ᠵᠤᠬᠢᠶᠠᠭᠴᠢ:
ᠴᠠᠭ:2023-08-25
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠢᠨ ᠮᠠᠨ ᠤ ᠣᠷᠣᠨ ᠤ 40 ᠭᠠᠷᠤᠢ ᠲᠦᠮᠡᠨ ᠵᠡᠮᠳᠡᠭᠴᠦᠳ ᠲᠤ ᠭᠡᠨᠡᠳᠲᠡ ᠶᠢᠨ ᠰᠢᠷᠬᠠᠲᠤᠯ ᠤᠨ ︽ᠬᠠᠮᠠᠭᠠᠯᠠᠯᠲᠠ︾ ᠨᠥᠮᠥᠷᠭᠡᠵᠡᠢ
ᠣᠶᠢᠷ᠎ᠠ ᠶᠢᠨ ᠬᠡᠳᠦᠨ ᠡᠳᠦᠷ ᠂ ᠪᠤᠭᠤᠲᠤ ᠬᠤᠳᠠ ᠶᠢᠨ ᠬᠥᠨᠳᠡᠯᠡᠨ ᠲᠣᠭᠤᠷᠢᠭ ᠤᠨ ᠮᠢᠨ ᠰᠠᠭᠤᠭᠠᠯᠢ ᠠᠷᠠᠳ ᠤᠨ ᠲᠣᠭᠤᠷᠢᠭ ᠲᠤ ᠰᠠᠭᠤᠭ᠎ᠠ ᠵᠡᠮᠳᠡᠭ ᠬᠥᠮᠥᠨ ᠵᠠᠩ ᠠᠪᠤᠭᠠᠢ ᠮᠠᠰᠢ ᠪᠠᠶᠠᠷᠯᠠᠵᠤ ᠪᠠᠶᠢᠪᠠ ᠃ ᠳᠠᠩᠰᠠᠨ ᠳᠤ ᠣᠷᠣᠭᠰᠠᠨ ᠶᠠᠩ ᠭᠤᠸᠠᠩ ᠡᠳ᠋ ᠬᠦᠷᠦᠩᠭᠡ ᠶᠢᠨ ᠳᠠᠭᠠᠳᠬᠠᠯ ᠤᠨ ᠺᠣᠮᠫᠠᠨᠢ ᠶᠢᠨ ᠲᠥᠯᠥᠪᠦᠷᠢ ᠶᠢᠨ ᠮᠥᠩᠭᠦ ᠶᠢ ᠬᠠᠷᠠᠭᠠᠳ ᠲᠡᠷᠡ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠬᠢᠨ ᠲᠡᠭᠦᠨ ᠢ ᠭᠡᠨᠡᠳᠲᠡ ᠶᠢᠨ ᠰᠢᠷᠬᠠᠲᠤᠯ ᠤᠨ ᠳᠠᠭᠠᠳᠬᠠᠯ ᠳᠤ ᠣᠷᠣᠭᠤᠯᠵᠤ ᠥᠭᠭᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠪᠠ ᠃
ᠡᠮᠦᠨᠡᠬᠡᠨ ᠂ ᠵᠠᠩ ᠠᠪᠤᠭᠠᠢ ᠳᠤᠭᠤᠢ ᠤᠨᠤᠵᠤ ᠪᠠᠶᠢᠬᠤ ᠳᠤ ᠪᠠᠨ ᠣᠶᠢᠴᠢᠵᠤ ᠰᠢᠷᠬᠠᠲᠤᠭᠠᠳ ᠂ ᠡᠮᠴᠢᠯᠡᠭᠡᠨ ᠤ ᠵᠠᠷᠤᠳᠠᠯ 7800 ᠭᠠᠷᠤᠢ ᠲᠥᠭᠦᠷᠢᠭ ᠵᠠᠷᠤᠴᠠᠭᠤᠯᠵᠠᠢ ᠃ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠪᠥᠬᠦ ᠣᠷᠣᠨ ᠤ 0 ᠠᠴᠠ 59 ᠪᠦᠬᠦᠯᠢ ᠨᠠᠰᠤᠨ ᠤ ᠦᠨᠡᠮᠯᠡᠯ ᠲᠠᠢ ᠵᠡᠮᠳᠡᠭᠴᠦᠳ ᠲᠤ ᠴᠥᠮ ᠭᠡᠨᠡᠳᠲᠡ ᠶᠢᠨ ᠰᠢᠷᠬᠠᠲᠤᠯ ᠤᠨ ᠳᠠᠭᠠᠳᠬᠠᠯ ᠬᠤᠳᠠᠯᠳᠤᠨ ᠠᠪᠴᠤ ᠥᠭᠭᠦᠭᠰᠡᠨ ᠠᠴᠠ ᠵᠠᠩ ᠠᠪᠤᠭᠠᠢ ᠳᠠᠭᠠᠳᠬᠠᠯ ᠤᠨ ᠺᠣᠮᠫᠠᠨᠢ ᠶᠢᠨ ᠲᠥᠯᠥᠪᠦᠷᠢ ᠶᠢ ᠣᠯᠪᠠ ᠃ 《ᠡᠮᠴᠢᠯᠡᠭᠡ ᠶᠢᠨ ᠳᠠᠭᠠᠳᠬᠠᠯ ᠠᠴᠠ ᠪᠤᠰᠤᠳ ᠵᠠᠷᠤᠳᠠᠯ ᠢ ᠪᠦᠬᠦᠨ ᠢ ᠳᠠᠭᠠᠳᠬᠠᠯ ᠤᠨ ᠺᠣᠮᠫᠠᠨᠢ ᠠᠴᠠ ᠲᠥᠯᠥᠵᠦ ᠥᠭᠴᠡᠢ ᠂ ᠬᠡᠷᠪᠡ ᠡᠨᠡ ᠬᠦ ᠭᠡᠨᠡᠳᠲᠡ ᠶᠢᠨ ᠰᠢᠷᠬᠠᠲᠤᠯ ᠤᠨ ᠳᠠᠭᠠᠳᠬᠠᠯ ᠤᠨ ᠪᠠᠲᠤᠯᠠᠭ᠎ᠠ ᠦᠭᠡᠢ ᠪᠣᠯ ᠡᠨᠡ ᠵᠣᠭᠤᠰ ᠨᠢ ᠮᠠᠨ ᠤ ᠭᠡᠷ ᠲᠤ ᠪᠠᠭ᠎ᠠ ᠪᠤᠰᠤ ᠳᠠᠷᠤᠭᠠᠰᠤ ᠪᠣᠯᠬᠤ ᠶᠤᠮ》 ᠭᠡᠵᠦ ᠵᠠᠩ ᠠᠪᠤᠭᠠᠢ ᠰᠡᠳᠬᠢᠯ ᠬᠥᠳᠡᠯᠦᠨ ᠬᠡᠯᠡᠪᠡ ᠃
ᠣᠶᠢᠯᠠᠭᠠᠭᠰᠠᠨ ᠢᠶᠠᠷ ᠂ ᠵᠡᠮᠳᠡᠭᠴᠦᠳ ᠤᠨ ᠡᠳᠦᠷ ᠲᠤᠲᠤᠮ ᠤᠨ ᠠᠵᠢᠯ ᠪᠠ ᠠᠮᠢᠳᠤᠷᠠᠯ ᠤᠨ ᠳᠤᠮᠳᠠ ᠮᠠᠰᠢ ᠣᠯᠠᠨ ᠳᠥᠭᠦᠮ ᠦᠭᠡᠢ ᠵᠦᠢᠯ ᠪᠠᠶᠢᠬᠤ ᠪᠥᠭᠡᠳ ᠡᠩ ᠤᠨ ᠬᠥᠮᠥᠰ ᠠᠴᠠ ᠨᠡᠩ ᠠᠮᠠᠷᠬᠠᠨ ᠭᠡᠨᠡᠳᠲᠡ ᠶᠢᠨ ᠰᠢᠷᠬᠠᠲᠤᠯ ᠳᠤ ᠤᠴᠠᠷᠠᠳᠠᠭ ᠃ ᠵᠡᠮᠳᠡᠭᠴᠦᠳ ᠤᠨ ᠨᠡᠶᠢᠭᠡᠮ ᠤᠨ ᠬᠠᠯᠠᠮᠵᠢᠯᠠᠨ ᠬᠠᠶᠢᠷᠠᠯᠠᠬᠤ ᠲᠣᠭᠲᠠᠯᠴᠠᠭ᠎ᠠ ᠶᠢ ᠪᠠᠶᠢᠭᠤᠯᠬᠤ ᠶᠢᠨ ᠲᠥᠯᠥᠭᠡ ᠂ 2023 ᠣᠨ ᠤ 6 ᠳ᠋ᠤᠭᠠᠷ ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠤᠨ ᠬᠤᠯᠪᠣᠭᠠᠲᠤ ᠬᠤᠷᠠᠯ ᠪᠦᠬᠦ ᠣᠷᠣᠨ ᠤ 0 ᠠᠴᠠ ᠪᠦᠬᠦᠯᠢ 59 ᠨᠠᠰᠤᠨ ᠤ 40 ᠭᠠᠷᠤᠢ ᠲᠦᠮᠡᠨ ᠦᠨᠡᠮᠯᠡᠯ ᠲᠠᠢ ᠵᠡᠮᠳᠡᠭᠴᠦᠳ ᠲᠤ ᠭᠡᠨᠡᠳᠲᠡ ᠶᠢᠨ ᠰᠢᠷᠬᠠᠲᠤᠯ ᠤᠨ ᠳᠠᠭᠠᠳᠬᠠᠯ ᠬᠤᠳᠠᠯᠳᠤᠨ ᠠᠪᠴᠤ ᠥᠭᠴᠡᠢ ᠃ ᠳᠠᠭᠠᠳᠬᠠᠯ ᠤᠨ ᠬᠤᠭᠤᠴᠠᠭ᠎ᠠ ᠨᠢ 2023 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ 2024 ᠣᠨ ᠤ 6 ᠳ᠋ᠤᠭᠠᠷ ᠰᠠᠷ᠎ᠠ ᠶᠢᠨ 29 ᠤ ᠡᠳᠦᠷ ᠪᠣᠯᠲᠠᠯ᠎ᠠ ᠂ ᠶᠠᠩ ᠭᠤᠸᠠᠩ ᠡᠳ᠋ ᠬᠦᠷᠦᠩᠭᠡ ᠶᠢᠨ ᠳᠠᠭᠠᠳᠬᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠺᠣᠮᠫᠠᠨᠢ ᠠᠴᠠ ᠳᠠᠭᠠᠳᠬᠠᠯ ᠳᠠᠭᠠᠭᠠᠵᠤ᠂ ᠵᠡᠮᠳᠡᠭᠴᠦᠳ ᠤᠨ ᠭᠡᠷ ᠪᠦᠯᠢ ᠶᠢᠨ ᠡᠷᠡᠰᠳᠡᠯ ᠢ ᠡᠰᠡᠷᠭᠦᠴᠡᠬᠦ ᠴᠢᠳᠠᠪᠤᠷᠢ ᠶᠢ ᠴᠢᠩᠭᠠᠳᠬᠠᠨ ᠂ ᠵᠡᠮᠳᠡᠭᠴᠦᠳ ᠲᠤ 《 ᠬᠠᠮᠠᠭᠠᠯᠠᠯᠲᠠ 》 ᠨᠥᠮᠥᠷᠭᠡᠵᠦ᠂ ᠵᠡᠮᠳᠡᠭᠴᠦᠳ ᠤᠨ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠪᠠ ᠠᠮᠤᠷ ᠲᠦᠪᠰᠢᠨ ᠤ ᠲᠥᠷᠥᠭᠳᠡᠯ ᠢ ᠤᠯᠠᠮ ᠨᠢᠭᠡ ᠠᠯᠬᠤᠮ ᠨᠡᠮᠡᠭᠳᠡᠭᠦᠯᠪᠡ᠃