ᠪᠠᠶᠢᠵᠤ᠂ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠢᠯᠡᠳᠲᠡ ᠦᠷ᠎ᠡ ᠪᠦᠲᠦᠮᠵᠢ ᠣᠯᠪᠠ ᠃ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠳᠤ᠂ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂ ᠬᠠᠷᠠᠯᠲᠠ ᠱᠠᠭᠠᠷᠳᠠᠯᠭ᠎ᠠ ᠶᠢ ᠣᠨᠣᠴᠠᠲᠠᠢ ᠡᠵᠡᠮᠳᠡᠵᠦ᠂ ᠲᠥᠷᠥᠯ ᠬᠤᠪᠢᠶᠠᠨ ᠵᠢᠯᠤᠭᠤᠳᠬᠤ ᠶᠢ ᠴᠢᠬᠤᠯᠠᠴᠢᠯᠠᠨ ᠴᠢᠩᠭᠠᠳᠬᠠᠵᠤ᠂ ᠪᠣᠳᠠᠲᠠᠢ ᠠᠰᠠᠭᠤᠳᠠᠯ ᠢ ᠬᠢᠨᠠᠮᠠᠭᠠᠢ ᠰᠢᠢᠳᠪᠦᠷᠢᠯᠡᠨ᠂ ᠨᠢᠭᠡᠳᠦᠯᠲᠡᠢ ᠲᠥᠯᠥᠪᠵᠢᠭᠦᠯᠦᠨ ᠵᠣᠯᠭᠠᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠰᠡᠷᠭᠡᠶᠢᠯᠡᠨ᠂ ᠭᠤᠣᠯ ᠰᠡᠳᠦᠪᠲᠦ ᠬᠥᠮᠦᠵᠢᠯ ᠢ ᠰᠠᠶᠢᠲᠤᠷ ᠬᠢᠬᠦ ᠶᠢ ᠡᠨᠡ ᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠪᠦᠭᠦ ᠲᠠᠯ᠎ᠠ ᠪᠠᠷ ᠪᠡᠶᠡᠯᠡᠭᠦᠯᠬᠦ ᠯᠦᠭᠡ ᠨᠢᠭᠲᠠ ᠤᠶᠠᠯᠳᠤᠭᠤᠯᠵᠤ᠂ ᠬᠤᠶᠠᠷ ᠲᠠᠯ᠎ᠠ ᠶᠢ ᠠᠳᠬᠤᠨ᠂ ᠬᠤᠶᠠᠷ ᠢ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠤ ᠦᠷ᠎ᠡ ᠪᠦᠲᠦᠭᠡᠯ ᠢᠶᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠪᠠᠶᠢᠴᠠᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠬᠤᠷᠠᠯ ᠳᠡᠭᠡᠷ᠎ᠡ᠂ ᠬᠡᠰᠡᠭ ᠠᠶᠢᠮᠠᠭ ᠬᠤᠲᠠ ᠪᠣᠯᠣᠨ ᠣᠷᠣᠨ ᠤ ᠰᠢᠭᠤᠳ ᠬᠠᠷᠢᠶ᠎ᠠ ᠰᠠᠯᠠᠭ᠎ᠠ ᠮᠥᠴᠢᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠪᠡ᠃

ᠬᠤᠷᠠᠯ ᠢ ᠸᠢᠳᠢᠤ᠋ ᠭᠡᠯᠪᠡᠷᠢ ᠪᠠᠷ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠪᠦᠯᠦᠭ ᠤᠨ ᠭᠤᠣᠯ ᠰᠡᠳᠦᠪᠲᠦ ᠬᠥᠮᠦᠵᠢᠯ ᠤᠨ ᠰᠤᠷᠤᠯᠭ᠎ᠠ ᠳᠤ ᠣᠷᠣᠯᠴᠠᠬᠰᠠᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠬᠠᠮᠲᠤ ᠪᠠᠷ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ᠂ ᠬᠥᠯᠥᠨ ᠪᠤᠶᠢᠷ ᠤᠨ ᠲᠠᠷᠢᠶᠠᠯᠠᠩ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠬᠢᠵᠠᠭᠠᠷᠲᠤ ᠺᠤᠮᠫᠠᠨᠢ ᠶᠢᠨ ᠭᠤᠣᠯ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠵᠢᠴᠢ ᠠᠯᠪᠠᠨ ᠭᠡᠷ ᠤᠨ ᠬᠠᠷᠢᠭᠤᠴᠠᠯᠭᠠᠲᠠᠨ ᠨᠥᠬᠦᠳ᠂ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠲᠣᠭᠤᠷᠢᠨ ᠵᠢᠯᠤᠭᠤᠳᠬᠤ ᠳᠤᠭᠤᠶᠢᠯᠠᠩ᠂ ᠬᠤᠶᠠᠳᠤᠭᠠᠷ ᠪᠦᠯᠦᠭ ᠤᠨ ᠲᠣᠭᠤᠷᠢᠨ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠤᠨ ᠳᠠᠷᠤᠭ᠎ᠠ᠂ ᠳᠤᠭᠤᠶᠢᠯᠠᠩ ᠤᠨ  ᠳᠠᠷᠤᠭ᠎ᠠ ᠨᠠᠷ ᠭᠤᠣᠯ ᠬᠤᠷᠠᠯ ᠤᠨ ᠲᠠᠯᠠᠪᠠᠶ ᠳᠤ ᠬᠤᠷᠠᠯ ᠳᠤ ᠣᠷᠣᠯᠴᠠᠪᠠ᠃ ᠡᠯ᠎ᠡ ᠠᠶᠢᠮᠠᠭ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠵᠠᠢ᠃

 

 


   :                    
   :           
备案序号:蒙ICP备05003250号 公安备案15010502000173