ᠵᠤᠬᠢᠶᠠᠭᠴᠢ:
ᠴᠠᠭ:2023-09-15
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ 98% ᠳᠤ ᠬᠦᠷᠴᠦ᠂ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ ᠭᠦᠢᠴᠡᠳᠬᠡᠬᠦ ᠶᠢ ᠳᠡᠮᠵᠢᠬᠦ ᠨᠣᠷᠮ᠎ᠠ 85% ᠶᠢ ᠳᠠᠪᠠᠵᠤ᠂ ᠮᠠᠨ ᠤ ᠣᠷᠣᠨ ᠤ 60 ᠲᠦᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠭᠦᠯᠪᠡ
2023 9 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠬᠤᠷᠠᠯᠳᠤᠭᠤᠯᠤᠭᠰᠠᠨ ᠭᠤᠣᠯ ᠰᠡᠳᠦᠪᠲᠦ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ ᠂ ᠣᠲᠣ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ᠵᠡᠷᠭᠡ ᠲᠠᠪᠤᠨ ᠱᠠᠲᠤᠨ ᠤ 60 ᠲᠦᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠴᠥᠮ 《ᠨᠢᠭᠡ ᠰᠦᠯᠵᠢᠶᠡᠨ ᠳᠤ ᠭᠠᠷᠴᠤ ᠂ ᠨᠡᠶᠢᠳᠡᠮ ᠭᠦᠢᠴᠡᠳᠭᠡᠵᠦ ᠪᠣᠯᠬᠤ》 ᠶᠢ ᠪᠡᠶᠡᠯᠡᠭᠦᠯᠦᠭᠡᠳ ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ ᠭᠦᠢᠴᠡᠳᠬᠡᠵᠦ ᠪᠣᠯᠬᠤ ᠨᠣᠷᠮ᠎ᠠ 98% ᠳᠤ ᠬᠦᠷᠴᠦ᠂ ᠪᠥᠬᠦ ᠶᠠᠪᠤᠴᠠ ᠶᠢᠨ ᠰᠦᠯᠵᠢᠶᠡᠨ ᠳᠡᠭᠡᠷ᠎ᠡ ᠭᠦᠢᠴᠡᠳᠬᠡᠬᠦ ᠶᠢ ᠳᠡᠮᠵᠢᠬᠦ ᠨᠣᠷᠮ᠎ᠠ 85% ᠶᠢ ᠳᠠᠪᠠᠪᠠ᠃
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠨᠢ ᠠᠵᠤ ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠶᠠᠪᠤᠳᠠᠯ ᠭᠦᠢᠴᠡᠳᠬᠡᠬᠦ ᠳᠤ ᠪᠥᠭᠯᠡᠷᠡᠯ᠂ ᠬᠦᠴᠢᠷᠳᠡᠯ᠂ ᠡᠮᠵᠡᠭ ᠲᠠᠢ ᠪᠠᠶᠢᠬᠤ ᠠᠰᠠᠭᠤᠳᠠᠯ ᠤᠨ ᠲᠣᠭᠤᠷᠢᠨ ᠳᠤ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠵᠠᠰᠠᠭ ᠵᠠᠬᠢᠷᠭᠠᠨ ᠤ ᠡᠷᠬᠡ ᠶᠢᠨ ᠵᠠᠭᠤᠴᠢ ᠦᠢᠯᠡᠴᠢᠯᠡᠭᠡᠨ ᠤ 81 ᠵᠦᠢᠯᠡᠰ ᠢ ᠴᠡᠭᠴᠡᠯᠡᠨ ᠵᠢᠷᠤᠮᠵᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠶᠠᠪᠤᠴᠠ ᠳᠤ ᠰᠦᠢᠳᠬᠡᠯ ᠲᠤᠰᠢᠶᠠᠨ ᠬᠥᠨᠳᠡᠯᠡᠨ ᠤ ᠡᠲᠡᠭᠡᠳ ᠢᠶᠠᠷ ᠭᠠᠷᠭᠠᠭᠤᠯᠬᠤ ᠣᠯᠠᠨ ᠭᠡᠷᠡᠴᠢ ᠮᠠᠲ᠋ᠧᠷᠢᠶᠠᠯ ᠤᠳ ᠢ ᠴᠣᠮᠬᠠᠳᠬᠠᠪᠠ ᠃ ᠢᠯᠠᠩᠭᠤᠶ᠎ᠠ 《ᠬᠤᠶᠠᠷ ᠢ ᠰᠢᠯᠢᠳᠡᠭᠵᠢᠭᠦᠯᠬᠦ》ᠲᠤᠰᠬᠠᠢ ᠠᠵᠢᠯᠯᠠᠭ᠎ᠠ ᠡᠬᠢᠯᠡᠭᠰᠡᠨ ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠱᠠᠲᠤᠨ ᠤ 72 ᠡᠷᠬᠡ ᠶᠢᠨ ᠵᠦᠢᠯᠡᠰ ᠢ ᠬᠦᠴᠦᠨ ᠦᠭᠡᠢ ᠪᠣᠯᠭᠠᠵᠤ᠂ 679 ᠵᠦᠢᠯᠡᠰ ᠢ ᠳᠣᠷᠣᠭᠰᠢ ᠪᠠᠭᠤᠯᠭᠠᠨ᠂ ᠠᠵᠢᠯ ᠶᠠᠪᠤᠳᠠᠯ ᠭᠦᠢᠴᠡᠳᠬᠡᠬᠦ ᠬᠤᠭᠤᠴᠠᠭ᠎ᠠ ᠶᠢ 49.4%᠂ ᠭᠤᠭᠴᠤᠭ᠎ᠠ ᠶᠢ 20.8%᠂ ᠮᠠᠲ᠋ᠧᠷᠢᠶᠠᠯ ᠢ 26.5% ᠪᠠᠷ ᠪᠠᠭᠠᠰᠬᠠᠪᠠ᠃
ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠦᠯᠵᠢᠶᠡᠨ ᠳᠤ 1114 ᠥᠪᠡᠷᠮᠢᠴᠡ ᠫᠷᠣᠭ᠍ᠷᠠᠮ ᠨᠡᠭᠡᠭᠡᠵᠦ᠂ 2707 ᠲᠤᠰᠬᠠᠢ ᠰᠡᠳᠦᠪᠲᠦ ᠣᠨᠴᠠᠯᠢᠭᠲᠤ ᠦᠢᠯᠡᠴᠢᠯᠡᠭᠡ ᠶᠢ ᠲᠣᠬᠢᠷᠠᠭᠤᠯᠪᠠ︔ ᠰᠠᠯᠠᠭ᠎ᠠ ᠮᠥᠴᠢᠷ ᠠᠯᠤᠰᠯᠠᠭᠰᠠᠨ ᠨᠡᠩ ᠣᠯᠠᠨ ᠠᠵᠢᠯ ᠶᠠᠪᠤᠳᠠᠯ ᠢ 《ᠲᠥᠪᠯᠡᠷᠡᠭᠦᠯᠦᠨ ᠭᠦᠢᠴᠡᠳᠬᠡᠬᠦ》 ᠪᠣᠯᠭᠠᠵᠤ ᠂ ᠪᠥᠬᠦ ᠣᠷᠣᠨ ᠳᠤ 《ᠨᠢᠭᠡ ᠶᠠᠪᠤᠳᠠᠯ ᠢ ᠨᠢᠭᠡ ᠯᠡ ᠤᠳᠠᠭ᠎ᠠ ᠭᠦᠢᠴᠡᠳᠬᠡᠬᠦ》 ᠴᠣᠩᠬᠤᠪᠴᠢ 1200 ᠭᠠᠷᠤᠢ ᠭᠠᠷᠭᠠᠵᠤ᠂ 115 ᠵᠦᠢᠯ ᠤᠨ 《ᠨᠢᠭᠡ ᠶᠠᠪᠤᠳᠠᠯ》 ᠢ ᠦᠨᠳᠦᠰᠦᠨ ᠳᠤ ᠪᠠᠨ ᠬᠠᠮᠲᠤ ᠳᠤ ᠨᠢ᠂ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠪᠡ︔ 《ᠮᠦᠩᠬᠡ ᠰᠤᠪᠠᠭ》 ᠰᠢᠯᠵᠢᠮᠡᠯ ᠴᠢᠮᠡᠭᠡ ᠬᠤᠯᠪᠣᠭᠠᠨ ᠤ ᠬᠡᠷᠡᠭᠯᠡᠭᠦᠷ ᠲᠤ ᠦᠨᠡᠨ ᠨᠡᠷ᠎ᠡ ᠪᠠᠷ ᠢᠶᠠᠨ ᠳᠠᠩᠰᠠᠯᠠᠭᠤᠯᠤᠭᠰᠠᠨ ᠬᠡᠷᠡᠭᠯᠡᠭᠴᠢ 1740 ᠲᠦᠮᠡ ᠶᠢ ᠳᠠᠪᠠᠵᠤ᠂ ᠰᠤᠷᠭᠠᠨ ᠬᠥᠮᠦᠵᠢᠯ᠂ ᠡᠮ ᠡᠮᠨᠡᠯᠭᠡ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠫᠷᠣᠭ᠍ᠷᠠᠮ 6300 ᠭᠠᠷᠤᠢ ᠶᠢ ᠨᠡᠭᠡᠭᠡᠵᠦ ᠂ 《ᠪᠠᠭ᠎ᠠ ᠶᠠᠪᠤᠳᠠᠯ ᠢ ᠣᠶᠤᠨᠴᠢ ᠭᠦᠢᠴᠡᠳᠬᠡᠬᠦ 》 《ᠲᠥᠷᠥ ᠶᠢᠨ ᠪᠣᠳᠣᠯᠭ᠎ᠠ ᠶᠢᠨ ᠠᠪᠳᠠᠷ᠎ᠠ 》 《 ᠡᠳᠦᠷ ᠲᠤᠲᠤᠮ ᠤᠨ ᠰᠦᠢᠳᠬᠡᠯ ᠲᠤᠰᠢᠶᠠᠬᠤ》 ᠵᠡᠷᠭᠡ ᠠᠵᠤ ᠠᠬᠤᠶᠢᠯᠠᠯ ᠳᠤ ᠠᠰᠢᠭᠲᠠᠢ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ 21 ᠲᠤᠰᠬᠠᠢ ᠪᠤᠯᠤᠩ ᠢ ᠭᠠᠷᠭᠠᠪᠠ᠃ ᠡᠭᠦᠨ ᠤ ᠬᠠᠮᠲᠤ᠂ 《ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ》ᠲᠤᠭ᠎ᠠ ᠪᠠᠷᠢᠮᠲᠠ ᠶᠢᠨ ᠰᠠᠭᠤᠷᠢ ᠶᠢ ᠪᠥᠬᠦ ᠲᠠᠯ᠎ᠠ ᠪᠠᠷ ᠪᠠᠬᠢᠵᠢᠭᠦᠯᠵᠦ᠂ ᠪᠥᠬᠦ ᠣᠷᠣᠨ ᠤ ᠡᠯᠧᠺᠲᠷᠣᠨ ᠦᠨᠡᠮᠯᠡᠯ ᠤᠨ ᠲᠤᠭ᠎ᠠ ᠪᠠᠷᠢᠮᠲᠠ ᠶᠢ 640 ᠲᠥᠷᠥᠯ ᠤᠨ ᠨᠡᠶᠢᠲᠡ 6980 ᠲᠦᠮᠡᠨ ᠵᠤᠷᠪᠤᠰ ᠴᠤᠭᠯᠠᠭᠤᠯᠤᠨ ᠂ ᠬᠠᠮᠲᠤ ᠪᠠᠷ ᠡᠳ᠋ᠯᠡᠵᠦ ᠰᠢᠯᠵᠢᠭᠦᠯᠦᠨ ᠬᠡᠷᠡᠭᠯᠡᠭᠰᠡᠨ ᠬᠡᠮᠵᠢᠶ᠎ᠡ ᠨᠡᠶᠢᠲᠡ 11 ᠳ᠋ᠦᠩᠰᠢᠭᠤᠷ ᠤᠳᠠᠭ᠎ᠠ ᠶᠢ ᠳᠠᠪᠠᠪᠠ︔ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠤᠭ᠎ᠠ ᠪᠠᠷᠢᠮᠲᠠ ᠶᠢ 12.3 ᠳ᠋ᠦᠩᠰᠢᠭᠤᠷ ᠵᠤᠷᠪᠤᠰ ᠴᠤᠭᠯᠠᠭᠤᠯᠵᠤ᠂ ᠡᠨᠡ ᠵᠢᠯ ᠤᠨ 1 ᠳ᠋ᠦ᠋ᠭᠡᠷ ᠰᠠᠷ᠎ᠠ ᠠᠴᠠ ᠡᠳᠦᠭᠡ ᠂ ᠲᠤᠭ᠎ᠠ ᠪᠠᠷᠢᠮᠲᠠ ᠶᠢ ᠰᠢᠯᠵᠢᠭᠦᠯᠦᠨ ᠬᠡᠷᠡᠭᠯᠡᠭᠰᠡᠨ ᠬᠡᠮᠵᠢᠶ᠎ᠡ 100.29 ᠳ᠋ᠦᠩᠰᠢᠭᠤᠷ ᠤᠳᠠᠭ᠎ᠠ ᠳᠤ ᠬᠦᠷᠴᠡᠢ᠃