ᠵᠤᠬᠢᠶᠠᠭᠴᠢ:
ᠴᠠᠭ:2023-08-25
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠰᠢ ᠶᠢᠨ ᠫᠢᠩ ᠠᠯᠲᠠᠨ ᠲᠣᠭᠤᠰᠬ᠎ᠠ ᠤᠯᠤᠰ ᠤᠳ ᠤᠨ ᠦᠢᠯᠡᠳᠪᠦᠷᠢ ᠬᠤᠳᠠᠯᠳᠤᠭᠠᠨ ᠤ ᠶᠠᠷᠢᠶᠠᠨ ᠤ ᠲᠠᠪᠴᠠᠩ ᠤᠨ ᠲᠡᠭᠦᠰᠬᠦ ᠶᠣᠰᠣᠯᠠᠯ ᠳᠤ ᠪᠠᠶᠠᠷ ᠤᠨ ᠦᠭᠡ ᠬᠡᠯᠡᠪᠡ
ᠰᠢᠨᠬᠤᠸᠠ ᠬᠤᠷᠢᠶ᠎ᠠ ᠶᠢᠨ ᠶᠤᠬᠠᠨᠨᠧᠰᠪᠦ᠋ᠷᠡᠭ ᠤᠨ 2023 8 ᠰᠠᠷ᠎ᠠ ᠶᠢᠨ 22 ᠡᠳᠦᠷ ᠤᠨ ᠴᠠᠬᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ 8 ᠳ᠋ᠤᠭᠠᠷ ᠰᠠᠷ᠎ᠠ ᠶᠢᠨ 22 ᠡᠳᠦᠷ ᠤᠨ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠶᠤᠬᠠᠨᠨᠧᠰᠪᠦ᠋ᠷᠡᠭ ᠤᠨ ᠠᠯᠲᠠᠨ ᠲᠣᠭᠤᠰᠬ᠎ᠠ ᠤᠯᠤᠰ ᠤᠳ ᠤᠨ ᠦᠢᠯᠡᠳᠪᠦᠷᠢ ᠬᠤᠳᠠᠯᠳᠤᠭᠠᠨ ᠤ ᠶᠠᠷᠢᠶᠠᠨ ᠤ ᠲᠠᠪᠴᠠᠩ ᠤᠨ ᠲᠡᠭᠦᠰᠬᠦ ᠶᠣᠰᠣᠯᠠᠯ ᠳᠤ 《ᠪᠦᠯᠬᠦᠮᠳᠡᠯ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠵᠤ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠬᠠᠮᠲᠤ ᠪᠠᠷ ᠪᠦᠲᠦᠭᠡᠨ ᠪᠠᠶᠢᠭᠤᠯᠤᠶ᠎ᠠ》 ᠭᠡᠬᠦ ᠰᠡᠳᠦᠪ ᠢᠶᠠᠷ ᠪᠠᠶᠠᠷ ᠤᠨ ᠦᠭᠡ ᠬᠡᠯᠡᠪᠡ᠃
ᠰᠢ ᠶᠢᠨ ᠫᠢᠩ᠂ ᠣᠳᠣᠬᠠᠨ ᠳᠤ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠶᠠᠭ ᠤᠷᠢᠳ ᠡᠮᠦᠨ᠎ᠡ ᠪᠠᠶᠢᠭ᠎ᠠ ᠦᠭᠡᠢ ᠬᠡᠯᠪᠡᠷᠢ ᠪᠠᠷ ᠳᠡᠯᠭᠡᠭᠳᠡᠵᠦ᠂ ᠬᠥᠮᠥᠨ ᠲᠥᠷᠥᠯᠬᠢᠲᠡᠨ ᠤ ᠨᠡᠶᠢᠭᠡᠮ ᠵᠠᠩᠭᠢᠯᠠᠭ᠎ᠠ ᠶᠢᠨ ᠦᠶ᠎ᠡ ᠳᠤ ᠣᠷᠣᠪᠠ᠃ ᠬᠠᠮᠲᠤᠷᠠᠯᠴᠠᠬᠤ ᠪᠠ ᠠᠭᠤᠰᠤᠯᠴᠠᠬᠤ ᠶᠢ ᠪᠠᠷᠢᠮᠲᠠᠯᠠᠬᠤ ᠶᠤᠮ ᠦᠦ᠂ ᠡᠰᠡᠬᠦᠯ᠎ᠡ ᠬᠠᠭᠠᠴᠠᠬᠤ ᠪᠠ ᠡᠰᠡᠷᠭᠦᠴᠡᠯᠳᠦᠬᠦ ᠵᠠᠮ ᠢᠶᠠᠷ ᠵᠠᠮᠨᠠᠬᠤ ᠶᠤᠮ ᠦᠦ︖ ᠭᠠᠷ ᠬᠤᠯᠪᠣᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠬᠤ ᠶᠤᠮ ᠦᠦ᠂ ᠡᠰᠡᠬᠦᠯ᠎ᠡ ᠬᠥᠯ ᠠᠯᠳᠠᠵᠤ 《ᠰᠢᠨ᠎ᠡ ᠬᠦᠢᠲᠡᠨ ᠳᠠᠶᠢᠨ》 ᠵᠦᠭ ᠣᠷᠣᠬᠤ ᠶᠤᠮ ᠦᠦ︖ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢᠨ ᠳᠤᠮᠳᠠ ᠴᠡᠴᠡᠭᠯᠡᠨ ᠬᠥᠭᠵᠢᠬᠦ ᠶᠤᠮ ᠦᠦ᠂ ᠡᠰᠡᠬᠦᠯ᠎ᠡ ᠬᠠᠷᠭᠢᠰᠯᠠᠯ ᠬᠦᠴᠦᠷᠬᠡᠭᠯᠡᠯ ᠤᠨ ᠳᠤᠮᠳᠠ ᠤᠷᠤᠭᠤᠳᠠᠵᠤ ᠪᠠᠭᠤᠷᠠᠬᠤ ᠶᠤᠮ ᠦᠦ︖ ᠰᠣᠯᠢᠯᠴᠠᠭ᠎ᠠ ᠪᠠ ᠬᠠᠷᠢᠯᠴᠠᠨ ᠲᠣᠯᠢ ᠪᠣᠯᠭᠠᠬᠤ ᠳᠤᠮᠳᠠ ᠢᠲᠡᠭᠡᠯᠴᠡᠭᠡ ᠪᠠᠨ ᠨᠡᠮᠡᠭᠳᠡᠭᠦᠯᠬᠦ ᠶᠤᠮ ᠦᠦ᠂ ᠡᠰᠡᠬᠦᠯ᠎ᠡ ᠣᠮᠣᠷᠬᠠᠭ ᠪᠠᠷᠳᠠᠮ ᠪᠠ ᠬᠡᠯᠪᠡᠶᠢᠭᠦᠦ ᠦᠵᠡᠯᠲᠡ ᠪᠠᠷ ᠨᠢᠩᠵᠢᠨ ᠰᠡᠳᠬᠢᠯ ᠢ ᠬᠠᠯᠬᠠᠯᠠᠬᠤ ᠶᠤᠮ ᠦᠦ︖ ᠲᠡᠦᠬᠡ ᠶᠢᠨ ᠳᠡᠭᠦᠵᠢᠩ ᠴᠠᠭ ᠤᠨ ᠵᠡᠭᠦᠦ ᠠᠯᠢ ᠴᠢᠭᠯᠡᠯ ᠲᠡᠶᠢᠰᠢ ᠵᠢᠭᠠᠬᠤ ᠨᠢ ᠮᠠᠨ ᠤ ᠰᠣᠩᠭᠤᠯᠲᠠ ᠪᠠᠷ ᠲᠣᠭᠲᠠᠭᠠᠭᠳᠠᠨ᠎ᠠ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠣᠳᠣᠬᠠᠨ ᠤ ᠳᠡᠯᠡᠬᠡᠢ ᠶᠢᠷᠲᠢᠨᠴᠦ ᠪᠣᠯ ᠨᠢᠭᠡ ᠨᠢ ᠬᠥᠭᠵᠢᠪᠡᠯ ᠪᠦᠭᠦᠳᠡᠭᠡᠷ ᠮᠠᠨᠳᠤᠵᠤ᠂ ᠨᠢᠭᠡ ᠨᠢ ᠬᠤᠬᠢᠷᠠᠪᠠᠯ ᠪᠦᠭᠦᠳᠡᠭᠡᠷ ᠬᠤᠬᠢᠷᠠᠬᠤ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠣᠨ᠎ᠠ᠃ ᠡᠯ᠎ᠡ ᠤᠯᠤᠰ ᠤᠨ ᠠᠷᠠᠳ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠨᠢ 《ᠰᠢᠨ᠎ᠡ ᠬᠦᠢᠲᠡᠨ ᠳᠠᠶᠢᠨ》 ᠪᠢᠰᠢ᠂ 《ᠵᠢᠵᠢᠭ ᠪᠦᠯᠬᠦᠮ》 ᠪᠢᠰᠢ᠂ ᠬᠠᠷᠢᠨ ᠥᠨᠢ ᠤᠳᠠᠭᠠᠨ ᠡᠩᠬᠡ ᠲᠠᠶᠢᠪᠤᠩ᠂ ᠨᠡᠶᠢᠳᠡᠮ ᠠᠮᠤᠷ ᠲᠦᠪᠰᠢᠨ ᠳᠡᠯᠡᠬᠡᠢ ᠶᠢᠷᠲᠢᠨᠴᠦ᠂ ᠨᠢᠭᠡᠨ ᠬᠠᠮᠲᠤ ᠪᠠᠷ ᠴᠡᠴᠡᠭᠯᠡᠨ ᠬᠥᠭᠵᠢᠭᠰᠡᠨ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠪᠣᠯᠣᠨ᠎ᠠ᠃ ᠡᠨᠡ ᠪᠣᠯ ᠲᠡᠦᠬᠡ ᠶᠢᠨ ᠤᠷᠤᠭᠰᠢᠯᠠᠯᠲᠠ ᠶᠢᠨ ᠯᠣᠭᠢᠭ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠮᠥᠨ᠃ ᠡᠯ᠎ᠡ ᠤᠯᠤᠰ ᠤᠨ ᠬᠢᠨ ᠵᠥᠪ ᠶᠢᠷᠲᠢᠨᠴᠦ ᠶᠢᠨ ᠦᠵᠡᠯᠲᠡ᠂ ᠲᠡᠦᠬᠡ ᠶᠢᠨ ᠦᠵᠡᠯᠲᠡ᠂ ᠶᠡᠭᠡ ᠲᠠᠯ᠎ᠠ ᠶᠢᠨ ᠦᠵᠡᠯᠲᠡ ᠶᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠣᠶᠢᠯᠠᠭᠠᠭᠳᠠᠬᠤᠨ ᠢ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠠᠯᠤᠰ ᠤᠨ ᠲᠥᠰᠥᠪ ᠢ ᠪᠣᠳᠠᠲᠤ ᠠᠬᠤᠢ ᠪᠣᠯᠭᠠᠨ ᠬᠤᠪᠢᠷᠠᠭᠤᠯᠬᠤ ᠬᠡᠷᠡᠭᠲᠡᠢ᠃
ᠪᠢᠳᠡ ᠬᠠᠮᠲᠤ ᠶᠢᠨ ᠬᠥᠭᠵᠢᠯ ᠴᠡᠴᠡᠭᠯᠡᠯ ᠢ ᠠᠬᠢᠭᠤᠯᠤᠶ᠎ᠠ᠃ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠲᠦᠮᠡᠨ ᠪᠡᠷᠬᠡ ᠮᠢᠩᠭᠠᠨ ᠵᠣᠪᠠᠭᠤᠷᠢ ᠶᠢ ᠲᠤᠭᠤᠯᠵᠤ᠂ ᠦᠨᠳᠦᠰᠦᠲᠡᠨ ᠤ ᠲᠤᠰᠠᠭᠠᠷ ᠲᠣᠭᠲᠠᠨᠢᠯ ᠢᠶᠠᠨ ᠣᠯᠵᠤ᠂ ᠬᠢᠵᠦ ᠪᠠᠶᠢᠭ᠎ᠠ ᠠᠯᠢᠪᠠ ᠪᠥᠬᠦᠨ ᠨᠢ ᠳᠠᠷᠤᠢ ᠠᠷᠠᠳ ᠲᠦᠮᠡᠨ ᠢ ᠵᠣᠯ ᠵᠢᠷᠭᠠᠯ ᠲᠠᠢ ᠠᠮᠢᠳᠤᠷᠠᠭᠤᠯᠬᠤ ᠶᠢᠨ ᠲᠥᠯᠥᠭᠡ ᠶᠤᠮ᠃ ᠤᠯᠤᠰ ᠨᠢᠭᠡ ᠪᠦᠷᠢ ᠴᠥᠮ ᠬᠥᠭᠵᠢᠬᠦ ᠡᠷᠬᠡ ᠲᠠᠢ᠂ ᠡᠯ᠎ᠡ ᠤᠯᠤᠰ ᠤᠨ ᠠᠷᠠᠳ ᠲᠦᠮᠡᠨ ᠴᠥᠮ ᠵᠣᠯ ᠵᠢᠷᠭᠠᠯᠲᠤ ᠠᠮᠢᠳᠤᠷᠠᠯ ᠢ ᠬᠥᠭᠡᠭᠡᠴᠡᠯᠳᠦᠬᠦ ᠡᠷᠬᠡ ᠴᠢᠯᠦᠭᠡ ᠲᠠᠢ᠃ ᠳᠤᠮᠳᠠᠳᠤ ᠤᠯᠤᠰ ᠳᠤᠷᠠᠲᠠᠶ᠎ᠠ ᠡᠯ᠎ᠡ ᠤᠯᠤᠰ ᠲᠠᠢ ᠬᠠᠮᠲᠤ ᠪᠠᠷ ᠪᠥᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠬᠠᠮᠲᠤᠷᠠᠯᠴᠠᠭ᠎ᠠ ᠶᠢ ᠲᠦᠷᠭᠡᠳᠬᠡᠨ ᠠᠬᠢᠭᠤᠯᠵᠤ᠂ ᠬᠠᠮᠲᠤ ᠶᠢᠨ ᠥᠷᠢᠰᠦᠯᠳᠦᠭᠡᠨ ᠢ ᠠᠷᠭᠠᠴᠠᠵᠤ᠂ ᠡᠯ᠎ᠡ ᠤᠯᠤᠰ ᠤᠨ ᠠᠷᠠᠳ ᠲᠦᠮᠡᠨ ᠤ ᠪᠤᠶᠠᠨ ᠵᠢᠷᠭᠠᠯ ᠢ ᠨᠡᠮᠡᠭᠳᠡᠭᠦᠯᠦᠨ᠎ᠡ᠃
ᠪᠢᠳᠡ ᠨᠡᠶᠢᠭᠡᠮ ᠤᠨ ᠠᠮᠤᠷ ᠲᠦᠪᠰᠢᠨ ᠢ ᠴᠢᠷᠮᠠᠶᠢᠨ ᠪᠡᠶᠡᠯᠡᠭᠦᠯᠦᠶ᠎ᠡ᠃ ᠭᠠᠭᠴᠠ ᠬᠦ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠰᠢᠨ᠎ᠡ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠪᠠᠯ ᠨᠡᠶᠢᠳᠡᠮ ᠤᠨ ᠠᠮᠤᠷ ᠲᠦᠪᠰᠢᠨ ᠤ ᠵᠠᠮ ᠢᠶᠠᠷ ᠵᠠᠮᠨᠠᠵᠤ ᠴᠢᠳᠠᠨ᠎ᠠ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠶᠢᠨ ᠲᠠᠢ ᠬᠠᠮᠲᠤ ᠪᠠᠷ ᠪᠥᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠶᠠᠷᠢᠯᠴᠠᠭ᠎ᠠ ᠬᠢᠬᠦ ᠠᠴᠠ ᠪᠢᠰᠢ ᠡᠰᠡᠷᠭᠦᠴᠡᠯᠳᠦᠬᠦ ᠦᠭᠡᠢ᠂ ᠬᠠᠨᠢᠲᠠᠨ ᠪᠣᠯᠬᠤ ᠠᠴᠠ ᠪᠢᠰᠢ ᠬᠤᠯᠪᠣᠭ᠎ᠠ ᠪᠠᠶᠢᠭᠤᠯᠬᠤ ᠦᠭᠡᠢ᠂ ᠬᠠᠮᠲᠤ ᠪᠠᠷ ᠠᠰᠢᠭ ᠬᠦᠷᠲᠡᠬᠦ ᠠᠴᠠ ᠪᠢᠰᠢ ᠦᠯᠦ ᠡᠪᠰᠡᠬᠦ ᠶᠢ ᠲᠡᠪᠴᠢᠬᠦ ᠶᠢ ᠪᠠᠷᠢᠮᠲᠠᠯᠠᠵᠤ᠂ ᠠᠮᠤᠷ ᠲᠦᠪᠰᠢᠨ ᠤ ᠬᠠᠮᠲᠤ ᠶᠢᠨ ᠴᠣᠭᠴᠠ ᠶᠢ ᠭᠠᠷ ᠬᠤᠯᠪᠣᠨ ᠪᠠᠶᠢᠭᠤᠯᠤᠨ᠎ᠠ᠃
ᠪᠢᠳᠡ ᠪᠣᠯᠪᠠᠰᠤᠨ ᠤ ᠰᠣᠯᠢᠯᠴᠠᠭ᠎ᠠ ᠲᠣᠯᠢ ᠪᠣᠯᠭᠠᠬᠤ ᠶᠢ ᠪᠠᠷᠢᠮᠲᠠᠯᠠᠶ᠎ᠠ᠃ ᠥᠪᠡᠷ ᠥᠪᠡᠷ ᠤᠨ ᠢᠶᠠᠨ ᠭᠤᠶᠢᠲᠠ ᠰᠠᠶᠢᠬᠠᠨ ᠪᠣᠯ ᠬᠥᠮᠥᠨ ᠲᠥᠷᠥᠯᠬᠢᠲᠡᠨ ᠤ ᠪᠣᠯᠪᠠᠰᠤᠨ ᠤ ᠮᠥᠨ ᠴᠢᠨᠠᠷ ᠮᠥᠨ᠃ 《ᠠᠷᠠᠳᠴᠢᠯᠠᠯ ᠪᠠ ᠡᠷᠬᠡ ᠰᠦᠷ》《ᠡᠷᠬᠡ ᠴᠢᠯᠦᠭᠡ ᠪᠠ ᠡᠵᠡᠷᠬᠡᠭ ᠪᠠᠶᠢᠭᠤᠯᠤᠯ》 ᠭᠡᠬᠦ ᠬᠤᠶᠠᠷ ᠡᠰᠢᠲᠦ ᠡᠰᠡᠷᠭᠦᠴᠡᠯᠳᠦᠯ ᠢ ᠵᠣᠷᠢᠭᠤᠳᠠ ᠬᠥᠭᠡᠷᠭᠡᠳᠡᠬᠦ ᠨᠢ ᠳᠡᠯᠡᠬᠡᠢ ᠶᠢᠷᠲᠢᠨᠴᠦ ᠶᠢᠨ ᠬᠠᠭᠠᠴᠠᠯ᠂ ᠪᠣᠯᠪᠠᠰᠤᠨ ᠤ ᠮᠥᠷᠭᠦᠯᠳᠦᠭᠡᠨ ᠢ ᠡᠭᠦᠰᠬᠡᠬᠦ ᠯᠡ ᠲᠡᠳᠦᠢ ᠶᠤᠮ᠃ ᠳᠤᠮᠳᠠᠳᠤ ᠤᠯᠤᠰ ᠡᠯ᠎ᠡ ᠤᠯᠤᠰ ᠤᠨ ᠬᠢᠨ ᠤ ᠪᠥᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢᠨ ᠬᠠᠮᠲᠤᠷᠠᠯᠴᠠᠭ᠎ᠠ ᠳᠤ ᠢᠳᠡᠪᠬᠢᠲᠡᠢ ᠣᠷᠣᠯᠴᠠᠵᠤ᠂ ᠪᠥᠬᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠴᠣᠭᠴᠠᠯᠠᠨ᠂ ᠠᠳᠠᠯᠢ ᠪᠤᠰᠤ ᠪᠣᠯᠪᠠᠰᠤᠨ ᠤ ᠡᠷᠳᠡᠮᠲᠡᠨ ᠪᠥᠬᠦᠨ ᠢ ᠴᠢᠯᠦᠭᠡᠲᠡᠢ ᠶᠠᠷᠢᠯᠴᠠᠭᠤᠯᠬᠤ᠂ ᠴᠡᠴᠡᠭ ᠪᠥᠬᠦᠨ ᠢ ᠵᠡᠷᠭᠡ ᠪᠠᠷ ᠳᠡᠯᠭᠡᠷᠡᠭᠦᠯᠬᠦ ᠶᠢ ᠠᠬᠢᠭᠤᠯᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠤᠯᠠᠮᠵᠢᠯᠠᠯ ᠢ ᠦᠷᠭᠦᠯᠵᠢᠯᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ ᠭᠡᠵᠦ ᠴᠢᠬᠤᠯᠠᠴᠢᠯᠠᠪᠠ᠃
ᠰᠢ ᠶᠢᠨ ᠫᠢᠩ᠂ ᠠᠯᠲᠠᠨ ᠲᠣᠭᠤᠰᠬ᠎ᠠ ᠤᠯᠤᠰ ᠤᠳ ᠢᠶᠠᠷ ᠲᠥᠯᠥᠭᠡᠯᠡᠭᠦᠯᠦᠭᠰᠡᠨ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠴᠣᠭᠴᠠ ᠪᠠᠷ ᠢᠶᠠᠨ ᠮᠠᠨᠳᠤᠨ ᠪᠣᠰᠣᠭᠰᠠᠨ ᠨᠢ ᠶᠠᠭ ᠳᠡᠯᠡᠬᠡᠢ ᠶᠢᠨ ᠪᠠᠶᠢᠷᠢᠰᠢᠯ ᠢ ᠦᠨᠳᠦᠰᠦᠨ ᠠᠴᠠ ᠨᠢ ᠬᠤᠪᠢᠷᠠᠭᠤᠯᠵᠤ ᠪᠠᠶᠢᠨ᠎ᠠ᠃ ᠬᠡᠴᠢᠨᠡᠨ ᠶᠡᠭᠡ ᠬᠠᠷᠰᠢ ᠰᠠᠭᠠᠳ ᠪᠠᠶᠢᠭᠰᠠᠨ ᠴᠤ ᠠᠯᠲᠠᠨ ᠲᠣᠭᠤᠰᠬ᠎ᠠ ᠤᠯᠤᠰ ᠤᠳ ᠤᠨ ᠭᠡᠬᠦ ᠡᠨᠡ ᠬᠦ ᠢᠳᠡᠪᠬᠢᠲᠡᠢ᠂ ᠲᠣᠭᠲᠠᠭᠤᠨ᠂ ᠰᠠᠶᠢᠨ ᠰᠠᠶᠢᠬᠠᠨ ᠬᠦᠴᠦᠨ ᠴᠥᠮ ᠥᠷᠨᠢᠭᠦᠨ ᠬᠥᠭᠵᠢᠬᠦ ᠪᠣᠯᠣᠨ᠎ᠠ᠃ ᠪᠢᠳᠡ ᠠᠯᠲᠠᠨ ᠲᠣᠭᠤᠰᠬ᠎ᠠ ᠤᠯᠤᠰ ᠤᠳ ᠤᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ 《ᠠᠯᠲᠠᠨ ᠲᠣᠭᠤᠰᠬ᠎ᠠ ᠤᠯᠤᠰ ᠤᠳ +》 ᠵᠠᠭᠪᠤᠷ ᠢ ᠥᠷᠭᠡᠳᠬᠡᠵᠦ᠂ ᠭᠡᠰᠢᠭᠦᠨ ᠢᠶᠠᠨ ᠥᠷᠭᠡᠳᠬᠡᠬᠦ ᠠᠬᠢᠴᠠ ᠶᠢ ᠢᠳᠡᠪᠬᠢᠲᠡᠢ ᠠᠬᠢᠭᠤᠯᠵᠤ᠂ ᠪᠤᠰᠤᠳ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠯᠤᠭ᠎ᠠ ᠶᠢᠨ ᠪᠦᠯᠬᠦᠮᠳᠡᠯ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠡᠯᠡᠬᠡᠢ ᠶᠢᠨ ᠣᠯᠠᠨ ᠲᠤᠶᠢᠯᠰᠢᠷᠠᠯᠲᠠ ᠪᠠ ᠣᠯᠠᠨ ᠤᠯᠤᠰ ᠤᠨ ᠬᠠᠷᠢᠯᠴᠠᠭ᠎ᠠ ᠶᠢᠨ ᠠᠷᠠᠳᠴᠢᠯᠠᠯᠲᠠ ᠶᠢ ᠠᠬᠢᠭᠤᠯᠵᠤ᠂ ᠣᠯᠠᠨ ᠤᠯᠤᠰ ᠤᠨ ᠡᠮᠬᠢ ᠳᠢᠭᠯᠢᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠤᠶ᠎ᠠ᠃ 20 ᠤᠯᠤᠰ ᠶᠠᠭ ᠠᠯᠲᠠᠨ ᠲᠣᠭᠤᠰᠬ᠎ᠠ ᠤᠯᠤᠰ ᠤᠳ ᠤᠨ ᠶᠡᠭᠡ ᠭᠡᠷ ᠪᠦᠯᠢ ᠳᠤ ᠣᠷᠤᠯᠴᠠᠬᠤ ᠳᠤ ᠰᠠᠨᠠᠭᠠᠴᠢᠯᠠᠵᠤ ᠪᠣᠢ᠂ ᠳᠤᠮᠳᠠᠳᠤ ᠤᠯᠤᠰ ᠣᠯᠠᠨ ᠤ ᠠᠯᠲᠠᠨ ᠲᠣᠭᠤᠰᠬ᠎ᠠ ᠤᠯᠤᠰ ᠤᠳ ᠤᠨ ᠬᠠᠮᠲᠤᠷᠠᠯᠴᠠᠭᠠᠨ ᠤ ᠲᠣᠭᠲᠠᠴᠠ ᠳᠤ ᠣᠷᠣᠯᠴᠠᠬᠤ ᠶᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠨ᠎ᠠ ᠭᠡᠵᠦ ᠴᠢᠬᠤᠯᠠᠴᠢᠯᠠᠪᠠ᠃
ᠰᠢ ᠶᠢᠨ ᠫᠢᠩ᠂ ᠳᠤᠮᠳᠠᠳᠤ ᠤᠯᠤᠰ ᠪᠡᠶ᠎ᠡ ᠪᠠᠨ ᠳᠠᠭᠠᠭᠠᠵᠤ ᠡᠵᠡᠨ ᠮᠡᠳᠡᠬᠦ ᠨᠠᠶᠢᠷᠠᠮᠳᠠᠯ ᠤᠨ ᠭᠠᠳᠠᠭᠠᠳᠤ ᠬᠠᠷᠢᠯᠴᠠᠭᠠᠨ ᠤ ᠲᠥᠷᠥ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠪᠠᠷ ᠴᠢᠷᠮᠠᠶᠢᠨ᠎ᠠ᠃ ᠬᠥᠭᠵᠢᠵᠦ ᠪᠠᠶᠢᠭ᠎ᠠ ᠤᠯᠤᠰ᠂ 《ᠪᠥᠬᠦ ᠪᠥᠮᠪᠥᠷᠴᠡᠭ ᠤᠨ ᠬᠥᠭᠵᠢᠵᠦ ᠪᠠᠶᠢᠭ᠎ᠠ ᠤᠯᠤᠰ》 ᠪᠦᠷᠢᠯᠳᠦᠬᠦᠨ ᠪᠣᠯᠣᠭᠰᠠᠨ ᠤ ᠬᠤᠪᠢ ᠳᠤ ᠳᠤᠮᠳᠠᠳᠤ ᠤᠯᠤᠰ ᠢᠮᠠᠭᠲᠠ ᠪᠤᠰᠤᠳ ᠬᠥᠭᠵᠢᠵᠦ ᠪᠠᠶᠢᠭ᠎ᠠ ᠤᠯᠤᠰ ᠤᠳ ᠲᠠᠢ ᠠᠮᠢᠰᠬᠤᠭ᠎ᠠ ᠪᠠᠨ ᠨᠢᠭᠡᠳᠬᠡᠨ ᠬᠤᠪᠢ ᠵᠠᠶᠠᠭ᠎ᠠ ᠪᠠᠨ ᠬᠠᠮᠲᠤᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠤᠨ ᠤᠯᠤᠰ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠪᠥᠬᠦ ᠪᠥᠮᠪᠥᠷᠴᠡᠭ ᠤᠨ ᠬᠡᠷᠡᠭ ᠶᠠᠪᠤᠳᠠᠯ ᠳᠠᠬᠢ ᠲᠥᠯᠥᠭᠡᠯᠡᠬᠦ ᠴᠢᠨᠠᠷ ᠪᠣᠯᠣᠨ ᠦᠭᠡ ᠬᠡᠯᠡᠬᠦ ᠡᠷᠬᠡ ᠶᠢ ᠨᠡᠮᠡᠭᠳᠡᠭᠦᠯᠬᠦ ᠶᠢ ᠠᠬᠢᠭᠤᠯᠤᠨ᠎ᠠ᠃ ᠳᠤᠮᠳᠠᠳᠤ ᠤᠯᠤᠰ ᠲᠤ ᠡᠵᠡᠷᠬᠡᠭᠴᠢ ᠪᠣᠯᠬᠤ ᠤᠳᠤᠮᠰᠢᠯ ᠪᠠᠶᠢᠬᠤ ᠦᠭᠡᠢ᠂ ᠲᠣᠮᠣ ᠤᠯᠤᠰ ᠤᠨ ᠦᠵᠡᠯᠴᠡᠭᠡᠨ ᠤ ᠬᠥᠭᠰᠡᠩᠭᠦᠢ ᠪᠣᠳᠣᠯ ᠦᠭᠡᠢ᠂ ᠲᠡᠦᠬᠡ ᠶᠢᠨ ᠵᠥᠪ ᠲᠠᠯ᠎ᠠ ᠳᠤ ᠡᠷᠡᠰ ᠵᠣᠭᠰᠣᠵᠤ᠂ 《ᠲᠥᠷᠥ ᠶᠢᠨ ᠡᠷᠬᠡ ᠶᠢ ᠲᠦᠮᠡᠨ ᠤ ᠪᠣᠯᠭᠠᠬᠤ ᠠᠨᠤ ᠲᠡᠭᠷᠢ ᠶᠢᠨ ᠶᠣᠰᠣᠨ ᠪᠣᠯᠠᠢ》 ᠡᠷᠡᠰ ᠬᠡᠷᠡᠭᠵᠢᠭᠦᠯᠦᠨ᠎ᠡ ᠭᠡᠵᠦ ᠴᠢᠬᠤᠯᠠᠴᠢᠯᠠᠪᠠ᠃
ᠰᠢ ᠶᠢᠨ ᠫᠢᠩ᠂ ᠣᠳᠣᠬᠠᠨ ᠳᠤ ᠳᠤᠮᠳᠠᠳᠤ ᠤᠯᠤᠰ ᠤᠨ ᠠᠷᠠᠳ ᠲᠦᠮᠡᠨ ᠶᠠᠭ ᠳᠤᠮᠳᠠᠳᠤ ᠤᠯᠤᠰ ᠤᠨ ᠡᠪ ᠬᠠᠮᠲᠤ ᠨᠠᠮ ᠤᠨ ᠳᠠᠭᠠᠭᠤᠯᠭ᠎ᠠ ᠳᠣᠣᠷ᠎ᠠ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠠᠬᠢᠭᠤᠯᠵᠤ ᠪᠠᠶᠢᠨ᠎ᠠ᠃ ᠳᠤᠮᠳᠠᠳᠤ ᠤᠯᠤᠰ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠪᠠᠶᠢᠭᠤᠯᠤᠯ ᠤᠨ ᠳᠠᠪᠠᠭᠤᠯᠢᠭ᠂ ᠬᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠬᠡᠷᠡᠭᠴᠡᠭᠡ ᠶᠢᠨ ᠳᠠᠪᠠᠭᠤᠯᠢᠭ᠂ ᠠᠵᠤ ᠦᠢᠯᠡᠰ ᠤᠨ ᠰᠢᠰᠲ᠋ᠧᠮ ᠤᠨ ᠢᠵᠢ ᠪᠦᠷᠢᠳᠦᠭᠰᠡᠨ ᠪᠦᠷᠢᠨ ᠪᠦᠲᠦᠨ ᠬᠠᠩᠭᠠᠯᠭ᠎ᠠ ᠶᠢᠨ ᠳᠠᠪᠠᠭᠤᠯᠢᠭ᠂ ᠶᠡᠭᠡ ᠬᠡᠮᠵᠢᠶᠡᠨ ᠤ ᠥᠨᠳᠥᠷ ᠬᠡᠪ ᠴᠢᠨᠠᠷ ᠪᠦᠬᠦᠢ ᠬᠥᠳᠡᠯᠮᠦᠷᠢᠴᠢᠨ ᠪᠠ ᠠᠵᠤ ᠠᠬᠤᠶᠢᠯᠠᠯᠲᠠᠨ ᠤ ᠴᠢᠳᠠᠪᠤᠷᠢᠲᠠᠨ ᠤ ᠳᠠᠪᠠᠭᠤᠯᠢᠭ ᠲᠠᠢ ᠶᠤᠮ᠃ ᠳᠤᠮᠳᠠᠳᠤ ᠤᠯᠤᠰ ᠤᠨ ᠠᠵᠤ ᠠᠬᠤᠢ ᠶᠢᠨ ᠤᠶᠠᠨ ᠬᠠᠲᠠᠨ ᠴᠢᠨᠠᠷ ᠴᠢᠩᠭ᠎ᠠ᠂ ᠳᠠᠯᠳᠠ ᠬᠦᠴᠦᠨ ᠶᠡᠭᠡ᠂ ᠠᠮᠢᠵᠢᠷᠠᠯ ᠤᠨ ᠬᠦᠴᠦᠨ ᠲᠡᠭᠦᠯᠳᠡᠷ᠂ ᠤᠷᠲᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠠᠬᠤ ᠦᠭᠡᠢ᠃ ᠳᠤᠮᠳᠠᠳᠤ ᠤᠯᠤᠰ ᠢᠮᠠᠭᠲᠠ ᠳᠡᠯᠡᠬᠡᠢ ᠶᠢᠨ ᠬᠥᠭᠵᠢᠯᠲᠡ ᠶᠢᠨ ᠴᠢᠬᠤᠯᠠ ᠠᠵᠠ ᠲᠣᠬᠢᠶᠠᠯ ᠪᠣᠯᠵᠤ᠂ ᠥᠨᠳᠥᠷ ᠲᠦᠪᠰᠢᠨ ᠪᠦᠬᠦᠢ ᠨᠡᠭᠡᠭᠡᠯᠲᠡ ᠶᠢ ᠡᠷᠡᠰ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠵᠢᠭᠰᠡᠨ ᠲᠡᠷᠢᠭᠦᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠢ ᠪᠣᠯᠭᠠᠵᠤ᠂ ᠪᠥᠬᠦ ᠪᠥᠮᠪᠥᠷᠴᠡᠭ ᠲᠤ ᠬᠠᠨᠳᠤᠭᠤᠯᠤᠭᠰᠠᠨ ᠥᠨᠳᠥᠷ ᠪᠠᠷᠢᠮᠵᠢᠶᠠᠲᠤ ᠴᠢᠯᠦᠭᠡᠲᠦ ᠠᠷᠠᠯᠵᠢᠶᠠᠨ ᠤ ᠣᠷᠣᠨ ᠤ ᠲᠣᠣᠷ ᠢ ᠪᠠᠶᠢᠭᠤᠯᠤᠨ᠎ᠠ᠃ ᠳᠤᠮᠳᠠᠳᠤ ᠤᠯᠤᠰ ᠤᠨ 14 ᠳ᠋ᠦᠩᠰᠢᠭᠤᠷ ᠭᠠᠷᠤᠢ ᠬᠥᠮᠥᠨ ᠠᠮᠠ ᠪᠦᠬᠦᠯᠢ ᠴᠣᠭᠴᠠ ᠪᠠᠷ ᠣᠳᠣᠬᠢᠴᠢᠯᠠᠯᠲᠠ ᠳᠤ ᠣᠷᠣᠬᠤ ᠶᠢ ᠳᠠᠭᠠᠯᠳᠤᠨ᠂ ᠳᠤᠮᠳᠠᠳᠤ ᠤᠯᠤᠰ ᠯᠠᠪᠲᠠᠢ ᠳᠡᠯᠡᠬᠡᠢ ᠶᠢᠨ ᠠᠵᠤ ᠠᠬᠤᠢ ᠳᠤ ᠨᠡᠩ ᠶᠡᠭᠡ ᠬᠤᠪᠢ ᠨᠡᠮᠡᠷᠢ ᠦᠵᠡᠭᠦᠯᠵᠦ᠂ ᠡᠯ᠎ᠡ ᠤᠯᠤᠰ ᠤᠨ ᠦᠢᠯᠡᠳᠪᠦᠷᠢ ᠬᠤᠳᠠᠯᠳᠤᠭᠠᠨ ᠤ ᠡᠲᠡᠭᠡᠳ ᠲᠤ ᠨᠡᠩ ᠶᠡᠭᠡ ᠣᠷᠣᠨ ᠵᠠᠢ ᠬᠠᠩᠭᠠᠬᠤ ᠪᠣᠯᠣᠨ᠎ᠠ ᠭᠡᠵᠦ ᠵᠢᠭᠠᠵᠤ ᠭᠠᠷᠭᠠᠪᠠ᠃