ᠵᠤᠬᠢᠶᠠᠭᠴᠢ:
ᠴᠠᠭ:2023-08-25
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ ᠬᠤᠷᠠᠯ ᠢ ᠬᠤᠷᠠᠯᠳᠤᠭᠤᠯᠪᠠ ᠰᠦᠨ ᠱᠣᠣ ᠴᠧᠩ ᠶᠠᠷᠢᠶ᠎ᠠ ᠲᠠᠯᠪᠢᠵᠠᠢ
2023 8 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠬᠦ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠣ ᠴᠧᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
ᠬᠤᠷᠠᠯ ᠠᠴᠠ ᠭᠤᠷᠪᠠᠨ ᠵᠢᠯ ᠤᠨ ᠲᠤᠷᠰᠢᠬᠢ ᠪᠥᠬᠦ ᠣᠷᠣᠨ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠭᠰᠡᠨ ᠠᠵᠢᠯ ᠤᠨ ᠪᠠᠶᠢᠳᠠᠯ ᠪᠣᠯᠣᠨ ᠳᠠᠷᠠᠭᠠᠴᠢ ᠶᠢᠨ ᠠᠯᠬᠤᠮ ᠤᠨ ᠠᠵᠢᠯ ᠤᠨ ᠲᠣᠬᠢᠷᠠᠭᠤᠯᠤᠯᠲᠠ ᠶᠢ ᠨᠡᠶᠢᠲᠡᠯᠡᠵᠦ᠂ ᠲᠦᠩᠯᠢᠶᠣᠣ ᠬᠤᠲᠠ᠂ ᠰᠢᠯᠢ ᠶᠢᠨ ᠭᠤᠣᠯ ᠠᠶᠢᠮᠠᠭ ᠠᠵᠢᠯ ᠤᠨ ᠬᠠᠷᠢᠭᠤ ᠮᠡᠳᠡᠭᠦᠯᠦᠯᠲᠡ ᠬᠢᠵᠡᠢ᠃
ᠰᠦᠨ ᠱᠣᠣ ᠴᠧᠩ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ᠎ᠠ᠂ ᠴᠥᠭᠡᠨ ᠲᠣᠭᠠᠲᠤ ᠦᠨᠳᠦᠰᠦᠲᠡᠨ ᠤ ᠣᠯᠠᠨ ᠲᠦᠮᠡᠨ ᠢ ᠣᠳᠣᠬᠢᠴᠢᠯᠠᠯᠲᠠ ᠲᠡᠶᠢᠰᠢ ᠨᠡᠩ ᠰᠠᠶᠢᠲᠤᠷ ᠤᠷᠤᠭᠰᠢᠯᠠᠭᠤᠯᠬᠤ ᠶᠢᠨ ᠲᠥᠯᠥᠭᠡ ᠶᠤᠮ᠃ ᠬᠡᠦᠬᠡᠳ ᠤᠨ ᠰᠤᠷᠭᠠᠭᠤᠯᠢ ᠳᠠᠪᠰᠢᠬᠤ ᠶᠢ ᠨᠥᠯᠥᠭᠡᠯᠡᠬᠦ ᠦᠭᠡᠢ᠂ ᠬᠡᠦᠬᠡᠳ ᠤᠨ ᠠᠵᠢᠯ ᠣᠯᠬᠤ ᠳᠤ ᠠᠰᠢᠭᠲᠠᠢ᠂ ᠬᠤᠯᠪᠣᠭᠳᠠᠯ ᠪᠦᠬᠦᠢ ᠪᠠᠭᠰᠢ ᠶᠢ ᠲᠣᠬᠢᠲᠠᠢ ᠲᠥᠪᠬᠢᠨᠡᠭᠦᠯᠪᠡᠯ᠂ ᠦᠨᠳᠦᠰᠦᠲᠡᠨ ᠨᠦᠭᠦᠳ ᠤᠨ ᠬᠡᠦᠬᠡᠳ ᠤᠳ ᠬᠥᠭᠵᠢᠯᠲᠡ ᠳᠠᠪᠰᠢᠯᠲᠠ ᠶᠢ ᠬᠠᠮᠲᠤ ᠪᠠᠷ ᠪᠡᠶᠡᠯᠡᠭᠦᠯᠵᠦ᠂ ᠰᠠᠶᠢᠨ ᠰᠠᠶᠢᠬᠠᠨ ᠢᠷᠡᠭᠡᠳᠦᠢ ᠲᠠᠢ ᠪᠣᠯᠵᠤ ᠴᠢᠳᠠᠨ᠎ᠠ᠃ ᠪᠢᠳᠡ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠡᠯ᠎ᠡ ᠵᠦᠢᠯ ᠤᠨ ᠠᠵᠢᠯ ᠢ ᠪᠣᠳᠠᠲᠠᠢ ᠨᠠᠷᠢᠯᠢᠭ ᠬᠢᠵᠦ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠡᠵᠡᠮᠰᠢᠨ ᠰᠠᠶᠢᠲᠤᠷ ᠬᠡᠷᠡᠭᠯᠡᠬᠦ ᠶᠢ ᠪᠠᠲᠤᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠤ ᠬᠠᠷᠢᠭᠤᠴᠠᠯᠭ᠎ᠠ ᠡᠭᠦᠷᠭᠡᠯᠡᠯ ᠪᠠ ᠵᠢᠳᠬᠦᠯ ᠴᠢᠷᠮᠠᠶᠢᠯᠭ᠎ᠠ ᠶᠢ ᠨᠡᠩ ᠰᠠᠶᠢᠲᠤᠷ ᠢᠯᠡᠷᠡᠭᠦᠯᠬᠦ ᠬᠡᠷᠡᠭᠲᠡᠢ᠃ ᠨᠢᠭᠡ ᠳᠤ᠂ ᠬᠠᠷᠢᠭᠤᠴᠠᠯᠭ᠎ᠠ ᠶᠢ ᠪᠣᠳᠠᠲᠠᠢ ᠨᠠᠶᠢᠳᠠᠪᠤᠷᠢᠵᠢᠭᠤᠯᠵᠤ᠂ ᠡᠯ᠎ᠡ ᠱᠠᠲᠤ ᠳᠠᠪᠬᠤᠷᠭ᠎ᠠ᠂ ᠡᠯ᠎ᠡ ᠲᠠᠯ᠎ᠠ᠂ ᠡᠯ᠎ᠡ ᠭᠤᠭᠴᠤᠭ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠪᠦᠬᠦᠯᠢ ᠴᠣᠭᠴᠠ ᠶᠢᠨ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠰᠢᠯᠢᠳᠡᠭ ᠰᠤᠷᠲᠠᠯ ᠢ ᠪᠠᠳᠠᠷᠠᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠡᠰᠡᠷᠭᠦᠴᠡᠨ ᠲᠡᠪᠴᠢᠵᠦ᠂ 《ᠤᠳᠠᠭᠠᠨ》《ᠪᠦᠳᠦᠭᠦᠯᠢᠭ》《ᠬᠡᠶᠢᠰᠪᠦᠷᠢ》 ᠵᠡᠷᠭᠡ ᠠᠰᠠᠭᠤᠳᠠᠯ ᠢᠶᠠᠷ ᠠᠵᠢᠯ ᠤᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠨᠥᠯᠥᠭᠡᠯᠡᠵᠦ ᠶᠠᠭᠠᠬᠢᠭᠰᠠᠨ ᠴᠤ ᠪᠣᠯᠬᠤ ᠦᠭᠡᠢ᠃ ᠬᠤᠶᠠᠷ ᠲᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠪᠣᠳᠠᠲᠠᠶᠢᠵᠢᠭᠤᠯᠵᠤ᠂ ᠵᠥᠪ ᠦᠵᠡᠯ ᠰᠠᠨᠠᠭᠠᠨ ᠤ ᠠᠵᠢᠯ ᠤᠨ ᠠᠷᠭ᠎ᠠ ᠶᠢ ᠡᠵᠡᠮᠰᠢᠵᠦ᠂ ᠤᠬᠠᠭᠤᠯᠵᠤ ᠬᠥᠲᠥᠯᠥᠨ ᠵᠢᠯᠣᠭᠤᠳᠬᠤ ᠶᠢᠨ ᠢᠲᠡᠭᠡᠭᠦᠯᠬᠦ ᠬᠦᠴᠦᠨ ᠪᠠ ᠨᠥᠯᠥᠭᠡᠯᠡᠬᠦ ᠬᠦᠴᠦᠨ ᠢ ᠨᠡᠮᠡᠭᠳᠡᠭᠦᠯᠬᠦ ᠬᠡᠷᠡᠭᠲᠡᠢ᠃ ᠣᠯᠠᠨ ᠲᠦᠮᠡᠨ ᠪᠣᠯ ᠤᠬᠠᠮᠰᠠᠷ ᠲᠠᠢ ᠶᠤᠮ᠂ ᠪᠢᠳᠡ ᠶᠣᠰᠣ ᠤᠴᠢᠷ ᠢ ᠲᠣᠳᠣᠷᠬᠠᠢ ᠶᠠᠷᠢᠵᠤ᠂ ᠠᠵᠢᠯ ᠢᠶᠠᠨ ᠯᠠᠪᠳᠠᠭᠤᠨ ᠪᠠᠲᠤᠲᠠᠢ ᠬᠢᠳᠡᠭ ᠯᠡ ᠶᠤᠮ ᠪᠣᠯ ᠦᠨᠳᠦᠰᠦᠲᠡᠨ ᠨᠦᠭᠦᠳ ᠤᠨ ᠣᠯᠠᠨ ᠲᠦᠮᠡᠨ ᠯᠠᠪᠲᠠᠢ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠲᠠᠢ ᠰᠡᠳᠬᠢᠯ ᠨᠢᠭᠡᠳᠦᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠬᠠᠮᠲᠤ ᠪᠠᠷ ᠡᠷᠡᠯᠬᠡᠭᠯᠡᠨ ᠤᠷᠤᠭᠰᠢᠯᠠᠬᠤ ᠶᠤᠮ᠃ ᠭᠤᠷᠪᠠ ᠳᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠵᠤ᠂ ᠣᠷᠣᠨ ᠲᠤᠭ᠎ᠠ ᠲᠣᠬᠢᠷᠠᠭᠤᠯᠬᠤ᠂ ᠠᠵᠢᠯ ᠤᠨ ᠪᠠᠶᠢᠷᠢ ᠰᠣᠯᠢᠯᠴᠠᠨ ᠡᠭᠡᠯᠵᠢᠯᠡᠬᠦ᠂ ᠪᠠᠭᠰᠢ ᠶᠢᠨ ᠪᠣᠯᠪᠠᠰᠤᠷᠠᠯ᠂ ᠵᠠᠷᠤᠳᠠᠯ ᠤᠨ ᠪᠠᠲᠤᠯᠠᠭ᠎ᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠵᠢᠭᠠᠨ ᠰᠤᠷᠭᠠᠯᠲᠠ ᠶᠢᠨ ᠨᠥᠬᠦᠴᠡᠯ ᠢ ᠰᠠᠶᠢᠵᠢᠷᠠᠭᠤᠯᠵᠤ᠂ ᠰᠤᠷᠭᠠᠭᠤᠯᠢ ᠡᠷᠬᠢᠯᠡᠬᠦ ᠵᠠᠭᠪᠤᠷ ᠤᠨ ᠰᠢᠨ᠎ᠡ ᠶᠢ ᠡᠭᠦᠳᠴᠦ᠂ ᠠᠷᠭ᠎ᠠ ᠪᠥᠬᠦᠨ ᠢ ᠰᠦᠪᠡᠭᠴᠢᠯᠡᠨ ᠰᠤᠷᠭᠠᠨ ᠬᠥᠮᠥᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠪᠠᠭᠰᠢ ᠶᠢ ᠰᠡᠳᠬᠢᠯ ᠠᠮᠤᠷ ᠪᠠᠶᠢᠯᠭᠠᠵᠤ᠂ ᠭᠡᠷ ᠤᠨ ᠠᠬᠠᠮᠠᠳ ᠢ ᠰᠠᠨᠠᠭ᠎ᠠ ᠠᠮᠤᠷ ᠪᠠᠶᠢᠯᠭᠠᠵᠤ᠂ ᠰᠣᠷᠣᠭᠴᠢᠳ ᠢ ᠰᠠᠶᠢᠲᠤᠷ ᠰᠣᠷᠣᠯᠴᠠᠭᠤᠯᠬᠤ ᠬᠡᠷᠡᠭᠲᠡᠢ᠃ ᠳᠥᠷᠪᠡ ᠳᠤ᠂ ᠵᠢᠭᠠᠨ ᠵᠢᠯᠣᠭᠤᠳᠴᠤ ᠱᠠᠯᠠᠪᠳᠠᠭᠤᠯᠤᠨ ᠵᠢᠯᠣᠭᠤᠳᠬᠤ ᠪᠠ ᠰᠢᠯᠭᠠᠨ ᠦᠨᠡᠯᠡᠬᠦ ᠶᠢ ᠪᠣᠳᠠᠲᠠᠶᠢᠵᠢᠭᠤᠯᠵᠤ᠂ 《ᠵᠢᠯᠣᠭᠤᠳᠬᠤ》 ᠳᠤ ᠠᠷᠭ᠎ᠠ ᠲᠠᠢ᠂ 《ᠱᠠᠯᠠᠪᠳᠠᠭᠤᠯᠬᠤ》 ᠳᠤ ᠬᠦᠴᠦᠲᠡᠢ᠂ 《ᠰᠢᠯᠭᠠᠨ ᠦᠨᠡᠯᠡᠬᠦ》 ᠳᠤ ᠪᠦᠲᠦᠮᠵᠢᠲᠡᠢ ᠪᠠᠶᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ ᠭᠡᠪᠡ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠶᠠᠩ ᠸᠧᠢ ᠳ᠋ᠦᠩ ᠬᠤᠷᠠᠯ ᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠰᠢᠶᠠᠨ ᠬᠤᠸᠠ᠂ ᠶᠠᠩ ᠵᠢᠶᠧ ᠬᠤᠷᠠᠯ ᠳᠤ ᠣᠷᠣᠯᠴᠠᠵᠠᠢ᠃
ᠬᠤᠷᠠᠯ ᠢ ᠸᠢᠳᠢᠣ᠋ ᠬᠡᠯᠪᠡᠷᠢ ᠪᠠᠷ ᠬᠤᠷᠠᠯᠳᠤᠭᠤᠯᠵᠤ᠂ ᠡᠯ᠎ᠡ ᠠᠶᠢᠮᠠᠭ ᠬᠤᠲᠠ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠵᠠᠢ᠃