ᠵᠤᠬᠢᠶᠠᠭᠴᠢ:
ᠴᠠᠭ:2023-09-29
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠶᠡᠷᠦᠩᠬᠡᠢ ᠪᠡᠯᠡ ᠣᠷᠣᠭᠤᠯᠤᠯᠲᠠ 2420 ᠳ᠋ᠦᠩᠰᠢᠭᠤᠷ ᠲᠥᠭᠦᠷᠢᠭ ᠲᠦᠷᠦᠭᠦᠸ 8 ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠴᠣᠬᠤᠯᠠᠪᠤᠷᠢᠯᠠᠭᠰᠠᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠲᠥᠰᠥᠯ 98 ᠪᠣᠢ
ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠣᠶᠢᠯᠠᠭᠠᠭᠰᠠᠨ ᠢᠶᠠᠷ ᠂ ᠡᠨᠡ ᠵᠢᠯ ᠤᠨ 8 ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠬᠢᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢᠨ ᠲᠥᠰᠥᠯ ᠨᠡᠶᠢᠲᠡ 98 ᠶᠢ ᠴᠣᠬᠤᠯᠠᠪᠤᠷᠢᠯᠠᠵᠦ ᠂ ᠶᠡᠷᠦᠩᠬᠡᠢ ᠪᠡᠯᠡ ᠣᠷᠣᠭᠤᠯᠤᠯᠲᠠ ᠨᠢ 2420 ᠳ᠋ᠦᠩᠰᠢᠭᠤᠷ ᠲᠥᠭᠦᠷᠢᠭ ᠲᠤ ᠬᠦᠷᠴᠡᠢ ᠂ ᠡᠭᠦᠨ ᠳᠤ ᠡᠨᠧᠷᠭᠢ ᠶᠢᠨ ᠬᠤᠷᠣᠭᠳᠠᠯ ᠤᠨ ᠡᠷᠴᠢᠮ ᠤᠨ ᠪᠠᠷᠢᠮᠵᠢᠶ᠎ᠠ ᠬᠡᠮᠵᠢᠭᠳᠡᠯ ᠤᠨ ᠲᠥᠷᠥ ᠶᠢᠨ ᠪᠣᠳᠣᠯᠭ᠎ᠠ ᠪᠠᠷ ᠴᠣᠬᠤᠯᠠᠪᠤᠷᠢᠯᠠᠭᠰᠠᠨ ᠲᠥᠰᠥᠯ 83 ᠪᠠᠶᠢᠵᠤ ᠂ 85% ᠶᠢ ᠡᠵᠡᠯᠡᠵᠦ ᠂ ᠶᠡᠷᠦᠩᠬᠡᠢ ᠪᠡᠯᠡ ᠣᠷᠣᠭᠤᠯᠤᠯᠲᠠ ᠨᠢ 2031 ᠳ᠋ᠦᠩᠰᠢᠭᠤᠷ ᠲᠥᠭᠦᠷᠢᠭ ᠪᠣᠯᠣᠨ᠎ᠠ ᠃
ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠣᠯ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠰᠥᠯ ᠤᠨ ᠡᠨᠧᠷᠭᠢ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠠᠰᠢᠭᠯᠠᠬᠤ ᠶᠢ ᠠᠬᠢᠭᠤᠯᠬᠤ ᠂ ᠡᠨᠧᠷᠭᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠡᠬᠢ ᠡᠭᠦᠰᠦᠯ ᠤᠨ ᠴᠢᠨᠠᠷᠲᠠᠢ ᠠᠷᠭ᠎ᠠ ᠬᠡᠮᠵᠢᠶ᠎ᠡ ᠪᠣᠯᠬᠤ ᠪᠥᠭᠡᠳ ᠮᠥᠨ ᠴᠦ ᠲᠥᠰᠥᠯ ᠤᠨ ᠪᠠᠷᠢᠯᠭ᠎ᠠ ᠶᠢᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠬᠤ ᠂ ᠪᠠᠷᠢᠯᠭ᠎ᠠ ᠶᠢᠨ ᠠᠵᠢᠯ ᠳᠠᠭᠤᠰᠴᠤ ᠰᠢᠯᠭᠠᠨ ᠠᠪᠬᠤ ᠪᠠ ᠡᠵᠡᠩᠨᠡᠵᠦ ᠬᠠᠮᠢᠶᠠᠷᠬᠤ ᠶᠢᠨ ᠴᠢᠬᠤᠯᠠ ᠦᠨᠳᠦᠰᠦᠯᠡᠯ ᠪᠣᠯᠣᠨ᠎ᠠ ᠃ ᠣᠶᠢᠷ᠎ᠠ ᠶᠢᠨ ᠵᠢᠯ ᠤᠳ ᠲᠤ ᠂ ᠥᠪᠥᠷ ᠮᠣᠩᠭᠤᠯ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠭᠠᠳᠠᠭᠰᠢᠯᠠᠭᠤᠯᠤᠯᠲᠠ ᠶᠡᠬᠡᠲᠡᠢ ᠳᠣᠣᠷ᠎ᠠ ᠲᠦᠪᠰᠢᠨ ᠤ ᠲᠥᠰᠥᠯ ᠤᠨ ᠰᠣᠬᠤᠷ ᠪᠠᠯᠠᠢ ᠪᠠᠷ ᠬᠥᠭᠵᠢᠬᠦ ᠶᠢ ᠬᠤᠷᠢᠭᠯᠠᠵᠤ᠂ 《14 • 5 》 ᠶᠢᠨ ᠡᠨᠧᠷᠭᠢ ᠠᠷᠪᠢᠯᠠᠬᠤ ᠠᠬᠢᠴᠠ ᠶᠢᠨ ᠬᠠᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠶᠢᠨ ᠵᠡᠷᠭᠡᠴᠡᠭᠡ ᠂ ᠡᠨᠧᠷᠭᠢ ᠬᠡᠷᠡᠭᠯᠡᠬᠦ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠵᠤ ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠭᠰᠠᠨ ᠪᠠᠶᠢᠨ᠎ᠠ ᠃
《14 • 5 》 ᠠᠴᠠ ᠨᠠᠭᠠᠰᠢ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠯᠢ ᠣᠯᠠᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠡᠶᠢᠲᠡᠯᠡᠵᠦ ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠪᠠᠷ ᠭᠠᠷᠳᠠᠴᠠ ᠪᠣᠯᠭᠠᠨ ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠢ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠤᠣᠰ ᠡᠵᠡᠮᠳᠡᠯ ᠲᠠᠶᠢᠰᠢ ᠰᠢᠯᠵᠢᠭᠦᠯᠬᠦ ᠶᠢ ᠰᠢᠨᠵᠢᠯᠡᠬᠦ ᠤᠬᠠᠭᠠᠨᠴᠢ ᠪᠠᠷ ᠡᠮᠬᠢ ᠵᠢᠷᠤᠮ ᠲᠠᠢ ᠠᠬᠢᠭᠤᠯᠤᠭᠠᠳ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠠᠶᠢᠨ᠎ᠠ ᠃ 2021 ᠣᠨ ᠠᠴᠠ 2022 ᠣᠨ ᠳᠤ ᠂ ᠪᠥᠬᠦ ᠣᠷᠣᠨ ᠤ ᠡᠨᠧᠷᠭᠢ ᠶᠢᠨ ᠬᠤᠷᠣᠭᠳᠠᠯ ᠤᠨ ᠡᠷᠴᠢᠮ ᠨᠡᠶᠢᠲᠡ 11.4% ᠪᠠᠭᠤᠷᠠᠵᠤ ᠂ 《14 • 5 》 ᠶᠢᠨ ᠬᠠᠷᠠᠯᠲᠠ ᠶᠢᠨ ᠠᠬᠢᠴᠠ ᠶᠢ 74.6% ᠪᠠᠷ ᠪᠡᠶᠡᠯᠡᠭᠦᠯᠵᠦ ᠂ ᠪᠥᠬᠦ ᠤᠯᠤᠰ ᠲᠤ ᠲᠠᠪᠤᠳᠤᠭᠠᠷ ᠲᠤ ᠣᠷᠣᠵᠤ ᠂ ᠵᠢᠯ ᠪᠦᠷᠢ ᠳᠤᠮᠳᠠᠴᠢ ᠪᠠᠷ – 0.7% ᠶᠢᠨ ᠡᠨᠧᠷᠭᠢ ᠶᠢᠨ ᠬᠤᠷᠣᠭᠳᠠᠯ ᠤᠨ ᠨᠡᠮᠡᠭᠳᠡᠯ ᠤᠨ ᠬᠤᠷᠳᠤᠴᠠ ᠪᠠᠷ ᠵᠢᠯ ᠪᠦᠷᠢ ᠳᠤᠮᠳᠠᠴᠢ ᠪᠠᠷ 5.4% ᠶᠢᠨ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠪᠠ 13.6% ᠶᠢᠨ ᠲᠣᠭᠲᠠᠮᠠᠯ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ ᠳᠡᠮᠵᠢᠭᠰᠡᠨ ᠪᠠᠶᠢᠨ᠎ᠠ ᠃
《ᠡᠨᠧᠷᠭᠢ ᠶᠢᠨ ᠬᠤᠷᠣᠭᠳᠠᠯ ᠤᠨ ᠡᠷᠴᠢᠮ ᠢ ᠰᠠᠶᠢᠲᠤᠷ ᠬᠢᠵᠠᠭᠠᠷᠯᠠᠵᠤ ᠂ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠶᠢ ᠤᠶᠠᠨ ᠬᠠᠳᠠᠨ ᠢᠶᠠᠷ ᠬᠠᠮᠢᠶᠠᠷᠬᠤ 》 ᠱᠠᠭᠠᠷᠳᠠᠯᠭ᠎ᠠ ᠶᠣᠰᠣᠭᠠᠷ ᠂ ᠥᠪᠥᠷ ᠮᠣᠩᠭᠤᠯ ᠡᠨᠧᠷᠭᠢ ᠠᠷᠪᠢᠯᠠᠬᠤ ᠬᠢᠨᠠᠨ ᠪᠠᠶᠢᠴᠠᠭᠠᠬᠤ ᠳᠦᠷᠢᠮ ᠶᠢᠨ ᠰᠢᠨ᠎ᠡ ᠶᠢ ᠡᠭᠦᠳᠴᠦ ᠂ ᠡᠯ᠎ᠡ ᠠᠶᠢᠮᠠᠭ ᠬᠤᠲᠠ ᠶᠢᠨ 《14 • 5 》 ᠶᠢᠨ ᠡᠨᠧᠷᠭᠢ ᠶᠢᠨ ᠬᠤᠷᠣᠭᠳᠠᠯ ᠤᠨ ᠡᠷᠴᠢᠮ ᠤᠨ ᠬᠠᠷᠠᠯᠲᠠ ᠳᠤ ᠴᠢᠭᠯᠡᠭᠦᠯᠦᠨ ᠂ 《ᠨᠢᠭᠡ ᠬᠤᠲᠠ ︵ᠠᠶᠢᠮᠠᠭ︶ ᠳᠤ ᠨᠢᠭᠡ ᠠᠷᠭ᠎ᠠ ᠪᠣᠳᠣᠯᠭ᠎ᠠ》 ᠶᠢᠨ ᠵᠠᠷᠴᠢᠮ ᠶᠣᠰᠣᠭᠠᠷ ᠰᠢᠨ᠎ᠡ ᠪᠠᠷ ᠭᠠᠷᠤᠭᠰᠠᠨ ᠲᠥᠰᠥᠯ ᠤᠨ ᠡᠨᠧᠷᠭᠢ ᠶᠢᠨ ᠬᠤᠷᠣᠭᠳᠠᠯ ᠤᠨ ᠡᠷᠴᠢᠮ ᠤᠨ ᠪᠠᠷᠢᠮᠵᠢᠶ᠎ᠠ ᠬᠡᠮᠵᠢᠭᠳᠡᠯ ᠢ ᠲᠣᠬᠢᠷᠠᠭᠤᠯᠵᠤ ᠂ ᠡᠨᠧᠷᠭᠢ ᠶᠢᠨ ᠬᠤᠷᠣᠭᠳᠠᠯ ᠤᠨ ᠡᠷᠴᠢᠮ ᠪᠠᠭ᠎ᠠ ᠲᠥᠰᠥᠯ ᠤᠨ ᠡᠨᠧᠷᠭᠢ ᠶᠢ ᠵᠦᠢ ᠵᠣᠬᠢᠰᠲᠠᠢ ᠬᠡᠷᠡᠭᠯᠡᠬᠦ ᠶᠢ ᠭᠦᠢᠴᠡᠳ ᠪᠠᠲᠤᠯᠠᠵᠤ ᠂ ᠰᠢᠨ᠎ᠡ ᠲᠥᠰᠥᠯ ᠬᠢᠭᠡᠳ ᠭᠠᠵᠠᠷ ᠣᠷᠣᠨ ᠤ ᠡᠨᠧᠷᠭᠢ ᠶᠢᠨ ᠬᠤᠷᠣᠭᠳᠠᠯ ᠤᠨ ᠡᠷᠴᠢᠮ ᠤᠨ ᠬᠠᠷᠠᠯᠲᠠ ᠶᠢ ᠬᠠᠷᠢᠯᠴᠠᠨ ᠵᠣᠯᠭᠠᠭᠤᠯᠬᠤ ᠶᠢ ᠠᠬᠢᠭᠤᠯᠤᠨ ᠂ ᠠᠶᠢᠮᠠᠭ ᠬᠤᠲᠠ ᠶᠢᠨ ᠡᠨᠧᠷᠭᠢ ᠬᠡᠷᠡᠭᠯᠡᠬᠦ ᠣᠷᠣᠨ ᠵᠠᠢ ᠬᠦᠷᠦᠯᠴᠡᠬᠦ ᠦᠭᠡᠢ᠂ ᠲᠥᠰᠥᠯ ᠢ ᠡᠬᠢᠯᠡᠭᠦᠯᠬᠦ ᠳᠤ ᠬᠦᠴᠢᠷᠲᠡᠢ ᠪᠠᠶᠢᠬᠤ ᠠᠰᠠᠭᠤᠳᠠᠯ ᠢ ᠬᠦᠴᠦᠲᠡᠢ ᠪᠥᠭᠡᠳ ᠪᠦᠲᠦᠮᠵᠢᠲᠡᠶ ᠰᠢᠢᠳᠪᠦᠷᠢᠯᠡᠵᠦ ᠂ ᠨᠥᠬᠦᠴᠡᠯ ᠳᠤ ᠨᠡᠶᠢᠴᠡᠬᠦ ᠴᠢᠬᠤᠯᠠ ᠶᠡᠭᠡ ᠲᠥᠰᠥᠯ ᠢ ᠶᠡᠭᠡ ᠪᠠᠷ ᠡᠬᠢᠯᠡᠭᠦᠯᠤᠨ ᠲᠦᠷᠭᠡᠨ ᠡᠬᠢᠯᠡᠭᠦᠯᠬᠦ ᠶᠢ ᠠᠬᠢᠭᠤᠯᠤᠨ ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠷᠭᠡᠳᠬᠡᠬᠦ ᠶᠢ ᠠᠬᠢᠭᠤᠯᠪᠠ ᠃
ᠥᠪᠥᠷ ᠮᠣᠩᠭᠤᠯ ᠪᠠᠰᠠ 《ᠬᠤᠶᠠᠷ ᠶᠡᠬᠡᠲᠡᠢ 》 ᠶᠢᠨ ᠲᠥᠷᠥ ᠶᠢᠨ ᠪᠣᠳᠣᠯᠭ᠎ᠠ ᠶᠢ ᠢᠳᠡᠪᠬᠢᠲᠡᠢ ᠪᠠᠷ ᠰᠢᠯᠢᠳᠡᠭᠵᠢᠭᠦᠯᠦᠨ ᠲᠣᠬᠢᠷᠠᠭᠤᠯᠵᠤ ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠵᠤ ᠪᠠᠶᠢᠨ᠎ᠠ ᠃ ᠡᠨᠡ ᠵᠢᠯ ᠤᠨ 8 ᠰᠠᠷ᠎ᠠ ᠳᠤ ᠂ 《ᠬᠤᠶᠠᠷ ᠶᠡᠬᠡᠲᠡᠢ 》 ᠲᠥᠰᠥᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ 12 ᠢ ᠴᠣᠬᠤᠯᠠᠪᠤᠷᠢᠯᠠᠵᠦ ᠂ 12 % ᠢ ᠡᠵᠡᠯᠡᠵᠦ ᠂ ᠨᠠᠶᠢᠳᠠ ᠬᠦᠷᠦᠩᠭᠡ ᠣᠷᠤᠭᠤᠯᠤᠯᠲᠠ 427 ᠲᠥᠭᠦᠷᠢᠭ ᠪᠠᠶᠢᠵᠦ᠂ 17.6 % ᠶᠢ ᠡᠵᠡᠯᠡᠨ᠂ ᠪᠥᠬᠦᠳᠡ 《ᠬᠤᠣᠰ ᠲᠡᠷᠢᠭᠦᠨ ᠤ》︵ᠨᠢᠭᠡᠴᠢ ᠦᠢᠯᠡᠳᠬᠦᠨ ᠤ ᠡᠨᠧᠷᠭᠢ ᠶᠢᠨ ᠬᠤᠷᠣᠭᠳᠠᠯ ᠢ ᠲᠡᠷᠢᠭᠦᠨ ᠤ ᠪᠠᠷᠢᠮᠵᠢᠶ᠎ᠠ ᠳᠤ ᠂ ᠲᠧᠭᠨᠣᠯᠣᠬᠢ ᠮᠡᠷᠭᠡᠵᠢᠯ ᠲᠣᠨᠣᠭᠯᠠᠯ ᠢ ᠲᠡᠷᠢᠭᠦᠨ ᠤ ᠲᠦᠪᠰᠢᠨ ᠳᠤ ︶᠂ 《ᠬᠤᠶᠠᠷ ᠶᠡᠬᠡᠲᠡᠢ》 ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠵᠦ᠂ ᠠᠵᠤ ᠦᠢᠯᠡᠰ ᠤᠨ ᠪᠦᠲᠦᠴᠡ ᠶᠢ ᠲᠦᠷᠭᠡᠪᠴᠢᠯᠡᠨ ᠲᠣᠬᠢᠷᠠᠭᠤᠯᠤᠨ ᠰᠢᠯᠢᠳᠡᠭᠵᠢᠭᠦᠯᠪᠡ᠃
ᠬᠢᠨᠠᠨ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠬᠦ ᠲᠠᠯ᠎ᠠ ᠪᠠᠷ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ 《ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠥᠰᠥᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠡᠷᠬᠡ ᠪᠠ ᠠᠵᠢᠯ ᠤᠨ ᠶᠠᠪᠤᠴᠠ ᠶᠢ ᠤᠯᠠᠮ ᠰᠢᠯᠢᠳᠡᠭᠵᠢᠭᠦᠯᠬᠦ ᠲᠤᠬᠠᠢ ᠮᠡᠳᠡᠭᠳᠡᠯ》 ᠢ ᠳᠠᠷᠤᠮᠠᠯᠯᠠᠨ ᠲᠠᠷᠬᠠᠭᠠᠵᠤ ᠂ ᠡᠨᠡ ᠵᠢᠯ ᠤᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ ᠂ ᠲᠥᠰᠥᠯ ᠤᠨ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠵᠤ ᠭᠦᠢᠴᠡᠳᠬᠡᠬᠦ ᠠᠵᠢᠯ ᠤᠨ ᠶᠠᠪᠤᠴᠠ ᠶᠢ ᠳᠥᠭᠦᠮᠴᠢᠯᠡᠨ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠂ ᠠᠩᠬᠠᠨ ᠤ ᠬᠢᠨᠠᠯᠲᠠ ᠶᠢ ᠭᠥᠯᠢᠶᠡᠨ ᠠᠪᠴᠤ ᠰᠢᠢᠳᠪᠦᠷᠢᠯᠡᠬᠦ ᠂ ᠬᠥᠨᠳᠡᠯᠡᠨ ᠤ ᠡᠲᠡᠭᠡᠳ ᠠᠴᠠ ᠬᠢᠨᠠᠨ ᠲᠣᠭᠲᠠᠭᠠᠬᠤ ᠂ ᠬᠢᠨᠠᠨ ᠪᠠᠶᠢᠴᠠᠭᠠᠵᠤ ᠳᠠᠬᠢᠨ ᠬᠢᠨᠠᠬᠤ ᠪᠠ ᠴᠣᠬᠤᠯᠠᠪᠤᠷᠢᠯᠠᠬᠤ 5 ᠭᠤᠭᠴᠤᠭ᠎ᠠ ᠪᠣᠯᠭᠠᠵᠤ ᠂ ᠡᠩ ᠤᠨ ᠭᠦᠢᠴᠡᠳᠬᠡᠬᠦ ᠬᠤᠭᠤᠴᠠᠭ᠎ᠠ ᠶᠢ 10 ᠠᠵᠢᠯᠯᠠᠬᠤ ᠡᠳᠦᠷ ᠬᠦᠷᠲᠡᠯ᠎ᠡ ᠪᠣᠭᠤᠨᠢᠰᠬᠠᠬᠤ ᠶᠢᠨ ᠬᠠᠮᠲᠤ ᠵᠢᠯ ᠤᠨ ᠶᠡᠷᠦᠩᠬᠡᠢ ᠬᠤᠷᠣᠭᠳᠠᠯ 5000 — 20000 ᠲᠣᠨ ᠪᠠᠷᠢᠮᠵᠢᠶᠠᠲᠤ ᠨᠡᠭᠦᠷᠡᠰᠦ ᠪᠠᠶᠢᠳᠠᠭ ᠲᠥᠰᠥᠯ ᠤᠨ ᠡᠨᠧᠷᠭᠢ ᠠᠷᠪᠢᠯᠠᠬᠤ ᠬᠢᠨᠠᠨ ᠪᠠᠶᠢᠴᠠᠭᠠᠯᠲᠠ ᠶᠢ ᠪᠦᠬᠦᠨ ᠢ ᠠᠶᠢᠮᠠᠭ ᠬᠤᠲᠠ ᠳᠤ ᠨᠠᠶᠢᠳᠠᠨ ᠭᠦᠢᠴᠡᠳᠬᠡᠭᠦᠯᠬᠦ ᠪᠠᠷ ᠲᠣᠭᠲᠠᠪᠠ᠃ ᠡᠨᠡ ᠵᠢᠯ ᠤᠨ 8 ᠰᠠᠷ᠎ᠠ ᠳᠤ ᠂ ᠪᠥᠬᠦ ᠣᠷᠣᠨ ᠤ ᠠᠶᠢᠮᠠᠭ ᠬᠤᠲᠠ ᠳᠤ ᠨᠠᠶᠢᠳᠠᠨ ᠭᠦᠢᠴᠡᠳᠬᠡᠭᠦᠯᠦᠭᠰᠡᠨ ᠲᠥᠰᠥᠯ ᠨᠡᠶᠢᠲᠡ 110 ᠪᠠᠶᠢᠵᠤ ᠂ ᠶᠡᠷᠦᠩᠬᠡᠢ ᠪᠡᠯᠡ ᠣᠷᠣᠭᠤᠯᠤᠯᠲᠠ ᠨᠢ 485 ᠳ᠋ᠦᠩᠰᠢᠭᠤᠷ ᠲᠥᠭᠦᠷᠢᠭ ᠲᠤ ᠬᠦᠷᠴᠦ ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ ᠠᠵᠢᠯ ᠤᠨ ᠬᠤᠷᠳᠤᠴᠠ ᠶᠢ ᠳᠡᠭᠡᠭᠰᠢᠯᠡᠭᠦᠯᠬᠦ ᠂ ᠶᠠᠰᠤ ᠴᠢᠨᠠᠷ ᠢ ᠰᠠᠶᠢᠵᠢᠷᠠᠭᠤᠯᠬᠤ ᠂ ᠦᠷ᠎ᠡ ᠪᠦᠲᠦᠮᠵᠢ ᠶᠢ ᠨᠡᠮᠡᠭᠳᠡᠭᠦᠯᠬᠦ ᠶᠢ ᠪᠥᠬᠦ ᠲᠠᠯ᠎ᠠ ᠪᠠᠷ ᠠᠬᠢᠭᠤᠯᠪᠠ ᠃