ᠵᠤᠬᠢᠶᠠᠭᠴᠢ: ᠴᠠᠭ:2023-11-10 ᠥᠵᠡᠭᠰᠡᠨ : ᠢᠷᠡᠯᠲᠡ:  ᠥᠪᠥᠷ ᠮᠣᠩᠭᠤᠯ ᠤᠨ     ᠵᠠᠰᠠᠭ ᠤᠨ ᠣᠷᠳᠣᠨ  
ᠰᠦᠨ ᠱᠤᠤ ᠴᠧᠩ ᠤᠯᠠᠭᠠᠨᠴᠠᠪ ᠬᠤᠳᠠ ᠳᠤ ᠪᠠᠶᠢᠴᠠᠭᠠᠨ ᠰᠤᠳᠤᠯᠬᠤ ᠳᠠᠭᠠᠨ ᠪᠣᠳᠠᠲᠠᠢ ᠪᠠᠶᠢᠬᠤ ᠱᠠᠭᠠᠷᠳᠠᠯᠭ᠎ᠠ ᠶᠢ ᠭᠤᠣᠯ ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ  ᠬᠡᠷᠡᠭᠲᠡᠢ ᠭᠡᠵᠦ ᠴᠢᠬᠤᠯᠠᠴᠢᠯᠠᠵᠠᠢ

 

2023  11  ᠰᠠᠷ᠎ᠠ ᠶᠢᠨ 5 ᠠᠴᠠ 8 ᠤ ᠡᠳᠦᠷ ᠪᠤᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠤᠯᠠᠭᠠᠨᠴᠠᠪ ᠬᠤᠲᠠ ᠶᠢᠨ ᠬᠡᠰᠡᠭ ᠬᠤᠰᠢᠭᠤ ᠰᠢᠶᠠᠨ ᠳᠤ ᠭᠦᠨᠵᠡᠭᠡᠶᠢᠷᠡᠨ ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠂ ᠡᠨᠡ ᠵᠢᠯ ᠤᠨ ᠠᠵᠢᠯ ᠢᠶᠠᠨ ᠪᠡᠶᠡᠯᠡᠭᠦᠯᠦᠭᠰᠡᠨ ᠪᠠᠶᠢᠳᠠᠯ ᠪᠠ ᠢᠷᠡᠬᠦ ᠵᠢᠯ ᠤᠨ ᠠᠵᠢᠯ ᠤᠨ ᠲᠣᠬᠢᠷᠠᠭᠤᠯᠤᠯᠲᠠ ᠶᠢᠨ ᠲᠣᠭᠤᠷᠢᠨ ᠳᠤ ᠪᠠᠶᠢᠴᠠᠭᠠᠨ ᠰᠤᠳᠤᠯᠪᠠ ᠃

ᠡᠪᠦᠯ ᠤᠨ ᠠᠭᠤᠷ ᠣᠷᠣᠬᠤ ᠶᠢᠨ ᠤᠷᠢᠳ ᠬᠤᠵᠢᠳ ᠢᠶᠠᠷ᠂ ᠠᠭᠠᠷ ᠤᠨ ᠳᠤᠯᠠᠭᠠᠨ ᠤ ᠬᠡᠮᠵᠢᠶ᠎ᠡ ᠭᠡᠨᠡᠳᠲᠡ ᠳᠣᠷᠣᠭᠰᠢᠯᠠᠪᠠ ᠂ ᠰᠦᠨ ᠱᠤᠤ ᠴᠧᠩ ᠰᠠᠯᠬᠢ ᠰᠢᠭᠤᠷᠭᠠᠨ ᠤ ᠳᠤᠮᠳᠠᠭᠤᠷ ᠲᠡᠭᠦᠨ ᠤ ᠬᠠᠷᠢᠯᠴᠠᠬᠤ ᠴᠡᠭ ᠪᠤᠯᠬᠤ ᠳᠥᠷᠪᠡᠳ ᠬᠤᠰᠢᠭᠤᠨ ᠳᠤ ᠢᠷᠡᠵᠦ ᠂ ᠳᠠᠷᠠᠭ᠎ᠠ ᠨᠢ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠂ ᠬᠤᠸᠠᠳᠧ ᠰᠢᠶᠠᠨ ᠂ ᠰᠢᠩ ᠾᠧ ᠰᠢᠶᠠᠨ ᠂ ᠹᠧᠩᠵᠧᠨ ᠬᠤᠳᠠ ᠂ ᠯᠢᠶᠡᠩᠴᠧᠩ ᠰᠢᠶᠠᠨ ᠂ ᠵᠦᠸᠧᠽᠢ ᠰᠢᠶᠠᠨ ᠳᠤ ᠬᠦᠷᠴᠦ ᠂ ᠬᠥᠳᠡᠭᠡ ᠲᠣᠰᠬᠤᠨ ᠢᠶᠠᠷ ᠭᠦᠨᠵᠡᠭᠡᠶᠢᠷᠡᠨ ᠂ ᠲᠠᠷᠢᠶᠠᠴᠢᠨ ᠡᠷᠦᠭᠡ ᠪᠠᠷ ᠣᠷᠣᠵᠤ ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠂ ᠲᠣᠭᠤᠷᠢᠨ ᠪᠠᠶᠢᠴᠠᠭᠠᠵᠤ ᠪᠤᠳᠤᠯ ᠰᠠᠨᠠᠯ ᠢᠶᠠᠨ ᠰᠣᠯᠢᠯᠴᠠᠬᠤ ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠭᠡᠯᠪᠡᠷᠢ ᠪᠠᠷ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠪᠠᠶᠢᠴᠠᠭᠠᠨ ᠰᠤᠳᠤᠯᠵᠤ ᠵᠢᠯᠣᠭᠤᠳᠤᠨ ᠂ ᠬᠤᠰᠢᠭᠤ ᠰᠢᠶᠠᠨ ᠤ ᠭᠤᠣᠯᠳᠠᠯᠭ᠎ᠠ ᠲᠠᠢ ᠠᠵᠢᠯ ᠤᠨ ᠠᠬᠢᠴᠠ ᠶᠢᠨ ᠪᠠᠶᠢᠳᠠᠯ ᠪᠣᠯᠣᠨ ᠢᠷᠡᠬᠦ ᠵᠢᠯ ᠤᠨ ᠠᠵᠢᠯ ᠤᠨ ᠲᠥᠯᠥᠪᠯᠡᠭᠡ ᠶᠢ ᠭᠦᠨᠵᠡᠭᠡᠢ ᠣᠶᠢᠯᠠᠭᠠᠪᠠ ᠃

ᠰᠦᠨ ᠱᠤᠤ ᠴᠧᠩ ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠳᠤ ᠡᠷᠬᠡᠪᠰᠢ ᠪᠣᠳᠠᠲᠠᠢ ᠶᠢ ᠡᠷᠬᠢᠮᠯᠡᠨ ᠦᠨᠡᠨ ᠢ ᠡᠷᠢᠯᠬᠢᠯᠡᠵᠦ ᠂ ᠦᠷ᠎ᠡ ᠪᠦᠲᠦᠮᠵᠢ ᠪᠠᠷ ᠤᠳᠤᠷᠢᠳᠤᠮᠵᠢ ᠪᠤᠯᠭᠠᠬᠤ ᠶᠢ ᠳᠤᠪᠤᠶᠢᠯᠭᠠᠵᠦ ᠦᠨᠡᠨ ᠪᠣᠳᠠᠲᠠᠢ ᠪᠠᠷ ᠠᠬᠢᠭᠤᠯᠵᠤ ᠂ ᠲᠣᠭᠲᠠᠭᠰᠠᠨ ᠠᠵᠢᠯᠯᠠᠭ᠎ᠠ ᠶᠢ ᠪᠣᠳᠠᠲᠠᠢ ᠪᠠᠷ ᠬᠢᠵᠦ ᠂ ᠥᠪᠡᠷ ᠢᠶᠠᠨ ᠲᠣᠭᠲᠠᠭᠠᠵᠤ ᠬᠢᠬᠦ ᠠᠵᠢᠯᠯᠠᠭ᠎ᠠ ᠶᠢ ᠥᠪᠡᠷᠮᠢᠴᠡ ᠣᠨᠴᠠᠯᠢᠭ ᠲᠠᠢ ᠠᠳᠬᠤᠵᠤ ᠂ ᠭᠡᠯᠪᠡᠷᠢ ᠶᠢᠨ ᠲᠡᠳᠦᠢ ᠬᠢᠵᠦ ᠬᠠᠰᠢ ᠶᠠᠰᠢ ᠪᠠᠷ ᠥᠩᠭᠡᠷᠡᠭᠡᠵᠦ ᠶᠠᠭᠠᠬᠢᠭᠰᠠᠨ ᠴᠤ ᠪᠤᠯᠬᠤ ᠦᠭᠡᠢ ᠃ ᠨᠢᠭᠡ ᠳᠤ ᠂ ᠤᠨᠤᠯ ᠤᠨ ᠰᠤᠷᠤᠯᠴᠠᠯᠭ᠎ᠠ ᠳᠤ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠲᠤᠪᠤᠶᠢᠯᠭᠠᠵᠤ ᠂ ᠤᠯᠤᠰ ᠲᠦᠷᠦ ᠶᠢᠨ ᠤᠨᠤᠯ ᠢ ᠰᠤᠷᠤᠯᠴᠠᠬᠤ ᠪᠥᠭᠡᠳ ᠲᠤᠬᠠᠶᠢᠯᠠᠭᠰᠠᠨ ᠠᠵᠢᠯ ᠤᠨ ᠮᠡᠳᠡᠯᠭᠡ ᠶᠢ ᠴᠦ ᠰᠤᠷᠤᠯᠴᠠᠵᠤ ᠂ ᠺᠠᠳ᠋ᠷᠴᠤᠳ ᠤᠨ ᠶᠡᠷᠦᠩᠬᠡᠶᠢᠯᠡᠭᠰᠡᠨ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠬᠡᠷᠡᠭᠲᠡᠢ ᠃ ᠪᠠᠶᠢᠴᠠᠭᠠᠨ ᠰᠤᠳᠤᠯᠬᠤ ᠳᠠᠭᠠᠨ ᠠᠰᠠᠭᠤᠳᠠᠯ ᠳᠤ ᠰᠢᠭᠤᠳ ᠬᠠᠨᠳᠤᠵᠤ ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠢ ᠰᠤᠳᠤᠯᠤᠨ ᠰᠢᠢᠳᠪᠦᠷᠢᠯᠡᠬᠦ ᠬᠡᠷᠡᠭᠲᠡᠢ ᠃ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠳᠤ ᠦᠨᠡᠨ ᠬᠦ ᠬᠠᠲᠠᠭᠤ ᠲᠠᠢ ᠨᠢ ᠬᠠᠯᠳᠠᠵᠤ ᠂ ᠬᠡᠯᠡᠭᠰᠡᠨ ᠳᠡᠭᠡᠨ ᠬᠦᠷᠬᠦ ᠬᠡᠷᠡᠭᠲᠡᠢ ᠃ ᠬᠤᠶᠠᠷ ᠲᠤ ᠂ ᠠᠷᠠᠳ ᠤᠯᠠᠨ ᠢ ᠰᠡᠳᠬᠢᠯ ᠬᠠᠨᠤᠮᠵᠢᠲᠠᠶ ᠪᠠᠶᠢᠯᠭᠠᠬᠤ ᠬᠡᠷᠡᠭᠲᠡᠢ ᠃ 《 ᠨᠠᠮ ᠤᠨ ᠠᠴᠢ ᠡᠨᠡᠷᠢᠯ ᠳᠤ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠳᠠᠭᠠᠬᠤ 》 ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠳᠤ ᠬᠡᠮᠵᠢᠶ᠎ᠡ ᠶᠢ ᠨᠢ ᠰᠠᠶᠢᠲᠤᠷ ᠡᠵᠡᠮᠰᠢᠵᠦ ᠂ ᠣᠯᠠᠨ ᠲᠦᠮᠡᠨ ᠤ ᠦᠵᠡᠵᠦ ᠰᠣᠨᠣᠰᠬᠤ ᠳᠤᠷᠠᠲᠠᠢ ᠭᠡᠯᠪᠡᠷᠢ ᠶᠢ ᠠᠪᠴᠤ ᠂ ᠣᠯᠠᠨ ᠲᠦᠮᠡᠨ ᠤ ᠳᠡᠷᠭᠡᠳᠡᠬᠢ ᠤᠴᠢᠷ ᠶᠠᠪᠤᠳᠠᠯ ᠪᠠ ᠭᠢᠯᠪᠠᠷ ᠣᠶᠢᠯᠠᠭᠠᠮᠵᠢᠲᠠᠢ ᠦᠭᠡ ᠭᠡᠯᠡ ᠪᠠᠷ ᠶᠣᠰᠣ ᠤᠴᠢᠷ ᠢ ᠲᠣᠳᠣᠷᠬᠠᠢ ᠶᠠᠷᠢᠵᠤ ᠥᠭᠬᠦ ᠬᠡᠷᠡᠭᠲᠡᠢ ᠃ ᠭᠤᠷᠪᠠ ᠳᠤ ᠂ ᠡᠯ᠎ᠡ ᠵᠦᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ ᠂ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢᠨ ᠳᠠᠪᠠᠭᠤᠯᠢᠭ ᠢ ᠭᠦᠢᠴᠡᠳ ᠢᠯᠡᠷᠡᠭᠦᠯᠵᠦ ᠂ ᠨᠠᠮ ᠤᠯᠠᠨ ᠲᠦᠮᠡᠨ ᠺᠠᠳ᠋ᠷ ᠤᠯᠠᠨ ᠲᠦᠮᠡᠨ ᠤ ᠬᠠᠷᠢᠴᠠᠭ᠎ᠠ ᠶᠢ ᠴᠢᠨᠠᠭᠰᠢᠳᠠ ᠨᠢᠭᠲᠠᠷᠠᠭᠤᠯᠬᠤ ᠬᠡᠷᠡᠭᠲᠡᠢ ᠃ ᠳᠥᠷᠪᠡ ᠳᠤ ᠂ ᠠᠵᠢᠯ ᠤᠨ ᠴᠢᠷᠮᠠᠶᠢᠬᠤ ᠴᠢᠭᠯᠡᠯ ᠢ ᠲᠣᠳᠣᠷᠬᠠᠶᠢᠯᠠᠬᠤ ᠬᠡᠷᠡᠭᠲᠡᠢ ᠃ 《 ᠳᠠᠪᠠᠭᠤᠯᠢᠭ ᠢᠶᠠᠨ ᠪᠠᠳᠠᠷᠠᠭᠤᠯᠵᠤ ᠂ ᠵᠥᠷᠢᠶ᠎ᠡ ᠪᠠᠨ ᠡᠷᠢᠵᠦ ᠂ ᠬᠥᠭᠵᠢᠯᠲᠡ ᠶᠢ ᠠᠬᠢᠭᠤᠯᠬᠤ 》 ᠲᠤᠰᠬᠠᠢ ᠰᠡᠳᠦᠪᠲᠦ ᠰᠤᠷᠤᠯᠴᠠᠯᠭ᠎ᠠ ᠪᠠ ᠰᠤᠳᠤᠯᠤᠨ ᠶᠠᠷᠢᠯᠴᠠᠬᠤ ᠶᠢ ᠨᠠᠷᠢᠨ ᠬᠢᠨᠠᠮᠠᠭᠠᠢ ᠥᠷᠨᠢᠭᠦᠯᠵᠦ ᠂ ᠲᠣᠰ ᠭᠠᠵᠠᠷ ᠣᠷᠣᠨ ᠤ ᠳᠠᠪᠠᠭᠤᠯᠢᠭ ᠲᠠᠯ᠎ᠠ ᠪᠠ ᠳᠤᠲᠠᠭᠤᠳᠠᠯ ᠢ ᠲᠣᠳᠣᠷᠬᠠᠢ ᠪᠤᠯᠭᠠᠵᠤ ᠂ ᠴᠢᠷᠮᠠᠶᠢᠬᠤ ᠴᠢᠭᠯᠡᠯ ᠢᠶᠠᠨ ᠴᠢᠨᠠᠭᠰᠢᠳᠠ ᠲᠣᠳᠣᠷᠬᠠᠶᠢᠯᠠᠨ ᠂ ᠬᠥᠭᠵᠢᠯᠲᠡ ᠶᠢᠨ ᠰᠡᠳᠬᠢᠴᠡ ᠪᠠᠨ ᠲᠡᠭᠦᠯᠳᠡᠷᠵᠢᠭᠦᠯᠵᠦ ᠂ ᠠᠭᠤᠯᠠ ᠳᠠᠭᠠᠷᠠᠪᠠᠯ ᠵᠠᠮ ᠨᠡᠭᠡᠭᠡᠨ ᠂ ᠤᠰᠤ ᠳᠠᠭᠠᠷᠠᠪᠠᠯ ᠬᠥᠭᠦᠷᠭᠡ ᠲᠠᠯᠪᠢᠵᠤ ᠂ ᠭᠠᠵᠠᠷ ᠣᠷᠣᠨ ᠤ ᠬᠥᠭᠵᠢᠯᠲᠡ ᠪᠠᠨ ᠲᠦᠷᠭᠡᠳᠬᠡᠵᠦ ᠂ ᠴᠢᠨᠠᠷ ᠰᠠᠶᠢᠲᠠᠢ ᠬᠥᠭᠵᠢᠬᠦ ᠶᠢ ᠠᠬᠢᠭᠤᠯᠬᠤ ᠬᠡᠷᠡᠭᠲᠡᠢ ᠃ ᠲᠠᠪᠤ ᠳᠤ ᠂ ᠬᠥᠭᠵᠢᠯᠲᠡ ᠶᠢᠨ ᠪᠠᠶᠢᠳᠠᠯ ᠢ ᠭᠦᠨᠵᠡᠭᠡᠢ ᠵᠠᠳᠠᠯᠵᠤ ᠂ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ ᠂ ᠢᠷᠡᠬᠦ ᠵᠢᠯ ᠤᠨ ᠠᠵᠢᠯ ᠤᠨ ᠪᠦᠭᠦ ᠲᠠᠯ᠎ᠠ ᠪᠣᠯᠣᠨ ᠡᠭᠦᠷᠭᠡ ᠶᠢᠨ ᠪᠢᠴᠢᠭ ᠢ ᠣᠶᠤᠨᠴᠢ ᠪᠠᠷ ᠪᠣᠳᠠᠲᠠᠢ ᠶᠢ ᠡᠷᠬᠢᠮᠯᠡᠨ ᠳᠤᠷᠠᠳᠤᠨ ᠭᠠᠷᠭᠠᠵᠤ ᠂ ᠬᠠᠲᠠᠭᠤ ᠰᠥᠰᠥ ᠬᠠᠳᠠᠨ ᠵᠣᠷᠢᠭ ᠭᠠᠷᠭᠠᠵᠤ ᠨᠢᠭᠡ ᠶᠠᠪᠤᠳᠠᠯ ᠢ ᠬᠢᠪᠡᠯ ᠨᠢᠭᠡ ᠶᠠᠪᠤᠳᠠᠯ ᠢ ᠪᠦᠲᠦᠭᠡᠬᠦ ᠬᠡᠷᠡᠭᠲᠡᠢ ᠃ ᠢᠯᠠᠩᠭᠤᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡ ᠬᠦ ᠭᠤᠣᠯ ᠰᠢᠵᠢᠮ ᠢ ᠭᠤᠣᠯ ᠰᠡᠳᠦᠪᠲᠦ ᠬᠥᠮᠦᠵᠢᠯ ᠤᠨ ᠪᠦᠭᠦ ᠶᠠᠪᠤᠴᠠ ᠳᠤ  ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠴᠥᠮ ᠡᠨᠡ ᠭᠤᠣᠯ ᠰᠢᠵᠢᠮ ᠢ ᠡᠯ᠎ᠡ ᠵᠦᠢᠯ ᠤᠨ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠠᠪᠴᠤ ᠂ ᠦᠡᠭᠭᠡᠨ ᠲᠠᠯ᠎ᠠ ᠶᠢᠨ ᠲᠡᠳᠦᠢ ᠪᠤᠯᠬᠤ ᠂ ᠬᠤᠭᠤᠰᠤᠨ ᠤᠷᠢᠶ᠎ᠠ ᠬᠠᠰᠬᠢᠷᠬᠤ ᠠᠴᠠ ᠰᠡᠷᠭᠡᠶᠢᠯᠡᠬᠦ ᠬᠡᠷᠡᠭᠲᠡᠢ ᠭᠡᠵᠦ ᠬᠡᠯᠡᠪᠡ ᠃

ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠬᠢᠷᠢ ᠵᠡᠷᠭᠡ ᠥᠷᠨᠢᠭᠦᠯᠵᠦ ᠪᠠᠶᠢᠬᠤ ᠂ ᠶᠠᠮᠠᠷ ᠶᠠᠮᠠᠷ ᠦᠷ᠎ᠡ ᠪᠦᠲᠦᠮᠵᠢ ᠣᠯᠵᠤ ᠪᠠᠶᠢᠬᠤ ᠶᠢ ᠰᠦᠨ ᠱᠣᠣ ᠴᠧᠩ ᠲᠤᠶᠢᠯ ᠢᠶᠠᠷ ᠠᠩᠬᠠᠷᠴᠤ ᠪᠠᠶᠢᠪᠠ ᠃ ᠲᠡᠷᠡ ᠤᠯᠠᠭᠠᠨᠬᠠᠳᠠ ᠰᠤᠮᠤ ᠪᠣᠯᠣᠨ ᠠᠷᠠᠳᠴᠢᠯᠠᠯ ᠲᠣᠰᠬᠤᠨ ᠤ ᠨᠠᠮ ᠤᠨ ᠭᠡᠰᠢᠭᠦᠨ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠲᠤ ᠢᠷᠡᠵᠤ ᠂ ᠲᠠᠷᠢᠶᠠᠴᠢᠨ ᠡᠷᠦᠭᠡ ᠪᠠᠷ ᠣᠷᠣᠵᠤ ᠂ ᠲᠤᠬᠠᠢ ᠶᠢᠨ ᠭᠠᠵᠠᠷ ᠤᠨ ᠺᠠᠳ᠋ᠷ ᠤᠯᠠᠨ ᠲᠦᠮᠡᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠬᠤ ᠶᠢᠨ ᠬᠠᠮᠲᠤ 《 ᠪᠦᠷᠢᠨ ᠴᠢᠳᠠᠮᠵᠢᠲᠤ ᠺᠠᠷᠲ 》 ᠤᠨ ᠲᠤᠬᠠᠢ ᠲᠦᠷᠦ ᠶᠢᠨ ᠪᠣᠳᠣᠯᠭ᠎ᠠ ᠶᠢᠨ ᠲᠣᠳᠣᠷᠬᠠᠢ ᠲᠠᠩᠰᠠ ᠂ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢᠨ ᠲᠤᠬᠠᠢ ᠨᠠᠷᠢᠨ ᠳᠠᠩᠰᠠ ᠵᠡᠷᠭᠡ ᠶᠢ ᠨᠠᠷᠢᠯᠢᠭ ᠪᠠᠶᠢᠴᠠᠭᠠᠨ ᠦᠵᠡᠵᠦ ᠂ ᠡᠯ᠎ᠡ ᠲᠦᠷᠦᠯ ᠤᠨ ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢ ᠲᠠᠷᠬᠠᠭᠠᠭᠰᠠᠨ ᠪᠠᠶᠢᠳᠠᠯ ᠢ ᠨᠠᠷᠢᠯᠢᠭ ᠣᠶᠢᠯᠠᠭᠠᠪᠠ ᠃ ᠰᠦᠨ ᠱᠤᠤ ᠴᠧᠩ ᠂ ᠮᠠᠨ ᠤ ᠨᠠᠮ ᠤᠨ ᠲᠣᠭᠲᠠᠭᠠᠭᠰᠠᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠨᠢᠭᠡᠪᠦᠷᠢ ᠂ ᠪᠠᠭᠤᠯᠭᠠᠭᠰᠠᠨ ᠨᠥᠬᠦᠪᠦᠷᠢ ᠪᠡᠯᠡ ᠮᠥᠩᠭᠦ ᠨᠢᠭᠡᠪᠦᠷᠢ ᠶᠢ ᠤᠯᠠᠨ ᠲᠦᠮᠡᠨ ᠳᠤ ᠲᠣᠳᠣᠷᠬᠠᠢ ᠶᠠᠷᠢᠵᠤ ᠥᠭᠴᠦ ᠂ ᠤᠯᠠᠨ ᠲᠦᠮᠡᠨ ᠳᠤ ᠦᠨᠡᠨ ᠬᠦ ᠨᠠᠮ ᠤᠨ ᠠᠴᠢ ᠡᠨᠡᠷᠢᠯ ᠢ ᠮᠡᠳᠡᠭᠦᠯᠵᠦ ᠂ ᠨᠠᠮ ᠤᠨ ᠠᠴᠢ ᠡᠨᠡᠷᠢᠯ ᠢ ᠮᠡᠳᠡᠪᠡᠯ  ᠨᠠᠮ ᠤᠨ ᠠᠴᠢ ᠡᠨᠡᠷᠢᠯ ᠳᠤ ᠦᠨᠡᠨ ᠰᠡᠳᠬᠢᠯ ᠠᠴᠠ ᠪᠠᠨ ᠲᠠᠯᠠᠷᠬᠠᠵᠤ ᠂ ᠨᠠᠮ ᠤᠨ ᠦᠭᠡ ᠶᠢ ᠰᠣᠨᠣᠰᠴᠤ ᠂ ᠨᠠᠮ ᠢᠶᠠᠨ ᠲᠠᠭᠠᠵᠦ ᠶᠠᠪᠤᠨ᠎ᠠ ᠃ ᠤᠯᠠᠨ ᠲᠦᠮᠡᠨ ᠳᠤ ᠦᠢᠯᠡᠴᠢᠯᠡᠬᠦ ᠳᠡᠭᠡᠨ ᠤᠴᠢᠷ ᠶᠠᠪᠤᠳᠠᠯ ᠪᠠᠶᠢᠪᠠᠯ ᠵᠠᠪᠠᠯ ᠰᠢᠢᠳᠪᠦᠷᠢᠯᠡᠬᠦ ᠂ ᠤᠴᠢᠷ ᠶᠠᠪᠤᠳᠠᠯ ᠦᠭᠡᠢ ᠪᠣᠯ ᠶᠠᠷᠰᠢᠭ ᠪᠤᠯᠬᠤ ᠦᠭᠡᠢ ᠪᠠᠶᠢᠬᠤ ᠶᠢ ᠪᠠᠷᠢᠮᠲᠠᠯᠠᠵᠤ ᠂ ᠠᠷᠠᠳ ᠲᠤ ᠰᠠᠶᠢᠨ ᠶᠠᠪᠤᠳᠠᠯ ᠬᠢᠬᠦ ᠳᠡᠭᠡᠨ ᠪᠣᠳᠠᠲᠠᠢ ᠠᠴᠠ ᠡᠭᠦᠰᠴᠦ ᠂ ᠴᠢᠳᠠᠯ ᠤᠨ ᠢᠶᠠᠨ ᠬᠢᠷᠢ ᠪᠠᠷ ᠬᠢᠵᠦ ᠂ ᠴᠢᠳᠠᠯ ᠤᠨ ᠢᠶᠠᠨ ᠬᠢᠷᠢ ᠪᠠᠷ ᠴᠢᠷᠮᠠᠶᠢᠵᠤ ᠂ ᠦᠷᠭᠦᠯᠵᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠃ ᠲᠦᠷᠦ ᠶᠢᠨ ᠪᠣᠳᠣᠯᠭ᠎ᠠ ᠲᠣᠭᠲᠠᠭᠠᠬᠤ ᠪᠠ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠳᠡᠭᠡᠨ ᠴᠥᠮ ᠠᠵᠢᠯ ᠶᠠᠪᠤᠳᠠᠯ ᠢ ᠳᠥᠭᠦᠮ ᠳᠥᠲᠡ ᠪᠠᠶᠢᠯᠭᠠᠵᠤ ᠂ ᠠᠵᠢᠯ ᠢ ᠵᠣᠷᠢᠭᠤᠳᠠ ᠨᠠᠷᠢᠨ ᠪᠤᠳᠤᠯᠢᠶᠠᠨ ᠲᠠᠢ ᠪᠤᠯᠭᠠᠬᠤ ᠠᠴᠠ ᠵᠠᠶᠢᠯᠠᠰᠬᠢᠵᠦ ᠂ ᠤᠯᠠᠨ ᠲᠦᠮᠡᠨ ᠢ ᠳᠡᠩᠰᠡᠯᠭᠡᠬᠦ ᠦᠭᠡᠢ ᠮᠥᠷᠲᠡᠭᠡᠨ ᠺᠠᠳ᠋ᠷᠴᠤᠳ ᠢ ᠳᠡᠩᠰᠡᠯᠭᠡᠬᠦ ᠦᠭᠡᠢ ᠪᠠᠶᠢᠵᠤ ᠂ ᠰᠠᠶᠢᠨ ᠶᠠᠪᠤᠳᠠᠯ ᠢ ᠦᠨᠡᠨ ᠬᠦ ᠰᠠᠶᠢᠲᠤᠷ ᠬᠢᠬᠦ ᠬᠡᠷᠡᠭᠲᠡᠢ ᠭᠡᠵᠦ ᠬᠡᠯᠡᠪᠡ ᠃

ᠪᠠᠶᠢᠴᠠᠭᠠᠨ ᠰᠤᠳᠤᠯᠤᠯᠲᠠ ᠬᠢᠬᠦ ᠬᠤᠭᠤᠴᠠᠭᠠᠨ ᠳᠤ ᠂ ᠰᠦᠨ ᠱᠤᠤ ᠴᠧᠩ ᠲᠤᠭ᠎ᠠ ᠪᠦᠷᠢᠳᠬᠡᠯ ᠤᠨ ᠲᠣᠪᠴᠢᠶ᠎ᠠ ᠂ ᠪᠠᠶᠢᠴᠠᠭᠠᠯᠲᠠ ᠶᠢᠨ ᠶᠡᠷᠦᠩᠬᠡᠢ ᠠᠩᠭᠢ ᠶᠢᠨ ᠨᠥᠬᠦᠳ ᠲᠠᠢ ᠬᠠᠮᠲᠤ ᠲᠠᠷᠢᠶᠠᠴᠢᠨ ᠡᠷᠦᠭᠡ ᠳᠤ ᠬᠦᠷᠴᠦ ᠂ ᠲᠠᠷᠢᠶ᠎ᠠ ᠳᠠᠷᠢᠭᠰᠠᠨ ᠂ ᠮᠠᠯ ᠲᠡᠵᠢᠭᠡᠪᠦᠷᠢ ᠶᠢᠨ ᠣᠷᠣᠯᠭ᠎ᠠ ᠪᠣᠯᠣᠨ ᠨᠥᠬᠦᠪᠦᠷᠢ ᠮᠥᠩᠭᠦ ᠣᠯᠵᠤ ᠪᠠᠶᠢᠭ᠎ᠠ ᠪᠠᠶᠢᠳᠠᠯ ᠢ ᠨᠠᠷᠢᠯᠢᠭ ᠠᠰᠠᠭᠤᠨ ᠯᠠᠪᠯᠠᠵᠤ ᠂ ᠲᠠᠷᠢᠶᠠᠴᠢᠨ ᠡᠷᠦᠭᠡ ᠲᠠᠢ ᠣᠷᠣᠯᠭ᠎ᠠ ᠵᠠᠷᠤᠯᠭ᠎ᠠ ᠶᠢᠨ ᠳᠠᠩᠰᠠ ᠶᠢ ᠨᠢᠭᠡᠳ ᠨᠢᠭᠡ ᠪᠠᠷ ᠨᠠᠷᠢᠯᠢᠭ ᠪᠤᠳᠤᠵᠠᠢ ᠃ ᠲᠡᠷᠡ ᠂ ᠡᠯ᠎ᠡ ᠱᠠᠲᠤᠨ ᠤ ᠬᠢᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠣᠯᠠᠨ ᠲᠦᠮᠡᠨ ᠢ ᠰᠤᠷᠭᠠᠵᠤ ᠬᠥᠮᠥᠵᠢᠭᠦᠯᠬᠦ ᠂ ᠣᠯᠠᠨ ᠲᠦᠮᠡᠨ ᠢ ᠳᠠᠶᠢᠴᠢᠯᠠᠬᠤ ᠶᠢ ᠰᠤᠷᠴᠤ ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠰᠢᠷᠭᠠᠭᠤ ᠬᠠᠲᠠᠭᠤᠵᠢᠯᠲᠠᠢ ᠬᠥᠳᠡᠯᠮᠦᠷᠢᠯᠡᠭᠦᠯᠵᠦ ᠂ ᠬᠠᠰᠢᠶᠠᠯᠠᠨ ᠲᠡᠵᠢᠭᠡᠵᠦ ᠂ ᠬᠦᠷᠢᠶ᠎ᠡ ᠬᠠᠰᠢᠶ᠎ᠠ ᠶᠢᠨ ᠠᠵᠤ ᠠᠬᠤᠢ ᠶᠢ ᠬᠥᠭᠵᠢᠭᠦᠯᠬᠦ ᠵᠡᠷᠭᠡ ᠭᠡᠯᠪᠡᠷᠢ ᠪᠠᠷ ᠳᠠᠮᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠬᠡᠷᠡᠭᠲᠡᠢ ᠭᠡᠵᠦ ᠬᠡᠯᠡᠪᠡ ᠃

ᠰᠦᠨ ᠱᠤᠤ ᠴᠧᠩ ᠲᠠᠭ᠎ᠠ ᠶᠢᠨ ᠨᠠᠭᠤᠷ ᠤᠨ ᠬᠤᠶᠢᠲᠤ ᠭᠦᠪᠡᠭᠡ ᠪᠠᠷ ᠭᠦᠨᠵᠡᠭᠡᠶᠢᠷᠡᠨ ᠨᠠᠭᠤᠷ ᠢ ᠲᠣᠭᠤᠷᠢᠨ ᠪᠠᠶᠢᠴᠠᠭᠠᠵᠤ ᠂ ᠲᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠠᠮᠢ ᠠᠬᠤᠢ ᠶᠢᠨ ᠲᠠᠩᠰᠠ ᠶᠢ ᠰᠠᠶᠢᠲᠤᠷ ᠪᠤᠳᠤᠵᠤ ᠂ ᠬᠠᠮᠠᠭᠠᠯᠠᠯᠲᠠ ᠪᠠ ᠵᠠᠰᠠᠯᠲᠠ ᠶᠢ ᠦᠷᠭᠦᠯᠵᠢᠯᠡᠨ ᠭᠦᠨᠵᠡᠭᠡᠢ ᠠᠬᠢᠭᠤᠯᠬᠤ ᠬᠡᠷᠡᠭᠲᠡᠢ ᠭᠡᠵᠦ ᠵᠠᠬᠢᠪᠠ ᠃

ᠢᠦᠢ ᠯᠢ ᠰᠢᠨ ᠣᠷᠣᠯᠴᠠᠵᠠᠢ ᠃

 

 


   :                    
   :           
备案序号:蒙ICP备05003250号 公安备案15010502000173