ᠰᠢ ᠶᠢᠨ ᠫᠢᠩ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠲᠠᠢ ᠬᠡᠯᠡᠯᠴᠡᠭᠡ ᠬᠢᠪᠡ
ᠰᠢᠨᠬᠤᠸᠠ ᠬᠤᠷᠢᠶ᠎ᠠ ᠶᠢᠨ ᠫᠷᠢᠲ᠋ᠤᠷᠢᠶ᠎ᠠ ᠶᠢᠨ 2023 8 ᠰᠠᠷ᠎ᠠ ᠶᠢᠨ 22 ᠤᠨ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 22 ᠤᠨ ᠦᠳᠡ ᠶᠢᠨ ᠡᠮᠦᠨ᠎ᠡ ᠂ ᠡᠮᠦᠨᠡᠲᠦ ᠠᠹᠷᠢᠺᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠪᠠᠶᠢᠭ᠎ᠠ ᠤᠯᠤᠰ ᠤᠨ ᠲᠡᠷᠢᠭᠦᠯᠡᠭᠴᠢ ᠰᠢ ᠶᠢᠨ ᠫᠢᠩ ᠫᠷᠢᠲ᠋ᠤᠷᠢᠶ᠎ᠠ ᠶᠢᠨ ᠶᠡᠷᠦᠩᠬᠡᠶᠢᠯᠡᠭᠴᠢ ᠶᠢᠨ ᠣᠷᠳᠣᠨ ᠳᠤ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠲᠠᠢ ᠬᠡᠯᠡᠯᠴᠡᠭᠡ ᠬᠢᠪᠡ ᠃ ᠬᠤᠶᠠᠷ ᠤᠯᠤᠰ ᠤᠨ ᠲᠡᠷᠢᠭᠦᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠬᠠᠷᠢᠯᠴᠠᠭ᠎ᠠ ᠶᠢᠨ ᠬᠥᠭᠵᠢᠯᠲᠡ ᠵᠢᠴᠢ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠂ ᠴᠢᠬᠤᠯᠠ ᠬᠠᠮᠲᠤ ᠶᠢᠨ ᠲᠠᠨᠢᠯᠲᠠ ᠲᠠᠢ ᠪᠣᠯᠵᠤ ᠂ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠭᠠᠷ ᠬᠤᠯᠪᠣᠨ ᠠᠬᠢᠭᠤᠯᠵᠤ ᠂ ᠥᠨᠳᠥᠷ ᠲᠦᠪᠰᠢᠨ ᠪᠦᠬᠦᠢ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠬᠤ ᠶᠢ ᠰᠠᠨᠠᠯ ᠨᠢᠭᠡᠲᠡᠢ ᠵᠥᠪᠰᠢᠶᠡᠷᠡᠪᠡ ᠃
ᠲᠤᠬᠠᠢ ᠶᠢᠨ ᠭᠠᠵᠠᠷ ᠤᠨ ᠴᠠᠭ ᠢᠶᠠᠷ 8 ᠰᠠᠷ᠎ᠠ ᠶᠢᠨ 22 ᠤᠨ ᠦᠳᠡ ᠶᠢᠨ ᠡᠮᠦᠨ᠎ᠡ ᠂ ᠡᠮᠦᠨᠡᠲᠦ ᠠᠹᠷᠢᠺᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠪᠠᠶᠢᠭ᠎ᠠ ᠤᠯᠤᠰ ᠤᠨ ᠲᠡᠷᠢᠭᠦᠯᠡᠭᠴᠢ ᠰᠢ ᠶᠢᠨ ᠫᠢᠩ ᠫᠷᠢᠲ᠋ᠤᠷᠢᠶ᠎ᠠ ᠶᠢᠨ ᠶᠡᠷᠦᠩᠬᠡᠶᠢᠯᠡᠭᠴᠢ ᠶᠢᠨ ᠣᠷᠳᠣᠨ ᠳᠤ ᠡᠮᠦᠨᠡᠲᠦ ᠠᠹᠷᠢᠺᠠ ᠶᠢᠨ ᠶᠡᠷᠦᠩᠬᠡᠶᠢᠯᠡᠭᠴᠢ ᠯᠠᠮᠠᠹᠦ᠋ᠰᠠ ᠲᠠᠢ ᠬᠡᠯᠡᠯᠴᠡᠭᠡ ᠬᠢᠪᠡ ᠃ ᠬᠡᠯᠡᠯᠴᠡᠭᠡ ᠬᠢᠬᠦ ᠠᠴᠠ ᠡᠮᠦᠨ᠎ᠡ ᠯᠠᠮᠠᠹᠦ᠋ᠰᠠ ᠶᠡᠷᠦᠩᠬᠡᠶᠢᠯᠡᠭᠴᠢ ᠶᠢᠨ ᠣᠷᠳᠣᠨ ᠤ ᠠᠭᠤᠳᠠᠮ ᠲᠠᠯᠠᠪᠠᠢ ᠳᠤ ᠰᠢ ᠶᠢᠨ ᠫᠢᠩ ᠢ ᠤᠭᠲᠤᠬᠤ ᠶᠣᠰᠣᠯᠠᠯ ᠶᠠᠪᠤᠭᠤᠯᠪᠠ ᠃
8 ᠰᠠᠷ᠎ᠠ ᠶᠢᠨ ᠫᠷᠢᠲ᠋ᠣᠷᠢᠶᠠ ᠂ ᠣᠭᠲᠠᠷᠭᠤᠢ ᠨᠢ ᠴᠡᠯᠮᠡᠭ ᠰᠠᠯᠬᠢᠨ ᠨᠢ ᠡᠶᠡᠪᠡᠷᠭᠦᠦ ᠃ ᠶᠡᠷᠦᠩᠬᠡᠶᠢᠯᠡᠭᠴᠢ ᠶᠢᠨ ᠣᠷᠳᠣᠨ ᠤ ᠠᠭᠤᠳᠠᠮ ᠲᠠᠯᠠᠪᠠᠢ ᠳᠤ ᠰᠣᠷᠭᠤᠭ ᠴᠡᠴᠡᠭ ᠪᠠᠳᠠᠷᠠᠨ ᠳᠡᠯᠭᠡᠷᠡᠵᠦ ᠂ ᠳᠤᠮᠳᠠᠳᠤ ᠡᠮᠦᠨᠡᠲᠦ ᠠᠹᠷᠢᠺᠠ ᠬᠤᠶᠠᠷ ᠤᠯᠤᠰ ᠤᠨ ᠤᠯᠤᠰ ᠤᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ ᠃ ᠶᠡᠷᠦᠩᠬᠡᠶᠢᠯᠡᠭᠴᠢ ᠶᠢᠨ ᠮᠣᠲ᠋ᠣᠷ ᠲᠡᠷᠭᠡᠨ ᠤ ᠠᠩᠭᠢ ᠶᠢᠨ ᠬᠠᠮᠠᠭᠠᠯᠠᠯ ᠳᠣᠣᠷ᠎ᠠ ᠰᠢ ᠶᠢᠨ ᠫᠢᠩ ᠲᠡᠷᠭᠡᠨ ᠳᠤ ᠰᠠᠭᠤᠵᠤ ᠶᠡᠷᠦᠩᠬᠡᠶᠢᠯᠡᠭᠴᠢ ᠶᠢᠨ ᠣᠷᠳᠣᠨ ᠳᠤ ᠬᠦᠷᠴᠦ ᠂ ᠯᠠᠮᠠᠹᠦ᠋ᠰᠠ ᠲᠡᠷᠭᠡᠨ ᠠᠴᠠ ᠪᠠᠭᠤᠬᠤ ᠭᠠᠵᠠᠷ ᠲᠤ ᠬᠠᠯᠠᠭᠤᠨ ᠢᠶᠠᠷ ᠤᠭᠲᠤᠪᠠ ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠪᠠ ᠃ ᠶᠣᠰᠣᠯᠠᠯ ᠤᠨ ᠠᠩᠭᠢ ᠫᠤᠤ ᠠᠳᠬᠤᠨ ᠶᠣᠰᠣ ᠭᠦᠢᠴᠡᠳᠬᠡᠵᠦ ᠂ ᠴᠡᠷᠢᠭ ᠤᠨ ᠬᠥᠭᠵᠢᠮ ᠤᠨ ᠠᠩᠭᠢ ᠳᠤᠮᠳᠠᠳᠤ ᠡᠮᠦᠨᠡᠲᠦ ᠠᠹᠷᠢᠺᠠ ᠬᠤᠶᠠᠷ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠵᠦ ᠂ ᠲᠤᠬᠠᠢ ᠶᠢᠨ ᠲᠠᠯᠠᠪᠠᠢ ᠳᠤ ᠶᠣᠰᠣᠯᠠᠯ ᠤᠨ ᠫᠤᠤ ᠶᠢ 21ᠳᠤᠤᠭᠠᠷᠭᠠᠪᠠ ᠃ ᠰᠢ ᠶᠢᠨ ᠫᠢᠩ ᠡᠮᠦᠨᠡᠲᠦ ᠠᠹᠷᠢᠺᠠ ᠶᠢᠨ ᠶᠣᠰᠣᠯᠠᠯ ᠤᠨ ᠠᠩᠭᠢ ᠶᠢ ᠰᠢᠯᠭᠠᠨ ᠦᠵᠡᠪᠡ ᠃ ᠬᠤᠶᠠᠷ ᠤᠯᠤᠰ ᠤᠨ ᠲᠡᠷᠢᠭᠦᠨ ᠬᠤᠶᠠᠷ ᠲᠠᠯ᠎ᠠ ᠶᠢᠨ ᠪᠠᠷ᠎ᠠ ᠪᠣᠯᠣᠭᠰᠠᠳ ᠲᠠᠢ ᠨᠢᠭᠡᠳ ᠨᠢᠭᠡ ᠪᠠᠷ ᠭᠠᠷ ᠠᠳᠬᠤᠪᠠ ᠃
ᠤᠭᠲᠤᠬᠤ ᠶᠣᠰᠣᠯᠠᠯ ᠤᠨ ᠳᠠᠷᠠᠭ᠎ᠠ ᠬᠤᠶᠠᠷ ᠤᠯᠤᠰ ᠤᠨ ᠲᠡᠷᠢᠭᠦᠨ ᠬᠡᠯᠡᠯᠴᠡᠭᠡ ᠬᠢᠪᠡ ᠃
ᠰᠢ ᠶᠢᠨ ᠫᠢᠩ ᠂ ᠪᠢ ᠳᠥᠷᠪᠡᠳᠡᠬᠢ ᠤᠳᠠᠭ᠎ᠠ ᠳᠤᠮᠳᠠᠳᠤ ᠤᠯᠤᠰ ᠤᠨ ᠤᠯᠤᠰ ᠤᠨ ᠲᠡᠷᠢᠭᠦᠯᠡᠭᠴᠢ ᠶᠢᠨ ᠬᠤᠪᠢ ᠪᠠᠷ ᠡᠮᠦᠨᠡᠲᠦ ᠠᠹᠷᠢᠺᠠ ᠳᠤ ᠠᠶᠢᠯᠴᠢᠯᠠᠵᠤ ᠪᠠᠶᠢᠨ᠎ᠠ ᠃ 10 ᠵᠢᠯ ᠤᠨ ᠲᠤᠷᠰᠢ ᠪᠢ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠬᠠᠷᠢᠯᠴᠠᠭ᠎ᠠ ᠶᠢᠨ ᠥᠷᠨᠢᠩᠭᠦᠢ ᠬᠥᠭᠵᠢᠯᠲᠡ ᠶᠢ ᠪᠡᠶ᠎ᠡ ᠪᠠᠷ ᠢᠶᠠᠨ ᠥᠩᠭᠡᠷᠡᠭᠦᠯᠪᠡ ᠃ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠬᠠᠷᠢᠯᠴᠠᠭ᠎ᠠ ᠰᠠᠶᠢᠨ ᠂ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠨᠥᠬᠦᠷᠯᠡᠯ ᠭᠦᠨ ᠵᠤᠵᠠᠭᠠᠨ ᠪᠠᠶᠢᠬᠤ ᠶᠢᠨ ᠵᠠᠩᠭᠢᠯᠠᠭ᠎ᠠ ᠨᠢ ᠬᠤᠶᠠᠷ ᠤᠯᠤᠰ ᠬᠤᠶᠠᠷ ᠨᠠᠮ ᠥᠪᠡᠷ ᠥᠪᠡᠷ ᠤᠨ ᠬᠥᠭᠵᠢᠯᠲᠡ ᠶᠢᠨ ᠵᠠᠮ ᠳᠠᠭᠠᠨ ᠵᠢᠷᠭᠠᠯ ᠵᠣᠪᠠᠯᠠᠩ ᠢᠶᠠᠨ ᠬᠠᠮᠲᠤᠳᠬᠠᠵᠤ ᠂ ᠭᠦᠨ ᠵᠤᠵᠠᠭᠠᠨ ᠨᠥᠬᠦᠷᠯᠡᠯ ᠢ ᠪᠠᠶᠢᠭᠤᠯᠤᠭᠰᠠᠨ ᠳᠤ ᠪᠠᠶᠢᠨ᠎ᠠ ᠃ ᠣᠳᠣᠬᠠᠨ ᠳᠤ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠵᠤ ᠂ ᠡᠮᠦᠨᠡᠲᠦ ᠠᠹᠷᠢᠺᠠ ᠶᠠᠭ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠣᠳᠣᠬᠢᠴᠢᠯᠠᠯᠲᠠ ᠶᠢᠨ ᠵᠠᠮ ᠢ ᠰᠦᠪᠡᠭᠴᠢᠯᠡᠵᠦ ᠪᠠᠶᠢᠨ᠎ᠠ ᠃ ᠳᠤᠮᠳᠠᠳᠤ ᠤᠯᠤᠰ ᠳᠤᠷᠠᠲᠠᠶ᠎ᠠ ᠡᠮᠦᠨᠡᠲᠦ ᠠᠹᠷᠢᠺᠠ ᠶᠢᠨ ᠬᠢᠨ ᠲᠠᠢ ᠬᠠᠮᠲᠤ ᠪᠠᠷ ᠨᠥᠬᠦᠷᠯᠡᠯ ᠢᠶᠠᠨ ᠤᠯᠠᠮᠵᠢᠯᠠᠨ ᠵᠠᠯᠭᠠᠮᠵᠢᠯᠠᠵᠤ ᠂ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠂ ᠬᠠᠮᠵᠢᠯᠴᠠᠭ᠎ᠠ ᠪᠠᠨ ᠴᠢᠩᠭᠠᠳᠬᠠᠵᠤ ᠂ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠲᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ ᠂ ᠭᠠᠷ ᠬᠤᠯᠪᠣᠨ ᠥᠨᠳᠥᠷ ᠲᠦᠪᠰᠢᠨ ᠪᠦᠬᠦᠢ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠨ᠎ᠠ ᠭᠡᠵᠦ ᠵᠢᠭᠠᠵᠤ ᠭᠠᠷᠭᠠᠪᠠ ᠃
ᠰᠢ ᠶᠢᠨ ᠫᠢᠩ ᠡᠭᠦᠨ ᠤ ᠲᠤᠬᠠᠢ ᠳᠣᠣᠷᠠᠬᠢ ᠮᠡᠲᠦ ᠰᠠᠨᠠᠭᠤᠯᠭ᠎ᠠ ᠳᠤᠷᠠᠳᠪᠠ ᠃
ᠨᠢᠭᠡᠳᠦᠭᠡᠷ ᠲᠤ ᠂ ᠳᠤᠮᠳᠠᠳᠤ ᠤᠯᠤᠰ ᠡᠮᠦᠨᠡᠲᠦ ᠠᠹᠷᠢᠺᠠ ᠳᠡᠭᠡᠳᠦ ᠬᠡᠮᠵᠢᠶ᠎ᠡ ᠪᠠᠷ ᠢᠲᠡᠭᠡᠯᠴᠡᠭᠰᠡᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠣᠶ᠎ᠠ ᠃ 《ᠨᠥᠬᠦᠷ ᠪᠥᠭᠡᠳ ᠠᠬ᠎ᠠ ᠳᠡᠭᠦᠦ 》 ᠪᠣᠯ ᠳᠤᠮᠳᠠᠳᠤ ᠤᠯᠤᠰ ᠡᠮᠦᠨᠡᠲᠦ ᠠᠹᠷᠢᠺᠠ ᠶᠢᠨ ᠬᠠᠷᠢᠯᠴᠠᠭ᠎ᠠ ᠶᠢᠨ ᠣᠣᠷ ᠴᠢᠨᠠᠷ ᠪᠣᠯᠣᠨ᠎ᠠ ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠬᠠᠤᠯᠢ ᠲᠣᠭᠲᠠᠭᠠᠬᠤ ᠪᠠᠶᠢᠭᠤᠯᠤᠮᠵᠢ ᠂ ᠲᠦᠷᠦ ᠶᠢᠨ ᠨᠠᠮ ᠂ ᠴᠡᠷᠢᠭ ᠠᠩᠭᠢ ᠂ ᠣᠷᠣᠨ ᠨᠤᠲᠤᠭ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠂ ᠲᠤᠰ ᠲᠤᠰ ᠤᠨ ᠭᠤᠣᠯᠯᠠᠭᠴᠢ ᠠᠰᠢᠭ ᠲᠤᠰᠠ ᠳᠤ ᠬᠤᠯᠪᠣᠭᠳᠠᠬᠤ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠦᠷᠭᠦᠯᠵᠢᠯᠡᠨ ᠬᠠᠷᠢᠯᠴᠠᠨ ᠳᠡᠮᠵᠢᠶ᠎ᠠ ᠃ ᠳᠤᠮᠳᠠᠳᠤ ᠤᠯᠤᠰ ᠳᠤᠷᠠᠲᠠᠶ᠎ᠠ ᠡᠮᠦᠨᠡᠲᠦ ᠠᠹᠷᠢᠺᠠ ᠯᠤᠭ᠎ᠠ ᠨᠠᠮ ᠤᠨ ᠬᠤᠭᠤᠷᠣᠨᠳᠣᠭᠢ ᠰᠣᠯᠢᠯᠴᠠᠭ᠎ᠠ ᠪᠣᠯᠣᠨ ᠪᠣᠯᠪᠠᠰᠤᠷᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠡᠮᠦᠨᠡᠲᠦ ᠠᠹᠷᠢᠺᠠ ᠶᠢᠨ ᠠᠹᠷᠢᠺᠠᠴᠤᠳ ᠤᠨ ᠤᠯᠤᠰ ᠠᠷᠠᠳ ᠤᠨ ᠶᠡᠭᠡ ᠬᠤᠷᠠᠯ ᠤᠨ ᠠᠹᠷᠢᠺᠠ ᠲᠢᠪ ᠤᠨ ᠤᠳᠤᠷᠢᠳᠬᠤ ᠬᠦᠴᠦᠨ ᠤ ᠳᠡᠭᠡᠳᠦ ᠰᠤᠷᠭᠠᠭᠤᠯᠢ ᠶᠢ ᠪᠠᠶᠢᠭᠤᠯᠬᠤ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ ᠃
ᠬᠤᠶᠠᠳᠤᠭᠠᠷ ᠲᠤ ᠂ ᠳᠤᠮᠳᠠᠳᠤ ᠤᠯᠤᠰ ᠡᠮᠦᠨᠡᠲᠦ ᠠᠹᠷᠢᠺᠠ ᠬᠠᠮᠲᠤ ᠪᠠᠷ ᠲᠠᠪᠰᠢᠬᠤ ᠬᠥᠭᠵᠢᠯᠲᠡ ᠶᠢᠨ ᠬᠠᠨᠢᠲᠠᠨ ᠪᠣᠯᠣᠶ᠎ᠠ ᠃ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠪᠣᠯ ᠳᠤᠮᠳᠠᠳᠤ ᠤᠯᠤᠰ ᠡᠮᠦᠨᠡᠲᠦ ᠠᠹᠷᠢᠺᠠ ᠶᠢᠨ ᠬᠠᠮᠲᠤᠷᠠᠯᠴᠠᠭᠠᠨ ᠤ ᠢᠯᠡ ᠲᠣᠳᠣ ᠳᠡᠪᠢᠰᠬᠡᠷ ᠥᠩᠭᠡ ᠮᠥᠨ ᠃ ᠬᠤᠶᠠᠷ ᠲᠠᠯ᠎ᠠ ᠪᠠᠷ ᠢᠶᠠᠨ 《ᠨᠢᠭᠡ ᠪᠦᠰᠡ ᠨᠢᠭᠡ ᠵᠠᠮ 》 ᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠬᠤ ᠂ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ 《ᠶᠢᠰᠦᠨ ᠵᠦᠢᠯ ᠤᠨ ᠢᠨᠵᠧᠨᠧᠷᠢᠩ 》 ᠪᠣᠯᠣᠨ 《ᠳᠤᠮᠳᠠᠳᠤ ᠤᠯᠤᠰ ᠡᠮᠦᠨᠡᠲᠦ ᠠᠹᠷᠢᠺᠠ ᠶᠢᠨ ᠠᠷᠪᠠᠨ ᠵᠢᠯ ᠤᠨ ᠬᠠᠮᠲᠤᠷᠠᠯᠴᠠᠭᠠᠨ ᠤ ᠪᠠᠶᠢᠯᠳᠤᠬᠤ ᠪᠣᠳᠣᠯᠭ᠎ᠠ ᠶᠢᠨ ᠲᠥᠯᠦᠪᠵᠢᠭᠦᠯᠭᠡ 》 ᠪᠠᠷ ᠭᠤᠣᠯ ᠰᠢᠵᠢᠮ ᠪᠤᠯᠭᠠᠵᠤ ᠂ ᠳᠠᠪᠠᠭᠤᠯᠢᠭ ᠬᠦᠷᠢᠶᠡᠨ ᠳᠠᠬᠢ ᠬᠠᠮᠲᠤᠷᠠᠯᠴᠠᠭ᠎ᠠ ᠪᠠᠨ ᠪᠠᠬᠢᠵᠢᠭᠦᠯᠵᠦ ᠂ ᠬᠠᠮᠲᠤᠷᠠᠯᠴᠠᠭᠠᠨ ᠤ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠤᠶ᠎ᠠ ᠃ ᠳᠤᠮᠳᠠᠳᠤ ᠤᠯᠤᠰ ᠡᠮᠦᠨᠡᠲᠦ ᠠᠹᠷᠢᠺᠠ ᠶᠢᠨ ᠦᠢᠯᠡᠳᠬᠦᠨ ᠢ ᠣᠷᠣᠭᠤᠯᠬᠤ ᠪᠠᠨ ᠥᠷᠭᠡᠳᠬᠡᠵᠦ ᠂ ᠨᠡᠩ ᠤᠯᠠᠨ ᠳᠤᠮᠳᠠᠳᠤ ᠤᠯᠤᠰ ᠤᠨ ᠠᠵᠤ ᠠᠬᠤᠶᠢᠯᠠᠯ ᠡᠮᠦᠨᠡᠲᠦ ᠠᠹᠷᠢᠺᠠ ᠳᠤ ᠬᠦᠷᠴᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠵᠣᠷᠢᠭᠵᠢᠭᠤᠯᠤᠨ᠎ᠠ ᠃ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠵᠦ ᠲᠠᠷᠢᠶᠠᠴᠢᠳ ᠲᠤ ᠠᠰᠢᠭ ᠬᠦᠷᠲᠡᠭᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠯ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠴᠢᠬᠤᠯᠠ ᠠᠭᠤᠯᠭ᠎ᠠ ᠪᠣᠯᠣᠨ᠎ᠠ ᠂ ᠳᠤᠮᠳᠠᠳᠤ ᠤᠯᠤᠰ ᠳᠤᠷᠠᠲᠠᠶ᠎ᠠ ᠡᠮᠦᠨᠡᠲᠦ ᠠᠹᠷᠢᠺᠠ ᠯᠤᠭ᠎ᠠ ᠲᠤᠷᠰᠢᠯᠭ᠎ᠠ ᠶᠢᠨ ᠰᠣᠯᠢᠯᠴᠠᠭ᠎ᠠ ᠪᠠᠨ ᠴᠢᠩᠭᠠᠳᠬᠠᠵᠤ ᠂ ᠡᠮᠦᠨᠡᠲᠦ ᠠᠹᠷᠢᠺᠠ ᠶᠢ ᠬᠠᠪᠰᠤᠷᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠬᠦ ᠵᠢᠱᠢᠶ᠎ᠡ ᠦᠵᠡᠭᠦᠯᠭᠦ ᠲᠣᠰᠬᠤᠨ ᠤ ᠲᠦᠷᠦᠯ ᠵᠦᠢᠯ ᠢ ᠬᠡᠷᠡᠭᠵᠢᠭᠦᠯᠦᠨ᠎ᠡ ᠃
ᠭᠤᠷᠪᠠᠳᠤᠭᠠᠷ ᠲᠤ ᠂ ᠳᠤᠮᠳᠠᠳᠤ ᠤᠯᠤᠰ ᠡᠮᠦᠨᠡᠲᠦ ᠠᠹᠷᠢᠺᠠ ᠬᠠᠷᠢᠯᠴᠠᠨ ᠣᠶᠢᠯᠠᠭᠠᠯᠴᠠᠭᠰᠠᠨ ᠳᠣᠲᠣᠨᠣ ᠨᠥᠭᠦᠷᠰᠡᠭ ᠬᠠᠨᠢᠲᠠᠨ ᠪᠣᠯᠣᠶ᠎ᠠ ᠃ ᠠᠷᠠᠳ ᠤᠨ ᠰᠡᠳᠬᠢᠯ ᠤᠨ ᠨᠡᠪᠲᠡᠷᠡᠯᠴᠡᠭᠡ ᠪᠣᠯ ᠬᠤᠶᠠᠷ ᠤᠯᠤᠰ ᠤᠨ ᠨᠥᠬᠦᠷᠯᠡᠯ ᠤᠨ ᠠᠮᠢᠳᠤᠯᠢᠭ ᠢᠯᠡᠷᠡᠯ ᠮᠥᠨ ᠃ ᠳᠤᠮᠳᠠᠳᠤ ᠤᠯᠤᠰ ᠳᠤᠷᠠᠲᠠᠶ᠎ᠠ ᠳᠤᠮᠳᠠᠳᠤ ᠤᠯᠤᠰ ᠡᠮᠦᠨᠡᠲᠦ ᠠᠹᠷᠢᠺᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠤᠯᠪᠤᠭ᠎ᠠ ᠂ 《ᠢᠷᠡᠭᠡᠳᠦᠢ ᠶᠢᠨ ᠠᠹᠷᠢᠺᠠ ᠲᠢᠪ - ᠳᠤᠮᠳᠠᠳᠤ ᠠᠹᠷᠢᠺᠠ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠮᠲᠤᠷᠠᠯᠴᠠᠭᠠᠨ ᠤ ᠲᠥᠯᠥᠪᠯᠡᠭᠡ 》 ᠵᠡᠷᠭᠡ ᠲᠣᠭᠲᠠᠴᠠ ᠶᠢ ᠰᠠᠶᠢᠲᠤᠷ ᠠᠰᠢᠭᠯᠠᠵᠤ ᠂ ᠬᠤᠶᠠᠷ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠴᠢᠩᠭᠠᠳᠬᠠᠵᠤ ᠂ ᠵᠠᠯᠠᠭᠤᠴᠤᠳ ᠤᠨ ᠠᠵᠢᠯ ᠣᠯᠭᠤᠯᠲᠠ ᠶᠢᠨ ᠲᠠᠯ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠵᠤ ᠂ ᠡᠮᠦᠨᠡᠲᠦ ᠠᠹᠷᠢᠺᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠪᠠᠴᠢᠮ ᠬᠡᠷᠡᠭᠰᠡᠬᠦ ᠡᠯ᠎ᠡ ᠲᠦᠷᠦᠯ ᠤᠨ ᠴᠢᠳᠠᠪᠤᠷᠢᠲᠠᠨ ᠢ ᠨᠡᠩ ᠤᠯᠠᠨ ᠬᠥᠮᠥᠵᠢᠭᠦᠯᠬᠦ ᠳᠤ ᠬᠦᠴᠦᠨ ᠨᠡᠮᠡᠷᠢᠯᠡᠨ᠎ᠡ ᠃ ᠬᠤᠶᠠᠷ ᠲᠠᠯ᠎ᠠ ᠪᠠᠷ ᠢᠶᠠᠨ ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ ᠤᠨ ᠮᠡᠷᠭᠡᠵᠢᠯ ᠤᠨ ᠬᠠᠮᠲᠤᠷᠠᠯᠴᠠᠭ᠎ᠠ ᠪᠣᠯᠣᠨ ᠬᠠᠮᠲᠤᠷᠠᠭᠰᠠᠨ ᠰᠤᠳᠤᠯᠭᠠᠨ ᠢ ᠴᠢᠩᠭᠠᠳᠬᠠᠬᠤ ᠶᠢ ᠳᠡᠮᠵᠢᠵᠦ ᠂ ᠬᠠᠮᠲᠤᠷᠠᠯᠴᠠᠭᠠᠨ ᠤ ᠦᠷ᠎ᠡ ᠪᠦᠲᠦᠭᠡᠯ ᠢᠶᠠᠷ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠠᠰᠢᠭ ᠬᠦᠷᠲᠡᠭᠡᠶ᠎ᠡ ᠃
ᠳᠥᠷᠪᠡᠳᠦᠭᠡᠷ ᠲᠤ ᠂ ᠳᠤᠮᠳᠠᠳᠤ ᠤᠯᠤᠰ ᠡᠮᠦᠨᠡᠲᠦ ᠠᠹᠷᠢᠺᠠ ᠰᠢᠳᠤᠷᠭᠤ ᠶᠣᠰᠣ ᠶᠢ ᠬᠠᠮᠠᠭᠠᠯᠠᠬᠤ ᠪᠦᠭᠦ ᠪᠥᠮᠪᠥᠷᠴᠡᠭ ᠤᠨ ᠬᠠᠨᠢᠲᠠᠨ ᠪᠣᠯᠣᠶ᠎ᠠ ᠃ ᠪᠡᠶ᠎ᠡ ᠪᠠᠨ ᠳᠠᠭᠠᠭᠠᠵᠤ ᠡᠵᠡᠨ ᠮᠡᠳᠡᠬᠦ ᠪᠣᠯ ᠪᠢᠳᠡᠨ ᠤ ᠬᠠᠮᠲᠤ ᠪᠠᠷ ᠢᠶᠠᠨ ᠪᠠᠷᠢᠮᠲᠠᠯᠠᠬᠤ ᠵᠠᠷᠴᠢᠮ ᠮᠥᠨ ᠃ ᠡᠮᠦᠨᠡᠲᠦ ᠠᠹᠷᠢᠺᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤᠮᠳᠠ ᠨᠡᠩ ᠶᠡᠭᠡ ᠦᠢᠯᠡᠳᠦᠯ ᠪᠠᠳᠠᠷᠠᠭᠤᠯᠬᠤ ᠶᠢ ᠳᠤᠮᠳᠠᠳᠤ ᠤᠯᠤᠰ ᠳᠡᠮᠵᠢᠵᠦ ᠂ ᠳᠤᠷᠠᠲᠠᠶ᠎ᠠ ᠡᠮᠦᠨᠡᠲᠦ ᠠᠹᠷᠢᠺᠠ ᠵᠡᠷᠭᠡ ᠬᠥᠭᠵᠢᠵᠦ ᠪᠠᠶᠢᠭ᠎ᠠ ᠤᠯᠤᠰ ᠤᠳ ᠲᠠᠢ ᠬᠠᠮᠲᠤ ᠪᠠᠷ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠵᠤ ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠵᠦ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠭᠦ ᠪᠥᠮᠪᠥᠷᠴᠡᠭ ᠤᠨ ᠵᠠᠰᠠᠯᠲᠠ ᠳᠤᠮᠳᠠᠬᠢ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠵᠦ ᠂ ᠠᠭᠤᠷ ᠠᠮᠢᠰᠬᠤᠯ ᠤᠨ ᠬᠤᠪᠢᠷᠠᠯᠲᠠ ᠂ ᠠᠮᠤ ᠪᠤᠳᠠᠭᠠᠨ ᠤ ᠠᠮᠤᠷ ᠲᠦᠪᠰᠢᠨ ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ 2030 ᠣᠨ ᠤ ᠦᠷᠭᠦᠯᠵᠢᠯᠡᠬᠦ ᠬᠥᠭᠵᠢᠯᠲᠡ ᠶᠢᠨ ᠵᠥᠪᠯᠡᠬᠦ ᠵᠦᠢᠯᠡᠰ ᠵᠡᠷᠭᠡ ᠠᠰᠠᠭᠤᠳᠠᠯ ᠤᠨ ᠲᠠᠯ᠎ᠠ ᠪᠠᠷ ᠬᠠᠮᠵᠢᠯᠴᠠᠬᠤ ᠪᠠᠨ ᠴᠢᠩᠭᠠᠳᠬᠠᠵᠤ ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠪᠠ ᠬᠥᠭᠵᠢᠯᠲᠡ ᠶᠢᠨ ᠣᠷᠣᠨ ᠵᠠᠢ ᠶᠢ ᠬᠠᠮᠠᠭᠠᠯᠠᠨ᠎ᠠ ᠃
ᠰᠢ ᠶᠢᠨ ᠫᠢᠩ ᠂ ᠣᠶᠢᠷ᠎ᠠ ᠶᠢᠨ ᠵᠢᠯ ᠠᠴᠠ ᠠᠯᠳᠠᠨ ᠲᠣᠭᠤᠰᠭ᠋᠎ᠠ ᠤᠯᠤᠰ ᠤᠳ ᠨᠡᠭᠡᠭᠡᠯᠲᠡᠲᠡᠢ ᠪᠠᠭᠲᠠᠭᠠᠮᠵᠢᠲᠠᠢ ᠂ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠠᠯᠳᠠᠨ ᠲᠣᠭᠤᠰᠭ᠋᠎ᠠ ᠤᠯᠤᠰ ᠤᠳ ᠤᠨ ᠵᠣᠷᠢᠭ ᠰᠠᠨᠠᠭ᠎ᠠ ᠶᠢ ᠪᠠᠷᠢᠮᠲᠠᠯᠠᠵᠤ ᠂ ᠠᠳᠠᠯᠢ ᠪᠤᠰᠤ ᠪᠠᠶᠢᠭᠤᠯᠤᠯ ᠂ ᠠᠳᠠᠯᠢ ᠪᠤᠰᠤ ᠰᠣᠶᠣᠯ ᠂ ᠠᠳᠠᠯᠢ ᠪᠤᠰᠤ ᠭᠠᠵᠠᠷ ᠣᠷᠣᠨ ᠤ ᠤᠯᠤᠰ ᠤᠳ ᠭᠠᠷ ᠬᠤᠯᠪᠣᠨ ᠬᠥᠭᠵᠢᠭᠰᠡᠨ ᠭᠤᠶᠢᠳᠠ ᠰᠠᠶᠢᠬᠠᠨ ᠦᠯᠢᠭᠡᠷ ᠢ ᠪᠢᠴᠢᠭᠯᠡᠵᠦ ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤᠷᠠᠯᠴᠠᠭᠠᠨ ᠤ ᠠᠯᠳᠠᠨ ᠦᠰᠦᠭᠲᠦ ᠫᠠᠶᠢᠰᠠ ᠪᠣᠯᠵᠠᠢ ᠃ ᠡᠮᠦᠨᠡᠲᠦ ᠠᠹᠷᠢᠺᠠ ᠡᠨᠡ ᠤᠳᠠᠭ᠎ᠠ ᠶᠢᠨ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ ᠳᠤ ᠨᠠᠷᠢᠨ ᠨᠢᠮᠪᠠᠢ ᠪᠡᠯᠡᠳᠬᠡᠯ ᠬᠢᠭᠰᠡᠨ ᠢ ᠪᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠵᠤ ᠪᠠᠶᠢᠨ᠎ᠠ ᠃ ᠪᠢ ᠠᠯᠳᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠲᠠᠢ ᠬᠠᠮᠲᠤ ᠪᠠᠷ ᠰᠢᠨ᠎ᠡ ᠴᠠᠭ ᠦᠶ᠎ᠡ ᠶᠢᠨ ᠠᠯᠳᠠᠨ ᠲᠣᠭᠤᠰᠭ᠋᠎ᠠ ᠤᠯᠤᠰ ᠤᠳ ᠤᠨ ᠪᠦᠯᠬᠦᠮᠳᠡᠯ ᠬᠥᠭᠵᠢᠯᠲᠡ ᠶᠢᠨ ᠶᠡᠭᠡ ᠪᠣᠳᠣᠯᠭ᠎ᠠ ᠶᠢ ᠵᠥᠪᠳᠡᠯᠴᠡᠵᠦ ᠂ ᠠᠭᠤᠯᠵᠠᠯᠲᠠ ᠶᠢᠨ ᠦᠯᠡᠮᠵᠢ ᠦᠷ᠎ᠡ ᠪᠦᠲᠦᠭᠡᠯ ᠣᠯᠬᠤ ᠶᠢ ᠠᠬᠢᠭᠤᠯᠵᠤ ᠂ ᠪᠦᠭᠦ ᠪᠥᠮᠪᠥᠷᠴᠡᠭ ᠤᠨ ᠵᠠᠰᠠᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃
ᠰᠢ ᠶᠢᠨ ᠫᠢᠩ ᠂ ᠳᠤᠮᠳᠠᠳᠤ ᠤᠯᠤᠰ ᠪᠣᠯᠣᠨ ᠠᠹᠷᠢᠺᠠ ᠲᠢᠪ ᠪᠣᠯ ᠶᠡᠷᠦ ᠠᠴᠠ ᠬᠤᠪᠢ ᠵᠠᠶᠠᠭᠠᠨ ᠤ ᠬᠠᠮᠲᠤ ᠶᠢᠨ ᠴᠣᠭᠴᠠ ᠮᠥᠨ ᠃ ᠦᠢᠮᠡᠭᠡᠨ ᠰᠠᠮᠠᠭᠤᠨ ᠬᠤᠪᠢᠷᠠᠯᠲᠠ ᠶᠡᠬᠡᠲᠡᠢ ᠳᠡᠯᠡᠬᠡᠢ ᠶᠢᠷᠲᠢᠨᠴᠦ ᠳᠤ ᠬᠠᠨᠳᠤᠵᠤ ᠂ ᠳᠤᠮᠳᠠᠳᠤ ᠠᠹᠷᠢᠺᠠ ᠬᠤᠶᠠᠷ ᠲᠠᠯ᠎ᠠ ᠪᠠᠷ ᠢᠶᠠᠨ ᠥᠩᠭᠡᠷᠡᠭᠰᠡᠨ ᠤ ᠠᠯᠢ ᠴᠤ ᠦᠶ᠎ᠡ ᠠᠴᠠ ᠢᠯᠡᠭᠦᠦ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠱᠠᠭᠠᠷᠳᠠᠵᠤ ᠪᠠᠶᠢᠨ᠎ᠠ ᠃ ᠳᠤᠮᠳᠠᠳᠤ ᠤᠯᠤᠰ ᠠᠹᠷᠢᠺᠠ ᠲᠢᠪ ᠤᠨ ᠤᠯᠤᠰ ᠤᠳ ᠬᠤᠯᠪᠤᠭᠠᠯᠠᠨ ᠥᠪᠡᠷ ᠢ ᠪᠠᠨ ᠬᠦᠴᠦᠷᠬᠡᠭᠵᠢᠭᠦᠯᠬᠦ ᠶᠢ ᠡᠷᠡᠰ ᠳᠡᠮᠵᠢᠵᠦ ᠂ ᠠᠹᠷᠢᠺᠠ ᠲᠢᠪ ᠤᠨ ᠤᠯᠤᠰ ᠤᠳ ᠤᠨ ᠬᠤᠯᠪᠤᠭ᠎ᠠ ᠶᠢᠨ ᠬᠤᠷᠢᠨ ᠤᠯᠤᠰ ᠤᠨ ᠪᠦᠯᠦᠭᠯᠡᠯ ᠳᠤ ᠣᠷᠤᠯᠴᠠᠬᠤ ᠶᠢ ᠡᠷᠡᠰ ᠳᠡᠮᠵᠢᠵᠦ ᠂ ᠠᠹᠷᠢᠺᠠ ᠲᠢᠪ ᠤᠨ ᠠᠵᠤ ᠦᠢᠯᠡᠳᠪᠦᠷᠢᠵᠢᠯᠲᠡ ᠪᠣᠯᠣᠨ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ ᠶᠢ ᠡᠷᠡᠰ ᠳᠡᠮᠵᠢᠨ᠎ᠠ ᠃ ᠪᠢ ᠲᠠᠨ ᠲᠠᠢ ᠬᠠᠮᠲᠤ ᠪᠠᠷ ᠳᠤᠮᠳᠠᠳᠤ ᠠᠹᠷᠢᠺᠠ ᠶᠢᠨ ᠤᠳᠤᠷᠢᠳᠬᠤ ᠬᠥᠮᠥᠰ ᠤᠨ ᠶᠠᠷᠢᠯᠴᠠᠭᠠᠨ ᠤ ᠬᠤᠷᠠᠯ ᠢ ᠡᠷᠭᠢᠯᠡᠵᠦ ᠂ ᠬᠤᠷᠠᠯ ᠳᠤ ᠣᠷᠣᠯᠴᠠᠬᠰᠠᠨ ᠠᠹᠷᠢᠺᠠ ᠲᠢᠪ ᠤᠨ ᠪᠤᠰᠤᠳ ᠤᠯᠤᠰ ᠤᠳ ᠤᠨ ᠤᠳᠤᠷᠢᠳᠬᠤ ᠬᠥᠮᠥᠰ ᠲᠠᠢ ᠬᠠᠮᠲᠤ ᠪᠠᠷ ᠳᠤᠮᠳᠠᠳᠤ ᠠᠹᠷᠢᠺᠠ ᠶᠢᠨ ᠪᠦᠯᠬᠦᠮᠳᠡᠯ ᠬᠠᠮᠲᠤᠷᠠᠯᠴᠠᠭᠠᠨ ᠤ ᠰᠢᠨ᠎ᠡ ᠵᠢᠷᠤᠭ ᠲᠥᠰᠥᠪ ᠢ ᠵᠢᠷᠤᠭᠯᠠᠵᠤ ᠂ ᠥᠨᠳᠥᠷ ᠲᠦᠪᠰᠢᠨ ᠪᠦᠬᠦᠢ ᠳᠤᠮᠳᠠᠳᠤ ᠠᠹᠷᠢᠺᠠ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠪᠠ ᠃
ᠯᠠᠮᠠᠹᠦ᠋ᠰᠠ ᠂ ᠲᠡᠷᠢᠭᠦᠯᠡᠭᠴᠢ ᠰᠢ ᠶᠢᠨ ᠫᠢᠩ ᠤᠨ ᠳᠥᠷᠪᠡᠳᠡᠬᠢ ᠤᠳᠠᠭ᠎ᠠ ᠡᠮᠦᠨᠡᠲᠦ ᠠᠹᠷᠢᠺᠠ ᠳᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠢ ᠭᠥᠯᠢᠶᠡᠨ ᠠᠪᠤᠭᠰᠠᠨ ᠨᠢ ᠮᠠᠰᠢ ᠠᠵᠠ ᠲᠠᠢ ᠰᠠᠨᠠᠭᠳᠠᠵᠤ ᠪᠠᠶᠢᠨ᠎ᠠ ᠃ ᠳᠤᠮᠳᠠᠳᠤ ᠤᠯᠤᠰ ᠡᠮᠦᠨᠡᠲᠦ ᠠᠹᠷᠢᠺᠠ ᠶᠢᠨ ᠦᠨᠳᠦᠰᠦᠲᠡᠨ ᠤ ᠲᠤᠰᠠᠭᠠᠷ ᠲᠣᠭᠲᠠᠨᠢᠯ ᠴᠢᠯᠦᠭᠡᠯᠡᠯᠲᠡ ᠪᠠᠨ ᠲᠡᠮᠡᠴᠡᠨ ᠣᠯᠬᠤ ᠂ ᠤᠯᠤᠰ ᠤᠨ ᠬᠥᠭᠵᠢᠯᠲᠡ ᠶᠢ ᠪᠡᠶᠡᠯᠡᠭᠦᠯᠬᠦ ᠶᠠᠪᠤᠴᠠ ᠳᠤ ᠡᠮᠦᠨᠡᠲᠦ ᠠᠹᠷᠢᠺᠠ ᠳᠤ ᠡᠷᠬᠢᠮ ᠨᠠᠨᠳᠢᠨ ᠳᠡᠮᠵᠢᠯᠭᠡ ᠦᠵᠡᠭᠦᠯᠵᠦ ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠵᠡᠷᠭᠡ ᠬᠦᠴᠢᠷ ᠪᠡᠷᠬᠡᠰᠢᠶᠡᠯ ᠲᠠᠢ ᠴᠠᠭ ᠮᠥᠴᠡ ᠳᠤ ᠨᠠᠨᠳᠢᠨ ᠲᠤᠰᠠᠯᠠᠮᠵᠢ ᠬᠦᠷᠭᠡᠪᠡ ᠂ ᠡᠮᠦᠨᠡᠲᠦ ᠠᠹᠷᠢᠺᠠ ᠶᠢᠨ ᠴᠢᠩ ᠦᠨᠡᠨᠴᠢ ᠠᠬ᠎ᠠ ᠳᠡᠭᠦᠦ ᠂ ᠨᠠᠶᠢᠵᠠ ᠪᠠ ᠬᠠᠨᠢᠲᠠᠨ ᠮᠥᠨ ᠃ ᠡᠮᠦᠨᠡᠲᠦ ᠠᠹᠷᠢᠺᠠ ᠳᠤᠮᠳᠠᠳᠤ ᠬᠤᠶᠠᠷ ᠤᠯᠤᠰ ᠴᠥᠮ ᠥᠪᠡᠷ ᠥᠪᠡᠷ ᠤᠨ ᠤᠯᠤᠰ ᠤᠨ ᠢᠶᠠᠨ ᠬᠥᠭᠵᠢᠯ ᠴᠡᠴᠡᠭᠯᠡᠯ ᠢ ᠬᠥᠭᠡᠭᠡᠴᠡᠯᠳᠦᠵᠦ ᠂ ᠮᠠᠰᠢ ᠤᠯᠠᠨ ᠴᠢᠬᠤᠯᠠ ᠶᠡᠭᠡ ᠳᠡᠯᠡᠬᠡᠢ ᠶᠢᠨ ᠬᠡᠷᠡᠭ ᠶᠠᠪᠤᠳᠠᠯ ᠳᠡᠭᠡᠷ᠎ᠡ ᠠᠳᠠᠯᠢ ᠪᠤᠶᠤ ᠠᠳᠠᠯᠢᠪᠲᠤᠷ ᠵᠣᠭᠰᠣᠯᠲᠠ ᠲᠠᠢ ᠪᠠᠶᠢᠳᠠᠭ ᠃ ᠬᠠᠷᠢᠯᠴᠠᠭ᠎ᠠ ᠪᠠᠶᠢᠭᠤᠯᠤᠭᠰᠠᠨ 25 ᠵᠢᠯ ᠤᠨ ᠲᠤᠷᠰᠢ ᠡᠮᠦᠨᠡᠲᠦ ᠠᠹᠷᠢᠺᠠ ᠨᠢᠭᠡ ᠳᠤᠮᠳᠠᠳᠤ ᠤᠯᠤᠰ ᠪᠠᠶᠢᠬᠤ ᠵᠠᠷᠴᠢᠮ ᠢ ᠡᠷᠡᠰ ᠪᠠᠷᠢᠮᠲᠠᠯᠠᠵᠤ ᠂ ᠬᠤᠶᠠᠷ ᠲᠠᠯ᠎ᠠ ᠶᠢᠨ ᠬᠠᠷᠢᠯᠴᠠᠭ᠎ᠠ ᠥᠷᠨᠢᠭᠦᠨ ᠬᠥᠭᠵᠢᠵᠦ ᠂ ᠡᠯ᠎ᠡ ᠳᠠᠪᠬᠤᠷᠭ᠎ᠠ ᠶᠢᠨ ᠶᠠᠪᠤᠯᠴᠠᠭ᠎ᠠ ᠨᠢᠭᠲᠠᠷᠠᠵᠤ ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠪᠠ ᠃ ᠳᠤᠮᠳᠠᠳᠤ ᠤᠯᠤᠰ ᠤᠨ ᠪᠡᠯᠡ ᠣᠷᠣᠭᠤᠯᠤᠯᠲᠠ ᠪᠠ ᠬᠠᠮᠲᠤᠷᠠᠯᠴᠠᠭ᠎ᠠ ᠨᠢ ᠡᠮᠦᠨᠡᠲᠦ ᠠᠹᠷᠢᠺᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠴᠦᠲᠡᠢ ᠠᠬᠢᠭᠤᠯᠵᠤ ᠂ ᠠᠹᠷᠢᠺᠠ ᠲᠢᠪ ᠤᠨ ᠤᠯᠤᠰ ᠤᠳ ᠪᠠ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠬᠥᠭᠵᠢᠯ ᠴᠡᠴᠡᠭᠯᠡᠯ ᠢ ᠠᠬᠢᠭᠤᠯᠬᠤ ᠳᠤ ᠲᠤᠶᠢᠯ ᠤᠨ ᠴᠢᠬᠤᠯᠠ ᠦᠢᠯᠡᠳᠦᠯ ᠦᠵᠡᠭᠦᠯᠪᠡ ᠃ ᠡᠮᠦᠨᠡᠲᠦ ᠠᠹᠷᠢᠺᠠ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠳᠠᠭᠠᠭᠤᠯᠤᠨ ᠬᠥᠭᠵᠢᠯᠲᠡ ᠶᠢᠨ ᠯᠤᠲᠤ ᠶᠡᠭᠡ ᠠᠮᠵᠢᠯᠲᠠ ᠪᠦᠲᠦᠮᠵᠢ ᠣᠯᠣᠭᠰᠠᠨ ᠢ ᠳᠡᠭᠡᠳᠦ ᠬᠡᠮᠵᠢᠶ᠎ᠡ ᠪᠠᠷ ᠦᠨᠡᠯᠡᠵᠦ ᠪᠠᠶᠢᠨ᠎ᠠ ᠂ ᠳᠤᠷᠠᠲᠠᠶ᠎ᠠ ᠳᠤᠮᠳᠠᠳᠤ ᠤᠯᠤᠰ ᠯᠤᠭ᠎ᠠ ᠨᠠᠮ ᠤᠨ ᠬᠤᠭᠤᠷᠣᠨᠳᠣᠭᠢ ᠶᠠᠪᠤᠯᠴᠠᠭ᠎ᠠ ᠪᠠᠨ ᠨᠢᠭᠲᠠᠷᠠᠭᠤᠯᠵᠤ ᠂ ᠨᠠᠮ ᠢ ᠵᠠᠰᠠᠵᠤ ᠲᠦᠷᠦ ᠶᠢ ᠵᠠᠰᠠᠵᠤ ᠵᠠᠰᠠᠭ ᠢ ᠡᠷᠭᠢᠯᠡᠭᠦ ᠲᠤᠷᠰᠢᠯᠭ᠎ᠠ ᠶᠢᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠶᠠᠳᠠᠭᠤ ᠬᠦᠴᠢᠷᠳᠡᠯᠲᠡᠢ ᠬᠥᠮᠥᠨ ᠠᠮᠠ ᠶᠢ ᠴᠥᠭᠡᠳᠬᠡᠭᠰᠡᠨ ᠲᠤᠷᠰᠢᠯᠲᠠ ᠶᠢᠨ ᠴᠡᠭ ᠤᠨ ᠬᠠᠮᠲᠤᠷᠠᠯᠴᠠᠭ᠎ᠠ ᠥᠷᠨᠢᠭᠦᠯᠵᠦ ᠂ ᠠᠷᠠᠯᠵᠢᠶ᠎ᠠ ᠂ ᠪᠡᠯᠡ ᠣᠷᠣᠭᠤᠯᠤᠯᠲᠠ ᠂ ᠡᠨᠧᠷᠭᠢ ᠂ ᠰᠠᠭᠤᠷᠢ ᠶᠢᠨ ᠪᠦᠲᠦᠭᠡᠨ ᠪᠠᠶᠢᠭᠤᠯᠤᠯᠲᠠ ᠂ ᠦᠢᠯᠡᠳᠬᠦ ᠦᠢᠯᠡᠰ ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠥᠷᠭᠡᠳᠬᠡᠨ᠎ᠡ ᠂ ᠳᠤᠮᠳᠠᠳᠤ ᠤᠯᠤᠰ ᠤᠨ ᠨᠡᠩ ᠤᠯᠠᠨ ᠠᠵᠤ ᠠᠬᠤᠶᠢᠯᠠᠯ ᠤᠨ ᠡᠮᠦᠨᠡᠲᠦ ᠠᠹᠷᠢᠺᠠ ᠳᠤ ᠢᠷᠡᠵᠦ ᠪᠡᠯᠡ ᠣᠷᠣᠭᠤᠯᠤᠨ ᠠᠵᠢᠯ ᠦᠢᠯᠡᠰ ᠢᠶᠠᠨ ᠬᠥᠭᠵᠢᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠢᠯᠡᠳᠬᠡᠪᠡ ᠃
ᠯᠠᠮᠠᠹᠦ᠋ᠰᠠ ᠂ ᠣᠳᠣᠬᠠᠨ ᠤ ᠳᠡᠯᠡᠬᠡᠢ ᠶᠢᠷᠲᠢᠨᠴᠦ ᠭᠠᠵᠠᠷ ᠣᠷᠣᠨ ᠤ ᠤᠯᠤᠰ ᠲᠦᠷᠦ ᠂ ᠡᠨᠧᠷᠭᠢ ᠶᠢᠨ ᠬᠢᠮᠤᠷᠠᠯ ᠵᠡᠷᠭᠡ ᠤᠯᠠᠨ ᠵᠦᠢᠯ ᠤᠨ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠥᠷᠢᠰᠦᠯᠳᠦᠭᠡᠨ ᠳᠤ ᠲᠤᠯᠭᠠᠷᠠᠵᠤ ᠪᠠᠶᠢᠨ᠎ᠠ ᠃ ᠪᠢ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠵᠣᠷᠢᠯᠲᠠ ᠶᠢ ᠪᠦᠷᠢᠮᠦᠰᠦᠨ ᠵᠥᠪᠰᠢᠶᠡᠷᠡᠨ᠎ᠡ ᠃ ᠡᠮᠦᠨᠡᠲᠦ ᠠᠹᠷᠢᠺᠠ ᠪᠣᠯᠣᠨ ᠪᠤᠰᠤᠳ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠴᠥᠮ ᠳᠤᠮᠳᠠᠳᠤ ᠤᠯᠤᠰ ᠯᠤᠭ᠎ᠠ ᠪᠦᠯᠬᠦᠮᠳᠡᠯ ᠬᠠᠮᠲᠤᠷᠠᠯᠴᠠᠭ᠎ᠠ ᠪᠠᠨ ᠴᠢᠩᠭᠠᠳᠬᠠᠵᠤ ᠂ ᠥᠷᠢᠰᠦᠯᠳᠦᠭᠡᠨ ᠢ ᠨᠡᠩ ᠰᠠᠶᠢᠲᠤᠷ ᠬᠠᠮᠲᠤ ᠪᠠᠷ ᠠᠷᠭᠠᠴᠠᠵᠤ ᠂ ᠨᠡᠩ ᠡᠷᠬᠡ ᠲᠡᠭᠰᠢ ᠂ ᠲᠥᠪ ᠭᠤᠣᠯᠴᠢ ᠂ ᠵᠦᠢ ᠵᠣᠬᠢᠰᠲᠠᠢ ᠤᠯᠠᠨ ᠤᠯᠤᠰ ᠤᠨ ᠡᠮᠬᠢ ᠳᠢᠭᠯᠢᠮ ᠢ ᠪᠠᠶᠢᠭᠤᠯᠬᠤ ᠶᠢ ᠬᠦᠰᠡᠵᠦ ᠪᠠᠶᠢᠨ᠎ᠠ ᠃ ᠳᠤᠮᠳᠠᠳᠤ ᠶᠢᠨ ᠲᠠᠯ᠎ᠠ ᠶᠢᠨ ᠡᠮᠦᠨᠡᠲᠦ ᠠᠹᠷᠢᠺᠠ ᠶᠢᠨ ᠠᠯᠲᠠᠨ ᠲᠣᠭᠤᠰᠭ᠋᠎ᠠ ᠤᠯᠤᠰ ᠤᠳ ᠤᠨ ᠤᠳᠤᠷᠢᠳᠬᠤ ᠬᠥᠮᠥᠰ ᠤᠨ ᠠᠭᠤᠯᠵᠠᠯᠲᠠ ᠶᠢ ᠠᠮᠵᠢᠯᠲᠠ ᠲᠠᠢ ᠡᠷᠭᠢᠯᠡᠭᠦ ᠶᠢ ᠳᠡᠮᠵᠢᠭᠰᠡᠨ ᠳᠤ ᠲᠠᠯᠠᠷᠬᠠᠵᠤ ᠪᠠᠶᠢᠨ᠎ᠠ ᠃ ᠡᠮᠦᠨᠡᠲᠦ ᠠᠹᠷᠢᠺᠠ ᠳᠤᠷᠠᠲᠠᠶ᠎ᠠ ᠠᠯᠳᠠᠨ ᠲᠣᠭᠤᠰᠭ᠋᠎ᠠ ᠤᠯᠤᠰ ᠤᠳ ᠲᠠᠢ ᠬᠠᠮᠲᠤ ᠪᠠᠷ ᠤᠯᠠᠨ ᠲᠠᠯᠠᠲᠤ ᠦᠵᠡᠯ ᠢ ᠡᠷᠡᠰ ᠬᠠᠮᠠᠭᠠᠯᠠᠵᠤ ᠂ ᠪᠦᠭᠦ ᠪᠥᠮᠪᠥᠷᠴᠡᠭ ᠤᠨ ᠵᠠᠰᠠᠯᠲᠠ ᠶᠢᠨ ᠥᠭᠡᠷᠡᠴᠢᠯᠡᠯᠲᠡ ᠶᠢ ᠠᠬᠢᠭᠤᠯᠵᠤ ᠂ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠨ᠎ᠠ ᠃ ᠪᠢ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠳᠤᠮᠳᠠᠳᠤ ᠠᠹᠷᠢᠺᠠ ᠶᠢᠨ ᠤᠳᠤᠷᠢᠳᠬᠤ ᠬᠥᠮᠥᠰ ᠤᠨ ᠶᠠᠷᠢᠯᠴᠠᠭᠠᠨ ᠤ ᠬᠤᠷᠠᠯ ᠢ ᠡᠷᠭᠢᠯᠡᠵᠦ ᠂ ᠠᠹᠷᠢᠺᠠ ᠳᠤᠮᠳᠠᠳᠤ ᠶᠢᠨ ᠬᠠᠷᠢᠯᠴᠠᠭ᠎ᠠ ᠶᠢᠨ ᠨᠡᠩ ᠥᠨᠳᠥᠷ ᠳᠠᠪᠬᠤᠷᠭ᠎ᠠ ᠲᠡᠶᠢᠰᠢ ᠬᠥᠭᠵᠢᠬᠦ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ ᠃
ᠬᠤᠶᠠᠷ ᠤᠯᠤᠰ ᠤᠨ ᠲᠡᠷᠢᠭᠦᠨ ᠂ ᠳᠤᠮᠳᠠᠳᠤ ᠤᠯᠤᠰ ᠪᠠ ᠡᠮᠦᠨᠡᠲᠦ ᠠᠹᠷᠢᠺᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠰᠢᠨ᠎ᠡ ᠴᠠᠭ ᠦᠶ᠎ᠡ ᠳᠤ ᠨᠠᠩ ᠶᠡᠭᠡ ᠬᠥᠭᠵᠢᠯᠲᠡ ᠲᠠᠢ ᠪᠤᠯᠬᠤ ᠶᠢ ᠠᠬᠢᠭᠤᠯᠵᠤ ᠂ ᠪᠦᠭᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ ᠤᠳ ᠤᠨ ᠪᠦᠭᠦ ᠪᠥᠮᠪᠥᠷᠴᠡᠭ ᠤᠨ ᠵᠠᠰᠠᠯᠲᠠ ᠳᠤᠮᠳᠠᠬᠢ ᠲᠥᠯᠥᠭᠡᠯᠡᠬᠦ ᠴᠢᠨᠠᠷ ᠪᠠ ᠦᠭᠡ ᠬᠡᠯᠡᠬᠦ ᠡᠷᠬᠡ ᠪᠠᠨ ᠳᠡᠭᠡᠭᠰᠢᠯᠡᠭᠦᠯᠭᠦ ᠶᠢ ᠠᠬᠢᠭᠤᠯᠵᠤ ᠂ ᠠᠯᠲᠠᠨ ᠲᠣᠭᠤᠰᠭ᠋᠎ᠠ ᠤᠯᠤᠰ ᠤᠳ ᠤᠨ ᠪᠦᠯᠬᠦᠮᠳᠡᠯ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠂ ᠳᠤᠮᠳᠠᠳᠤ ᠠᠹᠷᠢᠺᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠨᠠᠩ ᠥᠨᠳᠥᠷ ᠲᠦᠪᠰᠢᠨ ᠲᠡᠶᠢᠰᠢ ᠠᠭᠢᠬᠤ ᠳᠤ ᠬᠦᠴᠦᠷᠬᠡᠭ ᠶᠡᠭᠡ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠰᠠᠨᠠᠯ ᠨᠢᠭᠡᠲᠡᠢ ᠵᠥᠪᠰᠢᠶᠡᠷᠡᠪᠡ ᠃
ᠬᠡᠯᠡᠯᠴᠡᠭᠡ ᠶᠢᠨ ᠲᠠᠷᠠᠭ᠎ᠠ ᠯᠠᠮᠠᠹᠦ᠋ᠰᠠ ᠰᠢ ᠶᠢᠨ ᠫᠢᠩ ᠳᠤ 《ᠡᠮᠦᠨᠡᠲᠦ ᠠᠹᠷᠢᠺᠠ ᠶᠢᠨ ᠭᠠᠪᠢᠶᠠᠨ ᠲᠡᠮᠳᠡᠭ 》 ᠣᠯᠭᠤᠪᠠ ᠃ ᠡᠨᠡ ᠪᠣᠯ ᠡᠮᠦᠨᠡᠲᠦ ᠠᠹᠷᠢᠺᠠ ᠠᠴᠠ ᠴᠢᠬᠤᠯᠠ ᠨᠥᠭᠦᠷᠰᠡᠭ ᠤᠯᠤᠰ ᠤᠨ ᠲᠡᠷᠢᠭᠦᠨ ᠳᠤ ᠣᠯᠭᠤᠬᠤ ᠬᠠᠮᠤᠭ ᠤᠨ ᠳᠡᠭᠡᠳᠦ ᠲᠡᠰ ᠤᠨ ᠭᠠᠪᠢᠶᠠᠨ ᠲᠡᠮᠳᠡᠭ ᠪᠠ ᠬᠠᠮᠤᠭ ᠤᠨ ᠳᠡᠭᠡᠳᠦ ᠢᠷᠠᠭᠤ ᠠᠯᠳᠠᠷ ᠪᠣᠯᠣᠨ᠎ᠠ ᠃
ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ 《ᠨᠢᠭᠡ ᠪᠦᠰᠡ ᠨᠢᠭᠡ ᠵᠠᠮ 》 ᠢ ᠬᠠᠮᠲᠤ ᠪᠠᠷ ᠪᠦᠲᠦᠭᠡᠨ ᠪᠠᠶᠢᠭᠤᠯᠬᠤ ᠂ ᠰᠢᠨ᠎ᠡ ᠡᠨᠧᠷᠭᠢ ᠶᠢᠨ ᠴᠠᠭᠢᠯᠭᠠᠨ ᠬᠦᠴᠦ ᠂ ᠲᠠᠷᠢᠶᠠᠯᠠᠩ ᠤᠨ ᠪᠦᠲᠦᠭᠡᠭᠳᠡᠬᠦᠨ ᠂ ᠠᠵᠤ ᠠᠬᠤᠢ ᠶᠢᠨ ᠣᠨᠴᠠᠭᠠᠶ ᠣᠷᠣᠨ ᠪᠣᠯᠣᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠂ ᠳᠠᠯᠠᠢ ᠤᠨ ᠠᠵᠤ ᠠᠬᠤᠢ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠵᠡᠷᠭᠡ ᠬᠦᠷᠢᠶᠡᠨ ᠳᠠᠬᠢ ᠣᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠥᠰᠥᠭ ᠵᠢᠷᠤᠬᠤ ᠶᠢ ᠬᠠᠮᠲᠤ ᠪᠠᠷ ᠭᠡᠷᠡᠴᠢᠯᠡᠪᠡ ᠃
ᠬᠤᠶᠠᠷ ᠲᠠᠯ᠎ᠠ ᠪᠠᠷ ᠢᠶᠠᠨ 《ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠡᠮᠦᠨᠡᠲᠦ ᠠᠹᠷᠢᠺᠠ ᠤᠯᠤᠰ ᠤᠨ ᠬᠠᠮᠲᠤᠷᠠᠭᠰᠠᠨ ᠢᠯᠡᠷᠬᠡᠶᠢᠯᠡᠯᠲᠡ 》 ᠶᠢ ᠨᠡᠶᠢᠲᠡᠯᠡᠪᠡ ᠃
ᠲᠤᠰ ᠡᠳᠦᠷ ᠤᠨ ᠦᠳᠡ ᠳᠤ ᠯᠠᠮᠠᠹᠦ᠋ᠰᠠ ᠶᠡᠷᠦᠩᠬᠡᠶᠢᠯᠡᠭᠴᠢ ᠶᠢᠨ ᠣᠷᠳᠣᠨ ᠳᠤ ᠰᠢ ᠶᠢᠨ ᠫᠢᠩ ᠢ ᠤᠭᠲᠤᠬᠤ ᠳᠠᠶᠢᠯᠠᠯᠭ᠎ᠠ ᠬᠢᠪᠡ ᠃
ᠼᠠᠢ ᠴᠢ ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃