ᠵᠤᠬᠢᠶᠠᠭᠴᠢ:
ᠴᠠᠭ:2023-09-22
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠥᠷ ᠮᠣᠩᠭᠤᠯ ᠤᠨ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠣᠶᠤᠨᠯᠢᠭ ᠲᠠᠲᠠᠪᠤᠷᠢᠯᠠᠨ ᠬᠠᠮᠢᠶᠠᠷᠬᠤ ᠲᠠᠪᠴᠠᠩ ᠲᠦᠮᠡ ᠭᠠᠷᠤᠢ ᠡᠷᠦᠬᠡ ᠰᠦᠢᠳᠬᠡᠯ ᠲᠤᠰᠢᠶᠠᠭᠴᠢ ᠳᠤ ᠦᠢᠯᠡᠴᠢᠯᠡᠵᠦ ᠰᠦᠢᠳᠬᠡᠯ ᠲᠤᠰᠢᠶᠠᠭᠴᠢᠳ ᠤᠨ ᠲᠠᠪᠴᠠᠩ ᠢᠶᠠᠷ ᠲᠤᠰᠢᠶᠠᠭᠰᠠᠨ ᠰᠦᠢᠳᠬᠡᠯ ᠨᠢ ᠨᠡᠶᠢᠲᠡ 720 ᠳ᠋ᠦᠩᠰᠢᠭᠤᠷ ᠲᠥᠭᠦᠷᠢᠭ ᠢ ᠳᠠᠪᠠᠪᠠ
ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ ᠣᠶᠢᠷ᠎ᠠ ᠶᠢᠨ ᠵᠢᠯ ᠤᠳ ᠲᠤ᠂ ᠬᠠᠮᠵᠢᠯᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ᠂ ᠥᠪᠥᠷ ᠮᠣᠩᠭᠤᠯ ᠤᠨ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠭᠠᠶᠢᠯᠢ ᠶᠢᠨ ᠪᠤᠰᠤ ᠣᠷᠣᠯᠭ᠎ᠠ ᠶᠢ ᠲᠠᠲᠠᠪᠤᠷᠢᠯᠠᠨ ᠬᠠᠮᠢᠶᠠᠷᠬᠤ ᠮᠡᠳᠡᠭᠡᠯᠡᠯ ᠤᠨ ᠲᠠᠪᠴᠠᠩ ᠤᠨ ᠴᠢᠳᠠᠮᠵᠢ ᠶᠢ ᠪᠠᠶᠢᠭᠤᠯᠤᠨ ᠦᠷᠭᠦᠯᠵᠢᠯᠡᠨ ᠲᠡᠭᠦᠯᠳᠡᠷᠵᠢᠭᠦᠯᠵᠦ᠂ ᠭᠠᠶᠢᠯᠢ ᠶᠢᠨ ᠪᠤᠰᠤ ᠣᠷᠣᠯᠭ᠎ᠠ ᠶᠢ ᠤᠯᠠᠮᠵᠢᠯᠠᠯᠲᠤ ᠲᠠᠲᠠᠪᠤᠷᠢᠯᠠᠨ ᠠᠴᠠ ᠣᠶᠤᠨᠯᠢᠭ ᠲᠠᠲᠠᠪᠤᠷᠢᠯᠠᠨ ᠬᠠᠮᠢᠶᠠᠷᠬᠤ ᠲᠡᠶᠢᠰᠢ ᠵᠠᠭᠪᠤᠷ ᠬᠤᠪᠢᠷᠠᠭᠤᠯᠬᠤ ᠶᠢ ᠠᠬᠢᠭᠤᠯᠵᠤ᠂ ᠰᠦᠢᠳᠬᠡᠯ ᠲᠤᠰᠢᠶᠠᠭᠴᠢ ᠳᠤ ᠲᠤᠶᠢᠯ ᠤᠨ ᠶᠡᠭᠡ ᠲᠥᠬᠦᠮ ᠦᠵᠡᠭᠦᠯᠪᠡ᠃ ᠡᠨᠡ ᠵᠢᠯ ᠤᠨ 8 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠥᠪᠥᠷ ᠮᠣᠩᠭᠤᠯ ᠤᠨ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠣᠶᠤᠨᠯᠢᠭ ᠲᠠᠲᠠᠪᠤᠷᠢᠯᠠᠨ ᠬᠠᠮᠢᠶᠠᠷᠬᠤ ᠲᠠᠪᠴᠠᠩ ᠨᠢ ᠨᠡᠶᠢᠲᠡ 10029 ᠡᠷᠦᠬᠡ ᠰᠦᠢᠳᠬᠡᠯ ᠲᠤᠰᠢᠶᠠᠭᠴᠢ ᠳᠤ ᠲᠤᠬᠠᠶᠢᠯᠠᠭᠰᠠᠨ ᠠᠵᠢᠯ ᠭᠦᠢᠴᠡᠳᠬᠡᠵᠦ ᠥᠭᠴᠡᠢ᠃
ᠲᠠᠲᠠᠪᠤᠷᠢᠯᠠᠨ ᠬᠠᠮᠢᠶᠠᠷᠬᠤ ᠵᠠᠭᠪᠤᠷ ᠢ ᠬᠤᠪᠢᠷᠠᠭᠤᠯᠤᠭᠰᠠᠨ ᠢᠶᠠᠷ ᠰᠦᠢᠳᠬᠡᠯ ᠲᠤᠰᠢᠶᠠᠬᠤ᠂ ᠰᠦᠢᠳᠬᠡᠯ ᠪᠤᠴᠠᠭᠠᠬᠤ ᠦᠢᠯᠡᠴᠢᠯᠡᠭᠡ ᠶᠢᠨ ᠠᠦ᠋ᠲ᠋ᠣᠴᠢᠯᠠᠯᠲᠠ ᠶᠢ ᠪᠡᠶᠡᠯᠡᠭᠦᠯᠪᠡ᠃ ᠮᠡᠳᠡᠭᠡᠯᠡᠯ ᠢ ᠴᠠᠭ ᠲᠤᠬᠠᠢ ᠳᠤ ᠨᠢ ᠬᠤᠪᠢᠶᠠᠯᠴᠠᠬᠤ᠂ ᠰᠦᠢᠳᠬᠡᠯ ᠲᠤᠰᠢᠶᠠᠬᠤ ᠪᠠᠷ ᠮᠡᠳᠡᠭᠦᠯᠬᠦ ᠨᠢ《ᠨᠢᠭᠡ ᠳᠠᠷᠤᠪᠴᠢ ᠪᠠᠷ ᠭᠦᠢᠴᠡᠳᠬᠡᠬᠦ》 ᠪᠠᠷ ᠳᠠᠮᠵᠢᠭᠤᠯᠤᠨ᠂ ᠰᠦᠢᠳᠬᠡᠯ ᠲᠤᠰᠢᠶᠠᠭᠴᠢ ᠨᠢ ᠲᠠᠪᠴᠠᠩ ᠳᠤ ᠨᠡᠪᠲᠡᠷᠡᠪᠡᠯ 《ᠨᠢᠭᠡ ᠳᠠᠷᠤᠪᠴᠢ ᠪᠠᠷ ᠮᠡᠳᠡᠭᠦᠯᠬᠦ》 ᠠᠦ᠋ᠲ᠋ᠣ᠋ ᠰᠦᠢᠳᠬᠡᠯ ᠪᠣᠳᠣᠯᠲᠠ ᠶᠢ ᠪᠡᠶᠡᠯᠡᠭᠦᠯᠵᠦ ᠪᠣᠯᠣᠨ᠎ᠠ︔ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ᠂ ᠰᠦᠯᠵᠢᠶᠡᠨ ᠳᠡᠭᠡᠷ᠎ᠡ ᠡᠷᠭᠢᠯᠲᠡ ᠳᠤ ᠣᠷᠣᠭᠤᠯᠬᠤ ᠪᠠᠷ ᠳᠠᠮᠵᠢᠭᠤᠯᠤᠨ᠂ ᠰᠦᠢᠳᠬᠡᠯ ᠬᠤᠷᠢᠶᠠᠵᠤ ᠪᠤᠴᠠᠭᠠᠬᠤ ᠪᠥᠬᠦ ᠶᠠᠪᠤᠴᠠ ᠶᠢ ᠴᠠᠬᠢᠮ ᠢᠶᠠᠷ ᠭᠦᠢᠴᠡᠳᠬᠡᠬᠦ ᠪᠣᠯᠵᠤ᠂ ᠰᠦᠢᠳᠬᠡᠯ ᠲᠤᠰᠢᠶᠠᠭᠴᠢ ᠨᠢ ᠭᠡᠷ ᠠᠴᠠ ᠪᠠᠨ ᠭᠠᠷᠬᠤ ᠦᠭᠡᠢ ᠪᠠᠷ ᠰᠦᠢᠳᠬᠡᠯ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠣᠨ᠎ᠠ᠃ 2021 ᠣᠨ ᠳᠤ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠤᠭᠰᠠᠨ ᠠᠴᠠ ᠨᠠᠭᠠᠰᠢ︵ᠡᠨᠡ ᠵᠢᠯ ᠤᠨ 8 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ︶ᠰᠦᠢᠳᠬᠡᠯ ᠲᠤᠰᠢᠶᠠᠭᠴᠢᠳ ᠤᠨ ᠲᠠᠪᠴᠠᠩ ᠢᠶᠠᠷ ᠲᠤᠰᠢᠶᠠᠭᠰᠠᠨ ᠰᠦᠢᠳᠬᠡᠯ ᠨᠢ ᠨᠡᠶᠢᠲᠡ 720 ᠳ᠋ᠦᠩᠰᠢᠭᠤᠷ ᠲᠥᠭᠦᠷᠢᠭ ᠢ ᠳᠠᠪᠠᠵᠠᠢ᠃
ᠲᠠᠲᠠᠪᠤᠷᠢᠯᠠᠨ ᠬᠠᠮᠢᠶᠠᠷᠬᠤ ᠵᠠᠭᠪᠤᠷ ᠢ ᠬᠤᠪᠢᠷᠠᠭᠤᠯᠤᠭᠰᠠᠨ ᠢᠶᠠᠷ ᠭᠠᠶᠢᠯᠢ ᠶᠢᠨ ᠪᠤᠰᠤ ᠣᠷᠣᠯᠭ᠎ᠠ ᠶᠢᠨ ᠲᠠᠲᠠᠪᠤᠷᠢᠯᠠᠬᠤ ᠬᠠᠮᠢᠶᠠᠷᠤᠯᠲᠠ ᠶᠢᠨ ᠣᠶᠤᠨᠴᠢᠯᠠᠯᠲᠠ ᠶᠢ ᠠᠬᠢᠭᠤᠯᠪᠠ᠃ ᠲᠠᠪᠴᠠᠩ ᠤᠨ ᠨᠢᠭᠡ ᠯᠡ ᠤᠳᠠᠭ᠎ᠠ ᠣᠶᠤᠨᠯᠢᠭ ᠢᠶᠠᠷ ᠣᠶᠤᠨᠴᠢᠯᠠᠭᠰᠠᠨ ᠳ᠋ᠠᠶᠢᠲ᠋ᠠ ᠴᠤᠭᠯᠠᠭᠤᠯᠬᠤ ᠪᠠᠷ ᠳᠠᠮᠵᠢᠭᠤᠯᠤᠨ᠂ ᠭᠠᠶᠢᠯᠢ ᠶᠢᠨ ᠪᠤᠰᠤ ᠣᠷᠣᠯᠭ᠎ᠠ ᠶᠢᠨ ᠳ᠋ᠠᠶᠢᠲ᠋ᠠ ᠶᠢ ᠴᠤᠭᠯᠠᠭᠤᠯᠬᠤ ᠳᠤ ᠬᠦᠴᠢᠷ᠂ ᠬᠤᠪᠢᠶᠠᠯᠴᠠᠬᠤ ᠳᠤ ᠬᠦᠴᠢᠷ᠂ ᠳᠠᠮᠵᠢᠭᠤᠯᠬᠤ ᠳᠤ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ ᠣᠳᠣᠬᠠᠨ ᠪᠣᠯᠲᠠᠯ᠎ᠠ᠂ ᠲᠠᠪᠴᠠᠩ ᠨᠢ ᠪᠥᠬᠦ ᠣᠷᠣᠨ ᠤ ᠬᠠᠮᠢᠶ᠎ᠠ ᠪᠦᠬᠦᠢ ᠲᠢᠩᠬᠢᠮ ᠲᠣᠪᠴᠢᠶ᠎ᠠ ᠵᠢᠴᠢ ᠬᠤᠲᠠ ᠰᠢᠶᠠᠨ ᠤ ᠨᠢᠭᠡᠴᠢ ᠶᠢᠨ ᠴᠠᠭ ᠲᠤᠬᠠᠢ ᠳᠤ ᠨᠢ ᠰᠢᠨᠡᠳᠬᠡᠭᠰᠡᠨ ᠳ᠋ᠠᠶᠢᠲ᠋ᠠ ᠶᠢ 1.5 ᠲᠦᠮᠡ ᠭᠠᠷᠤᠢ ᠵᠤᠷᠪᠤᠰ ᠴᠤᠭᠯᠠᠭᠤᠯᠵᠠᠢ᠃
ᠲᠠᠲᠠᠪᠤᠷᠢᠯᠠᠨ ᠬᠠᠮᠢᠶᠠᠷᠬᠤ ᠵᠠᠭᠪᠤᠷ ᠢ ᠬᠤᠪᠢᠷᠠᠭᠤᠯᠤᠭᠰᠠᠨ ᠢᠶᠠᠷ ᠲᠦᠭᠰᠢᠭᠦᠷᠢ ᠶᠢᠨ ᠰᠡᠷᠭᠡᠶᠢᠯᠡᠨ ᠡᠵᠡᠮᠳᠡᠯ ᠤᠨ ᠨᠠᠷᠢᠯᠢᠭᠵᠢᠭᠤᠯᠤᠯᠲᠠ ᠶᠢ ᠠᠬᠢᠭᠤᠯᠪᠠ᠃ ᠬᠡᠷᠡᠭ ᠤᠨ ᠡᠮᠦᠨ᠎ᠡ ᠲᠦᠭᠰᠢᠭᠦᠷᠢ ᠶᠢ ᠡᠭᠦᠰᠦᠯ ᠠᠴᠠ ᠨᠢ ᠬᠢᠨᠠᠨ ᠡᠵᠡᠮᠳᠡᠬᠦ᠂ ᠬᠡᠷᠡᠭ ᠤᠨ ᠳᠤᠮᠳᠠ ᠲᠦᠭᠰᠢᠭᠦᠷᠢ ᠶᠢ ᠴᠠᠭ ᠲᠤᠬᠠᠢ ᠳᠤ ᠨᠢ ᠲᠠᠰᠤᠯᠬᠤ᠂ ᠬᠡᠷᠡᠭ ᠤᠨ ᠳᠠᠷᠠᠭ᠎ᠠ ᠲᠦᠭᠰᠢᠭᠦᠷᠢ ᠶᠢ ᠣᠶᠤᠨᠯᠢᠭ ᠢᠶᠠᠷ ᠬᠠᠷᠭᠤᠭᠤᠯᠤᠨ ᠪᠠᠶᠢᠴᠠᠭᠠᠬᠤ ᠪᠠ ᠰᠡᠵᠢᠭᠲᠡᠢ ᠭᠠᠵᠠᠷ ᠤᠨ ᠳ᠋ᠠᠶᠢᠲ᠋ᠠ ᠶᠢ ᠬᠠᠷᠢᠴᠠᠭᠤᠯᠤᠨ ᠵᠠᠳᠠᠯᠬᠤ ᠶᠢ ᠴᠢᠩᠭᠠᠳᠬᠠᠬᠤ ᠪᠠᠷ ᠳᠠᠮᠵᠢᠭᠤᠯᠤᠨ᠂ ᠲᠠᠪᠴᠠᠩ ᠤᠨ ᠭᠠᠶᠢᠯᠢ ᠶᠢᠨ ᠪᠤᠰᠤ ᠣᠷᠣᠯᠭ᠎ᠠ ᠶᠢᠨ ᠲᠠᠲᠠᠪᠤᠷᠢᠯᠠᠨ ᠬᠠᠮᠢᠶᠠᠷᠬᠤ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠣᠨᠣᠪᠴᠢ ᠶᠢ ᠰᠠᠶᠢᠵᠢᠷᠠᠭᠤᠯᠪᠠ᠃ ᠡᠨᠡ ᠵᠢᠯ ᠤᠨ 8 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ᠂ ᠲᠠᠪᠴᠠᠩ ᠠᠴᠠ ᠨᠡᠶᠢᠲᠡ 540 ᠭᠠᠷᠤᠢ ᠰᠡᠵᠢᠭᠲᠡᠢ ᠵᠦᠢᠯ ᠤᠨ ᠳ᠋ᠠᠶᠢᠲ᠋ᠠ ᠶᠢ ᠰᠢᠷᠪᠢᠨ ᠭᠠᠷᠭᠠᠵᠤ᠂ ᠬᠤᠯᠪᠣᠭᠳᠠᠭᠰᠠᠨ ᠵᠣᠭᠤᠰ ᠨᠢ 1.5 ᠳ᠋ᠦᠩᠰᠢᠭᠤᠷ ᠲᠥᠭᠦᠷᠢᠭ ᠲᠤ ᠭᠦᠷᠦᠭᠰᠡᠨ ᠪᠥᠭᠡᠳ ᠪᠦᠬᠦᠨ ᠢ ᠴᠡᠭᠴᠡᠯᠡᠨ ᠥᠭᠡᠷᠡᠴᠢᠯᠡᠵᠦ᠂ ᠰᠡᠵᠢᠭᠲᠡᠢ ᠵᠦᠢᠯ ᠢ ᠠᠷᠢᠯᠭᠠᠭᠰᠠᠨ ᠨᠣᠷᠮ᠎ᠠ ᠨᠢ 100% ᠳᠤ ᠬᠥᠷᠪᠡ᠃