ᠵᠤᠬᠢᠶᠠᠭᠴᠢ:
ᠴᠠᠭ:2023-08-25
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠮᠢᠩᠭᠠᠨ ᠰᠤᠷᠭᠠᠭᠤᠯᠢ ᠲᠦᠮᠡᠨ ᠠᠵᠤ ᠠᠬᠤᠶᠢᠯᠠᠯ︾ ᠬᠤᠷᠰᠢᠨ ᠰᠢᠨ᠎ᠡ ᠶᠢ ᠡᠭᠦᠳᠬᠦ ᠬᠠᠮᠰᠠᠭᠠᠲᠠᠨ ᠤ ᠠᠵᠢᠯᠯᠠᠭ᠎ᠠ ᠶᠢ ᠬᠡᠷᠡᠭᠵᠢᠭᠦᠯᠵᠦ ᠶᠡᠭᠡ ᠳᠡᠭᠡᠳᠦ ᠰᠤᠷᠭᠠᠭᠤᠯᠢ ᠨᠤᠭᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠵᠤ ᠪᠠᠶᠢᠨ᠎ᠠ
ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠵᠢᠴᠢ ᠥᠪᠡᠷᠲᠡᠭᠡᠨ ᠵᠠᠰᠠᠬᠤ ᠣᠷᠣᠨ ᠤ ᠮᠡᠳᠡᠯᠭᠡ ᠶᠢᠨ ᠡᠷᠬᠡ ᠶᠢᠨ ᠲᠣᠪᠴᠢᠶ᠎ᠠ ᠠᠴᠠ ᠭᠤᠣᠯᠯᠠᠨ ᠡᠷᠭᠢᠯᠡᠭᠰᠡᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 《ᠮᠢᠩᠭᠠᠨ ᠰᠤᠷᠭᠠᠭᠤᠯᠢ ᠲᠦᠮᠡᠨ ᠠᠵᠤ ᠠᠬᠤᠶᠢᠯᠠᠯ》 ᠬᠤᠷᠰᠢᠨ ᠰᠢᠨ᠎ᠡ ᠶᠢ ᠡᠭᠦᠳᠬᠦ ᠬᠠᠮᠰᠠᠭᠠᠲᠠᠨ ᠤ ᠠᠵᠢᠯᠯᠠᠭ᠎ᠠ ᠶᠢᠨ ᠡᠬᠢᠯᠡᠯᠲᠡ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠨᠤᠭᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠳ ᠢ ᠤᠷᠢᠳᠴᠢᠯᠠᠨ ᠲᠠᠨᠢᠯᠴᠠᠭᠤᠯᠤᠨ ᠰᠤᠷᠲᠠᠯᠴᠢᠯᠠᠬᠤ ᠠᠵᠢᠯᠯᠠᠭ᠎ᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠳᠤ ᠶᠠᠪᠤᠭᠳᠠᠪᠠ᠃ ᠡᠬᠢᠯᠡᠯᠲᠡ ᠶᠢᠨ ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠮᠡᠷᠭᠡᠵᠢᠯ ᠰᠢᠯᠵᠢᠭᠦᠯᠬᠦ ᠰᠠᠭᠤᠷᠢᠨ ᠵᠢᠩᠬᠢᠨᠢ ᠪᠠᠷ ᠫᠠᠶᠢᠰᠠ ᠰᠡᠬᠦᠵᠦ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠬᠤᠭᠤᠴᠠᠭᠠᠨ ᠤ ᠶᠡᠭᠡ ᠳᠡᠭᠡᠳᠦ ᠰᠤᠷᠭᠠᠭᠤᠯᠢ ᠨᠤᠭᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠳ ᠢ ᠤᠷᠢᠳᠴᠢᠯᠠᠨ ᠲᠠᠨᠢᠯᠴᠠᠭᠤᠯᠤᠨ ᠰᠤᠷᠲᠠᠯᠴᠢᠯᠠᠬᠤ ᠠᠵᠢᠯᠯᠠᠭ᠎ᠠ ᠢ ᠥᠷᠨᠢᠭᠦᠯᠦᠭᠰᠡᠨ ᠪᠥᠭᠡᠳ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ 5 ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠳ ᠢ ᠨᠡᠶᠢᠲᠡᠯᠡᠵᠡᠢ᠃
ᠳᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠳᠠᠷᠠᠭᠠᠬᠢ ᠬᠡᠳᠦᠨ ᠲᠠᠯ᠎ᠠ ᠪᠠᠷ ᠵᠣᠬᠢᠶᠠᠨ ᠪᠠᠶᠢᠭᠤᠯᠤᠯᠲᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠥᠷᠨᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠠᠬᠢᠭᠤᠯᠤᠨ᠎ᠠ᠃ ᠨᠢᠭᠡ ᠳᠤ ᠶᠡᠭᠡ ᠳᠡᠭᠡᠳᠦ ᠰᠤᠷᠭᠠᠭᠤᠯᠢ ᠨᠤᠭᠤᠳ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠤᠣᠯ ᠬᠦᠴᠦᠨ ᠴᠡᠷᠢᠭ ᠤᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠶᠡᠭᠡ ᠳᠡᠭᠡᠳᠦ ᠰᠤᠷᠭᠠᠭᠤᠯᠢ ᠨᠤᠭᠤᠳ ᠤᠨ ᠴᠢᠳᠠᠪᠤᠷᠢᠲᠠᠨ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠳᠠᠪᠠᠭᠤᠯᠢᠭ ᠢ ᠠᠰᠢᠭᠯᠠᠨ᠂ 《ᠪᠣᠭᠤᠮᠢ》 ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠯᠲᠠ ᠲᠠᠢ ᠪᠠᠷ ᠥᠷᠨᠢᠭᠦᠯᠦᠨ᠎ᠡ᠃ ᠬᠤᠶᠠᠷ ᠲᠤ ᠠᠵᠤ ᠠᠬᠤᠶᠢᠯᠠᠯ ᠤᠳ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠤᠯᠠᠮ ᠨᠢᠭᠡ ᠠᠯᠬᠤᠮ ᠪᠠᠲᠤᠵᠢᠭᠤᠯᠤᠨ᠎ᠠ᠃ 《ᠮᠢᠩᠭᠠᠨ ᠰᠤᠷᠭᠠᠭᠤᠯᠢ ᠲᠦᠮᠡᠨ ᠠᠵᠤ ᠠᠬᠤᠶᠢᠯᠠᠯ ᠬᠤᠷᠰᠢᠨ ᠰᠢᠨ᠎ᠡ ᠶᠢ ᠡᠭᠦᠳᠬᠦ ᠬᠠᠮᠰᠠᠭᠠᠲᠠᠨ ᠤ ᠠᠵᠢᠯᠯᠠᠭ᠎ᠠ》 ᠳᠤ ᠲᠦᠰᠢᠭᠯᠡᠵᠦ᠂ ᠠᠵᠤ ᠠᠬᠤᠶᠢᠯᠠᠯ ᠢᠶᠠᠷ ᠭᠤᠣᠯᠯᠠᠭᠤᠯᠤᠨ ᠠᠵᠤ ᠦᠢᠯᠡᠰ ᠶᠡᠭᠡ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠣᠳᠣᠯᠭᠠᠨ ᠤ ᠪᠠᠶᠢᠭᠤᠯᠤᠮᠵᠢ ᠶᠢᠨ ᠨᠡᠪᠲᠡ ᠠᠭᠤᠰᠤᠯᠴᠠᠯ ᠢ ᠴᠢᠩᠭᠠᠳᠬᠠᠨ᠂ ᠶᠡᠭᠡ ᠳᠡᠭᠡᠳᠦ ᠰᠤᠷᠭᠠᠭᠤᠯᠢ ᠬᠢᠭᠡᠳ ᠠᠵᠤ ᠠᠬᠤᠶᠢᠯᠠᠯ ᠤᠨ ᠰᠣᠯᠢᠯᠴᠠᠭᠠᠨ ᠤ ᠵᠠᠭᠠᠭ ᠬᠢᠵᠠᠭᠠᠷ ᠢ ᠡᠪᠳᠡᠵᠦ᠂ ᠠᠵᠢᠯ ᠲᠥᠷᠥᠯ ᠤᠨ ᠲᠥᠷᠥ ᠶᠢᠨ ᠪᠣᠳᠣᠯᠭ᠎ᠠ᠂ ᠬᠡᠷᠡᠭᠴᠡᠭᠡ ᠱᠠᠭᠠᠷᠳᠠᠯᠭ᠎ᠠ ᠬᠢᠭᠡᠳ ᠰᠤᠷᠭᠠᠭᠤᠯᠢ ᠶᠢᠨ ᠡᠬᠢ ᠪᠠᠶᠠᠯᠢᠭ᠂ ᠬᠠᠩᠭᠠᠯᠭ᠎ᠠ ᠶᠢᠨ ᠭᠦᠢᠴᠡᠳ ᠵᠣᠯᠭᠠᠯᠴᠠᠭ᠎ᠠ ᠶᠢ ᠠᠬᠢᠭᠤᠯᠤᠨ᠂ ᠰᠤᠷᠭᠠᠭᠤᠯᠢ ᠬᠢᠭᠡᠳ ᠠᠵᠤ ᠠᠬᠤᠶᠢᠯᠠᠯ ᠤᠨ ᠨᠡᠪᠲᠡ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ᠭᠤᠷᠪᠠ ᠳᠤ ᠥᠪᠡᠷᠲᠡᠭᠡᠨ ᠵᠠᠰᠠᠬᠤ ᠣᠷᠣᠨ ᠤ ᠮᠡᠳᠡᠯᠭᠡ ᠵᠢᠨ ᠡᠷᠬᠡ ᠶᠢᠨ ᠲᠣᠪᠴᠢᠶ᠎ᠠ ᠲᠠᠢ ᠬᠠᠮᠲᠤᠷᠠᠨ᠂ ᠶᠡᠭᠡ ᠳᠡᠭᠡᠳᠦ ᠰᠤᠷᠭᠠᠭᠤᠯᠢ ᠨᠤᠭᠤᠳ ᠢ ᠵᠢᠯᠤᠭᠤᠳᠴᠤ ᠲᠤᠰᠬᠠᠢ ᠠᠰᠢᠭ ᠢ ᠤᠯᠠᠷᠢᠭᠤᠯᠬᠤ ᠲᠤᠰᠬᠠᠢ ᠲᠥᠯᠥᠪᠯᠡᠭᠡ ᠳᠤ ᠢᠳᠡᠪᠬᠢᠲᠡᠢ ᠣᠷᠣᠯᠴᠠᠭᠤᠯᠵᠤ᠂ ᠨᠢᠭᠡ ᠪᠦᠯᠦᠭ ᠵᠠᠬ᠎ᠠ ᠳᠡᠯᠭᠡᠭᠦᠷᠴᠢᠯᠡᠬᠦ ᠬᠡᠲᠦ ᠶᠢᠨ ᠲᠥᠯᠥᠪ ᠲᠠᠢ᠂ ᠬᠡᠷᠡᠭᠯᠡᠯᠲᠡ ᠥᠷᠭᠡᠨ᠂ ᠬᠡᠷᠡᠭᠯᠡᠭᠡᠨ ᠤ ᠴᠢᠨᠠᠷ ᠢᠶᠠᠷ ᠨᠡᠯᠢᠶᠡᠳ ᠴᠢᠩᠭ᠎ᠠ ᠮᠡᠷᠭᠡᠵᠢᠯ ᠤᠳ ᠢ ᠰᠣᠩᠭᠤᠨ ᠲᠤᠰᠬᠠᠢ ᠠᠰᠢᠭ ᠢᠶᠠᠨ ᠠᠰᠢᠭᠯᠠᠭᠤᠯᠬᠤ ᠵᠥᠪᠰᠢᠶᠡᠷᠡᠯ ᠳᠤ ᠣᠷᠣᠯᠴᠠᠭᠤᠯᠵᠤ᠂ ᠶᠡᠭᠡ ᠳᠡᠭᠡᠳᠦ ᠰᠤᠷᠭᠠᠭᠤᠯᠢ ᠨᠤᠭᠤᠳ ᠤᠨ ᠲᠤᠰᠬᠠᠢ ᠠᠰᠢᠭ ᠤᠨ ᠮᠡᠷᠭᠡᠵᠢᠯ ᠤᠳ ᠢ ᠪᠣᠳᠠᠲᠤ ᠦᠢᠯᠡᠳᠪᠦᠷᠢᠯᠡᠯ ᠤᠨ ᠬᠦᠴᠦᠨ ᠲᠠᠶᠢᠰᠢ ᠤᠯᠠᠷᠢᠭᠤᠯᠬᠤ ᠶᠢ ᠠᠬᠢᠭᠤᠯᠤᠨ᠎ᠠ᠃