ᠵᠤᠬᠢᠶᠠᠭᠴᠢ:
ᠴᠠᠭ:2023-08-25
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠸᠠᠩ ᠯᠢ ᠰᠢᠶᠠ ᠬᠥᠯᠥᠨ ᠪᠤᠶᠢᠷ ᠲᠤ ᠰᠥᠨᠢ ᠶᠢᠨ ᠠᠵᠤ ᠠᠬᠤᠢ ᠶᠢ ᠰᠢᠨᠵᠢᠯᠡᠨ ᠪᠠᠶᠢᠴᠠᠭᠠᠪᠠ
2023 8 ᠳ᠋ᠤᠭᠠᠷ ᠰᠠᠷ᠎ᠠ ᠶᠢᠨ 20 ᠤ ᠡᠳᠦᠷ ᠤᠨ ᠣᠷᠣᠢ᠂ ᠬᠥᠯᠥᠨ ᠪᠤᠶᠢᠷ ᠲᠤ ᠪᠠᠶᠢᠴᠠᠭᠠᠨ ᠰᠤᠳᠤᠯᠤᠯᠲᠠ ᠬᠢᠵᠦ ᠪᠠᠶᠢᠭᠰᠠᠨ ᠸᠠᠩ ᠯᠢ ᠰᠢᠶᠠ ᠲᠤᠬᠠᠢ ᠶᠢᠨ ᠭᠠᠵᠠᠷ ᠤᠨ ᠰᠥᠨᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠲᠤᠰᠬᠠᠶᠢᠯᠠᠨ ᠰᠢᠨᠵᠢᠯᠡᠨ ᠪᠠᠶᠢᠴᠠᠭᠠᠵᠠᠢ᠃
ᠣᠷᠣᠢ ᠶᠢᠨ 9 ᠴᠠᠭ ᠭᠠᠷᠤᠢ ᠳᠤ᠂ ᠬᠠᠶᠢᠯᠠᠷ ᠲᠣᠭᠤᠷᠢᠭ ᠤᠨ ᠳᠣᠷᠣᠨ᠎ᠠ ᠶᠢᠨ ᠤᠯᠠᠭᠠᠨ ᠤᠳᠤᠨ ᠰᠥᠨᠢ ᠶᠢᠨ ᠬᠤᠳᠠ ᠳᠤ ᠠᠮᠲᠠᠲᠤ ᠢᠳᠡᠭᠡᠨ ᠤ ᠠᠩᠬᠢᠯᠤᠮ᠎ᠠ ᠦᠨᠦᠷ ᠳᠤᠮᠳᠠᠭᠤᠷ ᠲᠦᠮᠡᠨ ᠬᠥᠮᠥᠨ ᠲᠦᠴᠢᠭᠢᠨᠡᠵᠦ ᠪᠤᠮᠠᠨ ᠬᠥᠮᠥᠨ ᠪᠤᠵᠢᠭᠢᠨᠠᠯᠳᠤᠨ᠎ᠠ᠃ ᠸᠠᠩ ᠯᠢ ᠰᠢᠶᠠ ᠮᠢᠬ᠎ᠠ ᠲᠠᠢ ᠬᠠᠪᠴᠢᠭᠤᠯᠤᠭᠰᠠᠨ ᠪᠣᠭᠤᠷᠰᠤᠭ᠂ ᠬᠤᠨᠢᠨ ᠮᠢᠬᠠᠨ ᠱᠣᠷᠣᠯᠠᠭ᠂ ᠬᠤᠯᠠᠩ ᠬᠡᠯᠪᠡᠷᠢᠲᠦ ᠲᠠᠯᠬ᠎ᠠ ᠵᠡᠷᠭᠡ ᠣᠨᠴᠠᠯᠢᠭᠲᠤ ᠵᠢᠵᠢᠭ ᠳᠡᠯᠭᠡᠭᠦᠷ ᠤᠳ ᠲᠤ ᠬᠦᠷᠴᠦ᠂ ᠡᠵᠡᠩᠨᠡᠯᠲᠡ ᠪᠠ ᠬᠡᠷᠡᠭᠯᠡᠭᠡᠨ ᠤ ᠪᠠᠶᠢᠳᠠᠯ ᠢ ᠨᠠᠷᠢᠨ ᠠᠰᠠᠭᠤᠨ ᠯᠠᠪᠯᠠᠪᠠ᠃ ᠲᠡᠷᠡ ᠪᠠᠷ᠂ ᠬᠤᠳᠠᠯᠳᠤᠭᠠᠴᠢᠳ ᠢ ᠦᠨᠡᠨᠴᠢ ᠢᠲᠡᠭᠡᠮᠵᠢᠲᠡᠢ᠂ ᠠᠮᠤᠷ ᠲᠦᠪᠰᠢᠨ ᠡᠵᠡᠩᠨᠡᠨ᠂ ᠶᠠᠰᠤ ᠴᠢᠨᠠᠷ ᠢᠶᠠᠷ ᠬᠥᠮᠥᠰ ᠤᠨ ᠬᠦᠷᠢᠶᠡᠯᠡᠯ ᠢ ᠣᠯᠵᠤ᠂ ᠦᠢᠯᠡᠴᠢᠯᠡᠭᠡ ᠪᠠᠷ ᠮᠠᠭᠲᠠᠭᠠᠯ ᠰᠠᠶᠢᠰᠢᠶᠠᠯ ᠣᠯᠬᠤ ᠬᠡᠷᠡᠭᠲᠡᠢ ᠭᠡᠵᠦ ᠵᠣᠷᠢᠭᠵᠢᠭᠤᠯᠪᠠ︔ ᠪᠠᠰᠠ ᠲᠤᠬᠠᠢ ᠶᠢᠨ ᠭᠠᠵᠠᠷ ᠤᠨ ᠵᠠᠰᠠᠭ ᠤᠨ ᠣᠷᠳᠣᠨ ᠳᠤ ᠬᠠᠮᠢᠶᠠᠷᠤᠯᠲᠠ ᠶᠢ ᠦᠢᠯᠡᠴᠢᠯᠡᠭᠡ ᠳᠤ ᠠᠭᠤᠯᠤᠭᠳᠠᠭᠤᠯᠵᠤ᠂ ᠬᠤᠳᠠᠯᠳᠤᠭᠠᠴᠢᠳ ᠤᠨ ᠪᠣᠳᠠᠲᠠᠢ ᠬᠦᠴᠢᠷᠳᠡᠯ ᠤᠳ ᠢ ᠰᠢᠢᠳᠪᠦᠷᠢᠯᠡᠵᠦ ᠥᠭᠬᠦ ᠶᠢᠨ ᠬᠠᠮᠲᠤ ᠰᠤᠷᠲᠠᠯᠴᠢᠯᠠᠬᠤ ᠡᠷᠴᠢᠮ ᠢᠶᠠᠨ ᠴᠢᠩᠭᠠᠷᠠᠭᠤᠯᠤᠨ᠂ ᠠᠷᠭ᠎ᠠ ᠰᠦᠪᠡᠭᠴᠢᠯᠡᠨ ᠨᠡᠩ ᠣᠯᠠᠨ ᠬᠥᠮᠥᠨ ᠪᠠ ᠬᠡᠷᠡᠭᠯᠡᠭᠴᠢᠳ ᠤᠨ ᠤᠷᠤᠰᠬᠠᠯ ᠢ ᠲᠠᠲᠠᠵᠤ᠂ ᠰᠥᠨᠢ ᠶᠢᠨ ᠠᠵᠤ ᠠᠬᠤᠢ ᠶᠢ ᠬᠥᠭᠵᠢᠶᠡᠨ ᠲᠠᠢ ᠪᠣᠯᠭᠠᠬᠤ ᠬᠡᠷᠡᠭᠲᠡᠢ ᠭᠡᠵᠦ ᠵᠠᠬᠢᠭᠰᠠᠨ ᠪᠠᠶᠢᠨ᠎ᠠ᠃
ᠡᠭᠦᠨ ᠠᠴᠠ ᠡᠮᠦᠨ᠎ᠡ᠂ ᠸᠠᠩ ᠯᠢ ᠰᠢᠶᠠ ᠪᠤᠭᠤᠲᠤ᠂ ᠮᠠᠨᠵᠤᠤᠷ ᠵᠡᠷᠭᠡ ᠭᠠᠵᠠᠷ ᠤᠳ ᠲᠤ ᠪᠠᠶᠢᠴᠠᠭᠠᠨ ᠰᠤᠳᠤᠯᠤᠯᠲᠠ ᠬᠢᠬᠦ ᠳᠤ ᠪᠠᠨ ᠴᠥᠮ ᠰᠥᠨᠢ ᠶᠢᠨ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠲᠤᠰᠬᠠᠶᠢᠯᠠᠨ ᠰᠢᠨᠵᠢᠯᠡᠨ ᠪᠠᠶᠢᠴᠠᠭᠠᠵᠠᠢ᠃ ᠲᠡᠷᠡ ᠪᠠᠷ᠂ ᠰᠥᠨᠢ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠬᠦ ᠪᠣᠯ ᠬᠡᠷᠡᠭᠯᠡᠭᠡ ᠶᠢ ᠠᠬᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠬᠤᠳᠠ ᠶᠢᠨ ᠠᠮᠢᠵᠢᠷᠠᠯ ᠤᠨ ᠬᠦᠴᠦᠨ ᠢ ᠪᠠᠳᠠᠷᠠᠭᠤᠯᠬᠤ ᠴᠢᠬᠤᠯᠠ ᠠᠷᠭ᠎ᠠ ᠪᠠᠷᠢᠯ ᠶᠤᠮ᠂ ᠬᠥᠲᠥᠯᠥᠨ ᠳᠠᠭᠠᠭᠤᠯᠬᠤ ᠪᠠ ᠠᠬᠢᠭᠤᠯᠬᠤ ᠶᠢ ᠴᠢᠩᠭᠠᠳᠬᠠᠨ᠂ ᠡᠵᠡᠩᠨᠡᠯᠲᠡ ᠶᠢᠨ ᠬᠡᠯᠪᠡᠷᠢ ᠪᠠᠨ ᠪᠠᠶᠠᠯᠢᠭᠵᠢᠭᠤᠯᠵᠤ᠂ ᠬᠢᠯᠠᠰ ᠴᠡᠭ ᠢ ᠡᠭᠦᠳᠴᠦ᠂ ᠰᠥᠨᠢ ᠶᠢᠨ ᠠᠵᠤ ᠠᠬᠤᠢ ᠶᠢᠨ ᠴᠢᠨᠠᠷ ᠢ ᠰᠠᠶᠢᠵᠢᠷᠠᠭᠤᠯᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃