ᠵᠤᠬᠢᠶᠠᠭᠴᠢ:
ᠴᠠᠭ:2023-09-22
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠪᠡᠭᠡᠵᠢᠩ ᠳᠤ ᠡᠬᠢᠯᠡᠪᠡ ᠰᠢ ᠶᠢᠨ ᠫᠢᠩ ᠯᠢ ᠴᠢᠶᠠᠩ ᠵᠤᠤ ᠯᠧ ᠵᠢᠢ ᠸᠠᠩ ᠬᠤ᠋ ᠨᠢᠩ ᠼᠠᠢ ᠴᠢ ᠬᠤᠷᠠᠯ ᠳᠤ ᠣᠷᠣᠯᠴᠠᠵᠤ ᠪᠠᠶᠠᠷ ᠬᠦᠷᠭᠡᠵᠡᠢ ᠳ᠋ᠢᠩ ᠰᠢᠤᠸᠠᠢ ᠰᠢᠶᠠᠩ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠪᠡ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 9 ᠰᠠᠷ᠎ᠠ ᠶᠢᠨ 18 ᠤ ᠴᠠᠭᠢᠯᠭᠠᠨ ᠮᠡᠳᠡᠭᠡ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ 18 ᠤ ᠦᠳᠡ ᠶᠢᠨ ᠡᠮᠦᠨ᠎ᠡ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢ ᠶᠢᠨ ᠫᠢᠩ᠂ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠬᠤᠷᠠᠯ ᠳᠤ ᠣᠷᠣᠯᠴᠠᠨ ᠪᠠᠶᠠᠷ ᠬᠦᠷᠭᠡᠵᠦ᠂ ᠳ᠋ᠢᠩ ᠰᠢᠤᠸᠠᠢ ᠰᠢᠶᠠᠩ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ ᠪᠠᠶᠠᠷ ᠤᠨ ᠦᠭᠡ ᠬᠡᠯᠡᠪᠡ᠃
ᠠᠷᠠᠳ ᠤᠨ ᠶᠡᠭᠡ ᠬᠤᠷᠠᠯ ᠤᠨ ᠲᠠᠩᠬᠢᠮ ᠤᠨ ᠶᠣᠰᠣᠯᠠᠯ ᠤᠨ ᠲᠠᠩᠬᠢᠮ ᠳᠤ ᠳ᠋ᠧᠩ ᠤᠨ ᠭᠡᠷᠡᠯ ᠳᠤᠸᠠᠯᠠᠵᠤ᠂ ᠠᠭᠤᠷ ᠠᠮᠢᠰᠬᠤᠯ ᠦᠪᠡᠳᠡᠭᠰᠢ ᠶᠡᠭᠡ ᠪᠥᠭᠡᠳ ᠭᠦᠷ ᠬᠥᠭᠵᠢᠶᠡᠨ ᠲᠠᠢ ᠪᠠᠶᠢᠯ᠎ᠠ᠃ ᠲᠡᠷᠢᠭᠦᠯᠡᠭᠴᠢ ᠶᠢᠨ ᠲᠠᠶᠢᠰᠠᠨ ᠤ ᠳᠡᠭᠡᠷ᠎ᠡ ᠲᠠᠯ᠎ᠠ ᠳᠤ《ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ》ᠭᠡᠬᠦ ᠬᠤᠷᠠᠯ ᠤᠨ ᠲᠡᠮᠳᠡᠭ ᠢ ᠡᠯᠭᠦᠵᠦ᠂ ᠠᠷᠤ ᠬᠥᠰᠢᠭᠡ ᠶᠢᠨ ᠭᠤᠣᠯ ᠳᠤᠮᠳᠠ ᠨᠢ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠰᠦᠯᠳᠡ ᠲᠡᠮᠳᠡᠭ ᠤᠨᠴᠠᠭᠠᠢ ᠬᠠᠷᠠᠭᠳᠠᠵᠤ᠂ 10 ᠤᠯᠠᠭᠠᠨ ᠲᠤᠭ ᠢ ᠬᠤᠶᠠᠷ ᠭᠠᠷᠯᠠᠨ ᠵᠢᠭᠰᠠᠭᠠᠪᠠ᠃ ᠬᠤᠶᠠᠳᠤᠭᠠᠷ ᠳᠠᠪᠬᠤᠷᠯᠢᠭ ᠤᠨ ᠪᠠᠷᠠᠯᠠᠬᠤ ᠲᠠᠶᠢᠰᠠᠨ ᠳᠡᠭᠡᠷ᠎ᠡ 《ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠂ ᠥᠷᠭᠡᠨ ᠣᠯᠠᠨ ᠵᠡᠮᠳᠡᠭᠴᠦᠳ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠨᠠᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠶ᠎ᠠ ︕》 ᠭᠡᠬᠦ ᠲᠣᠮᠣ ᠬᠥᠨᠳᠡᠯᠡᠨ ᠪᠢᠴᠢᠭᠡᠰᠦ ᠡᠯᠭᠦᠵᠡᠢ᠃ ᠪᠦᠭᠦ ᠤᠯᠤᠰ ᠤᠨ ᠡᠯ᠎ᠡ ᠭᠠᠵᠠᠷ ᠠᠴᠠ ᠬᠦᠷᠦᠯᠴᠡᠨ ᠢᠷᠡᠭᠰᠡᠨ 600 ᠭᠠᠷᠤᠢ ᠲᠥᠯᠥᠭᠡᠯᠡᠭᠴᠢ᠂ 8500 ᠲᠦᠮᠡᠨ ᠵᠡᠮᠳᠡᠭᠴᠦᠳ ᠤᠨ ᠬᠦᠨᠳᠦ ᠨᠠᠶᠢᠳᠠᠯᠭ᠎ᠠ ᠶᠢ ᠠᠪᠴᠤ ᠶᠡᠭᠡ ᠬᠤᠷᠠᠯ ᠳᠤ ᠣᠷᠣᠯᠴᠠᠪᠠ᠃
ᠦᠳᠡ ᠶᠢᠨ ᠡᠮᠦᠨᠡᠬᠢ 10 ᠴᠠᠭ ᠲᠤ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠨᠠᠷ ᠬᠤᠷᠠᠯ ᠤᠨ ᠲᠠᠯᠠᠪᠠᠢ ᠳᠤ ᠠᠯᠬᠤᠨ ᠣᠷᠣᠬᠤ ᠳᠤ ᠲᠠᠯᠠᠪᠠᠢ ᠳᠠᠶᠠᠭᠠᠷ ᠬᠠᠯᠠᠭᠤᠨ ᠢᠶᠠᠷ ᠠᠯᠠᠭ᠎ᠠ ᠲᠠᠰᠢᠪᠠ᠃
ᠶᠡᠭᠡ ᠬᠤᠷᠠᠯ ᠰᠦᠷ ᠵᠢᠪᠬᠤᠯᠠᠩᠲᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠳᠡ ᠳᠠᠭᠤᠤ ᠶᠢᠨ ᠳᠤᠮᠳᠠ ᠡᠬᠢᠯᠡᠪᠡ᠃
ᠳ᠋ᠢᠩ ᠰᠢᠤᠸᠠᠢ ᠰᠢᠶᠠᠩ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠮᠦᠨ᠎ᠡ ᠠᠴᠠ 《ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠵᠡᠮᠳᠡᠭᠴᠦᠳ ᠤᠨ ᠨᠠᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠶ᠎ᠠ 》ᠭᠡᠬᠦ ᠰᠡᠳᠦᠪ ᠢᠶᠠᠷ ᠪᠠᠶᠠᠷ ᠤᠨ ᠦᠭᠡ ᠬᠡᠯᠡᠵᠦ᠂ ᠶᠡᠭᠡ ᠬᠤᠷᠠᠯ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠪᠦᠭᠦ ᠤᠯᠤᠰ ᠤᠨ ᠥᠷᠭᠡᠨ ᠣᠯᠠᠨ ᠵᠡᠮᠳᠡᠭᠴᠦᠳ᠂ ᠵᠡᠮᠳᠡᠭᠴᠦᠳ ᠤᠨ ᠲᠥᠷᠥᠯ ᠰᠠᠳᠤᠨ ᠨᠠᠶᠢᠵᠠ ᠨᠥᠬᠦᠳ᠂ ᠵᠡᠮᠳᠡᠭᠴᠦᠳ ᠤᠨ ᠠᠵᠢᠯ ᠤᠨ ᠠᠵᠢᠯᠲᠠᠨ ᠳᠤ ᠳᠣᠲᠣᠨᠣ ᠮᠡᠨᠳᠦᠴᠢᠯᠡᠯ ᠳᠡᠪᠰᠢᠭᠦᠯᠵᠦ᠂ ᠵᠡᠮᠳᠡᠭᠴᠦᠳ ᠤᠨ ᠦᠢᠯᠡᠰ ᠢ ᠬᠠᠯᠠᠮᠵᠢᠯᠠᠨ ᠳᠡᠮᠵᠢᠵᠤ ᠪᠠᠶᠢᠭ᠎ᠠ ᠨᠡᠶᠢᠭᠡᠮ ᠤᠨ ᠡᠯ᠎ᠡ ᠡᠲᠡᠭᠡᠳ ᠤᠨ ᠬᠥᠮᠥᠰ ᠲᠤ ᠴᠢᠩ ᠰᠡᠳᠬᠢᠯ ᠤᠨ ᠲᠠᠯᠠᠷᠬᠠᠯ ᠳᠡᠪᠰᠢᠭᠦᠯᠪᠡ᠃
ᠳ᠋ᠢᠩ ᠰᠢᠤᠸᠠᠢ ᠰᠢᠶᠠᠩ ᠪᠠᠶᠠᠷ ᠤᠨ ᠦᠭᠡ ᠳᠡᠭᠡᠨ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨ᠎ᠡ ᠴᠠᠭ ᠦᠶ᠎ᠡ ᠳᠤ ᠮᠠᠨ ᠤ ᠤᠯᠤᠰ ᠤᠨ ᠵᠡᠮᠳᠡᠭᠴᠦᠳ ᠤᠨ ᠦᠢᠯᠡᠰ ᠥᠷᠨᠢᠨ ᠬᠥᠭᠵᠢᠭᠰᠡᠨ ᠰᠢᠨ᠎ᠡ ᠪᠠᠶᠢᠳᠠᠯ ᠢ ᠡᠭᠦᠳᠴᠦ᠂ 《ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠳᠤ ᠵᠡᠮᠳᠡᠭᠴᠦᠳ ᠢ ᠨᠢᠭᠡ ᠶᠢ ᠴᠦ ᠣᠷᠬᠢᠭᠳᠠᠭᠤᠯᠵᠤ ᠪᠤᠯᠬᠤ ᠦᠭᠡᠢ》 ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃ ᠥᠷᠭᠡᠨ ᠤᠯᠠᠨ ᠵᠡᠮᠳᠡᠭᠴᠦᠳ ᠬᠦᠰᠡᠯ ᠵᠡᠭᠦᠳᠦ ᠪᠠᠨ ᠪᠠᠷᠢᠮᠲᠠᠯᠠᠵᠤ᠂ ᠴᠠᠭ ᠦᠶ᠎ᠡ ᠲᠠᠢ ᠬᠠᠮᠲᠤ ᠪᠠᠷ ᠤᠷᠤᠭᠰᠢᠯᠠᠵᠤ᠂ ᠰᠢᠷᠭᠠᠭᠤ ᠲᠡᠮᠡᠴᠡᠯ ᠢᠶᠠᠷ ᠢᠶᠠᠨ ᠰᠠᠶᠢᠨ ᠰᠠᠶᠢᠬᠠᠨ ᠬᠦᠰᠡᠯ ᠵᠡᠭᠦᠳᠦ ᠪᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠦᠴᠦᠷᠬᠡᠭᠵᠢᠬᠦ ᠪᠠᠷ ᠴᠥᠬᠦᠷᠡᠰᠢ ᠦᠭᠡᠢ ᠴᠢᠷᠮᠠᠶᠢᠬᠤ ᠠᠭᠤᠤ ᠶᠡᠭᠡ ᠦᠨᠳᠦᠰᠦᠲᠡᠨ ᠤ ᠵᠣᠷᠢᠭ ᠰᠠᠨᠠᠭ᠎ᠠ ᠪᠣᠯᠣᠨ ᠴᠠᠭ ᠦᠶ᠎ᠡ ᠶᠢᠨ ᠵᠣᠷᠢᠭ ᠰᠠᠨᠠᠭ᠎ᠠ ᠶᠢ ᠠᠮᠢᠳᠤᠯᠢᠭ ᠢᠶᠠᠷ ᠲᠠᠶᠢᠯᠪᠤᠷᠢᠯᠠᠪᠠ ᠭᠡᠵᠦ ᠢᠯᠡᠳᠬᠡᠪᠡ᠃
ᠳ᠋ᠢᠩ ᠰᠢᠤᠸᠠᠢ ᠰᠢᠶᠠᠩ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠵᠡᠮᠳᠡᠭᠴᠦᠳ ᠤᠨ ᠨᠡᠶᠢᠭᠡᠮ ᠤᠨ ᠪᠠᠲᠤᠯᠠᠭ᠎ᠠ ᠶᠢᠨ ᠳᠦᠷᠢᠮ ᠪᠣᠯᠣᠨ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠲᠡᠭᠦᠯᠳᠡᠷᠵᠢᠭᠦᠯᠵᠦ᠂ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠵᠡᠮᠳᠡᠭᠴᠦᠳ ᠤᠨ ᠦᠢᠯᠡᠰ ᠤᠨ ᠬᠥᠭᠵᠢᠯᠲᠡ ᠶᠢᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠷᠬᠡ ᠲᠡᠭᠰᠢ᠂ ᠠᠭᠤᠰᠤᠯᠴᠠᠬᠤ᠂ ᠬᠠᠮᠲᠤ ᠪᠠᠷ ᠡᠳ᠋ᠯᠡᠬᠦ ᠦᠷᠳᠡᠭ ᠤᠨ ᠤᠳᠤᠷᠢᠳᠤᠮᠵᠢ ᠶᠢ ᠪᠠᠲᠤ ᠡᠵᠡᠮᠳᠡᠵᠦ᠂ ᠵᠡᠮᠳᠡᠭᠴᠦᠳ ᠤᠨ ᠦᠢᠯᠡᠰ ᠤᠨ ᠣᠳᠣᠬᠢᠴᠢᠯᠠᠯᠲᠠ ᠶᠢ ᠠᠬᠢᠭᠤᠯᠬᠤ ᠲᠡᠦᠬᠡᠲᠦ ᠡᠭᠦᠷᠭᠡ ᠶᠢ ᠪᠠᠲᠤ ᠡᠵᠡᠮᠳᠡᠵᠦ᠂ ᠵᠡᠮᠳᠡᠭᠴᠦᠳ ᠤᠨ ᠬᠠᠮᠲᠤ ᠪᠠᠷ ᠪᠠᠶᠠᠵᠢᠬᠤ ᠶᠢ ᠠᠬᠢᠭᠤᠯᠬᠤ ᠬᠠᠷᠠᠯᠲᠠ ᠡᠭᠦᠷᠭᠡ ᠶᠢ ᠪᠠᠲᠤ ᠡᠵᠡᠮᠳᠡᠵᠦ᠂ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠵᠡᠮᠳᠡᠭᠴᠦᠳ ᠤᠨ ᠦᠢᠯᠡᠰ ᠤᠨ ᠤᠳᠤᠷᠢᠳᠬᠤ ᠪᠠᠶᠢᠭᠤᠯᠤᠮᠵᠢ ᠶᠢ ᠴᠢᠨᠠᠭᠰᠢᠳᠠ ᠪᠦᠷᠢᠨᠰᠢᠭᠦᠯᠵᠦ᠂ ᠡᠯ᠎ᠡ ᠱᠠᠲᠤᠨ ᠤ ᠵᠠᠰᠠᠭ ᠤᠨ ᠣᠷᠳᠣᠨ ᠤ ᠵᠡᠮᠳᠡᠭᠴᠦᠳ ᠤᠨ ᠠᠵᠢᠯ ᠤᠨ ᠵᠥᠪᠯᠡᠯ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠨᠢᠭᠲᠠ ᠬᠠᠮᠵᠢᠯᠴᠠᠵᠤ᠂ ᠡᠯ᠎ᠡ ᠱᠠᠲᠤᠨ ᠤ ᠵᠡᠮᠳᠡᠭᠴᠦᠳ ᠤᠨ ᠬᠤᠯᠪᠤᠭ᠎ᠠ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠥᠷᠭᠡᠨ ᠤᠯᠠᠨ ᠵᠡᠮᠳᠡᠭᠴᠦᠳ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ ᠢᠲᠡᠭᠡᠬᠦ᠂ ᠥᠪᠡᠷ ᠢ ᠪᠠᠨ ᠬᠦᠴᠦᠷᠬᠡᠭᠵᠢᠭᠦᠯᠬᠦ᠂ ᠪᠡᠶ᠎ᠡ ᠪᠠᠨ ᠳᠠᠭᠠᠭᠠᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠬᠢᠴᠠ ᠳᠤᠮᠳᠠ ᠵᠡᠮᠳᠡᠭᠴᠦᠳ ᠤᠨ ᠨᠡᠩ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠢ ᠬᠠᠮᠲᠤ ᠪᠠᠷ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠳᠤᠮᠳᠠᠳᠤ ᠶᠢᠨ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠬᠤᠸᠠᠩ ᠰᠢᠶᠣᠣ ᠸᠧᠢ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ ᠶᠡᠷᠦᠩᠬᠡᠢ ᠡᠪᠯᠡᠯ᠂ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠲᠥᠪ ᠬᠤᠷᠢᠶ᠎ᠠ᠂ ᠳᠤᠮᠳᠠᠳᠤ ᠶᠢᠨ ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ᠂ ᠳᠤᠮᠳᠠᠳᠤ ᠤᠯᠤᠰ ᠤᠨ ᠵᠣᠬᠢᠶᠠᠯᠴᠢᠳ ᠤᠨ ᠡᠪᠯᠡᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠳᠤᠮᠳᠠᠳᠤ ᠶᠢᠨ ᠪᠦᠭᠦ ᠤᠯᠤᠰ ᠤᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠤᠨ ᠬᠤᠯᠪᠤᠭ᠎ᠠ᠂ ᠳᠤᠮᠳᠠᠳᠤ ᠶᠢᠨ ᠪᠦᠭᠦ ᠤᠯᠤᠰ ᠤᠨ ᠲᠠᠶᠢᠸᠠᠨ ᠤ ᠠᠬ᠎ᠠ ᠳᠡᠭᠦᠦ ᠨᠠᠷ ᠤᠨ ᠨᠥᠬᠦᠷᠯᠡᠯ ᠤᠨ ᠬᠤᠯᠪᠤᠭ᠎ᠠ ᠶᠢ ᠲᠥᠯᠥᠭᠡᠯᠡᠨ ᠶᠡᠭᠡ ᠬᠤᠷᠠᠯ ᠳᠤ ᠪᠠᠶᠠᠷ ᠤᠨ ᠦᠭᠡ ᠬᠡᠯᠡᠪᠡ᠃ ᠪᠠᠶᠠᠷ ᠤᠨ ᠦᠭᠡᠨ ᠳᠤ᠂ ᠡᠯ᠎ᠡ ᠤᠯᠠᠨ ᠲᠦᠮᠡᠨ ᠤ ᠪᠦᠯᠭᠦᠮ ᠤᠨ ᠵᠣᠬᠢᠶᠠᠨ ᠪᠠᠶᠢᠭᠤᠯᠤᠯᠲᠠ ᠦᠷᠭᠦᠯᠵᠢᠯᠡᠨ ᠰᠢᠯᠢᠳᠡᠭ ᠤᠯᠠᠮᠵᠢᠯᠠᠯ ᠢᠶᠠᠨ ᠪᠠᠳᠠᠷᠠᠭᠤᠯᠵᠤ᠂ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠠᠷᠢᠯᠴᠠᠵᠤ ᠪᠠᠶᠢᠭ᠎ᠠ ᠤᠯᠠᠨ ᠲᠦᠮᠡᠨ ᠢᠶᠠᠨ ᠳᠠᠭᠠᠭᠤᠯᠤᠨ ᠨᠡᠩ ᠢᠲᠡᠭᠡᠯ ᠲᠡᠭᠦᠯᠳᠡᠷ᠂ ᠨᠡᠩ ᠳᠠᠶᠢᠴᠢᠨ ᠵᠣᠷᠢᠭ ᠪᠠᠳᠠᠷᠠᠩᠭᠤᠢ ᠪᠠᠷ ᠨᠠᠮ ᠢᠶᠠᠨ ᠨᠢᠭᠲᠠ ᠲᠠᠭᠠᠵᠤ ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠰᠠᠷᠠᠭᠤᠯ ᠳᠠᠷᠳᠠᠩ ᠵᠠᠮ ᠢᠶᠠᠷ ᠵᠠᠮᠨᠠᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨ ᠤ ᠪᠦᠯᠭᠦᠮ ᠤᠨ ᠠᠵᠢᠯ ᠤᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠲᠡᠷᠢᠭᠦᠯᠡᠭᠴᠢ ᠵᠠᠩ ᠬᠠᠢ ᠳ᠋ᠢ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠳᠣᠯᠣᠳᠤᠭᠠᠷ ᠬᠤᠭᠤᠴᠠᠭᠠᠨ ᠤ ᠲᠡᠷᠢᠭᠦᠯᠡᠭᠴᠢᠳ ᠤᠨ ᠪᠦᠯᠭᠦᠮ ᠢ ᠲᠥᠯᠥᠭᠡᠯᠡᠨ ᠶᠡᠭᠡ ᠬᠤᠷᠠᠯ ᠳᠤ 《ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠢᠯᠣᠭᠤᠳᠤᠯᠭ᠎ᠠ ᠳᠣᠣᠷ᠎ᠠ ᠵᠡᠮᠳᠡᠭᠴᠦᠳ ᠤᠨ ᠦᠢᠯᠡᠰ ᠤᠨ ᠪᠦᠭᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ》ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃
ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠬᠡᠰᠡᠭ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃
ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠭᠦᠮ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠪᠣᠯᠣᠨ ᠪᠡᠭᠡᠵᠢᠩ ᠬᠤᠲᠠ ᠶᠢᠨ ᠬᠠᠷᠢᠭᠤᠴᠠᠯᠭᠠᠲᠠᠨ ᠨᠥᠬᠦᠳ᠂ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠪᠣᠯᠣᠨ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ᠂ ᠳᠤᠮᠳᠠᠳᠤ ᠤᠯᠤᠰ ᠤᠨ ᠵᠡᠮᠳᠡᠭᠴᠦᠳ ᠤᠨ ᠬᠤᠯᠪᠤᠭ᠎ᠠ ᠶᠢᠨ ᠨᠠᠢᠮᠠᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠨᠠᠷ ᠡᠭᠢᠯᠡᠯᠲᠡ ᠶᠢᠨ ᠬᠤᠷᠠᠯ ᠳᠤ ᠣᠷᠣᠯᠴᠠᠵᠠᠢ᠃