ᠵᠤᠬᠢᠶᠠᠭᠴᠢ:
ᠴᠠᠭ:2023-09-29
ᠥᠵᠡᠭᠰᠡᠨ : ℃
ᠢᠷᠡᠯᠲᠡ: 《 ᠥᠪᠥᠷ ᠮᠣᠩᠭᠤᠯ ᠤᠨ ᠡᠳᠦᠷ ᠤᠨ ᠰᠣᠨᠢᠨ》
ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠬᠤᠷᠠᠯ ᠡᠬᠢᠯᠡᠪᠡ ᠰᠦᠨ ᠱᠤᠤ ᠴᠧᠩ ᠬᠤᠷᠠᠯ ᠢ ᠡᠷᠭᠢᠯᠡᠵᠡᠢ
2023 9 ᠰᠠᠷ᠎ᠠ ᠶᠢᠨ 25 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠬᠤᠷᠠᠯ ᠡᠬᠢᠯᠡᠭᠰᠡᠨ ᠪᠥᠭᠡᠳ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ ᠃
ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ ᠣᠲᠣ 73 ᠬᠥᠮᠥᠨ ᠪᠤᠶ ᠂ 63 ᠬᠥᠮᠥᠨ ᠨᠢ ᠲᠣᠰ ᠤᠳᠠᠭ᠎ᠠ ᠶᠢᠨ ᠬᠤᠷᠠᠯ ᠳᠤ ᠣᠷᠣᠯᠴᠠᠵᠤ ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠪᠡ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ ᠂ ᠳᠡᠳ᠋ ᠡᠷᠭᠢᠯᠡᠭᠴᠢ ᠳ᠋ᠤᠸᠠᠨ ᡁᠢ ᠴᠢᠶᠠᠩ ᠂ ᠯᠢ ᠪᠢᠩ ᠷᠦᠩ ᠂ ᠦ᠋ ᠶᠠᠨ ᠭᠠᠩ ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠬᠤᠷᠠᠯ ᠳᠤ ᠣᠷᠣᠯᠴᠠᠵᠠᠢ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠬᠤᠷᠠᠯ ᠳᠤ ᠰᠤᠯᠠ ᠣᠷᠣᠯᠴᠠᠪᠠ ᠃
9 ᠰᠠᠷ᠎ᠠ ᠶᠢᠨ 25 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠤᠭᠠᠷ ᠬᠤᠷᠠᠯ ᠡᠬᠢᠯᠡᠭᠰᠡᠨ ᠪᠥᠭᠡᠳ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ ᠃
ᠬᠤᠷᠠᠯ ᠤᠨ ᠵᠥᠪᠯᠡᠬᠦ ᠵᠦᠢᠯ ᠢ ᠪᠠᠲᠤᠯᠠᠭᠰᠠᠨ ᠤ ᠳᠠᠷᠠᠭ᠎ᠠ ᠂ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠯᠠ ᠵᠢᠶᠦ᠋ᠨ ᠂ ᠵᠧᠩ ᠶᠢᠨ ᠴᠦᠨ ᠂ ᠵᠠᠩ ᠽᠦᠸᠧ ᠾᠧᠦ ᠶᠢᠨ ᠬᠢᠭᠰᠡᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰᠬᠠᠢ ᠠᠰᠢᠭ ᠢ ᠠᠬᠢᠭᠤᠯᠬᠤ ᠪᠠ ᠬᠠᠮᠠᠭᠠᠯᠠᠬᠤ ᠳᠦᠷᠢᠮ︵ᠲᠥᠰᠥᠯ︶》 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ︵ᠲᠥᠰᠥᠯ ︶》 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠦᠷᠢᠮ︵ᠲᠥᠰᠥᠯ ︶》 ᠢ ᠬᠢᠨᠠᠨ ᠵᠥᠪᠯᠡᠭᠰᠡᠨ ᠦᠷ᠎ᠡ ᠳ᠋ᠦᠩ ᠤᠨ ᠮᠡᠳᠡᠭᠦᠯᠦᠯᠲᠡ ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠡᠷᠭᠢᠯᠡᠭᠴᠢ ᠭᠡᠰᠢᠭᠦᠨ ᠰᠠᠷᠠᠨ ᠤ ᠬᠢᠭᠰᠡᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠬᠠᠤᠯᠢ ﹀ ᠶᠢ ᠬᠡᠷᠡᠭᠵᠢᠭᠦᠯᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ ︶》 ᠶᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠳᠤᠰ ᠳᠤᠰ ᠰᠣᠨᠣᠰᠪᠠ ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠦᠨᠳᠦᠰᠦᠲᠡᠨ ᠬᠠᠷᠢᠶᠠᠲᠤ ᠶᠢᠨ ᠶᠠᠪᠤᠳᠠᠯ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠡᠷᠭᠢᠯᠡᠭᠴᠢ ᠸᠠᠩ ᠰᠢᠤ ᠮᠢᠩ ᠤᠨ ᠬᠢᠭᠰᠡᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠯᠢ ᠬᠢᠵᠠᠭᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠦᠷᠢᠮ ︵ᠲᠥᠰᠥᠯ ︶》 ᠤᠨ ᠲᠤᠬᠠᠢ ᠲᠣᠳᠣᠷᠬᠠᠶᠢᠯᠠᠯᠲᠠ ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠡᠷᠭᠢᠯᠡᠭᠴᠢ ᠭᠡᠰᠢᠭᠦᠨ ᠱᠢ ᠸᠠᠨ ᠵᠢᠶᠦ᠋ᠨ ᠤ ᠬᠢᠭᠰᠡᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠤ ᠬᠥᠭᠵᠢᠯᠲᠡ ᠶᠢ ᠠᠬᠢᠭᠤᠯᠬᠤ ᠳᠦᠷᠢᠮ ︵ᠲᠥᠰᠥᠯ ︶》 ᠤᠨ ᠲᠤᠬᠠᠢ ᠲᠣᠳᠣᠷᠬᠠᠶᠢᠯᠠᠯᠲᠠ ︔ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠮᠠᠯᠵᠢᠬᠤ ᠣᠷᠣᠨ ᠤ ᠲᠢᠩᠬᠢᠮ ᠤᠨ ᠳᠠᠷᠤᠭ᠎ᠠ ᠭᠦᠸᠧ ᠵᠠᠨ ᠵᠢᠶᠠᠩ ᠤᠨ ᠬᠢᠭᠰᠡᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠢᠬᠠᠨ ᠤ ᠦᠢᠯᠡᠰ ᠢ ᠬᠥᠭᠵᠢᠭᠦᠯᠦᠨ ᠮᠠᠨᠳᠤᠭᠤᠯᠬᠤ ᠳᠦᠷᠢᠮ ︵ᠲᠥᠰᠥᠯ ︶》 ᠤᠨ ᠲᠤᠬᠠᠢ ᠲᠣᠳᠣᠷᠬᠠᠶᠢᠯᠠᠯᠲᠠ ︔ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠦ᠋ ᠵᠧᠨ ᠴᠢᠩ ᠤᠨ ᠬᠢᠭᠰᠡᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠵᠢᠵᠢᠭ ᠬᠤᠭᠤᠯᠠᠨ ᠭᠡᠷ ᠰᠤᠯᠠ ᠢᠳᠡᠭᠡᠨ ᠤ ᠳᠡᠯᠭᠡᠭᠦᠷ ᠪᠠ ᠢᠳᠡᠭᠡᠨ ᠤ ᠶᠠᠪᠤᠭᠤᠯ ᠬᠤᠳᠠᠯᠳᠤᠭ᠎ᠠ ᠶᠢᠨ ᠬᠠᠮᠢᠶᠠᠷᠤᠯᠲᠠ ᠶᠢᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ ︶》 ᠤᠨ ᠲᠤᠬᠠᠢ ᠲᠣᠳᠣᠷᠬᠠᠶᠢᠯᠠᠯᠲᠠ ︔ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠳᠠᠷᠤᠭ᠎ᠠ ᠵᠠᠢ ᠶᠢᠩ ᠵᠢᠶᠦ᠋ᠨ ᠤ ᠬᠢᠭᠰᠡᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠣᠯᠭᠤᠯᠲᠠ ᠶᠢ ᠠᠬᠢᠭᠤᠯᠬᠤ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ ︶》 ᠤᠨ ᠲᠤᠬᠠᠢ ᠲᠣᠳᠣᠷᠬᠠᠶᠢᠯᠠᠯᠲᠠ ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠨᠠᠷᠢᠨ ᠪᠢᠴᠢᠭ ᠤᠨ ᠳᠠᠷᠤᠭ᠎ᠠ ᠂ ᠠᠵᠢᠯᠲᠠᠨ ᠤ ᠶᠠᠪᠤᠳᠠᠯ ᠤᠨ ᠲᠥᠯᠥᠭᠡᠯᠡᠭᠴᠢ ᠶᠢ ᠰᠣᠩᠭᠤᠬᠤ ᠠᠵᠢᠯ ᠤᠨ ᠵᠥᠪᠯᠡᠯ ᠤᠨ ᠡᠷᠭᠢᠯᠡᠭᠴᠢ ᠭᠦᠸᠧ ᠰᠢᠨ ᠤ ᠬᠢᠭᠰᠡᠨ 《ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠂ ᠰᠢᠭᠦᠮᠵᠢᠯᠡᠯ ᠪᠠ ᠰᠠᠨᠠᠯ ᠢ ᠭᠦᠢᠴᠡᠳᠬᠡᠬᠦ ᠠᠷᠭ᠎ᠠ ︵ᠵᠠᠰᠠᠪᠤᠷᠢ ᠣᠷᠣᠭᠤᠯᠤᠭᠰᠠᠨ ᠲᠥᠰᠥᠯ ︶》 ᠶᠢᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ ᠃
ᠬᠤᠷᠠᠯ ᠠᠴᠠ ᠪᠠᠰᠠ ᠲᠣᠭᠤᠷᠢᠭ ᠬᠡᠰᠡᠭ ᠬᠤᠳᠠ ᠶᠢᠨ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠬᠢᠨᠠᠨ ᠵᠥᠪᠯᠡᠪᠡ ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠳᠡᠳ᠋ ᠡᠷᠭᠢᠯᠡᠭᠴᠢ ᠭᠡᠰᠢᠭᠦᠨ ᠂ ᠭᠡᠰᠢᠭᠦᠨ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ ᠂ ᠠᠶᠢᠮᠠᠭ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠂ ᠡᠯ᠎ᠡ ᠲᠣᠭᠤᠷᠢᠭ ᠬᠤᠳᠠ ᠂ ᠲᠥᠯᠥᠪᠯᠡᠭᠡ ᠳᠤ ᠲᠤᠰᠠᠭᠠᠷ ᠵᠢᠭᠰᠠᠭᠠᠭᠰᠠᠨ ᠬᠤᠳᠠ ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ ᠃