ᠵᠤᠬᠢᠶᠠᠭᠴᠢ:
ᠴᠠᠭ:2023-08-25
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠲᠤᠯᠤᠭᠠᠨ ᠰᠠᠷ᠎ᠠ ᠳᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ ᠲᠡᠦᠬᠡ ᠶᠢᠨ ᠠᠳᠠᠯᠢ ᠬᠤᠭᠤᠴᠠᠭᠠᠨ ᠳᠤ ᠠᠩᠬ᠎ᠠ ᠤᠳᠠᠭ᠎ᠠ ᠮᠢᠩᠭᠠᠨ ᠳ᠋ᠦᠩᠰᠢᠭᠤᠷ ᠲᠥᠭᠦᠷᠢᠭ ᠢ ᠳᠠᠪᠠᠪᠠ
ᠬᠥᠬᠡᠬᠤᠲᠠ ᠪᠣᠭᠤᠮᠲᠠ ᠶᠢᠨ ᠲᠤᠭ᠎ᠠ ᠪᠦᠷᠢᠳᠬᠡᠯ ᠢ ᠦᠨᠳᠦᠰᠦᠯᠡᠪᠡᠯ ᠂ ᠲᠦᠷᠦᠭᠦᠦ 7 ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠦᠷᠳᠡᠭ 1050.8 ᠳ᠋ᠦᠩᠰᠢᠭᠤᠷ ᠲᠥᠭᠦᠷᠢᠭ ᠲᠤ ᠬᠦᠷᠴᠦ ᠂ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠬᠡᠪᠴᠢᠶ᠎ᠡ ᠲᠡᠦᠬᠡ ᠶᠢᠨ ᠠᠳᠠᠯᠢ ᠬᠤᠭᠤᠴᠠᠭᠠᠨ ᠳᠤ ᠠᠩᠬ᠎ᠠ ᠤᠳᠠᠭ᠎ᠠ 1000 ᠳ᠋ᠦᠩᠰᠢᠭᠤᠷ ᠲᠥᠭᠦᠷᠢᠭ ᠢ ᠳᠠᠪᠠᠵᠤ ᠂ ᠠᠳᠠᠯᠢ ᠬᠤᠭᠤᠴᠠᠭᠠᠨ ᠤ ᠬᠢ ᠠᠴᠠ 29.8% ᠨᠡᠮᠡᠭᠳᠡᠵᠦ ᠂ ᠪᠦᠬᠦ ᠤᠯᠤᠰ ᠤᠨ ᠭᠠᠳᠠᠭᠠᠳᠤ ᠠᠷᠠᠯᠵᠢᠶᠠᠨ ᠤ ᠪᠦᠬᠦᠶᠢᠯᠡ ᠨᠡᠮᠡᠭᠳᠡᠯ ᠤᠨ ᠬᠤᠷᠳᠤᠴᠠ ᠠᠴᠠ 29.4 ᠵᠠᠭᠤᠨ ᠤ ᠴᠡᠭ ᠥᠨᠳᠥᠷ ᠪᠣᠯᠵᠠᠢ ᠃ ᠡᠭᠦᠨ ᠳᠤ ᠂ ᠭᠠᠳᠠᠭᠠᠳᠤ ᠭᠠᠷᠭᠠᠯᠲᠠ 409.5 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 18.3% ᠪᠠᠷ ᠨᠡᠮᠡᠭᠳᠡᠪᠡ ︔ ᠭᠠᠳᠠᠭᠠᠳᠤ ᠣᠷᠣᠭᠤᠯᠤᠯᠲᠠ 641.3 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 38.3% ᠪᠠᠷ ᠨᠡᠮᠡᠭᠳᠡᠪᠡ ᠃
ᠣᠶᠢᠯᠠᠭᠠᠭᠰᠠᠨ ᠢᠶᠠᠷ ᠂ 7 ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠥᠷᠲᠡᠭ 791.3 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 44.7% ᠨᠡᠮᠡᠭᠳᠡᠨ ᠂ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ ᠤᠨ 75.3% ᠶᠢ ᠡᠵᠡᠯᠡᠵᠦ ᠂ ᠬᠤᠪᠢ ᠶᠢᠨ ᠵᠢᠩ ᠨᠢ 7.8 ᠵᠠᠭᠤᠨ ᠤ ᠴᠡᠭ ᠳᠡᠭᠡᠭᠰᠢᠯᠡᠵᠡᠢ ᠃ ᠠᠳᠠᠯᠢ ᠬᠤᠭᠤᠴᠠᠭᠠᠨ ᠳᠤ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 190.6 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 3.5% ᠪᠠᠭᠤᠷᠠᠪᠠ ︔ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠣᠷᠣᠭᠤᠯᠤᠯᠲᠠ ᠭᠠᠷᠭᠠᠯᠲᠠ 65.6 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 1.4% ᠨᠡᠮᠡᠭᠳᠡᠪᠡ ᠃ 《ᠨᠢᠭᠡ ᠪᠦᠰᠡ ᠨᠢᠭᠡ ᠵᠠᠮ》 ᠳᠠᠭᠠᠤ ᠶᠢᠨ ᠤᠯᠤᠰ ᠤᠳ ᠯᠤᠭ᠎ᠠ ᠶᠢᠨ ᠭᠠᠳᠠᠭᠠᠳᠤ ᠣᠷᠣᠭᠤᠯᠤᠯᠲᠠ ᠭᠠᠷᠭᠠᠯᠲᠠ 718 ᠳ᠋ᠦᠩᠰᠢᠭᠤᠷ ᠲᠥᠭᠦᠷᠢᠭ ᠲᠤ ᠬᠦᠷᠴᠦ ᠂ ᠠᠳᠠᠯᠢ ᠬᠤᠭᠤᠴᠠᠭᠠᠨ ᠤ ᠬᠢ ᠠᠴᠠ 48.5% ᠨᠡᠮᠡᠭᠳᠡᠨ ᠂ ᠪᠥᠬᠦ ᠣᠷᠣᠨ ᠤ ᠭᠠᠳᠠᠭᠠᠳᠤ ᠠᠷᠠᠯᠵᠢᠶ᠎ᠠ ᠶᠢᠨ ᠣᠷᠣᠭᠤᠯᠤᠯᠲᠠ ᠭᠠᠷᠭᠠᠯᠲᠠ ᠶᠢᠨ ᠶᠡᠷᠦᠩᠬᠡᠢ ᠥᠷᠲᠡᠭ ᠤᠨ 68.3% ᠶᠢ ᠡᠵᠡᠯᠡᠪᠡ ᠃ ᠡᠭᠦᠨ ᠠᠴᠠ ᠭᠠᠳᠠᠨ᠎ᠠ ᠂ 7 ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠮᠠᠰᠢᠨ ᠴᠠᠬᠢᠯᠭᠠᠨ ᠤ ᠦᠢᠯᠡᠳᠬᠦᠨ ᠂ ᠲᠠᠷᠢᠶᠠᠯᠠᠩ ᠤᠨ ᠪᠦᠲᠦᠭᠡᠭᠳᠡᠬᠦᠨ ᠂ ᠪᠣᠯᠣᠳ ᠮᠠᠲ᠋ᠧᠷᠢᠶᠠᠯ ᠵᠡᠷᠭᠡ ᠤᠯᠠᠮᠵᠢᠯᠠᠯᠲᠤ ᠭᠤᠣᠯᠳᠠᠯᠭ᠎ᠠ ᠲᠠᠢ ᠲᠠᠸᠠᠷ ᠤᠨ ᠭᠠᠳᠠᠭᠠᠳᠤ ᠭᠠᠷᠭᠠᠯᠲᠠ ᠢᠯᠡᠳᠲᠡ ᠨᠡᠮᠡᠭᠳᠡᠵᠦ ᠂ ᠭᠠᠳᠠᠭᠠᠳᠤ ᠭᠠᠷᠭᠠᠯᠲᠠ ᠶᠢᠨ ᠥᠷᠲᠡᠭ ᠨᠢ ᠲᠣᠰ ᠲᠣᠰ 148 ᠳ᠋ᠦᠩᠰᠢᠭᠤᠷ ᠂ 47.2 ᠳ᠋ᠦᠩᠰᠢᠭᠤᠷ ᠪᠠ 45.9 ᠳ᠋ᠦᠩᠰᠢᠭᠤᠷ ᠲᠥᠭᠦᠷᠢᠭ ᠪᠠᠶᠢᠵᠦ ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 143.5% ᠂ 22.3% ᠪᠠ 7.3% ᠨᠡᠮᠡᠭᠳᠡᠵᠡᠢ ᠃ ᠠᠭᠤᠷᠬᠠᠢ ᠶᠢᠨ ᠡᠨᠧᠷᠭᠢ ᠶᠢᠨ ᠦᠢᠯᠡᠳᠬᠦᠨ ᠨᠢ ᠭᠠᠳᠠᠭᠠᠳᠤ ᠣᠷᠣᠭᠤᠯᠤᠯᠲᠠ ᠶᠢᠨ ᠭᠤᠣᠯ ᠬᠦᠴᠦᠨ ᠢᠶᠠᠨ ᠦᠷᠭᠦᠯᠵᠢᠯᠡᠨ ᠪᠠᠲᠤᠯᠠᠵᠤ ᠂ ᠨᠡᠭᠦᠷᠡᠰᠦ ᠂ ᠵᠡᠰ ᠤᠨ ᠬᠦᠳᠡᠷ ᠤᠨ ᠡᠯᠡᠰᠦ᠂ ᠲᠦᠭᠦᠬᠡᠢ ᠴᠢᠯᠠᠭᠤᠨ ᠲᠣᠰᠣᠨ ᠤ ᠭᠠᠳᠠᠭᠠᠳᠤ ᠠᠴᠠ ᠣᠷᠣᠭᠤᠯᠤᠭᠰᠠᠨ ᠥᠷᠲᠡᠭ ᠲᠣᠰ ᠲᠣᠰ 253.9 ᠳ᠋ᠦᠩᠰᠢᠭᠤᠷ ᠂ 140.5 ᠳ᠋ᠦᠩᠰᠢᠭᠤᠷ ᠪᠠ 12.4 ᠳ᠋ᠦᠩᠰᠢᠭᠤᠷ ᠲᠥᠭᠦᠷᠢᠭ ᠪᠠᠶᠢᠵᠦ ᠂ ᠠᠳᠠᠯᠢ ᠬᠤᠭᠤᠴᠠᠭᠠᠨ ᠤ ᠬᠢ ᠠᠴᠠ ᠲᠣᠰ ᠲᠣᠰ 135% ᠂ 32.6% ᠪᠠ 35.5% ᠪᠠᠷ ᠨᠡᠮᠡᠭᠳᠡᠵᠡᠢ ᠃ ᠬᠥᠬᠡᠬᠤᠲᠠ ᠪᠣᠭᠤᠮᠲᠠ ᠶᠢᠨ ᠲᠤᠭ᠎ᠠ ᠪᠦᠷᠢᠳᠬᠡᠯ ᠤᠨ ᠵᠠᠳᠠᠯᠤᠯᠲᠠ ᠶᠢᠨ ᠭᠠᠵᠠᠷ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ ᠂ ᠶᠡᠷᠦᠩᠬᠡᠢ ᠳᠤ ᠨᠢ ᠠᠪᠴᠤ ᠦᠵᠡᠪᠡᠯ ᠂ 7 ᠰᠠᠷ᠎ᠠ ᠳᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠣᠷᠣᠭᠤᠯᠤᠯᠲᠠ ᠭᠠᠷᠭᠠᠯᠲᠠ ᠶᠢᠨ ᠬᠡᠪᠴᠢᠶ᠎ᠡ ᠰᠢᠨ᠎ᠡ ᠰᠢᠪᠲᠤᠯᠤᠯᠲᠠ ᠲᠠᠢ ᠪᠣᠯᠵᠤ ᠂ ᠪᠦᠲᠦᠴᠡ ᠨᠢ ᠦᠷᠭᠦᠯᠵᠢᠯᠡᠨ ᠰᠢᠯᠢᠳᠡᠭᠵᠢᠵᠦ ᠂ ᠨᠡᠯᠢᠶᠡᠳ ᠴᠢᠩᠭ᠎ᠠ ᠤᠶᠠᠨ ᠬᠠᠲᠠᠨ ᠴᠢᠨᠠᠷ ᠢ ᠢᠯᠡᠷᠡᠭᠦᠯᠵᠦ ᠂ ᠲᠣᠭᠲᠠᠭᠤᠨ ᠪᠠᠶᠢᠬᠤ ᠶᠢᠨ ᠵᠡᠷᠭᠡ ᠰᠠᠶᠢᠨ ᠰᠠᠶᠢᠬᠠᠨ ᠬᠠᠨᠳᠤᠰᠢ ᠶᠢ ᠪᠠᠲᠤᠯᠠᠭᠰᠠᠨ ᠪᠠᠶᠢᠨ᠎ᠠ ᠃