ᠵᠤᠬᠢᠶᠠᠭᠴᠢ:
ᠴᠠᠭ:2023-08-25
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠷᠠᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠶᠠᠪᠤᠭᠳᠠᠪᠠ ᠾᠧ ᠪᠦᠦ ᠰᠢᠶᠠᠩ ᠶᠠᠷᠢᠶ᠎ᠠ ᠲᠠᠯᠪᠢᠵᠠᠢ
2023 8 ᠰᠠᠷ᠎ᠠ ᠶᠢᠨ 19 ᠤ ᠡᠳᠦᠷ ᠂ 《 ᠡᠬᠢ ᠪᠠᠶᠠᠯᠢᠭ ᠢ ᠬᠤᠷᠠᠮᠳᠤᠭᠤᠯᠵᠤ · ᠬᠥᠭᠵᠢᠯᠲᠡ ᠳᠤ ᠬᠦᠴᠦᠨ ᠴᠢᠳᠠᠯ ᠣᠯᠭᠤᠨᠠᠮ 》 ᠢᠶᠠᠷ ᠭᠤᠣᠯ ᠰᠡᠳᠦᠪ ᠪᠤᠯᠭᠠᠬᠰᠠᠨ ᠷᠠᠰᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠶᠡᠭᠡ ᠬᠤᠷᠠᠯ ᠬᠢᠩᠭᠠᠨ ᠠᠶᠢᠮᠠᠭ ᠤᠨ ᠷᠠᠰᠢᠶᠠᠨ ᠳᠤ ᠶᠠᠪᠤᠭᠳᠠᠪᠠ ᠃
ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠪᠠᠶᠢᠩᠭᠤ ᠶᠢᠨ ᠳᠡᠳ᠋ ᠲᠡᠷᠢᠭᠦᠯᠡᠭᠴᠢ ᠾᠧ ᠪᠦᠦ ᠰᠢᠶᠠᠩ ᠬᠤᠷᠠᠯ ᠳᠤ ᠣᠷᠣᠯᠴᠠᠭᠰᠠᠨ ᠪᠥᠭᠡᠳ ᠲᠠᠯᠪᠢᠪᠠ ᠃
ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠂ ᠳᠡᠳ᠋ ᠨᠠᠷᠢᠨ ᠪᠢᠴᠢᠭ ᠤᠨ ᠳᠠᠷᠤᠭ᠎ᠠ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠢᠨ ᠳᠡᠳ᠋ ᠲᠡᠷᠢᠭᠦᠯᠡᠭᠴᠢ ᠪᠥᠭᠡᠳ ᠨᠠᠷᠢᠨ ᠪᠢᠴᠢᠭ ᠤᠨ ᠳᠠᠷᠤᠭ᠎ᠠ ᠯᠢ ᠳ᠋ᠦᠩ ᠣᠷᠣᠯᠴᠠᠵᠠᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠲᠦᠮᠡᠯ ᠹᠷᠤᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ ᠪᠠᠶᠠᠷ ᠤᠨ ᠦᠭᠡ ᠬᠡᠯᠡᠵᠦ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠬᠢᠯᠡᠭᠴᠢ ᠭᠡᠰᠢᠭᠦᠨ ᠪᠠᠢ ᠴᠢᠩ ᠶᠤᠸᠠᠨ ᠬᠤᠷᠠᠯ ᠢ ᠡᠷᠬᠢᠯᠡᠪᠡ᠃
ᠾᠧ ᠪᠦᠦ ᠰᠢᠶᠠᠩ ᠶᠠᠷᠢᠶᠠᠨ ᠳᠠᠭᠠᠨ᠂ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠲᠥᠪ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢᠨ ᠲᠣᠭᠤᠷᠢᠨ ᠳᠤ᠂ 《 ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ 》 ᠤ ᠬᠦᠷᠢᠶᠡᠨ ᠳᠠᠬᠢ ᠳᠠᠪᠠᠭᠤᠯᠢᠭ ᠢᠶᠠᠨ ᠪᠠᠳᠠᠷᠠᠭᠤᠯᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠲᠠᠢ ᠨᠢᠭᠡ ᠴᠢᠭᠯᠡᠯ ᠢᠶᠠᠷ ᠬᠦᠴᠦᠯᠡᠵᠦ ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ ᠂ ᠴᠢᠨᠠᠷ ᠰᠠᠶᠢᠲᠠᠢ ᠡᠬᠢ ᠪᠠᠶᠠᠯᠢᠭ ᠢ ᠬᠤᠷᠠᠮᠳᠤᠭᠤᠯᠵᠤ ᠂ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠲᠠᠯ᠎ᠠ ᠪᠠᠷ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠᠨ ᠲᠦᠷᠭᠡᠳᠬᠡᠬᠦ ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠪᠠ᠃ ᠭᠤᠮᠢᠨᠳᠠᠩ ᠬᠤᠪᠢᠰᠬᠠᠯᠲᠤ ᠬᠤᠷᠢᠶ᠎ᠠ ᠶᠢᠨ ᠨᠠᠮ ᠤᠨ ᠭᠡᠰᠢᠭᠦᠨ ᠠᠵᠤ ᠠᠬᠤᠶᠢᠯᠠᠯᠲᠠᠨ ᠪᠣᠯᠣᠨ ᠡᠯ᠎ᠡ ᠡᠲᠡᠭᠡᠳ ᠤᠨ ᠠᠵᠤ ᠠᠬᠤᠶᠢᠯᠠᠯᠲᠠᠨ ᠨᠠᠶᠢᠵᠠ ᠨᠠᠷ ᠤᠨ ᠡᠨᠡ ᠤᠳᠠᠭ᠎ᠠ ᠶᠢᠨ ᠶᠡᠭᠡ ᠬᠤᠷᠠᠯ ᠢᠶᠠᠷ ᠠᠵᠠ ᠲᠣᠭᠢᠶᠠᠯ ᠪᠤᠯᠭᠠᠵᠤ ᠂ ᠥᠪᠥᠷ ᠮᠣᠩᠭᠤᠯ ᠤᠨ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠬᠤ ᠳᠤᠮᠳᠠ ᠢᠳᠡᠪᠬᠢᠲᠡᠢ ᠦᠢᠯᠡᠳᠦᠯ ᠦᠵᠡᠭᠦᠯᠵᠦ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠂ ᠠᠵᠤ ᠦᠢᠯᠡᠰ ᠤᠨ ᠠᠮᠤᠷ ᠲᠦᠪᠰᠢᠨ ᠢ ᠪᠠᠲᠤᠯᠠᠬᠤ ᠳᠤᠮᠳᠠ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ ᠃
ᠬᠦᠦᠳᠠᠭᠤᠯᠠ ᠪᠠᠶᠠᠷ ᠤᠨ ᠦᠭᠡ ᠳᠡᠭᠡᠨ᠂ ᠥᠪᠥᠷ ᠮᠣᠩᠭᠤᠯ ᠤᠨ ᠬᠦᠭᠵᠢᠯᠲᠡ ᠶᠢᠨ ᠳᠠᠯᠳᠠ ᠬᠦᠴᠦᠨ ᠯᠤᠲᠤ ᠶᠡᠭᠡ ᠂ ᠬᠠᠮᠲᠤᠷᠠᠯᠴᠠᠭᠠᠨ ᠤ ᠠᠵᠠ ᠲᠣᠭᠢᠶᠠᠯ ᠡᠯᠪᠡᠭ ᠪᠠᠶᠢᠨ᠎ᠠ᠂ ᠲᠠᠷᠢᠶᠠᠯᠠᠩ ᠮᠠᠯ ᠠᠵᠤ ᠠᠬᠤᠢ ᠶᠢᠨ ᠬᠦᠷᠢᠶᠡᠨ ᠳᠠᠬᠢ ᠡᠯ᠎ᠡ ᠠᠺᠠᠳᠧᠮᠢᠴᠢ ᠲᠤᠰᠬᠠᠢ ᠮᠡᠷᠭᠡᠵᠢᠯᠲᠡᠳ ᠤᠨ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠳᠤ ᠬᠠᠪᠰᠤᠷᠤᠯᠭ᠎ᠠ ᠳᠡᠮᠵᠢᠯᠭᠡ ᠦᠵᠡᠭᠦᠯᠭᠦ ᠶᠢ ᠬᠦᠰᠡᠵᠦ ᠂ ᠡᠯ᠎ᠡ ᠠᠵᠤ ᠠᠬᠤᠶᠢᠯᠠᠯᠲᠠᠨ ᠨᠠᠶᠢᠵᠠ ᠨᠠᠷ ᠤᠨ ᠥᠪᠥᠷ ᠮᠣᠩᠭᠤᠯ ᠳᠤ ᠠᠩᠬᠠᠷᠤᠯ ᠢᠶᠠᠨ ᠲᠥᠪᠯᠡᠷᠡᠭᠦᠯᠵᠦ ᠂ ᠥᠪᠥᠷ ᠮᠣᠩᠭᠤᠯ ᠳᠤ ᠬᠦᠷᠦᠯᠴᠡᠨ ᠢᠷᠡᠵᠦ ᠂ ᠥᠪᠥᠷ ᠮᠣᠩᠭᠤᠯ ᠳᠤ ᠪᠡᠯᠡ ᠣᠷᠣᠭᠤᠯᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ ᠭᠡᠵᠦ ᠬᠡᠯᠡᠪᠡ ᠃
ᠠᠵᠢᠯᠯᠠᠭ᠎ᠠ ᠶᠢᠨ ᠬᠤᠭᠤᠴᠠᠭᠠᠨ ᠳᠤ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠦ᠋ ᠺᠦᠩ ᠮᠢᠩ ᠂ ᠶᠢᠨ ᠢᠦᠢ ᠯᠦᠩ ᠵᠡᠷᠭᠡ 《 ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ 》 ᠤ ᠠᠵᠢᠯ ᠤᠨ ᠬᠦᠷᠢᠶᠡᠨ ᠳᠠᠬᠢ ᠲᠤᠰᠬᠠᠢ ᠮᠡᠷᠭᠡᠵᠢᠯᠲᠡᠨ ᠡᠷᠳᠡᠮᠲᠡᠨ᠂ ᠠᠵᠤ ᠠᠬᠤᠶᠢᠯᠠᠯᠲᠠᠨ ᠤ ᠲᠥᠯᠥᠭᠡᠯᠡᠭᠴᠢ ᠲᠣᠰ ᠲᠣᠰ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠪᠠᠷ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠂ ᠴᠢᠳᠠᠮᠵᠢᠲᠤ ᠲᠠᠷᠢᠶᠠᠯᠠᠩ ᠬᠢᠭᠡᠳ ᠳᠠᠷᠢᠵᠤ ᠲᠡᠵᠢᠭᠡᠬᠦ ᠶᠢ ᠨᠢᠭᠡ ᠴᠣᠭᠴᠠᠵᠢᠭᠤᠯᠬᠤ ᠵᠡᠷᠭᠡ ᠭᠤᠣᠯ ᠰᠡᠳᠦᠪ ᠤᠨ ᠲᠣᠭᠤᠷᠢᠨ ᠳᠤ ᠭᠤᠣᠯ ᠵᠤᠷᠢᠯᠳᠠᠳᠤ ᠶᠠᠷᠢᠶ᠎ᠠ ᠢᠯᠡᠳᠬᠡᠯ ᠬᠢᠪᠡ ᠃ 《 ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢ ᠨᠠᠷᠢᠯᠢᠭ ᠭᠦᠨᠵᠡᠭᠡᠢ ᠡᠳ᠋ᠰᠢᠭᠦᠯᠬᠦ》《 ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠲᠡᠮᠳᠡᠭ ᠤᠨ ᠴᠢᠨᠠᠷ ᠰᠠᠶᠢᠲᠠᠢ ᠬᠥᠭᠵᠢᠯᠲᠡ 》《 ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠠᠩᠭᠠᠯᠭ᠎ᠠ ᠶᠢᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ 》 ᠭᠡᠬᠦ ᠭᠤᠣᠯ ᠰᠡᠳᠦᠪ ᠤᠨ ᠲᠣᠭᠤᠷᠢᠨ ᠳᠤ ᠵᠡᠷᠭᠡ ᠪᠠᠷ ᠶᠠᠪᠤᠭᠳᠠᠬᠤ ᠭᠤᠷᠪᠠᠨ ᠲᠠᠯᠠᠪᠠᠶ ᠰᠤᠳᠤᠯᠤᠨ ᠶᠠᠷᠢᠯᠴᠠᠬᠤ ᠬᠤᠷᠠᠯ ᠬᠢᠭᠰᠡᠨ ᠪᠥᠭᠡᠳ ᠥᠪᠥᠷ ᠮᠣᠩᠭᠤᠯ ᠤᠨ ᠪᠣᠬᠢᠷᠳᠤᠯ ᠦᠭᠡᠢ ᠲᠠᠷᠢᠶᠠᠯᠠᠩ ᠮᠠᠯ ᠠᠵᠤ ᠠᠬᠤᠢ ᠶᠢᠨ ᠲᠥᠷᠥᠯ ᠲᠡᠮᠳᠡᠭ ᠤᠨ ᠪᠦᠲᠦᠭᠡᠭᠳᠡᠬᠦᠨ ᠤ ᠦᠵᠡᠭᠦᠯᠭᠡ ᠡᠷᠭᠢᠯᠡᠵᠤ ᠂ ᠲᠤᠬᠠᠢ ᠶᠢᠨ ᠲᠠᠯᠠᠪᠠᠶ ᠳᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ 27 ᠲᠥᠷᠥᠯ ᠵᠦᠢᠯ ᠳᠤ ᠭᠠᠷ ᠤᠨ ᠥᠰᠥᠭ ᠵᠢᠷᠤᠵᠤ ᠂ ᠶᠡᠷᠦᠩᠬᠡᠢ ᠪᠡᠯᠡ ᠣᠷᠣᠭᠤᠯᠤᠯᠲᠠ ᠶᠢᠨ ᠬᠡᠮᠵᠢᠶ᠎ᠡ ᠨᠢ 129.7 ᠳ᠋ᠦᠩᠰᠢᠭᠤᠷ ᠲᠥᠭᠦᠷᠢᠭ ᠲᠤ ᠬᠦᠷᠴᠡᠢ᠃