ᠵᠤᠬᠢᠶᠠᠭᠴᠢ: ᠴᠠᠭ:2023-10-27 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
ᠰᠢ ᠶᠢᠨ ᠫᠢᠩ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠢᠢᠲ᠋ᠧᠯᠦ᠋ᠸᠧ ᠲᠠᠢ ᠬᠡᠯᠡᠯᠴᠡᠭᠡ ᠬᠢᠪᠡ

 

ᠰᠢᠨᠬᠤᠸᠠ ᠬᠤᠷᠢᠶ᠎ᠠ ᠶᠢᠨ ᠪᠡᠭᠡᠵᠢᠩ ᠤᠨ 2023  10  ᠰᠠᠷ᠎ᠠ ᠶᠢᠨ 25 ᠤ  ᠴᠠᠭᠢᠯᠭᠠᠨ ᠮᠡᠳᠡᠭᠡ  10  ᠰᠠᠷ᠎ᠠ ᠶᠢᠨ 25 ᠤ  ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠠᠷ ᠢᠷᠡᠭᠰᠡᠨ ᠺᠣᠯᠣᠮᠪᠢᠶ᠎ᠠ ᠶᠢᠨ ᠶᠡᠷᠦᠩᠬᠡᠶᠢᠯᠡᠭᠴᠢ ᠫᠸᠢᠢᠲ᠋ᠧᠯᠦ᠋ᠸᠧ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ᠂ ᠳᠤᠮᠳᠠᠳᠤ ᠺᠣᠯᠣᠮᠪᠢᠶ᠎ᠠ ᠶᠢᠨ ᠬᠠᠷᠢᠯᠴᠠᠭ᠎ᠠ ᠶᠢ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃

ᠰᠢ ᠶᠢᠨ ᠫᠢᠩ᠂ ᠳᠤᠮᠳᠠᠳᠤ ᠺᠣᠯᠣᠮᠪᠢᠶ᠎ᠠ ᠬᠠᠷᠢᠯᠴᠠᠭ᠎ᠠ ᠪᠠᠶᠢᠭᠤᠯᠤᠭᠰᠠᠨ 43 ᠵᠢᠯ ᠤᠨ ᠲᠤᠷᠰᠢ᠂ ᠬᠤᠶᠠᠷ ᠤᠯᠤᠰ ᠤᠨ ᠬᠠᠷᠢᠯᠴᠠᠭ᠎ᠠ ᠳᠡᠯᠡᠬᠡᠢ ᠶᠢᠨ ᠤᠷᠪᠠᠭᠠᠨ ᠬᠥᠷᠪᠡᠭᠡᠨ ᠲᠠᠢ ᠬᠤᠪᠢᠷᠠᠯᠲᠠ ᠶᠢᠨ ᠰᠢᠯᠭᠠᠯᠲᠠ ᠶᠢ ᠳᠠᠭᠠᠭᠠᠵᠤ᠂ ᠢᠮᠠᠭᠲᠠ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠪᠠᠨ ᠪᠠᠲᠤᠯᠠᠭᠰᠠᠭᠠᠷ ᠢᠷᠡᠵᠡᠶ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠢᠶᠠᠨ  ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠣᠶᠢᠯᠠᠭᠠᠯᠴᠠᠨ ᠳᠡᠮᠵᠢᠯᠴᠡᠵᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠪᠠᠨ ᠯᠠᠪᠳᠠᠭᠤᠨ ᠢᠶᠠᠷ ᠠᠬᠢᠭᠤᠯᠵᠤ᠂ ᠠᠷᠠᠳ ᠲᠦᠮᠡᠨ ᠤ ᠨᠥᠬᠦᠷᠯᠡᠯ ᠡᠳᠦᠷ ᠢᠷᠡᠬᠦᠶ᠎ᠡ ᠬᠥᠮᠥᠰ ᠤᠨ ᠰᠡᠳᠬᠢᠯ ᠳᠤ ᠭᠦᠨ ᠰᠠᠭᠤᠭᠳᠠᠪᠠ᠃ ᠳᠤᠮᠳᠠᠳᠤ ᠺᠣᠯᠣᠮᠪᠢᠶ᠎ᠠ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠶᠠᠪᠤᠳᠠᠯ ᠪᠣᠯ ᠬᠤᠶᠠᠷ ᠤᠯᠤᠰ ᠤᠨ ᠡᠯ᠎ᠡ ᠡᠲᠡᠭᠡᠳ ᠤᠨ ᠬᠢᠨ ᠤ ᠤᠷᠳᠤ ᠬᠤᠭᠤᠴᠠᠭᠠᠨ ᠤ ᠴᠢᠷᠮᠠᠶᠢᠯᠭ᠎ᠠ ᠶᠢᠨ ᠦᠷ᠎ᠡ ᠳ᠋ᠦᠩ ᠪᠤᠯᠬᠤ ᠪᠥᠭᠡᠳ ᠪᠠᠰᠠ ᠴᠤ ᠬᠤᠶᠠᠷ ᠲᠠᠯ᠎ᠠ ᠶᠢᠨ ᠢᠲᠡᠭᠡᠯᠴᠡᠭᠡ ᠪᠣᠯᠣᠨ ᠬᠠᠮᠲᠤᠷᠠᠯᠴᠠᠭ᠎ᠠ ᠠᠯᠬᠤᠮ ᠠᠯᠬᠤᠮ ᠢᠶᠠᠷ ᠪᠡᠶᠡᠯᠡᠭᠳᠡᠭᠰᠡᠨ ᠤ ᠢᠯᠡᠷᠡᠯ ᠮᠥᠨ᠂ ᠬᠤᠶᠠᠷ ᠲᠠᠯ᠎ᠠ ᠪᠠᠷ ᠢᠶᠠᠨ ᠬᠤᠪᠢ ᠲᠠᠭᠢᠨ ᠨᠠᠨᠳᠢᠩᠨᠠᠨ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ ᠶᠢ ᠱᠠᠭᠠᠷᠳᠠᠨ᠎ᠠ᠃ ᠳᠤᠮᠳᠠᠳᠤ ᠤᠯᠤᠰ ᠳᠤᠷᠠᠲᠠᠶ᠎ᠠ ᠺᠣᠯᠣᠮᠪᠢᠶ᠎ᠠ ᠶᠢᠨ ᠬᠢᠨ ᠲᠠᠢ ᠬᠠᠮᠲᠤ ᠪᠠᠷ ᠳᠤᠮᠳᠠᠳᠤ ᠺᠣᠯᠣᠮᠪᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢ ᠠᠬᠢᠭᠤᠯᠵᠤ ᠪᠠᠶᠢᠭᠠᠳ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠴᠦ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠢᠳᠡᠪᠬᠢ ᠬᠦᠴᠦᠨ ᠨᠡᠮᠡᠷᠢᠯᠡᠨ᠎ᠡ ᠭᠡᠵᠦ ᠵᠢᠭᠠᠵᠤ ᠭᠠᠷᠭᠠᠪᠠ᠃

ᠰᠢ ᠶᠢᠨ ᠫᠢᠩ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠮᠥᠨ ᠴᠢᠨᠠᠷ ᠤᠨ ᠠᠭᠤᠯᠤᠭᠳᠠᠬᠤᠨ ᠢ ᠭᠦᠨᠵᠡᠭᠡᠢ ᠲᠣᠳᠣᠷᠬᠠᠶᠢᠯᠠᠨ ᠥᠭᠦᠯᠡᠵᠡᠢ᠃ ᠰᠢ ᠶᠢᠨ ᠫᠢᠩ᠂ ᠳᠤᠮᠳᠠᠳᠤ ᠤᠯᠤᠰ ᠺᠣᠯᠣᠮᠪᠢᠶ᠎ᠠ ᠶᠢᠨ ᠪᠡᠶ᠎ᠡ ᠪᠠᠨ  ᠡᠵᠡᠨ ᠮᠡᠳᠡᠵᠦ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠬᠦ ᠬᠥᠭᠵᠢᠯᠲᠡ ᠶᠢᠨ ᠵᠠᠮ ᠢ ᠬᠠᠶᠢᠨ ᠰᠦᠪᠡᠭᠴᠢᠯᠡᠬᠦ ᠶᠢ ᠳᠡᠮᠵᠢᠵᠦ᠂ ᠺᠣᠯᠣᠮᠪᠢᠶ᠎ᠠ ᠶᠢᠨ ᠡᠩᠬᠡ ᠲᠠᠶᠢᠪᠤᠩ ᠤᠨ ᠠᠬᠢᠴᠠ ᠶᠢ ᠳᠡᠮᠵᠢᠨ᠎ᠡ᠂ ᠺᠣᠯᠣᠮᠪᠢᠶ᠎ᠠ ᠶᠢᠨ ᠬᠢᠨ ᠪᠦᠭᠦ ᠲᠠᠯ᠎ᠠ ᠶᠢᠨ᠂ ᠤᠳᠠᠭᠠᠨ ᠳᠠᠭᠠᠭᠠᠮᠠᠭᠠᠢ᠂ ᠦᠷᠭᠦᠯᠵᠢᠯᠡᠬᠦ ᠡᠩᠬᠡ ᠲᠠᠶᠢᠪᠤᠩ ᠢ ᠡᠷᠲᠡᠬᠡᠨ ᠪᠡᠶᠡᠯᠡᠭᠦᠯᠬᠦ ᠶᠢ ᠬᠦᠰᠡᠵᠦ ᠪᠠᠶᠢᠨ᠎ᠠ᠂ ᠳᠤᠮᠳᠠᠳᠤ ᠤᠯᠤᠰ ᠤᠨ ᠴᠢᠨᠠᠷ ᠰᠠᠶᠢᠲᠠᠢ ᠬᠥᠭᠵᠢᠯᠲᠡ ᠪᠣᠯᠣᠨ ᠣᠳᠣᠬᠢᠴᠢᠯᠠᠯᠲᠠ ᠶᠢᠨ ᠠᠬᠢᠴᠠ ᠨᠢ ᠺᠣᠯᠣᠮᠪᠢᠶ᠎ᠠ ᠶᠢ ᠪᠠᠭᠲᠠᠭᠠᠭᠰᠠᠨ ᠳᠡᠯᠡᠬᠡᠢ ᠶᠢᠨ ᠡᠯ᠎ᠡ ᠤᠯᠤᠰ ᠲᠤ ᠬᠥᠭᠵᠢᠯᠲᠡ ᠶᠢᠨ ᠰᠢᠨ᠎ᠡ ᠠᠵᠠ ᠲᠣᠭᠢᠶᠠᠯ ᠠᠪᠴᠢᠷᠠᠬᠤ ᠶᠢ ᠢᠲᠡᠭᠡᠵᠦ ᠪᠠᠶᠢᠨ᠎ᠠ᠃ ᠳᠤᠮᠳᠠᠳᠤ ᠺᠣᠯᠣᠮᠪᠢᠶ᠎ᠠ ᠶᠢᠨ ᠬᠠᠷᠢᠯᠴᠠᠭ᠎ᠠ ᠨᠢ ᠡᠷᠬᠡ ᠲᠡᠭᠰᠢ᠂ ᠬᠠᠷᠢᠯᠴᠠᠨ ᠠᠰᠢᠭᠲᠠᠢ᠂ ᠬᠠᠮᠲᠤ ᠪᠠᠷ ᠠᠰᠢᠭ ᠭᠦᠷᠳᠡᠭᠦ ᠳᠤ ᠰᠠᠭᠤᠷᠢᠯᠠᠭᠰᠠᠨ ᠶᠤᠮ᠃ ᠺᠣᠯᠣᠮᠪᠢᠶ᠎ᠠ ᠶᠢᠨ ᠬᠢᠨ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠶᠡᠭᠡ ᠭᠡᠷ ᠪᠦᠯᠢ ᠳᠤ ᠡᠷᠲᠡᠬᠡᠨ ᠣᠷᠣᠯᠴᠠᠵᠤ᠂ ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠠᠵᠤ ᠠᠬᠤᠢ ᠠᠷᠠᠯᠵᠢᠶᠠᠨ ᠤ ᠬᠤᠯᠢᠮᠠᠭ ᠠᠵᠤ ᠠᠬᠤᠢ ᠶᠢᠨ ᠵᠥᠪᠯᠡᠯ ᠤᠨ ᠲᠣᠭᠲᠠᠴᠠ ᠶᠢ ᠰᠠᠶᠢᠲᠤᠷ ᠠᠰᠢᠭᠯᠠᠵᠤ᠂ ᠬᠤᠶᠠᠷ ᠲᠠᠯ᠎ᠠ ᠶᠢᠨ ᠠᠷᠠᠯᠵᠢᠶᠠᠨ ᠤ ᠪᠦᠲᠦᠴᠡ ᠶᠢ ᠰᠢᠯᠢᠳᠡᠭᠵᠢᠭᠦᠯᠵᠦ᠂ ᠮᠡᠳᠡᠭᠡ ᠵᠠᠩᠭᠢ ᠴᠢᠮᠡᠭᠡ ᠬᠤᠯᠪᠤᠭ᠎ᠠ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠤᠯᠤᠰ ᠺᠣᠯᠣᠮᠪᠢᠶ᠎ᠠ ᠶᠢᠨ ᠣᠨᠴᠠᠯᠢᠭ ᠪᠦᠬᠦᠢ ᠨᠡᠩ ᠤᠯᠠᠨ ᠰᠢᠯᠢᠳᠡᠭ ᠦᠢᠯᠡᠳᠬᠦᠨ ᠤ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠶᠢ ᠵᠣᠷᠢᠭᠵᠢᠭᠤᠯᠤᠨ᠎ᠠ᠃ ᠺᠣᠯᠣᠮᠪᠢᠶ᠎ᠠ ᠶᠢᠨ ᠬᠢᠨ ᠤ ᠳᠤᠮᠳᠠᠳᠤ ᠤᠯᠤᠰ ᠤᠨ ᠳᠤᠷᠠᠳᠤᠭᠰᠠᠨ ᠪᠦᠭᠦ ᠪᠥᠮᠪᠥᠷᠴᠡᠭ ᠤᠨ ᠴᠡᠪᠡᠷ ᠡᠨᠧᠷᠭᠢ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢᠨ ᠰᠠᠨᠠᠭᠠᠴᠢᠯᠠᠭ᠎ᠠ ᠳᠤ ᠣᠷᠣᠯᠴᠠᠵᠤ᠂ ᠪᠣᠬᠢᠷᠳᠤᠯ ᠦᠭᠡᠢ ᠬᠥᠭᠵᠢᠯᠲᠡ ᠶᠢᠨ ᠠᠵᠠ ᠲᠤᠭᠢᠶᠠᠯ ᠢ ᠬᠠᠮᠲᠤ ᠪᠠᠷ ᠡᠳ᠋ᠯᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠬᠢᠲᠠᠳ ᠬᠡᠯᠡᠨ ᠤ ᠵᠢᠭᠠᠨ ᠰᠤᠷᠭᠠᠯᠲᠠ᠂ ᠤᠷᠠᠯᠢᠭ ᠤᠨ ᠪᠦᠯᠭᠦᠮ ᠳᠤᠭᠤᠶᠢᠯᠠᠩ ᠤᠨ ᠬᠠᠷᠢᠯᠴᠠᠨ ᠠᠶᠢᠯᠴᠢᠯᠠᠯᠳᠠ᠂ ᠵᠢᠭᠤᠯᠴᠢᠯᠠᠯ ᠵᠡᠷᠭᠡ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠬᠤᠣᠷ ᠴᠠᠭᠠᠵᠠᠯᠠᠬᠤ᠂ ᠤᠯᠤᠰ ᠠᠯᠤᠰᠯᠠᠭᠰᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠬᠠᠤᠯᠢ ᠬᠡᠷᠡᠭᠵᠢᠭᠦᠯᠬᠦ ᠬᠠᠮᠲᠤᠷᠠᠯᠴᠠᠭ᠎ᠠ ᠪᠠᠨ ᠴᠢᠩᠭᠠᠳᠬᠠᠵᠤ᠂ ᠺᠣᠯᠣᠮᠪᠢᠶ᠎ᠠ ᠶᠢᠨ ᠬᠢᠨ ᠺᠣᠯᠣᠮᠪᠢᠶ᠎ᠠ ᠳᠤ ᠪᠠᠶᠢᠭ᠎ᠠ ᠳᠤᠮᠳᠠᠳᠤ ᠤᠯᠤᠰ ᠤᠨ ᠠᠷᠠᠳ ᠢᠷᠭᠡᠨ᠂ ᠠᠵᠤ ᠠᠬᠤᠶᠢᠯᠠᠯ᠂ ᠪᠠᠶᠢᠭᠤᠯᠤᠮᠵᠢ ᠶᠢᠨ ᠠᠮᠤᠷ ᠲᠦᠪᠰᠢᠨ ᠢ ᠰᠠᠶᠢᠲᠤᠷ ᠪᠠᠲᠤᠯᠠᠬᠤ ᠶᠢ ᠬᠦᠰᠡᠵᠦ ᠪᠠᠶᠢᠨ᠎ᠠ᠃ ᠳᠤᠮᠳᠠᠳᠤ ᠺᠣᠯᠣᠮᠪᠢᠶ᠎ᠠ ᠴᠥᠮ ᠬᠥᠭᠵᠢᠵᠦ ᠪᠠᠶᠢᠭ᠎ᠠ ᠤᠯᠤᠰ ᠮᠥᠨ᠂ ᠬᠤᠶᠠᠷ ᠲᠠᠯ᠎ᠠ ᠪᠠᠷ ᠢᠶᠠᠨ ᠳᠡᠯᠡᠬᠡᠢ ᠶᠢᠨ ᠬᠡᠷᠡᠭ ᠶᠠᠪᠤᠳᠠᠯ ᠳᠠᠬᠢ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠵᠤ᠂ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠪᠣᠯᠣᠨ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠶ᠎ᠠ ᠭᠡᠵᠦ ᠴᠢᠬᠤᠯᠠᠴᠢᠯᠠᠪᠠ᠃

ᠰᠢ ᠶᠢᠨ ᠫᠢᠩ ᠺᠣᠯᠣᠮᠪᠢᠶ᠎ᠠ ᠶᠢᠨ ᠬᠢᠨ ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ 2025 ᠣᠨ ᠤ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠳᠤ ᠪᠠᠶᠠᠷ ᠬᠦᠷᠭᠡᠵᠦ᠂ ᠳᠤᠮᠳᠠᠳᠤ ᠶᠢᠨ ᠲᠠᠯ᠎ᠠ ᠶᠢᠨ ᠬᠢᠨ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠤᠨ ᠬᠠᠷᠢᠯᠴᠠᠭ᠎ᠠ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠤᠷᠠᠲᠠᠶ᠎ᠠ ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠶᠢᠨ ᠭᠠᠵᠠᠷ ᠣᠷᠣᠨ ᠤ ᠨᠢᠭᠡ ᠴᠣᠭᠴᠠᠵᠢᠯᠲᠠ ᠶᠢᠨ ᠠᠬᠢᠴᠠ ᠶᠢ ᠥᠩᠭᠡᠷᠡᠭᠰᠡᠨ ᠲᠠᠢ ᠪᠠᠨ ᠠᠳᠠᠯᠢ ᠪᠠᠷ ᠲᠡᠮᠵᠢᠵᠤ᠂ ᠳᠤᠷᠠᠲᠠᠶ᠎ᠠ ᠯᠠᠲ᠋ᠢᠨ ᠠᠮᠧᠷᠢᠺᠠ ᠲᠢᠪ ᠤᠨ ᠬᠢᠨ ᠲᠠᠢ ᠢᠷᠡᠬᠦ ᠵᠢᠯ ᠤᠨ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠶᠠᠷᠢᠶᠠᠨ ᠤ ᠲᠠᠪᠴᠠᠩ ᠪᠠᠶᠢᠭᠤᠯᠤᠭᠳᠠᠭᠰᠠᠨ 10 ᠵᠢᠯ ᠤᠨ ᠤᠢ ᠪᠠᠷ ᠠᠵᠠ ᠲᠣᠭᠢᠶᠠᠯ ᠪᠤᠯᠭᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠪᠣᠯᠣᠨ ᠯᠠᠲ᠋ᠢᠨ ᠠᠮᠧᠷᠢᠺᠠ ᠲᠢᠪ ᠤᠨ ᠬᠠᠷᠢᠯᠴᠠᠭ᠎ᠠ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃

ᠫᠸᠢᠢᠲ᠋ᠧᠯᠦ᠋ᠸᠧ᠂ ᠤᠯᠠᠨ ᠵᠢᠯ ᠠᠯᠤᠰᠯᠠᠭᠠᠳ ᠳᠠᠬᠢᠨᠲᠠ ᠳᠤᠮᠳᠠᠳᠤ ᠤᠯᠤᠰ ᠲᠤ ᠠᠶᠢᠯᠴᠢᠯᠠᠬᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠂ ᠥᠨᠥᠳᠥᠷ ᠤᠨ ᠳᠤᠮᠳᠠᠳᠤ ᠤᠯᠤᠰ ᠪᠣᠯᠣᠨ ᠳᠡᠯᠡᠬᠡᠢ ᠳ᠋ᠠᠬᠢᠨ ᠳᠤ ᠯᠤᠲᠤ ᠶᠡᠭᠡ ᠬᠤᠪᠢᠷᠠᠯᠲᠠ ᠭᠠᠷᠴᠠᠢ᠂ ᠳᠤᠮᠳᠠᠳᠤ ᠤᠯᠤᠰ ᠤᠨ ᠬᠤᠪᠢᠰᠬᠠᠯ ᠪᠣᠯᠣᠨ ᠪᠦᠲᠦᠭᠡᠨ ᠪᠠᠶᠢᠭᠤᠯᠤᠯᠲᠠ ᠶᠢᠨ ᠤᠨᠤᠯ ᠪᠣᠯᠣᠨ ᠦᠢᠯᠡᠳᠦᠯᠭᠡ ᠨᠢ ᠴᠢᠬᠤᠯᠠ ᠰᠡᠩᠬᠡᠷᠡᠭᠦᠯᠬᠦ ᠠᠴᠢ ᠬᠤᠯᠪᠣᠭᠳᠠᠯ ᠲᠠᠢ ᠶᠤᠮ᠃ ᠺᠣᠯᠣᠮᠪᠢᠶ᠎ᠠ ᠶᠢᠨ ᠬᠢᠨ ᠲᠡᠷᠢᠭᠦᠯᠡᠭᠴᠢ ᠰᠢ ᠶᠢᠨ ᠫᠢᠩ  ᠤᠨ ᠳᠤᠷᠠᠳᠤᠭᠰᠠᠨ 《ᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ᠃ ᠺᠣᠯᠣᠮᠪᠢᠶ᠎ᠠ ᠳᠤᠮᠳᠠᠳᠤ ᠤᠯᠤᠰ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ ᠤ ᠳᠠᠷᠠᠭ᠎ᠠ᠂ ᠺᠣᠯᠣᠮᠪᠢᠶ᠎ᠠ ᠶᠢᠨ ᠬᠢᠨ ᠳᠤᠷᠠᠲᠠᠶ᠎ᠠ ᠲᠤᠰ ᠪᠡᠶ᠎ᠡ ᠶᠢᠨ ᠣᠷᠣᠨ ᠪᠠᠶᠢᠷᠢ ᠶᠢᠨ ᠳᠠᠪᠠᠭᠤᠯᠢᠭ ᠪᠠ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠᠨ《ᠨᠢᠭᠡ ᠪᠦᠰᠡ ᠨᠢᠭᠡ ᠵᠠᠮ》 ᠤᠨ ᠰᠠᠨᠠᠭᠠᠴᠢᠯᠠᠭ᠎ᠠ ᠲᠠᠢ ᠵᠣᠯᠭᠠᠭᠤᠯᠵᠤ᠂ ᠰᠠᠭᠤᠷᠢ ᠂ ᠴᠡᠪᠡᠷ ᠡᠨᠧᠷᠭᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠤᠨ ᠺᠣᠯᠣᠮᠪᠢᠶ᠎ᠠ ᠳᠤ ᠪᠡᠯᠡ ᠣᠷᠣᠭᠤᠯᠬᠤ ᠶᠢ ᠪᠠᠶᠠᠷᠯᠠᠨ ᠤᠭᠲᠤᠵᠤ᠂ ᠬᠤᠶᠠᠷ ᠲᠠᠯ᠎ᠠ ᠶᠢᠨ ᠠᠷᠠᠯᠵᠢᠶᠠᠨ ᠤ ᠬᠠᠷᠢᠯᠴᠠᠭ᠎ᠠ ᠶᠢᠨ ᠨᠡᠩ ᠲᠡᠩᠴᠡᠭᠦᠷᠢᠲᠡᠢ  ᠶᠢ ᠠᠬᠢᠭᠤᠯᠤᠨ᠎ᠠ᠂ ᠡᠨᠡ ᠨᠢ ᠺᠣᠯᠣᠮᠪᠢᠶ᠎ᠠ ᠶᠢᠨ ᠤᠯᠤᠰ ᠤᠨ ᠳᠣᠲᠣᠭᠠᠳᠤ ᠶᠢᠨ ᠡᠩᠬᠡ ᠲᠠᠶᠢᠪᠤᠩ ᠤᠨ ᠠᠬᠢᠴᠠ ᠪᠠᠨ ᠠᠬᠢᠭᠤᠯᠵᠤ᠂ ᠠᠷᠠᠳ ᠲᠦᠮᠡᠨ ᠤ ᠬᠦᠰᠡᠨ ᠡᠷᠡᠮᠡᠯᠵᠡᠵᠦ ᠪᠠᠶᠢᠭ᠎ᠠ ᠡᠩᠬᠡ ᠲᠠᠶᠢᠪᠤᠩ ᠲᠣᠭᠲᠠᠭᠤᠨ ᠪᠣᠯᠣᠨ ᠠᠵᠢᠯ ᠣᠯᠭᠤᠯᠲᠠ ᠶᠢᠨ ᠨᠡᠮᠡᠭᠳᠡᠯ ᠢ ᠪᠡᠶᠡᠯᠡᠭᠦᠯᠬᠦ ᠳᠤ ᠠᠰᠢᠭᠲᠠᠢ ᠪᠥᠭᠡᠳ ᠭᠠᠵᠠᠷ ᠣᠷᠣᠨ ᠪᠣᠯᠣᠨ ᠳᠡᠯᠡᠬᠡᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠴᠦ ᠴᠢᠩᠭᠠᠳᠬᠠᠬᠤ ᠪᠣᠯᠣᠨ᠎ᠠ᠃ ᠺᠣᠯᠣᠮᠪᠢᠶ᠎ᠠ ᠶᠢᠨ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠫᠠᠯᠧᠰᠲ᠋ᠠᠶᠢᠨ ᠢᠰᠷᠧᠯ ᠤᠨ ᠪᠠᠶᠢᠳᠠᠯ ᠵᠡᠷᠭᠡ ᠠᠰᠠᠭᠤᠳᠠᠯ ᠤᠨ ᠲᠤᠬᠠᠢ ᠣᠯᠣᠯᠴᠠᠭ᠎ᠠ ᠪᠠᠨ ᠪᠠᠲᠤᠯᠠᠵᠤ᠂ ᠲᠠᠶᠢᠨ ᠢ ᠵᠣᠭᠰᠣᠭᠠᠵᠤ ᠮᠦᠷᠭᠦᠯᠳᠤᠭᠡᠨ ᠢ ᠰᠢᠢᠳᠪᠦᠷᠢᠯᠡᠬᠦ ᠲᠥᠰᠥᠯ ᠢ ᠲᠦᠷᠭᠡᠨ ᠡᠷᠢᠵᠦ ᠣᠯᠬᠤ ᠶᠢ ᠠᠬᠢᠭᠤᠯᠤᠨ᠎ᠠ᠃ ᠺᠣᠯᠣᠮᠪᠢᠶ᠎ᠠ ᠶᠢᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠬᠦᠷᠢᠶᠡᠯᠡᠵᠦ᠂ ᠳᠤᠷᠠᠲᠠᠶ᠎ᠠ ᠳᠤᠮᠳᠠᠳᠤ ᠤᠯᠤᠰ  ᠯᠤᠭ᠎ᠠ ᠤᠯᠠᠨ ᠲᠠᠯ᠎ᠠ ᠶᠢᠨ ᠲᠣᠭᠲᠠᠴᠠ ᠶᠢᠨ ᠳᠣᠲᠣᠷ᠎ᠠ ᠣᠯᠣᠯᠴᠠᠭ᠎ᠠ ᠬᠠᠮᠵᠢᠯᠴᠠᠭ᠎ᠠ ᠪᠠᠨ ᠴᠢᠩᠭᠠᠳᠬᠠᠨ᠎ᠠ᠃ ᠺᠣᠯᠣᠮᠪᠢᠶ᠎ᠠ ᠶᠢᠨ ᠬᠢᠨ ᠯᠠᠲ᠋ᠢᠨ ᠠᠮᠧᠷᠢᠺᠠ ᠲᠢᠪ ᠪᠠ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠪᠣᠯᠣᠨ ᠳᠤᠮᠳᠠᠳᠤ ᠤᠯᠤᠰ ᠤᠨ ᠶᠠᠷᠢᠶᠠᠨ ᠤ ᠲᠠᠪᠴᠠᠩ ᠤᠨ ᠪᠠᠶᠢᠭᠤᠯᠤᠯᠲᠠ ᠶᠢ ᠳᠡᠮᠵᠢᠵᠦ᠂ ᠳᠤᠷᠠᠲᠠᠶ᠎ᠠ 2025 ᠣᠨ ᠳᠤ ᠯᠠᠲ᠋ᠢᠨ ᠠᠮᠧᠷᠢᠺᠠ ᠲᠢᠪ ᠪᠣᠯᠣᠨ ᠺᠠᠷᠢᠪᠧ ᠶᠢᠨ ᠤᠯᠤᠰ ᠤᠳ ᠤᠨ ᠬᠠᠮᠲᠤ ᠶᠢᠨ ᠴᠣᠭᠴᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠬᠦ ᠠᠵᠠ ᠲᠣᠭᠢᠶᠠᠯ ᠢ ᠠᠰᠢᠭᠯᠠᠵᠤ᠂ ᠯᠠᠲ᠋ᠢᠨ ᠠᠮᠧᠷᠢᠺᠠ ᠲᠢᠪ ᠪᠣᠯᠣᠨ ᠳᠤᠮᠳᠠᠳᠤ ᠤᠯᠤᠰ ᠤᠨ ᠬᠠᠷᠢᠯᠴᠠᠭ᠎ᠠ ᠶᠢᠨ ᠲᠠᠰᠤᠷᠠᠯᠲᠠ ᠦᠭᠡᠢ  ᠶᠢ ᠢᠳᠡᠪᠬᠢᠲᠡᠢ ᠠᠬᠢᠭᠤᠯᠤᠨ᠎ᠠ ᠭᠡᠵᠦ ᠢᠯᠡᠳᠬᠡᠪᠡ᠃

ᠬᠡᠯᠡᠯᠴᠡᠭᠡ ᠳᠠᠭᠤᠰᠤᠭᠰᠠᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠠᠵᠤ ᠦᠢᠯᠡᠰ ᠤᠨ ᠪᠡᠯᠡ ᠣᠷᠣᠭᠤᠯᠤᠯᠲᠠ᠂ ᠠᠷᠠᠯᠵᠢᠶ᠎ᠠ᠂ ᠲᠣᠭᠠᠴᠢᠯᠠᠭᠰᠠᠨ ᠠᠵᠤ ᠠᠬᠤᠢ᠂ ᠪᠣᠬᠢᠷᠳᠤᠯ ᠦᠭᠡᠢ ᠬᠥᠭᠵᠢᠯᠲᠡ᠂ ᠬᠥᠳᠡᠭᠡ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ᠂ ᠰᠣᠶᠣᠯ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠵᠡᠷᠭᠡ ᠬᠦᠷᠢᠶᠡᠨ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠢ ᠬᠠᠮᠲᠤᠪᠠᠷ ᠭᠡᠷᠡᠴᠢᠯᠡᠪᠡ᠃

ᠬᠤᠶᠠᠷ ᠲᠠᠯ᠎ᠠ ᠪᠠᠷ ᠢᠶᠠᠨ《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠺᠣᠯᠣᠮᠪᠢᠶ᠎ᠠ ᠤᠯᠤᠰ ᠤᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠶᠢᠭᠤᠯᠬᠤ ᠲᠤᠬᠠᠢ ᠬᠠᠮᠲᠤᠷᠠᠭᠰᠠᠨ ᠢᠯᠡᠷᠬᠡᠶᠢᠯᠡᠯᠲᠡ》 ᠶᠢ ᠨᠡᠶᠢᠲᠡᠯᠡᠪᠡ᠃

ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠤᠭᠲᠤᠬᠤ ᠶᠣᠰᠣᠯᠠᠯ ᠶᠠᠪᠤᠭᠤᠯᠪᠠ᠃

ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠤᠳᠠᠭ᠎ᠠ ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠶᠣᠰᠣᠯᠠᠪᠠ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠠᠩᠭᠢ ᠳᠤᠮᠳᠠᠳᠤ ᠺᠣᠯᠣᠮᠪᠢᠶ᠎ᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠫᠸᠢᠢᠲ᠋ᠧᠯᠦ᠋ᠸᠧ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠬᠦ ᠶᠢᠨ ᠬᠠᠮᠲᠤ ᠵᠢᠭᠰᠠᠭᠠᠯ ᠢ ᠰᠣᠨᠢᠷᠬᠠᠪᠠ᠃

ᠲᠤᠰ ᠣᠷᠣᠢ᠂ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠤᠨ ᠰᠢᠵᠢᠷ ᠠᠯᠳᠠᠨ ᠶᠡᠭᠡ ᠲᠢᠩᠬᠢᠮ ᠳᠤ ᠫᠸᠢᠢᠲ᠋ᠧᠯᠦ᠋ᠸᠧ ᠶᠢ ᠤᠭᠲᠤᠬᠤ ᠳᠠᠶᠢᠯᠠᠯᠭ᠎ᠠ ᠬᠢᠵᠡᠢ᠃

ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃

 

 


   :                    
   :           
备案序号:蒙ICP备05003250号 公安备案15010502000173