ᠵᠤᠬᠢᠶᠠᠭᠴᠢ:
ᠴᠠᠭ:2023-10-20
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ — ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠰᠢᠨ᠎ᠡ ᠠᠬᠤᠢ ᠪᠠᠶᠢᠳᠠᠯ ᠢ ᠨᠡᠭᠡᠭᠡᠬᠦ ᠬᠡᠷᠡᠭᠲᠡᠢ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 10 ᠰᠠᠷ᠎ᠠ ᠶᠢᠨ 15 ᠤ ᠴᠠᠭᠢᠯᠭᠠᠨ ᠮᠡᠳᠡᠭᠡ 10 ᠰᠠᠷ᠎ᠠ ᠶᠢᠨ 16 ᠤ ᠡᠳᠦᠷ ᠬᠡᠪᠯᠡᠭᠳᠡᠬᠦ 20 ᠳ᠋ᠤᠭᠠᠷ ᠬᠤᠭᠤᠴᠠᠭᠠᠨ ᠤ 《 ᠦᠨᠡᠨ 》 ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ 《ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠰᠢᠨ᠎ᠡ ᠠᠬᠤᠢ ᠪᠠᠶᠢᠳᠠᠯ ᠢ ᠨᠡᠭᠡᠭᠡᠬᠦ ᠬᠡᠷᠡᠭᠲᠡᠢ》ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃
ᠵᠣᠬᠢᠶᠠᠯ ᠳᠤ ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠰᠢᠨ᠎ᠡ ᠠᠬᠤᠢ ᠪᠠᠶᠢᠳᠠᠯ ᠢ ᠨᠡᠭᠡᠭᠡᠬᠦ ᠴᠢᠬᠤᠯᠠ ᠶᠡᠭᠡ ᠡᠭᠦᠷᠭᠡ ᠶᠢ ᠳᠤᠷᠠᠳᠴᠤ ᠂ ᠡᠨᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ ᠭᠡᠵᠦ ᠴᠢᠬᠤᠯᠠᠴᠢᠯᠠᠪᠠ ᠃ ᠪᠢᠳᠡ ᠡᠨᠡ ᠬᠦ ᠰᠡᠳᠦᠪ ᠢᠶᠠᠷ ᠬᠠᠮᠲᠤ ᠶᠢᠨ ᠰᠤᠷᠤᠯᠴᠠᠯᠭ᠎ᠠ ᠶᠢ ᠥᠷᠨᠢᠭᠦᠯᠵᠦ ᠪᠠᠶᠢᠭ᠎ᠠ ᠶᠢᠨ ᠵᠣᠷᠢᠯᠭ᠎ᠠ ᠪᠣᠯ ᠨᠠᠮ ᠤᠨ ᠤᠨᠤᠯ ᠤᠨ ᠰᠢᠨ᠎ᠡ ᠶᠢ ᠡᠭᠦᠳᠬᠦ ᠵᠢᠮ᠎ᠡ ᠶᠣᠰᠣᠴᠢ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ ᠂ ᠤᠨᠤᠯ ᠤᠨ ᠰᠢᠨ᠎ᠡ ᠶᠢ ᠡᠭᠦᠳᠬᠦ ᠣᠷᠣᠨ ᠪᠠᠶᠢᠷᠢ ᠂ ᠴᠢᠭᠯᠡᠯ ᠂ ᠠᠷᠭ᠎ᠠ ᠶᠢ ᠤᠯᠠᠮ ᠲᠣᠳᠣᠷᠬᠠᠢ ᠪᠤᠯᠭᠠᠵᠤ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠤᠨᠤᠯ ᠤᠨ ᠰᠢᠨ᠎ᠡ ᠶᠢ ᠡᠭᠦᠳᠦᠭᠰᠡᠨ ᠨᠡᠩ ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠶᠢᠨ ᠲᠥᠯᠥᠭᠡ ᠶᠤᠮ ᠭᠡᠵᠦ ᠴᠢᠬᠤᠯᠠᠴᠢᠯᠠᠵᠠᠢ ᠃
ᠵᠣᠬᠢᠶᠠᠯ ᠳᠤ ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡ ᠶᠢ ᠡᠷᠭᠢᠴᠡᠭᠦᠯᠪᠡᠯ ᠂ ᠮᠠᠨ ᠤ ᠨᠠᠮ ᠬᠤᠪᠢᠰᠬᠠᠯ ᠂ ᠪᠦᠲᠦᠭᠡᠨ ᠪᠠᠶᠢᠭᠤᠯᠤᠯᠲᠠ ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠳᠤ ᠴᠢᠬᠤᠯᠠ ᠶᠡᠭᠡ ᠠᠮᠵᠢᠯᠲᠠ ᠣᠯᠵᠤ ᠂ ᠠᠷᠠᠳ ᠲᠦᠮᠡᠨ ᠢ ᠤᠳᠤᠷᠢᠳᠤᠨ ᠳᠤᠮᠳᠠᠳᠤ ᠤᠯᠤᠰ ᠤᠨ ᠪᠤᠰᠤᠳ ᠤᠯᠤᠰ ᠲᠦᠷᠦ ᠶᠢᠨ ᠬᠦᠴᠦᠨ ᠤ ᠪᠡᠶᠡᠯᠡᠭᠦᠯᠵᠦ ᠳᠡᠶᠢᠯᠦᠰᠢ ᠦᠭᠡᠢ ᠪᠡᠷᠬᠡ ᠬᠠᠲᠠᠭᠤᠵᠢᠯᠲᠠᠢ ᠡᠭᠦᠷᠭᠡ ᠶᠢ ᠪᠡᠶᠡᠯᠡᠭᠦᠯᠵᠦ ᠴᠢᠳᠠᠭᠰᠠᠨ ᠤ ᠦᠨᠳᠦᠰᠦᠨ ᠰᠢᠯᠲᠠᠭᠠᠨ ᠨᠢ ᠮᠠᠷᠺᠰ ᠤᠨ ᠦᠵᠡᠯ ᠤᠨ ᠰᠢᠨᠵᠢᠯᠡᠬᠦ ᠤᠬᠠᠭᠠᠨᠴᠢ ᠤᠨᠤᠯ ᠢ ᠡᠵᠡᠮᠰᠢᠭᠰᠡᠨ ᠪᠥᠭᠡᠳ ᠰᠢᠨ᠎ᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠤᠨᠤᠯ ᠤᠨ ᠰᠢᠨ᠎ᠡ ᠶᠢ ᠡᠭᠦᠳᠬᠦ ᠶᠢ ᠲᠠᠰᠤᠷᠠᠯᠳᠠ ᠦᠭᠡᠢ ᠠᠬᠢᠭᠤᠯᠵᠤ ᠂ ᠨᠠᠮ ᠬᠦᠴᠦᠷᠬᠡᠭ ᠶᠡᠭᠡ ᠦᠨᠡᠨ ᠶᠣᠰᠣᠨ ᠤ ᠬᠦᠴᠦᠨ ᠢ ᠡᠵᠡᠮᠰᠢᠭᠰᠡᠨ ᠳᠤ ᠣᠷᠣᠰᠢᠨ᠎ᠠ ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠲᠡᠦᠬᠡᠨ ᠲᠤᠷᠰᠢᠯᠭ᠎ᠠ ᠶᠢ ᠳ᠋ᠦᠩᠨᠡᠭᠰᠡᠨ ᠤ ᠰᠠᠭᠤᠷᠢᠨ ᠳᠡᠭᠡᠷ᠎ᠡ ᠂ 《ᠬᠤᠶᠠᠷ ᠢ ᠤᠶᠠᠯᠳᠤᠭᠤᠯᠬᠤ》 《ᠵᠢᠷᠭᠤᠭ᠎ᠠ ᠶᠢ ᠡᠷᠬᠡᠪᠰᠢ ᠪᠠᠷᠢᠮᠲᠠᠯᠠᠬᠤ》ᠵᠡᠷᠭᠡ ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠰᠢᠨᠵᠢᠯᠡᠬᠦ ᠤᠬᠠᠭᠠᠨᠴᠢ ᠠᠷᠭ᠎ᠠ ᠶᠢ ᠳᠤᠷᠠᠳᠤᠨ ᠭᠠᠷᠭᠠᠭᠰᠠᠨ ᠪᠥᠭᠡᠳ ᠲᠣᠳᠣᠷᠬᠠᠶᠢᠯᠠᠨ ᠥᠭᠦᠯᠡᠵᠦ ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ ᠦᠷᠭᠦᠯᠵᠢᠯᠡᠨ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ ᠂ ᠪᠢᠳᠡ ᠰᠠᠶᠢᠲᠤᠷ ᠪᠠᠷᠢᠮᠲᠠᠯᠠᠵᠤ ᠂ ᠰᠠᠶᠢᠲᠤᠷ ᠬᠡᠷᠡᠭᠯᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ ᠃
ᠵᠣᠬᠢᠶᠠᠯ ᠳᠤ ᠂ ᠤᠨᠤᠯ ᠤᠨ ᠰᠢᠨ᠎ᠡ ᠶᠢ ᠡᠭᠦᠳᠬᠦ ᠶᠢᠨ ᠰᠦᠭ ᠰᠦᠨᠡᠰᠦ ᠪᠠ ᠤᠭ ᠦᠨᠳᠦᠰᠦ ᠶᠢ ᠢᠮᠠᠭᠲᠠ ᠪᠠᠲᠤ ᠰᠠᠬᠢᠬᠤ ᠬᠡᠷᠡᠭᠲᠡᠢ ᠃ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ ᠡᠨᠡ ᠬᠦ ᠴᠢᠬᠤᠯᠠ ᠶᠡᠭᠡ ᠰᠡᠳᠦᠪ ᠤᠨ ᠲᠤᠰ ᠪᠡᠶ᠎ᠡ ᠨᠢ ᠪᠢᠳᠡ ᠮᠠᠷᠺᠰ ᠤᠨ ᠦᠵᠡᠯ ᠡᠨᠡ ᠬᠦ ᠰᠦᠭ ᠰᠦᠨᠡᠰᠦ ᠶᠢ ᠶᠠᠭᠠᠬᠢᠭᠰᠠᠨ ᠴᠤ ᠲᠠᠶᠠᠭᠳᠠᠵᠤ ᠪᠤᠯᠬᠤ ᠦᠭᠡᠢ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠡᠨᠡ ᠬᠦ ᠤᠭ ᠦᠨᠳᠦᠰᠦ ᠶᠢ ᠶᠠᠭᠠᠬᠢᠭᠰᠠᠨ ᠴᠤ ᠬᠠᠶᠠᠵᠤ ᠪᠤᠯᠬᠤ ᠦᠭᠡᠢ ᠭᠡᠳᠡᠭ ᠢ ᠲᠣᠭᠲᠠᠭᠠᠭᠰᠠᠨ ᠶᠤᠮ ᠃ ᠡᠨᠡ ᠬᠦ ᠰᠦᠭ ᠰᠦᠨᠡᠰᠦ ᠪᠠ ᠤᠭ ᠦᠨᠳᠦᠰᠦ ᠶᠢ ᠰᠠᠶᠢᠲᠤᠷ ᠰᠠᠬᠢᠬᠤ ᠪᠣᠯ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢᠨ ᠰᠠᠭᠤᠷᠢ ᠪᠠ ᠤᠷᠢᠲᠠᠯ ᠮᠥᠨ ᠂ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠨᠢ ᠴᠦ ᠡᠨᠡ ᠬᠦ ᠰᠦᠭ ᠰᠦᠨᠡᠰᠦ ᠪᠠ ᠤᠭ ᠦᠨᠳᠦᠰᠦ ᠶᠢ ᠨᠡᠩ ᠰᠠᠶᠢᠲᠤᠷ ᠪᠠᠲᠤ ᠰᠠᠬᠢᠬᠤ ᠶᠢᠨ ᠲᠥᠯᠥᠭᠡ ᠶᠤᠮ ᠃ ᠡᠷᠬᠡᠪᠰᠢ ᠮᠠᠷᠺᠰ ᠤᠨ ᠦᠵᠡᠯ ᠡᠨᠡ ᠬᠦ ᠨᠠᠮ ᠪᠠᠶᠢᠭᠤᠯᠵᠤ ᠤᠯᠤᠰ ᠪᠠᠶᠢᠭᠤᠯᠬᠤ ᠂ ᠨᠠᠮ ᠢ ᠮᠠᠨᠳᠤᠭᠤᠯᠵᠤ ᠤᠯᠤᠰ ᠢᠶᠠᠨ ᠮᠠᠨᠳᠤᠭᠤᠯᠬᠤ ᠦᠨᠳᠦᠰᠦ ᠶᠢ ᠭᠤᠶᠢᠪᠢᠰᠢ ᠦᠭᠡᠢ ᠪᠠᠷᠢᠮᠲᠠᠯᠠᠵᠤ ᠂ ᠲᠤᠰ ᠤᠯᠤᠰ ᠲᠠᠭᠠᠨ ᠦᠨᠳᠦᠰᠦᠯᠡᠬᠦ ᠂ ᠲᠤᠰ ᠦᠨᠳᠦᠰᠦᠲᠡᠨ ᠤ ᠪᠠᠨ ᠲᠡᠦᠬᠡ ᠰᠣᠶᠣᠯ ᠤᠨ ᠰᠢᠮᠡᠲᠦ ᠬᠥᠷᠥᠰᠥᠨ ᠳᠤ ᠮᠠᠷᠺᠰ ᠤᠨ ᠦᠵᠡᠯ ᠢ ᠬᠥᠭᠵᠢᠭᠦᠯᠬᠦ ᠶᠢ ᠵᠣᠭᠰᠣᠰᠢ ᠦᠭᠡᠢ ᠪᠠᠷᠢᠮᠲᠠᠯᠠᠵᠤ ᠂ ᠮᠠᠷᠺᠰ ᠤᠨ ᠦᠵᠡᠯ ᠤᠨ ᠦᠵᠡᠯ ᠰᠠᠨᠠᠭᠠᠨ ᠤ ᠤᠭᠢ ᠰᠣᠳᠣ ᠶᠢ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠤᠭᠢ ᠰᠣᠳᠣ ᠲᠠᠢ ᠪᠦᠲᠦᠮᠵᠢᠲᠡᠢ ᠨᠠᠪᠲᠠᠷᠡᠭᠦᠯᠵᠦ ᠂ ᠰᠢᠨ᠎ᠡ ᠤᠨᠤᠯ ᠤᠨ ᠳᠠᠪᠠᠭᠤᠯᠢᠭ ᠪᠣᠯᠭᠠᠨ ᠬᠤᠪᠢᠷᠠᠭᠤᠯᠵᠤ ᠂ ᠰᠢᠨ᠎ᠡ ᠦᠵᠡᠯ ᠰᠠᠨᠠᠭᠠᠨ ᠤ ᠨᠣᠶᠠᠨ ᠤᠷᠭᠢᠯ ᠳᠤ ᠲᠠᠰᠤᠷᠠᠯᠳᠠ ᠦᠭᠡᠢ ᠠᠪᠠᠷᠢᠬᠤ ᠬᠡᠷᠡᠭᠲᠡᠢ ᠃ ᠤᠨᠤᠯ ᠤᠨ ᠬᠠᠷᠠᠭ᠎ᠠ ᠪᠠᠨ ᠥᠷᠭᠡᠳᠬᠡᠵᠦ ᠂ ᠠᠭᠤᠳᠠᠮᠴᠢ ᠪᠠᠭᠲᠠᠭᠠᠮᠵᠢᠲᠠᠢ ᠬᠡᠬᠦᠳᠡᠭ ᠴᠡᠭᠡᠵᠢ ᠪᠠᠷ ᠬᠥᠮᠥᠨ ᠲᠥᠷᠥᠯᠬᠢᠲᠡᠨ ᠤ ᠨᠡᠶᠢᠭᠡᠮ ᠤᠨ ᠠᠯᠢᠪᠠ ᠰᠢᠯᠢᠳᠡᠭ ᠪᠣᠯᠪᠠᠰᠤᠨ ᠤ ᠦᠷ᠎ᠡ ᠪᠦᠲᠦᠭᠡᠯ ᠢ ᠰᠤᠷᠤᠯᠴᠠᠨ ᠲᠣᠯᠢ ᠪᠤᠯᠭᠠᠵᠤ ᠂ 《ᠬᠥᠮᠥᠨ ᠲᠥᠷᠥᠯᠬᠢᠲᠡᠨ ᠤ ᠮᠡᠳᠡᠯᠭᠡ ᠶᠢᠨ ᠶᠡᠷᠦᠩᠬᠡᠢ ᠨᠡᠶᠢᠯᠡᠪᠦᠷᠢ》 ᠶᠢᠨ ᠳᠤᠮᠳᠠ ᠠᠴᠠ ᠰᠢᠯᠢᠳᠡᠭ ᠦᠵᠡᠯ ᠰᠠᠨᠠᠭ᠎ᠠ ᠰᠣᠶᠣᠯ ᠤᠨ ᠡᠬᠢ ᠪᠠᠶᠠᠯᠢᠭ ᠢ ᠰᠢᠩᠭᠡᠬᠡᠨ ᠠᠪᠴᠤ ᠨᠠᠮ ᠤᠨ ᠤᠨᠤᠯ ᠢ ᠰᠢᠨᠡᠴᠢᠯᠡᠨ ᠬᠥᠭᠵᠢᠭᠦᠯᠵᠦ ᠂ ᠪᠦᠭᠦᠨ ᠢ ᠪᠠᠭᠲᠠᠭᠠᠵᠤ ᠪᠠᠶᠢᠳᠠᠭ ᠢ ᠬᠠᠳᠠᠭᠠᠯᠠᠬᠤ ᠂ ᠪᠤᠰᠤᠳ ᠤᠨ ᠰᠠᠶᠢᠨ ᠢ ᠥᠷᠭᠡᠨ ᠢᠶᠠᠷ ᠰᠢᠩᠭᠡᠬᠡᠨ ᠠᠪᠬᠤ ᠤᠨᠤᠯ ᠤᠨ ᠶᠡᠭᠡ ᠪᠠᠶᠢᠷᠢᠰᠢᠯ ᠶᠡᠭᠡ ᠳᠦᠷᠰᠦ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃
ᠵᠣᠬᠢᠶᠠᠯ ᠳᠤ ᠂ ᠴᠠᠭ ᠦᠶ᠎ᠡ ᠶᠢᠨ ᠰᠢᠨ᠎ᠡ ᠰᠡᠳᠦᠪ ᠲᠤ ᠴᠠᠭ ᠲᠤᠬᠠᠢ ᠳᠤᠨᠢ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠬᠦ ᠬᠡᠷᠡᠭᠲᠡᠢ ᠃ ᠴᠠᠭ ᠦᠶ᠎ᠡ ᠶᠢ ᠵᠠᠭᠠᠭᠯᠠᠭᠰᠠᠨ ᠠᠯᠢᠪᠠ ᠤᠨᠤᠯ ᠪᠣᠯ ᠴᠥᠮ ᠴᠠᠭ ᠦᠶ᠎ᠡ ᠶᠢᠨ ᠬᠡᠷᠡᠭᠴᠡᠭᠡ ᠶᠢ ᠬᠠᠩᠭᠠᠭᠰᠠᠨ ᠪᠦᠲᠦᠭᠡᠭᠳᠡᠬᠦᠨ ᠮᠥᠨ ᠃ ᠤᠨᠤᠯ ᠤᠨ ᠦᠰᠦᠷᠦᠯᠲᠡ ᠨᠢ ᠦᠭᠡ ᠥᠭᠦᠯᠡᠪᠦᠷᠢ ᠶᠢᠨ ᠰᠢᠨ᠎ᠡ ᠰᠡᠪᠡᠭᠦᠨ ᠢ ᠪᠦᠲᠦᠭᠡᠬᠦ ᠳᠡᠭᠡᠷ᠎ᠡ ᠢᠯᠡᠷᠡᠬᠦ ᠪᠢᠰᠢ ᠂ ᠯᠣᠭᠢᠭ ᠤᠨ ᠥᠪᠡᠷ ᠢ ᠪᠠᠨ ᠵᠣᠬᠢᠴᠠᠭᠤᠯᠤᠨ ᠭᠡᠷᠡᠴᠢᠯᠡᠬᠦ ᠳᠡᠭᠡᠷ᠎ᠡ ᠴᠦ ᠢᠯᠡᠷᠡᠬᠦ ᠪᠢᠰᠢ ᠂ ᠡᠴᠦᠰ ᠤᠨ ᠡᠴᠦᠰ ᠲᠡᠭᠡᠨ ᠦᠢᠯᠡᠳᠦᠯᠭᠡ ᠶᠢᠨ ᠠᠰᠠᠭᠤᠳᠠᠯ ᠢ ᠬᠠᠷᠢᠭᠤᠯᠬᠤ ᠂ ᠦᠢᠯᠡᠳᠦᠯᠭᠡ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠳᠡᠭᠡᠷ᠎ᠡ ᠢᠯᠡᠷᠡᠬᠦ ᠬᠡᠷᠡᠭᠲᠡᠢ ᠃ ᠮᠠᠷᠺᠰ ᠤᠨ ᠦᠵᠡᠯ ᠪᠣᠯ ᠦᠢᠯᠡᠳᠦᠯᠭᠡ ᠶᠢᠨ ᠣᠨᠣᠯ ᠮᠥᠨ ᠃ ᠪᠢᠳᠡᠨ ᠤ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠵᠤ ᠪᠠᠶᠢᠭ᠎ᠠ ᠨᠢ ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠡᠭᠦᠳᠦᠯᠲᠡ ᠮᠥᠨ ᠂ ᠬᠠᠷᠢᠨ ᠬᠦᠰᠡᠯᠡᠩᠲᠦ ᠤᠷᠴᠢᠰ ᠲᠤ ᠰᠠᠭᠤᠵᠤ ᠲᠥᠰᠥᠭᠡᠯᠡᠭᠰᠡᠨ ᠬᠡᠢ ᠪᠤᠳᠤᠯ ᠪᠢᠰᠢ ᠂ ᠡᠷᠬᠡᠪᠰᠢ ᠦᠢᠯᠡᠳᠦᠯᠭᠡ ᠶᠢᠨ ᠳᠤᠮᠳᠠ ᠦᠨᠡᠨ ᠶᠣᠰᠣ ᠶᠢ ᠢᠯᠡᠷᠡᠭᠦᠯᠬᠦ ᠂ ᠦᠨᠡᠨ ᠶᠣᠰᠣ ᠶᠢ ᠬᠥᠭᠵᠢᠭᠦᠯᠬᠦ ᠂ ᠦᠢᠯᠡᠳᠦᠯᠭᠡ ᠪᠠᠷ ᠦᠨᠡᠨ ᠶᠣᠰᠣ ᠶᠢ ᠪᠡᠶᠡᠯᠡᠭᠦᠯᠬᠦ ᠂ ᠦᠨᠡᠨ ᠶᠣᠰᠣ ᠶᠢ ᠰᠢᠯᠭᠠᠬᠤ ᠶᠢ ᠪᠠᠷᠢᠮᠲᠠᠯᠠᠬᠤ ᠬᠡᠷᠡᠭᠲᠡᠢ ᠃ ᠥᠨᠥᠳᠥᠷ ᠂ ᠪᠢᠳᠡᠨ ᠤ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠬᠦ ᠶᠢ ᠠᠬᠢᠭᠤᠯᠬᠤ ᠡᠭᠦᠷᠭᠡ ᠬᠥᠩᠭᠡᠷᠡᠭᠰᠡᠨ ᠪᠢᠰᠢ ᠂ ᠬᠠᠷᠢᠨ ᠨᠡᠩ ᠬᠦᠨᠳᠦᠷᠡᠪᠡ ᠃ ᠶᠡᠭᠡ ᠲᠡᠦᠬᠡ ᠶᠢᠨ ᠦᠵᠡᠯᠲᠡ ᠶᠢ ᠪᠠᠲᠤ ᠪᠠᠬᠢ ᠪᠤᠢ ᠪᠤᠯᠭᠠᠵᠤ ᠂ ᠨᠡᠩ ᠥᠷᠭᠡᠨ ᠬᠠᠷᠠᠭᠠᠰᠤ ᠂ ᠨᠡᠩ ᠠᠯᠤᠰ ᠭᠡᠳᠦ ᠶᠢᠨ ᠬᠠᠷᠠᠴᠠ ᠪᠠᠷ ᠳᠡᠯᠡᠬᠡᠢ ᠶᠢᠨ ᠲᠡᠦᠬᠡ ᠶᠢᠨ ᠬᠥᠭᠵᠢᠯᠲᠡ ᠶᠢᠨ ᠰᠤᠳᠠᠰᠤ ᠪᠠ ᠵᠥᠪ ᠴᠢᠭᠯᠡᠯ ᠢ ᠡᠵᠡᠮᠳᠡᠵᠦ ᠂ ᠮᠠᠨ ᠤ ᠤᠯᠤᠰ ᠤᠨ ᠨᠡᠶᠢᠭᠡᠮ ᠤᠨ ᠬᠥᠭᠵᠢᠯᠲᠡ ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠶᠡᠭᠡ ᠯᠣᠭᠢᠭ ᠶᠡᠭᠡ ᠬᠠᠨᠳᠤᠰᠢ ᠶᠢ ᠲᠣᠳᠣᠷᠬᠠᠢ ᠲᠠᠨᠢᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠲᠡᠦᠬᠡ ᠶᠢᠨ ᠤᠯᠠᠷᠢᠯ ᠬᠤᠪᠢᠰᠤᠯ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠡᠵᠡᠮᠳᠡᠵᠦ ᠂ ᠪᠣᠳᠠᠲᠤ ᠠᠰᠠᠭᠤᠳᠠᠯ ᠢ ᠰᠢᠢᠳᠪᠦᠷᠢᠯᠡᠬᠦ ᠰᠢᠨᠵᠢᠯᠡᠬᠦ ᠤᠬᠠᠭᠠᠨᠴᠢ ᠣᠶᠢᠯᠠᠭᠠᠭᠳᠠᠬᠤᠨ ᠂ ᠪᠦᠲᠦᠮᠵᠢᠲᠡᠢ ᠪᠣᠳᠣᠯᠭ᠎ᠠ ᠶᠢ ᠪᠦᠭᠦ ᠲᠠᠯ᠎ᠠ ᠪᠠᠷ ᠰᠢᠰᠲ᠋ᠧᠮ ᠲᠠᠢ ᠳᠤᠷᠠᠳᠤᠨ ᠭᠠᠷᠭᠠᠵᠤ ᠂ ᠤᠳᠤ ᠦᠶ᠎ᠡ ᠶᠢᠨ ᠳᠤᠮᠳᠠᠳᠤ ᠤᠯᠤᠰ ᠤᠨ ᠮᠠᠷᠺᠰ ᠤᠨ ᠦᠵᠡᠯ ᠂ 21 ᠳ᠋ᠦ᠋ᠭᠡᠷ ᠵᠠᠭᠤᠨ ᠤ ᠮᠠᠷᠺᠰ ᠤᠨ ᠦᠵᠡᠯ ᠢ ᠨᠡᠩ ᠬᠦᠴᠦᠷᠬᠡᠭ ᠶᠡᠭᠡ ᠂ ᠨᠡᠩ ᠢᠲᠡᠭᠡᠭᠦᠯᠬᠦ ᠬᠦᠴᠦᠨ ᠲᠠᠢ ᠦᠨᠡᠨ ᠶᠣᠰᠣᠨ ᠤ ᠬᠦᠴᠦᠨ ᠲᠠᠢ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠵᠣᠬᠢᠶᠠᠯ ᠳᠤ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠰᠢᠰᠲ᠋ᠧᠮᠵᠢᠵᠦ ᠵᠦᠢ ᠶᠣᠰᠣᠵᠢᠬᠤ ᠶᠢ ᠬᠦᠴᠦᠯᠡᠨ ᠠᠬᠢᠭᠤᠯᠬᠤ ᠬᠡᠷᠡᠭᠲᠡᠢ ᠃ ᠤᠨᠤᠯ ᠤᠨ ᠰᠢᠰᠲ᠋ᠧᠮᠵᠢᠵᠦ ᠵᠦᠢ ᠶᠣᠰᠣᠵᠢᠬᠤ ᠶᠢ ᠠᠬᠢᠭᠤᠯᠬᠤ ᠪᠣᠯ ᠤᠨᠤᠯ ᠤᠨ ᠲᠠᠯ᠎ᠠ ᠪᠠᠷ ᠰᠢᠨ᠎ᠡ ᠶᠢ ᠡᠭᠦᠳᠬᠦ ᠶᠢᠨ ᠳᠣᠲᠣᠭᠠᠳᠤ ᠱᠠᠭᠠᠷᠳᠠᠯᠭ᠎ᠠ ᠪᠠ ᠴᠢᠬᠤᠯᠠ ᠠᠷᠭ᠎ᠠ ᠵᠠᠮ ᠮᠥᠨ ᠃ ᠮᠠᠷᠺᠰ ᠤᠨ ᠦᠵᠡᠯ ᠭᠦᠨᠵᠡᠭᠡᠢ ᠨᠥᠯᠥᠭᠡ ᠲᠠᠢ ᠪᠠᠶᠢᠳᠠᠭ ᠤᠨ ᠰᠢᠯᠲᠠᠭᠠᠨ ᠨᠢ ᠭᠦᠨ ᠭᠦᠨᠵᠡᠭᠡᠢ ᠵᠦᠢ ᠶᠣᠰᠣ ᠪᠠᠷ ᠢᠶᠠᠨ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠦᠨᠡᠨ ᠶᠣᠰᠣᠴᠢ ᠴᠢᠨᠠᠷ ᠢ ᠢᠯᠡᠷᠡᠭᠦᠯᠵᠦ ᠂ ᠪᠦᠷᠢᠨ ᠲᠡᠭᠦᠯᠳᠡᠷ ᠰᠢᠰᠲ᠋ᠧᠮ ᠢᠶᠠᠷ ᠢᠶᠠᠨ ᠲᠡᠭᠦᠨ ᠤ ᠤᠨᠤᠯ ᠤᠨ ᠰᠢᠨᠵᠢᠯᠡᠬᠦ ᠤᠬᠠᠭᠠᠨᠴᠢ ᠴᠢᠨᠠᠷ ᠢ ᠨᠤᠲᠠᠯᠠᠭᠰᠠᠨ ᠳᠤ ᠣᠷᠣᠰᠢᠨ᠎ᠠ ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠬᠥᠭᠵᠢᠯᠲᠡ ᠪᠣᠯ ᠲᠠᠰᠤᠷᠠᠯᠲᠠ ᠦᠭᠡᠢ ᠪᠠᠶᠠᠯᠢᠭᠵᠢᠨ ᠥᠷᠭᠡᠵᠢᠬᠦ ᠶᠢᠨ ᠬᠠᠮᠲᠤ ᠲᠠᠰᠤᠷᠠᠯᠲᠠ ᠦᠭᠡᠢ ᠰᠢᠰᠲ᠋ᠧᠮᠵᠢᠬᠦ ᠂ ᠵᠦᠢ ᠶᠣᠰᠣᠵᠢᠬᠤ ᠶᠠᠪᠤᠴᠠ ᠮᠥᠨ ᠃ ᠦᠢᠯᠡᠳᠦᠯᠭᠡ ᠶᠢᠨ ᠠᠬᠢᠴᠠ ᠶᠢᠨ ᠭᠦᠨᠵᠡᠭᠡᠶᠢᠷᠡᠬᠦ ᠶᠢ ᠳᠠᠭᠠᠯᠳᠤᠨ ᠂ ᠨᠠᠮ ᠤᠨ ᠤᠨᠤᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠤᠯᠠᠮ ᠶᠠᠪᠤᠬᠤ ᠲᠤᠳᠤᠮ ᠪᠠᠶᠠᠯᠢᠭᠵᠢᠬᠤ ᠪᠣᠯᠣᠨ᠎ᠠ ᠃ ᠤᠨᠤᠯ ᠤᠨ ᠰᠤᠳᠤᠯᠭᠠᠨ ᠤ ᠲᠠᠶᠢᠯᠪᠤᠷᠢᠯᠠᠯᠲᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ ᠂ ᠮᠠᠨ ᠤ ᠨᠠᠮ ᠤᠨ ᠳᠤᠷᠠᠳᠤᠭᠰᠠᠨ ᠰᠢᠨ᠎ᠡ ᠣᠶᠢᠯᠠᠭᠠᠭᠳᠠᠬᠤᠨ ᠰᠢᠨ᠎ᠡ ᠨᠤᠲᠠᠯᠠᠯᠲᠠ ᠶᠢᠨ ᠤᠭ ᠶᠣᠰᠣᠨ ᠤ ᠴᠢᠨᠠᠷᠲᠠᠢ ᠤᠨᠤᠯ ᠤᠨ ᠦᠷ᠎ᠡ ᠪᠦᠲᠦᠭᠡᠯ ᠢ ᠭᠤᠣᠯᠳᠠᠯᠭ᠎ᠠ ᠲᠠᠢ ᠰᠤᠳᠤᠯᠤᠨ ᠲᠠᠶᠢᠯᠪᠤᠷᠢᠯᠠᠵᠤ ᠂ ᠳᠣᠲᠣᠭᠠᠳᠤ ᠶᠢᠨ ᠬᠢᠨᠢ ᠬᠠᠷᠢᠴᠠᠭ᠎ᠠ ᠶᠢ ᠡᠵᠡᠮᠳᠡᠵᠦ ᠂ ᠪᠦᠭᠦ ᠨᠠᠮ ᠪᠦᠭᠦ ᠤᠯᠤᠰ ᠢᠶᠠᠷ ᠢᠶᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠤᠨᠤᠯ ᠤᠨ ᠨᠡᠩ ᠰᠠᠶᠢᠲᠤᠷ ᠰᠤᠷᠤᠯᠴᠠᠨ ᠡᠵᠡᠮᠰᠢᠬᠦ ᠶᠢ ᠬᠥᠲᠥᠯᠥᠨ ᠵᠢᠯᠤᠭᠤᠳᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠵᠣᠬᠢᠶᠠᠯ ᠳᠤ ᠂ ᠠᠷᠠᠳ ᠤᠯᠠᠨ ᠤ ᠡᠭᠦᠳᠦᠨ ᠪᠦᠲᠦᠭᠡᠯᠲᠡ ᠳᠤᠮᠳᠠ ᠠᠴᠠ ᠤᠨᠤᠯ ᠤᠨ ᠰᠢᠨ᠎ᠡ ᠶᠢ ᠡᠭᠦᠳᠬᠦ ᠤᠶᠤᠨ ᠤᠬᠠᠭᠠᠨ ᠢ ᠰᠢᠩᠭᠡᠬᠡᠨ ᠠᠪᠬᠤ ᠶᠢ ᠴᠢᠬᠤᠯᠠᠴᠢᠯᠠᠬᠤ ᠬᠡᠷᠡᠭᠲᠡᠢ ᠃ ᠮᠠᠷᠺᠰ ᠤᠨ ᠦᠵᠡᠯ ᠪᠣᠯ ᠠᠷᠠᠳ ᠲᠦᠮᠡᠨ ᠤ ᠲᠥᠯᠥᠭᠡ ᠦᠭᠡ ᠬᠡᠯᠡᠵᠦ ᠂ ᠠᠷᠠᠳ ᠲᠦᠮᠡᠨ ᠤ ᠲᠥᠯᠥᠭᠡ ᠣᠷᠣᠯᠠᠨ ᠥᠭᠦᠯᠡᠬᠦ ᠤᠨᠤᠯ ᠮᠥᠨ ᠂ ᠠᠷᠠᠳ ᠲᠦᠮᠡᠨ ᠤ ᠬᠤᠪᠢ ᠵᠠᠶᠠᠭ᠎ᠠ ᠶᠢ ᠬᠤᠪᠢᠷᠠᠭᠤᠯᠬᠤ ᠶᠢᠨ ᠲᠥᠯᠥᠭᠡ ᠡᠭᠦᠳᠦᠨ ᠪᠦᠲᠦᠭᠡᠵᠦ ᠂ ᠠᠷᠠᠳ ᠲᠦᠮᠡᠨ ᠤ ᠴᠢᠯᠦᠭᠡᠯᠡᠯᠲᠡ ᠶᠢ ᠡᠷᠢᠯᠬᠢᠯᠡᠬᠦ ᠦᠢᠯᠡᠳᠦᠯᠭᠡ ᠶᠢᠨ ᠳᠤᠮᠳᠠ ᠪᠠᠶᠠᠯᠢᠭᠵᠢᠨ ᠬᠥᠭᠵᠢᠭᠰᠡᠨ ᠶᠤᠮ ᠂ ᠠᠷᠠᠳ ᠲᠦᠮᠡᠨ ᠤ ᠪᠦᠲᠦᠭᠡᠯᠴᠢ ᠴᠢᠨᠠᠷᠲᠠᠢ ᠦᠢᠯᠡᠳᠦᠯᠭᠡ ᠪᠣᠯ ᠮᠠᠷᠺᠰ ᠤᠨ ᠦᠵᠡᠯ ᠤᠨ ᠤᠨᠤᠯ ᠤᠨ ᠰᠢᠨ᠎ᠡ ᠶᠢ ᠡᠭᠦᠳᠬᠦ ᠰᠢᠷᠭᠢᠰᠢ ᠦᠭᠡᠢ ᠡᠬᠢ ᠪᠤᠯᠠᠭ ᠮᠥᠨ ᠃ ᠮᠠᠷᠺᠰ ᠤᠨ ᠦᠵᠡᠯ ᠢ ᠳᠤᠮᠳᠠᠳᠤ ᠤᠯᠤᠰᠴᠢᠯᠠᠵᠤ ᠴᠠᠭ ᠦᠶᠡᠴᠢᠯᠡᠭᠰᠡᠨ ᠦᠷ᠎ᠡ ᠪᠦᠲᠦᠭᠡᠯ ᠪᠣᠯ ᠴᠥᠮ ᠨᠠᠮ ᠪᠠ ᠠᠷᠠᠳ ᠲᠦᠮᠡᠨ ᠤ ᠦᠢᠯᠡᠳᠦᠯᠭᠡ ᠶᠢᠨ ᠲᠤᠷᠰᠢᠯᠭ᠎ᠠ ᠪᠠ ᠬᠠᠮᠲᠤ ᠶᠢᠨ ᠤᠶᠤᠨ ᠤᠬᠠᠭᠠᠨ ᠤ ᠤᠭᠢ ᠪᠦᠲᠦᠭᠡᠯ ᠮᠥᠨ ᠃ ᠪᠢᠳᠡ ᠡᠯ᠎ᠡ ᠵᠦᠢᠯ ᠤᠨ ᠠᠵᠢᠯ ᠤᠨ ᠦᠢᠯᠡᠳᠦᠯᠭᠡ ᠳᠡᠭᠡᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ ᠂ ᠨᠠᠮ ᠤᠨ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠬᠤ ᠳᠠᠭᠠᠨ ᠴᠤ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠬᠡᠷᠡᠭᠲᠡᠢ ᠃ ᠠᠷᠠᠳ ᠲᠦᠮᠡᠨ ᠤ ᠪᠦᠲᠦᠭᠡᠯᠴᠢ ᠵᠣᠷᠢᠭ ᠰᠠᠨᠠᠭ᠎ᠠ ᠶᠢ ᠭᠦᠨᠳᠦᠳᠭᠡᠵᠦ ᠂ ᠠᠷᠠᠳ ᠲᠦᠮᠡᠨ ᠤ ᠪᠦᠲᠦᠭᠡᠯᠴᠢ ᠴᠢᠨᠠᠷᠲᠠᠢ ᠦᠢᠯᠡᠳᠦᠯᠭᠡ ᠶᠢᠨ ᠳᠤᠮᠳᠠ ᠠᠴᠠ ᠰᠢᠨ᠎ᠡ ᠰᠣᠷᠭᠤᠭ ᠲᠤᠷᠰᠢᠯᠭ᠎ᠠ ᠶᠢ ᠳ᠋ᠦᠩᠨᠡᠬᠦ ᠶᠢ ᠴᠢᠬᠤᠯᠠᠴᠢᠯᠠᠵᠤ ᠂ ᠣᠶᠤᠨᠯᠢᠭ ᠲᠠᠨᠢᠯᠲᠠ ᠪᠣᠯᠭᠠᠨ ᠳᠡᠭᠡᠭᠰᠢᠯᠡᠭᠦᠯᠵᠦ ᠂ ᠰᠢᠨ᠎ᠡ ᠤᠨᠤᠯ ᠤᠨ ᠦᠷ᠎ᠡ ᠪᠦᠲᠦᠭᠡᠯ ᠢ ᠰᠢᠷᠭᠠᠭᠠᠨ ᠪᠤᠯᠪᠠᠰᠤᠷᠠᠭᠤᠯᠵᠤ ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠢ ᠲᠦᠭ ᠲᠦᠮᠡᠨ ᠠᠷᠠᠳ ᠤᠨ ᠰᠡᠳᠬᠢᠯ ᠳᠤ ᠬᠠᠳᠠᠩᠰᠢᠭᠤᠯᠵᠤ ᠂ ᠠᠮᠢᠳᠤᠷᠠᠯ ᠳᠤ ᠣᠶᠢᠷᠠᠲᠤᠵᠤ ᠂ ᠠᠷᠠᠳ ᠤᠨ ᠤᠶᠤᠨ ᠤᠬᠠᠭᠠᠨ ᠢ ᠨᠢᠭᠲᠠᠷᠠᠭᠤᠯᠵᠤ ᠂ ᠠᠷᠠᠳ ᠤᠨ ᠰᠠᠨᠠᠭᠠᠨ ᠳᠤ ᠨᠡᠶᠢᠴᠡᠵᠦ ᠂ ᠠᠷᠠᠳ ᠤᠨ ᠰᠡᠳᠬᠢᠯ ᠢ ᠣᠯᠣᠭᠰᠠᠨ ᠤᠨᠤᠯ ᠪᠤᠯᠭᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ ᠃