ᠵᠤᠬᠢᠶᠠᠭᠴᠢ:
ᠴᠠᠭ:2023-10-06
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠰᠢ ᠶᠢᠨ ᠫᠢᠩ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠢᠳᠡᠪᠬᠢᠲᠡᠢ ᠤᠷᠤᠯᠴᠠᠵᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠵᠡᠮᠳᠡᠬᠦ ᠴᠢᠳᠠᠪᠤᠷᠢ ᠪᠠᠨ ᠳᠡᠭᠡᠭᠰᠢᠯᠡᠭᠦᠯᠭᠦ ᠬᠡᠷᠡᠭᠲᠡᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 9 ᠰᠠᠷ᠎ᠠ ᠶᠢᠨ 27 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ 9 ᠰᠠᠷ᠎ᠠ ᠶᠢᠨ 27 ᠤ ᠦᠳᠡ ᠶᠢᠨ ᠬᠤᠶᠢᠨ᠎ᠠ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠳᠦᠷᠢᠮ ᠪᠣᠯᠣᠨ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠶᠢᠨ ᠲᠤᠬᠠᠢ ᠨᠠᠢᠮᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠭᠢᠯᠡᠭᠦ ᠳᠡᠭᠡᠨ ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠣᠯ ᠣᠯᠠᠨ ᠲᠠᠯᠠᠲᠤ ᠦᠵᠡᠯ ᠤᠨ ᠴᠢᠬᠤᠯᠠ ᠲᠤᠯᠭᠠᠭᠤᠷᠢᠯᠠᠯ ᠮᠥᠨ ᠂ ᠪᠦᠭᠦ ᠪᠥᠮᠪᠥᠷᠴᠡᠭ ᠤᠨ ᠠᠵᠤ ᠠᠬᠤᠢ ᠶᠢᠨ ᠵᠠᠰᠠᠯᠲᠠ ᠶᠢᠨ ᠴᠢᠬᠤᠯᠠ ᠲᠠᠪᠴᠠᠩ ᠮᠥᠨ ᠃ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠴᠢᠬᠤᠯᠠ ᠪᠦᠬᠦᠢ ᠥᠭᠡᠷᠡᠴᠢᠯᠡᠯᠲᠡ ᠬᠢᠬᠦ ᠪᠣᠯ ᠨᠡᠶᠢᠳᠡᠮ ᠤᠨ ᠬᠠᠮᠲᠤ ᠶᠢᠨ ᠲᠠᠨᠢᠯᠲᠠ ᠂ ᠶᠡᠭᠡ ᠪᠠᠶᠢᠳᠠᠯ ᠤᠨ ᠬᠠᠨᠳᠤᠰᠢ ᠮᠥᠨ ᠃ ᠪᠢᠳᠡ ᠤᠯᠤᠰ ᠤᠨ ᠳᠣᠲᠣᠭᠠᠳᠤ ᠪᠠ ᠳᠡᠯᠡᠬᠡᠢ ᠶᠢᠨ ᠬᠤᠶᠠᠷ ᠶᠡᠭᠡ ᠲᠠᠯ᠎ᠠ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠂ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠥᠨᠳᠥᠷᠴᠡ ᠠᠴᠠ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠣᠷᠤᠯᠴᠠᠬᠤ ᠶᠢᠨ ᠴᠢᠬᠤᠯᠠ ᠴᠢᠨᠠᠷ ᠪᠠ ᠲᠤᠯᠭᠠᠮ ᠴᠢᠨᠠᠷ ᠢ ᠭᠦᠨᠵᠡᠭᠡᠢ ᠲᠠᠨᠢᠵᠤ ᠂ ᠨᠡᠩ ᠢᠳᠡᠪᠬᠢᠲᠡᠢ ᠲᠡᠦᠬᠡᠨ ᠡᠭᠦᠷᠭᠡᠯᠡᠯ ᠪᠠ ᠡᠭᠦᠳᠦᠨ ᠪᠦᠲᠦᠭᠡᠬᠦ ᠵᠣᠷᠢᠭ ᠰᠠᠨᠠᠭ᠎ᠠ ᠪᠠᠷ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠪᠠ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠤᠨ ᠲᠣᠬᠢᠷᠠᠭᠤᠯᠤᠯᠲᠠ ᠳᠤ ᠪᠦᠭᠦ ᠲᠠᠯ᠎ᠠ ᠪᠠᠷ ᠣᠷᠣᠯᠴᠠᠵᠤ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠭᠦᠨ ᠳᠠᠪᠬᠤᠷᠭ᠎ᠠ ᠶᠢᠨ ᠥᠭᠡᠷᠡᠴᠢᠯᠡᠯᠲᠡ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠳᠠᠯᠳᠤᠭᠠᠨ ᠤ ᠶᠠᠪᠤᠳᠠᠯ ᠤᠨ ᠶᠠᠮᠤᠨ ᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠂ ᠰᠤᠳᠤᠯᠤᠭᠴᠢ ᠭᠦ᠋ ᠰᠢᠤᠸᠠᠢ ᠮᠢᠩ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠵᠦ ᠂ ᠠᠵᠢᠯ ᠤᠨ ᠰᠠᠨᠠᠭᠤᠯᠭ᠎ᠠ ᠳᠤᠷᠠᠳᠴᠠᠢ ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ ᠃
ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ ᠃ ᠲᠡᠷᠡ ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠭᠰᠠᠨ ᠶᠠᠪᠤᠳᠠᠯ ᠪᠣᠯ ᠮᠠᠨ ᠤ ᠤᠯᠤᠰ ᠤᠨ ᠭᠠᠳᠠᠭᠠᠳᠤ ᠨᠡᠭᠡᠭᠡᠯᠲᠡ ᠬᠢᠭᠰᠡᠨ ᠪᠡᠯᠭᠡ ᠲᠡᠮᠳᠡᠭ ᠮᠥᠨ ᠃ ᠣᠬᠤᠷᠬᠠᠨ 20 ᠭᠠᠷᠤᠢ ᠵᠢᠯ ᠤᠨ ᠬᠤᠭᠤᠴᠠᠭᠠᠨ ᠳᠤ ᠂ ᠮᠠᠨ ᠤ ᠤᠯᠤᠰ ᠤᠨ ᠪᠠᠷᠠᠭᠠᠨ ᠤ ᠠᠷᠠᠯᠵᠢᠶᠠᠨ ᠤ ᠶᠡᠷᠦᠩᠬᠡᠢ ᠬᠡᠮᠵᠢᠶ᠎ᠡ 11 ᠲᠠᠭᠢᠨ ᠨᠡᠮᠡᠭᠳᠡᠵᠦ ᠂ ᠪᠦᠭᠦ ᠳᠡᠯᠡᠬᠡᠢ ᠶᠢᠨ ᠪᠠᠷᠠᠭᠠᠨ ᠤ ᠠᠷᠠᠯᠵᠢᠶᠠᠨ ᠤ ᠨᠢᠭᠡᠳᠦᠭᠡᠷ ᠲᠣᠮᠣ ᠤᠯᠤᠰ ᠂ 140 ᠭᠠᠷᠤᠢ ᠤᠯᠤᠰ ᠪᠠ ᠭᠠᠵᠠᠷ ᠣᠷᠣᠨ ᠤ ᠭᠤᠣᠯ ᠪᠤᠯᠬᠤ ᠠᠷᠠᠯᠵᠢᠶᠠᠨ ᠤ ᠬᠠᠨᠢᠲᠠᠨ ᠪᠣᠯᠵᠤ ᠂ ᠪᠦᠭᠦ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠵᠢᠯ ᠳᠤᠮᠳᠠᠴᠢ ᠶᠢᠨ ᠬᠤᠪᠢ ᠨᠡᠮᠡᠷᠢ ᠦᠵᠡᠭᠦᠯᠦᠭᠰᠡᠨ ᠨᠤᠷᠮ᠎ᠠ 30% ᠰᠢᠬᠠᠮ ᠳᠤ ᠬᠦᠷᠴᠡᠢ ᠃ ᠮᠠᠨ ᠤ ᠤᠯᠤᠰ ᠪᠣᠯᠣᠨ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠬᠠᠷᠢᠯᠴᠠᠭ᠎ᠠ ᠳᠤ ᠲᠡᠦᠬᠡᠲᠦ ᠴᠢᠨᠠᠷᠲᠠᠢ ᠬᠤᠪᠢᠷᠠᠯᠲᠠ ᠭᠠᠷᠴᠤ ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠤᠨ ᠰᠠᠨᠠᠭᠠᠴᠢᠯᠠᠭᠠᠲᠤ ᠪᠤᠰᠤ ᠭᠥᠯᠢᠶᠡᠨ ᠠᠪᠤᠭᠴᠢ ᠪᠠ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠭᠴᠢ ᠪᠠᠶᠢᠭᠰᠠᠨ ᠠᠴᠠ ᠪᠠᠨ ᠠᠯᠬᠤᠮ ᠠᠯᠬᠤᠮ ᠢᠶᠠᠷ ᠴᠢᠬᠤᠯᠠ ᠣᠷᠣᠯᠴᠠᠭᠴᠢ ᠪᠣᠯᠤᠭᠰᠠᠨ ᠪᠠᠶᠢᠨ᠎ᠠ ᠃ ᠮᠠᠨ ᠤ ᠤᠯᠤᠰ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠳᠤ ᠣᠷᠣᠭᠰᠠᠨ ᠨᠢ ᠲᠤᠰ ᠪᠡᠶ᠎ᠡ ᠶᠢᠨ ᠬᠥᠭᠵᠢᠯᠲᠡ ᠪᠠᠨ ᠲᠦᠷᠭᠡᠳᠬᠡᠭᠰᠡᠨ ᠪᠥᠭᠡᠳ ᠪᠠᠰᠠ ᠪᠦᠭᠦ ᠪᠥᠮᠪᠥᠷᠴᠡᠭ ᠲᠤ ᠠᠰᠢᠭ ᠬᠦᠷᠲᠡᠭᠡᠭᠰᠡᠨ ᠶᠤᠮ ᠂ ᠡᠨᠡ ᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯ ᠪᠦᠷᠢᠮᠦᠰᠦᠨ ᠵᠥᠪ ᠭᠡᠳᠡᠭ ᠢ ᠪᠣᠳᠠᠲᠤ ᠬᠡᠷᠡᠭ ᠬᠠᠷᠠᠭᠤᠯᠵᠤ ᠪᠠᠶᠢᠨ᠎ᠠ ᠭᠡᠵᠦ ᠵᠢᠭᠠᠵᠤ ᠭᠠᠷᠭᠠᠪᠠ ᠃
ᠰᠢ ᠶᠢᠨ ᠫᠢᠩ ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠣᠷᠤᠯᠴᠠᠬᠤ ᠳᠠᠭᠠᠨ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠪᠠᠷ ᠭᠤᠣᠯ ᠪᠤᠯᠭᠠᠬᠰᠠᠨ ᠣᠯᠠᠨ ᠲᠠᠯᠠᠲᠤ ᠠᠷᠠᠯᠵᠢᠶᠠᠨ ᠤ ᠪᠠᠶᠢᠭᠤᠯᠤᠮᠵᠢ ᠶᠢᠨ ᠡᠷᠬᠡ ᠰᠦᠷᠲᠦ ᠴᠢᠨᠠᠷ ᠪᠣᠯᠣᠨ ᠪᠦᠲᠦᠮᠵᠢᠲᠦ ᠴᠢᠨᠠᠷ ᠢ ᠡᠷᠡᠰ ᠬᠠᠮᠠᠭᠠᠯᠠᠵᠤ ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠮᠠᠷᠭᠤᠭᠠᠨ ᠢ ᠰᠢᠢᠳᠪᠦᠷᠢᠯᠡᠬᠦ ᠲᠣᠭᠲᠠᠴᠠ ᠶᠢᠨ ᠬᠡᠪ ᠤᠨ ᠠᠵᠢᠯᠯᠠᠭ᠎ᠠ ᠶᠢ ᠰᠡᠷᠭᠦᠭᠡᠬᠦ ᠶᠢ ᠢᠳᠡᠪᠬᠢᠲᠡᠢ ᠠᠬᠢᠭᠤᠯᠬᠤ ᠬᠡᠷᠡᠭᠲᠡᠢ ᠃ ᠲᠡᠦᠬᠡ ᠶᠢᠨ ᠵᠥᠪ ᠲᠠᠯ᠎ᠠ ᠳᠤ ᠪᠠᠲᠤ ᠵᠣᠭᠰᠣᠵᠤ ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠶᠡᠭᠡ ᠴᠢᠭᠯᠡᠯ ᠢ ᠪᠠᠷᠢᠮᠲᠠᠯᠠᠵᠤ ᠂ ᠲᠤᠭ ᠲᠡᠮᠳᠡᠭ ᠲᠣᠳᠣᠷᠬᠠᠢ ᠪᠠᠷ ᠴᠢᠯᠦᠭᠡᠲᠦ ᠠᠷᠠᠯᠵᠢᠶ᠎ᠠ ᠪᠣᠯᠣᠨ ᠵᠢᠩᠬᠢᠨᠢ ᠤᠯᠠᠨ ᠲᠠᠯᠠᠲᠤ ᠦᠵᠡᠯ ᠢ ᠰᠠᠨᠠᠭᠠᠴᠢᠯᠠᠵᠤ ᠂ ᠭᠠᠭᠴᠠ ᠲᠠᠯᠠᠲᠤ ᠦᠵᠡᠯ ᠂ ᠬᠠᠮᠠᠭᠠᠯᠠᠬᠤ ᠦᠵᠡᠯ ᠢ ᠡᠰᠡᠷᠭᠦᠴᠡᠵᠦ ᠂ ᠠᠵᠤ ᠠᠬᠤᠢ ᠠᠷᠠᠯᠵᠢᠶᠠᠨ ᠤ ᠠᠰᠠᠭᠤᠳᠠᠯ ᠢ ᠤᠯᠤᠰ ᠲᠥᠷᠥᠴᠢᠯᠡᠬᠦ ᠂ ᠵᠡᠪᠰᠡᠭᠵᠢᠭᠦᠯᠬᠦ ᠂ ᠨᠠᠷᠮᠠᠢ ᠠᠮᠤᠷ ᠲᠦᠪᠰᠢᠨ ᠪᠤᠯᠭᠠᠬᠤ ᠶᠢ ᠡᠰᠡᠷᠭᠦᠴᠡᠵᠦ ᠂ ᠨᠡᠭᠡᠭᠡᠯᠲᠡᠲᠤ ᠮᠠᠶ᠋ᠢᠭ ᠤᠨ ᠳᠡᠯᠡᠬᠡᠢ ᠶᠢᠨ ᠠᠵᠤ ᠠᠬᠤᠢ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ ᠂ ᠳᠡᠯᠡᠬᠡᠢ ᠶᠢᠨ ᠠᠷᠠᠯᠵᠢᠶᠠᠨ ᠤ ᠵᠣᠬᠢᠶᠠᠨ ᠪᠠᠶᠢᠭᠤᠯᠤᠯᠲᠠ ᠶᠢᠨ ᠥᠭᠡᠷᠡᠴᠢᠯᠡᠯᠲᠡ ᠳᠤ ᠪᠦᠭᠦ ᠲᠠᠯ᠎ᠠ ᠪᠠᠷ ᠭᠦᠨᠵᠡᠭᠡᠢ ᠣᠷᠤᠯᠴᠠᠬᠤ ᠳᠤᠮᠳᠠᠳᠤ ᠤᠯᠤᠰ ᠤᠨ ᠲᠥᠰᠥᠯ ᠢ ᠲᠡᠭᠦᠯᠳᠡᠷᠵᠢᠭᠦᠯᠦᠨ ᠨᠠᠷᠢᠯᠢᠭᠵᠢᠭᠤᠯᠬᠤ ᠬᠡᠷᠡᠭᠲᠡᠢ ᠃ ᠮᠠᠨ ᠤ ᠤᠯᠤᠰ ᠢ ᠪᠠᠭᠲᠠᠭᠠᠭᠰᠠᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠨ ᠬᠠᠤᠯᠢ ᠶᠣᠰᠣᠨ ᠤ ᠡᠷᠬᠡ ᠠᠰᠢᠭ ᠢ ᠡᠷᠡᠰ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ ᠃
ᠰᠢ ᠶᠢᠨ ᠫᠢᠩ ᠂ ᠨᠡᠭᠡᠭᠡᠯᠲᠡ ᠪᠠᠷ ᠥᠭᠡᠷᠡᠴᠢᠯᠡᠯᠲᠡ ᠶᠢ ᠠᠬᠢᠭᠤᠯᠬᠤ ᠂ ᠬᠥᠭᠵᠢᠯᠲᠡ ᠶᠢ ᠠᠬᠢᠭᠤᠯᠬᠤ ᠪᠣᠯ ᠮᠠᠨ ᠤ ᠤᠯᠤᠰ ᠤᠨ ᠪᠦᠲᠦᠭᠡᠨ ᠪᠠᠶᠢᠭᠤᠯᠤᠯᠲᠠ ᠳᠤ ᠲᠠᠰᠤᠷᠠᠯᠲᠠ ᠦᠭᠡᠢ ᠰᠢᠨ᠎ᠡ ᠠᠮᠵᠢᠯᠲᠠ ᠪᠦᠲᠦᠮᠵᠢ ᠣᠯᠣᠭᠰᠠᠨ ᠤ ᠴᠢᠬᠤᠯᠠ ᠡᠷᠳᠡᠨᠢ ᠮᠥᠨ ᠃ ᠡᠨᠡ ᠵᠢᠯ ᠪᠣᠯ ᠥᠭᠡᠷᠡᠴᠢᠯᠡᠯᠲᠡ ᠨᠡᠭᠡᠭᠡᠯᠲᠡ ᠬᠢᠭᠰᠡᠨ 45 ᠵᠢᠯ ᠤᠨ ᠣᠶ ᠪᠣᠯᠣᠨ᠎ᠠ ᠂ ᠲᠣᠰ ᠪᠡᠶ᠎ᠡ ᠶᠢᠨ ᠥᠭᠡᠷᠡᠴᠢᠯᠡᠯᠲᠡ ᠭᠡᠬᠦ ᠡᠨᠡ ᠬᠦ ᠶᠡᠭᠡ ᠶᠠᠪᠤᠳᠠᠯ ᠢ ᠦᠷᠭᠦᠯᠵᠢᠯᠡᠨ ᠰᠠᠶᠢᠲᠤᠷ ᠬᠢᠵᠦ ᠂ ᠨᠡᠭᠡᠭᠡᠯᠲᠡ ᠬᠢᠬᠦ ᠡᠭᠦᠳᠡ ᠶᠢ ᠥᠷᠭᠡᠳᠬᠡᠬᠦ ᠮᠥᠷᠲᠡᠭᠡᠨ ᠪᠠᠰᠠ ᠥᠭᠡᠷᠡᠴᠢᠯᠡᠯᠲᠡ ᠶᠢᠨ ᠵᠠᠮ ᠢᠶᠠᠷ ᠯᠠᠪᠳᠠᠭᠤᠨ ᠵᠠᠮᠨᠠᠬᠤ ᠬᠡᠷᠡᠭᠲᠡᠢ ᠃ ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠯᠦᠭᠡ ᠨᠠᠩ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ ᠂ ᠳᠦᠷᠢᠮ ᠂ ᠳᠦᠷᠢᠮ ᠲᠣᠭᠲᠠᠭᠠᠯ ᠂ ᠬᠠᠮᠢᠶᠠᠷᠤᠯᠲᠠ ᠂ ᠪᠠᠷᠢᠮᠵᠢᠶ᠎ᠠ ᠵᠡᠷᠭᠡ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ ᠂ ᠭᠠᠳᠠᠭᠠᠳᠤ ᠨᠡᠭᠡᠭᠡᠯᠲᠡ ᠶᠢᠨ ᠰᠢᠨ᠎ᠡ ᠥᠨᠳᠦᠷᠯᠢᠭ ᠢ ᠲᠦᠷᠭᠡᠳᠬᠡᠨ ᠴᠣᠭᠴᠠᠯᠠᠵᠤ ᠂ ᠨᠠᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠭᠡᠯᠪᠡᠷᠢ ᠶᠢᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠵᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠢᠶᠠᠷ ᠪᠠᠶᠢᠭᠤᠯᠬᠤ ᠬᠡᠷᠡᠭᠲᠡᠢ ᠃ ᠵᠠᠬ᠎ᠠ ᠳᠡᠯᠭᠡᠭᠦᠷᠴᠢᠯᠡᠭᠰᠡᠨ ᠂ ᠬᠠᠤᠯᠢᠵᠢᠭᠰᠠᠨ ᠂ ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠢᠳᠡᠪᠬᠢᠲᠡᠢ ᠪᠤᠢ ᠪᠤᠯᠭᠠᠵᠤ ᠂ 《ᠪᠦᠭᠦ ᠲᠠᠯ᠎ᠠ ᠶᠢᠨ ᠪᠠ ᠳᠠᠪᠰᠢᠯᠳᠠ ᠲᠠᠢ ᠨᠣᠮᠣᠬᠠᠨ ᠳᠠᠯᠠᠢ ᠠᠯᠤᠰᠯᠠᠭᠰᠠᠨ ᠬᠠᠨᠢᠲᠠᠨ ᠤ ᠬᠠᠷᠢᠯᠴᠠᠭᠠᠨ ᠤ ᠵᠥᠪᠳᠡᠯᠴᠡᠭᠡᠷ 》 ᠪᠣᠯᠣᠨ 《ᠲᠣᠭᠠᠴᠢᠯᠠᠭᠰᠠᠨ ᠠᠵᠤ ᠠᠬᠤᠢ ᠶᠢᠨ ᠬᠠᠨᠢᠲᠠᠨ ᠤ ᠬᠠᠷᠢᠯᠴᠠᠭᠠᠨ ᠤ ᠵᠥᠪᠳᠡᠯᠴᠡᠭᠡᠷ》 ᠲᠤ ᠣᠷᠤᠯᠴᠠᠬᠤ ᠶᠢ ᠠᠬᠢᠭᠤᠯᠬᠤ ᠪᠠᠷ ᠠᠵᠠ ᠲᠣᠭᠢᠶᠠᠯ ᠪᠤᠯᠭᠠᠵᠤ ᠂ ᠭᠠᠳᠠᠭᠠᠳᠤ ᠣᠷᠣᠭᠤᠯᠤᠯᠲᠠ ᠶᠢᠨ ᠳᠠᠯᠳᠠ ᠬᠦᠴᠦᠨ ᠢ ᠤᠯᠠᠮ ᠴᠢᠨᠠᠭᠰᠢᠳᠠ ᠬᠥᠭᠵᠢᠭᠡᠵᠦ ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠢ ᠥᠷᠭᠡᠳᠬᠡᠵᠦ ᠂ ᠤᠯᠠᠨ ᠲᠠᠯ᠎ᠠ ᠶᠢᠨ ᠪᠠ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ ᠂ ᠭᠠᠳᠠᠭᠠᠳᠤ ᠪᠡᠯᠡ ᠶᠢ ᠲᠠᠲᠠᠬᠤ ᠬᠦᠴᠦᠨ ᠢ ᠴᠢᠩᠭᠠᠳᠬᠠᠬᠤ ᠬᠡᠷᠡᠭᠲᠡᠢ ᠃ ᠠᠷᠠᠯᠵᠢᠶᠠᠨ ᠤ ᠬᠦᠴᠦᠷᠬᠡᠭ ᠤᠯᠤᠰ ᠢ ᠲᠦᠷᠭᠡᠨ ᠢᠶᠠᠷ ᠪᠦᠲᠦᠭᠡᠨ ᠪᠠᠶᠢᠭᠤᠯᠵᠤ ᠂ ᠪᠠᠷᠠᠭᠠᠨ ᠤ ᠠᠷᠠᠯᠵᠢᠶ᠎ᠠ ᠶᠢ ᠲᠡᠰ ᠳᠡᠪᠰᠢᠭᠦᠯᠵᠦ ᠂ ᠦᠢᠯᠡᠴᠢᠯᠡᠭᠡᠨ ᠤ ᠠᠷᠠᠯᠵᠢᠶ᠎ᠠ ᠶᠢ ᠰᠢᠨᠡᠴᠢᠯᠡᠵᠦ ᠂ ᠲᠣᠭᠠᠴᠢᠯᠠᠭᠰᠠᠨ ᠠᠷᠠᠯᠵᠢᠶ᠎ᠠ ᠶᠢ ᠬᠥᠭᠵᠢᠭᠦᠯᠵᠦ ᠂ ᠲᠣᠭᠠᠴᠢᠯᠠᠭᠰᠠᠨ ᠪᠣᠬᠢᠷᠳᠤᠯ ᠦᠭᠡᠢ ᠪᠠᠷ ᠴᠢᠭᠯᠡᠯ ᠢᠶᠠᠨ ᠪᠤᠯᠭᠠᠵᠤ ᠂ ᠤᠯᠠᠨ ᠤᠯᠤᠰ ᠤᠨ ᠠᠵᠢᠯ ᠤᠨ ᠬᠤᠪᠢᠶᠠᠷᠢᠯᠠᠯ ᠤᠨ ᠪᠠᠶᠢᠷᠢ ᠰᠠᠭᠤᠷᠢ ᠶᠢ ᠤᠯᠠᠮ ᠳᠡᠭᠡᠭᠰᠢᠯᠡᠭᠦᠯᠵᠦ ᠂ ᠪᠦᠭᠦ ᠪᠥᠮᠪᠥᠷᠴᠡᠭ ᠤᠨ ᠦᠷᠳᠡᠭ ᠤᠨ ᠬᠡᠯᠬᠢᠶ᠎ᠡ ᠶᠢᠨ ᠳᠤᠮᠳᠠ ᠳᠡᠭᠡᠳᠦ ᠲᠦᠪᠰᠢᠨ ᠲᠡᠶᠢᠰᠢ ᠤᠷᠤᠭᠰᠢᠯᠠᠬᠤ ᠬᠡᠷᠡᠭᠲᠡᠢ ᠃ ᠡᠭᠦᠨ ᠤ ᠬᠠᠮᠲᠤ ᠂ ᠤᠯᠤᠰ ᠤᠨ ᠠᠵᠤ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠶᠢ ᠠᠩᠬᠠᠷᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠰᠢ ᠶᠢᠨ ᠫᠢᠩ ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠡᠵᠡᠮᠳᠡᠬᠦ ᠴᠠᠭᠠᠷᠠᠭᠰᠠᠨ ᠴᠢᠳᠠᠪᠤᠷᠢ ᠶᠢ ᠳᠠᠪᠲᠠᠨ ᠪᠤᠯᠪᠠᠰᠤᠷᠠᠭᠤᠯᠬᠤ ᠬᠡᠷᠡᠭᠲᠡᠢ ᠃ ᠶᠡᠭᠡ ᠪᠠᠷ ᠪᠠᠶᠢᠴᠠᠭᠠᠨ ᠰᠤᠳᠤᠯᠤᠯᠲᠠ ᠬᠢᠵᠦ ᠂ ᠮᠠᠨ ᠤ ᠤᠯᠤᠰ ᠤᠨ ᠨᠡᠭᠡᠭᠡᠯᠲᠡ ᠬᠢᠵᠦ ᠬᠥᠭᠵᠢᠭᠰᠡᠨ ᠠᠮᠵᠢᠯᠲᠠ ᠲᠠᠢ ᠲᠤᠷᠰᠢᠯᠭ᠎ᠠ ᠶᠢ ᠰᠠᠶᠢᠲᠤᠷ ᠳ᠋ᠦᠩᠨᠡᠨ ᠬᠡᠷᠡᠭᠯᠡᠵᠦ ᠂ ᠨᠡᠭᠡᠭᠡᠯᠲᠡ ᠬᠢᠬᠦ ᠠᠵᠢᠯ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠂ ᠰᠢᠰᠲ᠋ᠧᠮᠲᠦ ᠴᠢᠨᠠᠷᠲᠠᠢ ᠂ ᠠᠯᠤᠰ ᠭᠡᠳᠦ ᠶᠢᠨ ᠴᠢᠨᠠᠷᠲᠠᠢ ᠠᠷᠭ᠎ᠠ ᠪᠣᠳᠣᠯᠭ᠎ᠠ ᠶᠢ ᠴᠢᠩᠭᠠᠳᠬᠠᠵᠤ ᠂ ᠤᠯᠠᠨ ᠤᠯᠤᠰ ᠤᠨ ᠠᠵᠤ ᠠᠬᠤᠢ ᠠᠷᠠᠯᠵᠢᠶᠠᠨ ᠤ ᠬᠦᠷᠢᠶᠡᠨ ᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠢ ᠲᠤᠭᠤᠷᠠᠲᠠᠯ᠎ᠠ ᠣᠶᠢᠯᠠᠭᠠᠵᠤ ᠂ ᠳᠣᠲᠣᠷ᠎ᠠ ᠪᠠᠨ ᠲᠤᠭ᠎ᠠ ᠲᠠᠢ ᠂ ᠭᠠᠷ ᠲᠠᠭᠠᠨ ᠪᠣᠳᠣᠯᠭ᠎ᠠ ᠲᠠᠢ ᠂ ᠠᠵᠢᠯᠯᠠᠭ᠎ᠠ ᠬᠦᠴᠦᠲᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠃ ᠤᠯᠠᠨ ᠤᠯᠤᠰ ᠤᠨ ᠳᠦᠷᠢᠮ ᠢ ᠬᠡᠷᠡᠭᠯᠡᠨ ᠮᠠᠨ ᠤ ᠤᠯᠤᠰ ᠤᠨ ᠬᠥᠭᠵᠢᠯᠲᠡ ᠶᠢᠨ ᠡᠷᠬᠡ ᠠᠰᠢᠭ ᠢ ᠬᠠᠮᠠᠭᠠᠯᠠᠬᠤ ᠴᠢᠳᠠᠪᠤᠷᠢ ᠪᠠᠨ ᠳᠡᠭᠡᠭᠰᠢᠯᠡᠭᠦᠯᠵᠦ ᠂ ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ ᠂ ᠡᠷᠳᠡᠮ ᠴᠢᠳᠠᠪᠤᠷᠢ ᠥᠨᠳᠥᠷ ᠂ ᠣᠪᠣᠷ ᠰᠤᠷᠲᠠᠯ ᠰᠢᠯᠢᠳᠡᠭ ᠰᠠᠶᠢᠨ ᠥᠨᠳᠥᠷ ᠲᠦᠪᠰᠢᠨ ᠪᠦᠬᠦᠢ ᠭᠠᠳᠠᠭᠰᠢ ᠨᠡᠭᠡᠭᠡᠯᠲᠡ ᠬᠢᠬᠦ ᠠᠵᠢᠯ ᠤᠨ ᠲᠤᠰᠬᠠᠶᠢᠵᠢᠭᠰᠠᠨ ᠡᠩᠨᠡᠭᠡ ᠶᠢ ᠲᠦᠷᠭᠡᠨ ᠪᠠᠶᠢᠭᠤᠯᠬᠤ ᠬᠡᠷᠡᠭᠲᠡᠢ ᠃ ᠨᠡᠭᠡᠭᠡᠯᠲᠡ ᠬᠢᠭᠡᠳ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ ᠂ ᠲᠡᠮᠡᠴᠡᠯ ᠤᠨ ᠳᠤᠮᠳᠠ ᠠᠮᠤᠷ ᠲᠦᠪᠰᠢᠨ ᠢ ᠬᠠᠮᠠᠭᠠᠯᠠᠵᠤ ᠂ ᠡᠷᠬᠡ ᠠᠰᠢᠭ ᠢᠶᠠᠨ ᠨᠡᠮᠡᠭᠳᠡᠭᠦᠯᠵᠦ ᠂ ᠬᠠᠮᠲᠤᠷᠠᠯᠴᠠᠭ᠎ᠠ ᠶᠢ ᠡᠷᠢᠯᠬᠢᠯᠡᠵᠦ ᠂ ᠬᠠᠮᠲᠤ ᠪᠠᠷ ᠠᠰᠢᠭ ᠭᠦᠷᠳᠡᠭᠦ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ ᠃