ᠵᠤᠬᠢᠶᠠᠭᠴᠢ: ᠴᠠᠭ:2023-11-17 ᠥᠵᠡᠭᠰᠡᠨ : ᠢᠷᠡᠯᠲᠡ:  ᠥᠪᠥᠷ ᠮᠣᠩᠭᠤᠯ ᠤᠨ     ᠵᠠᠰᠠᠭ ᠤᠨ ᠣᠷᠳᠣᠨ  
ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠲᠥᠯᠥᠭᠡᠯᠡᠭᠴᠢᠳ ᠤᠨ ᠪᠦᠯᠭᠦᠮ ᠪᠡᠭᠡᠵᠢᠩ ᠳᠤ ᠬᠦᠷᠴᠦ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠠᠵᠢᠯ ᠢ ᠵᠣᠯᠭᠠᠭᠤᠯᠬᠤ ᠶᠢᠨ ᠬᠠᠮᠲᠤ ᠰᠤᠷᠤᠯᠴᠠᠵᠤ ᠰᠢᠨᠵᠢᠯᠡᠨ ᠪᠠᠶᠢᠴᠠᠭᠠᠪᠠ   ᠶᠢᠨ ᠯᠢ   ᠶᠢᠨ ᠶᠦᠩ   ᠰᠦᠨ ᠱᠤᠤ ᠴᠧᠩ   ᠸᠠᠩ ᠯᠢ ᠰᠢᠶᠠ ᠣᠷᠣᠯᠴᠠᠵᠠᠢ

 

ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠬᠦ ᠶᠢᠨ ᠲᠥᠯᠥᠭᠡ ᠂ 11 ᠰᠠᠷ᠎ᠠ ᠶᠢᠨ 13 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠪᠦᠯᠭᠦᠮ ᠳᠠᠭᠠᠭᠤᠯᠤᠨ ᠪᠡᠭᠡᠵᠢᠩ ᠬᠤᠳᠠ ᠳᠤ ᠬᠦᠷᠴᠦ ᠠᠵᠢᠯ ᠢᠶᠠᠨ ᠵᠣᠯᠭᠠᠭᠤᠯᠬᠤ ᠶᠢᠨ ᠬᠠᠮᠲᠤ ᠰᠤᠷᠤᠯᠴᠠᠵᠥ ᠰᠢᠨᠵᠢᠯᠡᠨ ᠪᠠᠶᠢᠴᠠᠭᠠᠪᠠ ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠂ ᠪᠡᠭᠡᠵᠢᠩ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠶᠢᠨ ᠯᠢ ᠂ ᠪᠡᠭᠡᠵᠢᠩ ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠬᠤᠳᠠ ᠶᠢᠨ ᠳᠠᠷᠤᠭ᠎ᠠ ᠶᠢᠨ ᠶᠦᠩ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ ᠃

ᠰᠢᠨᠵᠢᠯᠡᠨ ᠪᠠᠶᠢᠴᠠᠭᠠᠬᠤ ᠬᠤᠭᠤᠴᠠᠭᠠᠨ ᠳᠤ ᠬᠤᠶᠠᠷ ᠲᠠᠯ᠎ᠠ ᠪᠠᠷ ᠢᠶᠠᠨ ᠰᠠᠨᠠᠯ ᠢᠶᠠᠨ ᠭᠦᠨᠵᠡᠭᠡᠢ ᠰᠣᠯᠢᠯᠴᠠᠪᠠ ᠃ ᠶᠢᠨ ᠯᠢ ᠥᠪᠥᠷ ᠮᠣᠩᠭᠤᠯ ᠤᠨ ᠪᠡᠭᠡᠵᠢᠩ ᠢ ᠬᠠᠯᠠᠮᠵᠢᠯᠠᠵᠤ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ ᠂ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠶᠢᠨ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ  ᠃ ᠶᠡᠷᠦᠩᠬᠡᠢ ᠱᠦᠵᠢ ᠰᠢ ᠶᠢᠨ ᠫᠢᠩ ᠡᠭᠦᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠡᠢ ᠃ ᠪᠢᠳᠡ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ  ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ ᠃ ᠡᠨᠡ ᠵᠢᠯ ᠠᠴᠠ ᠨᠠᠭᠠᠰᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠡᠭᠡᠵᠢᠩ ᠤᠨ ᠬᠢᠨ ᠪᠦᠭᠦ ᠬᠦᠴᠦᠨ ᠢᠶᠠᠷ ᠠᠬᠢᠭᠤᠯᠵᠤ ᠂ ᠬᠠᠮᠵᠢᠯᠴᠠᠭᠠᠨ ᠤ ᠲᠣᠭᠲᠠᠴᠠ ᠲᠠᠰᠤᠷᠠᠯᠲᠠ ᠦᠭᠡᠢ ᠪᠦᠷᠢᠨᠰᠢᠨ ᠲᠡᠭᠦᠯᠳᠡᠷᠵᠢᠵᠦ ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠣᠷᠣᠨ ᠪᠦᠰᠡ ᠶᠢᠨ ᠬᠠᠮᠵᠢᠯᠴᠠᠭ᠎ᠠ ᠦᠷᠭᠦᠯᠵᠢᠯᠡᠨ ᠭᠦᠨᠵᠡᠭᠡᠶᠢᠷᠡᠨ ᠪᠣᠳᠠᠲᠠᠶᠢᠵᠢᠪᠠ ᠃ ᠪᠡᠭᠡᠵᠢᠩ ᠥᠪᠥᠷ ᠮᠣᠩᠭᠤᠯ ᠤᠨ ᠵᠡᠭᠦᠨ ᠪᠠᠷᠠᠭᠤᠨ ᠣᠷᠣᠨ ᠤ ᠬᠠᠮᠵᠢᠯᠴᠠᠭ᠎ᠠ ᠶᠢ ᠪᠡᠭᠡᠵᠢᠩ ᠤᠨ ᠬᠢᠨ ᠢᠮᠠᠭᠲᠠ ᠥᠪᠡᠷ ᠤᠨ ᠬᠢᠪᠡᠰᠦ ᠵᠣᠬᠢᠬᠤ ᠶᠠᠪᠤᠳᠠᠯ ᠪᠠ ᠭᠦᠢᠴᠡᠳᠬᠡᠪᠡᠰᠦ ᠵᠣᠬᠢᠬᠤ ᠬᠠᠷᠢᠭᠤᠴᠠᠯᠭ᠎ᠠ ᠪᠠᠨ ᠪᠤᠯᠭᠠᠵᠤ ᠂ ᠡᠯ᠎ᠡ ᠬᠦᠷᠢᠶᠡᠨ ᠳᠠᠬᠢ ᠵᠣᠯᠭᠠᠯᠴᠠᠭ᠎ᠠ ᠪᠠᠨ ᠭᠦᠨᠵᠡᠭᠡᠶᠢᠷᠡᠭᠦᠯᠵᠦ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠠᠵᠢᠯ ᠤᠨ ᠳᠠᠭᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ ᠃ ᠥᠪᠥᠷ ᠮᠣᠩᠭᠤᠯ ᠤᠨ 《ᠬᠤᠶᠠᠷ ᠶᠡᠭᠡ ᠶᠠᠪᠤᠳᠠᠯ》ᠲᠠᠢ ᠭᠦᠨᠵᠡᠭᠡᠢ ᠵᠣᠯᠭᠠᠭᠤᠯᠵᠤ ᠂ ᠵᠢᠷᠭᠤᠭᠠᠨ 《ᠳᠠᠭᠢᠨ ᠢᠶᠠᠷ ᠨᠡᠮᠡᠭᠳᠡᠭᠦᠯᠬᠦ ᠲᠥᠯᠥᠪᠯᠡᠭᠡ》 ᠳᠤ ᠠᠩᠬᠠᠷᠤᠯ ᠢᠶᠠᠨ ᠲᠥᠪᠯᠡᠷᠡᠭᠦᠯᠵᠦ ᠂ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠶᠢᠨ ᠰᠢᠨ᠎ᠡ ᠠᠷᠭ᠎ᠠ ᠬᠡᠮᠵᠢᠶ᠎ᠡ ᠶᠢ ᠲᠥᠯᠥᠪᠵᠢᠭᠦᠯᠦᠨ ᠠᠬᠢᠭᠤᠯᠵᠤ ᠂ ᠡᠷᠬᠡᠪᠰᠢ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠨ᠎ᠠ ᠃ ᠭᠤᠣᠯᠳᠠᠯᠭ᠎ᠠ ᠲᠠᠢ ᠭᠠᠵᠠᠷ ᠣᠷᠣᠨ ᠂ ᠭᠤᠣᠯᠳᠠᠯᠭ᠎ᠠ ᠲᠠᠢ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠵᠦ ᠂ 《ᠶᠠᠳᠠᠭᠤ ᠠᠴᠠ ᠠᠩᠭᠢᠵᠢᠷᠠᠭᠰᠠᠨ ᠴᠤ ᠬᠠᠷᠢᠭᠤᠴᠠᠯᠭ᠎ᠠ ᠪᠠᠨ ᠬᠠᠶᠠᠬᠤ ᠦᠭᠡᠢ ᠂ ᠶᠠᠳᠠᠭᠤ ᠠᠴᠠ ᠠᠩᠭᠢᠵᠢᠷᠠᠭᠰᠠᠨ ᠴᠤ ᠲᠦᠷᠦ ᠶᠢᠨ ᠪᠣᠳᠣᠯᠭ᠎ᠠ ᠪᠠᠨ ᠲᠠᠰᠤᠯᠳᠠᠭᠤᠯᠬᠤ ᠦᠭᠡᠢ ᠂ ᠶᠠᠳᠠᠭᠤ ᠠᠴᠠ ᠠᠩᠭᠢᠵᠢᠷᠠᠭᠰᠠᠨ ᠴᠤ ᠬᠠᠪᠰᠤᠷᠤᠨ ᠲᠡᠳᠬᠦᠬᠦ ᠪᠠᠨ ᠪᠣᠯᠢᠬᠤ ᠦᠭᠡᠢ ᠂ ᠶᠠᠳᠠᠭᠤ ᠠᠴᠠ ᠠᠩᠭᠢᠵᠢᠷᠠᠭᠰᠠᠨ ᠴᠤ ᠬᠢᠨᠠᠯᠲᠠ ᠬᠠᠮᠢᠶᠠᠷᠤᠯᠲᠠ ᠪᠠᠨ ᠰᠤᠯᠠᠷᠠᠭᠤᠯᠬᠤ ᠦᠭᠡᠢ》ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ ᠂ ᠬᠡᠪᠴᠢᠶᠡᠲᠦ ᠴᠢᠨᠠᠷᠲᠠᠢ ᠲᠠᠭᠢᠨ ᠶᠠᠳᠠᠭᠤᠷᠠᠯ ᠡᠭᠦᠰᠬᠦ ᠦᠭᠡᠢ ᠬᠤᠷᠢᠭ᠎ᠠ ᠱᠤᠭᠤᠮ ᠢ ᠡᠷᠡᠰ ᠰᠠᠬᠢᠵᠤ ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠶᠠᠳᠠᠭᠤ ᠠᠴᠠ ᠠᠩᠭᠢᠵᠢᠷᠠᠭᠰᠠᠨ ᠭᠠᠵᠠᠷ ᠣᠷᠣᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ ᠃ ᠬᠤᠶᠠᠷ ᠭᠠᠵᠠᠷ ᠤᠨ ᠡᠬᠢ ᠪᠠᠶᠠᠯᠢᠭ ᠤᠨ ᠳᠠᠪᠠᠭᠤᠯᠢᠭ ᠨᠥᠬᠦᠴᠡᠯ ᠳᠤ ᠰᠠᠭᠤᠷᠢᠯᠠᠵᠤ ᠂ ᠪᠣᠬᠢᠷᠳᠤᠯ ᠦᠭᠡᠢ ᠠᠮᠢ ᠠᠬᠤᠢ ᠂ ᠰᠣᠶᠣᠯ ᠵᠢᠭᠤᠯᠴᠢᠯᠠᠯ᠂ ᠡᠮ ᠡᠮᠨᠡᠯᠭᠡ ᠰᠤᠷᠭᠠᠨ ᠬᠥᠮᠦᠵᠢᠯ ᠂ ᠠᠵᠤ ᠦᠢᠯᠡᠰ ᠤᠨ ᠰᠢᠨ᠎ᠡ ᠶᠢ ᠡᠭᠦᠳᠬᠦ ᠵᠡᠷᠭᠡ ᠨᠡᠩ ᠥᠷᠭᠡᠨ ᠠᠭᠤᠳᠠᠮ ᠬᠦᠷᠢᠶᠡᠨ ᠳᠤ ᠵᠣᠯᠭᠠᠯᠴᠠᠭ᠎ᠠ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠭᠦᠨᠵᠡᠭᠡᠶᠢᠷᠡᠭᠦᠯᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠡᠷᠡᠯᠬᠡᠭᠯᠡᠨ ᠤᠷᠤᠭᠰᠢᠯᠠᠭᠰᠠᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠨ᠎ᠡ ᠭᠡᠵᠦ ᠵᠢᠭᠠᠵᠤ ᠭᠠᠷᠭᠠᠪᠠ ᠃

ᠰᠦᠨ ᠱᠤᠤ ᠴᠧᠩ ᠪᠡᠭᠡᠵᠢᠩ ᠬᠤᠳᠠ ᠶᠢᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ ᠂ ᠣᠳᠣᠬᠠᠨ ᠳᠤ  ᠣᠷᠣᠨ ᠢᠶᠠᠨ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ  ᠂ 《ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ》 ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠰᠠᠶᠢᠲᠤᠷ ᠪᠡᠶᠡᠯᠡᠭᠦᠯᠵᠦ ᠪᠠᠶᠢᠨ᠎ᠠ ᠃ ᠡᠨᠡ ᠵᠢᠯ ᠠᠴᠠ ᠨᠠᠭᠠᠰᠢ ᠶᠢᠨ ᠯᠢ ᠱᠦᠵᠢ ᠪᠣᠯᠣᠨ ᠬᠤᠳᠠ ᠶᠢᠨ ᠳᠠᠷᠤᠭ᠎ᠠ ᠶᠢᠨ ᠶᠦᠩ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠥᠨᠳᠥᠷ ᠪᠠᠶᠢᠷᠢ ᠠᠴᠠ ᠠᠬᠢᠭᠤᠯᠤᠭᠰᠠᠨ ᠢᠶᠠᠷ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠲᠣᠭᠲᠠᠴᠠ ᠲᠠᠰᠤᠷᠠᠯᠲᠠ ᠦᠭᠡᠢ ᠲᠡᠭᠦᠯᠳᠡᠷᠵᠢᠵᠦ ᠂ ᠠᠭᠤᠯᠭ᠎ᠠ ᠲᠠᠰᠤᠷᠠᠯᠲᠠ ᠦᠭᠡᠢ ᠥᠷᠭᠡᠵᠢᠵᠦ ᠂ ᠰᠢᠨ᠎ᠡ ᠦᠷ᠎ᠡ ᠪᠦᠲᠦᠭᠡᠯ ᠣᠯᠪᠠ ᠃ ᠪᠢᠳᠡ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠡᠨᠡ ᠬᠦ ᠲᠣᠮᠣ ᠲᠠᠪᠴᠠᠩ ᠢ ᠴᠢᠨᠠᠭᠰᠢᠳᠠ ᠰᠠᠶᠢᠲᠤᠷ ᠠᠰᠢᠭᠯᠠᠵᠤ ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠂ ᠠᠮᠢ ᠠᠬᠤᠢ ᠶᠢ ᠵᠠᠰᠠᠬᠤ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠪᠤᠯᠪᠠᠰᠤᠷᠠᠭᠤᠯᠬᠤ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠶᠢ ᠢᠳᠡᠪᠬᠢᠲᠡᠢ ᠭᠦᠨᠵᠡᠭᠡᠶᠢᠷᠡᠭᠦᠯᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠶᠠᠳᠠᠭᠤ ᠠᠴᠠ ᠠᠩᠭᠢᠵᠢᠷᠠᠭᠤᠯᠤᠭᠰᠠᠨ ᠭᠠᠵᠠᠷ ᠣᠷᠣᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠨᠠᠩ ᠣᠯᠠᠨ ᠦᠷ᠎ᠡ ᠪᠦᠲᠦᠭᠡᠯ ᠭᠠᠷᠭᠠᠬᠤ ᠪᠠᠷ ᠴᠢᠷᠮᠠᠶᠢᠨ᠎ᠠ ᠃ ᠡᠭᠦᠨ ᠤ ᠬᠠᠮᠲᠤ ᠂ ᠪᠡᠭᠡᠵᠢᠩ ᠤᠨ ᠠᠵᠤ ᠦᠢᠯᠡᠰ ᠤᠨ ᠬᠥᠭᠵᠢᠯᠲᠡ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠂ ᠡᠮᠴᠢᠯᠡᠭᠡ ᠰᠤᠷᠭᠠᠨ ᠬᠥᠮᠦᠵᠢᠯ ᠂ ᠴᠢᠳᠠᠪᠤᠷᠢᠲᠠᠨ ᠬᠥᠮᠥᠵᠢᠭᠦᠯᠬᠦ ᠵᠡᠷᠭᠡ ᠲᠠᠯ᠎ᠠ ᠶᠢᠨ ᠰᠠᠶᠢᠨ ᠲᠣᠭᠲᠠᠴᠠ ᠂ ᠰᠠᠶᠢᠨ ᠲᠤᠷᠰᠢᠯᠭ᠎ᠠ ᠶᠢ ᠢᠳᠡᠪᠬᠢᠲᠡᠢ ᠰᠤᠷᠤᠯᠴᠠᠨ ᠲᠣᠯᠢ ᠪᠤᠯᠭᠠᠵᠤ ᠂ ᠳᠠᠪᠠᠭᠤᠯᠢᠭ ᠡᠬᠢ ᠪᠠᠶᠠᠯᠢᠭ ᠤᠨ ᠡᠯᠧᠮᠧᠨ᠋ᠲ ᠢ ᠣᠯᠠᠨ ᠠᠷᠭ᠎ᠠ ᠵᠠᠮ ᠢᠶᠠᠷ ᠣᠷᠣᠭᠤᠯᠤᠨ ᠠᠪᠴᠢᠷᠠᠵᠤ ᠂ ᠬᠦᠴᠦᠨ ᠢ ᠠᠰᠢᠭᠯᠠᠨ ᠬᠥᠭᠵᠢᠭᠦᠯᠬᠦ ᠶᠢ ᠨᠠᠩ ᠰᠠᠶᠢᠲᠤᠷ ᠪᠡᠶᠡᠯᠡᠭᠦᠯᠦᠨ᠎ᠡ ᠭᠡᠵᠡᠢ ᠃

ᠡᠪᠦᠯ ᠤᠨ ᠡᠬᠢᠨ ᠤ ᠪᠡᠭᠡᠵᠢᠩ ᠬᠤᠳᠠ ᠶᠢᠨ ᠲᠡᠭᠷᠢ ᠴᠡᠯᠮᠡᠭ ᠲᠤᠩᠭᠠᠯᠠᠭ ᠪᠠᠶᠢᠯ᠎ᠠ ᠃ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠲᠥᠯᠥᠭᠡᠯᠡᠭᠴᠢᠳ ᠤᠨ ᠪᠦᠯᠭᠦᠮ ᠲᠦᠷᠭᠡᠨ ᠤ ᠭᠠᠯᠲᠤ ᠲᠡᠷᠭᠡᠨ ᠠᠴᠠ ᠪᠠᠭᠤᠮᠠᠭᠴᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠰᠤᠳᠤᠯᠬᠤ ᠭᠠᠵᠠᠷ ᠲᠤ ᠬᠦᠷᠴᠦ ᠂ ᠬᠢᠶᠠᠭ ᠡᠪᠡᠰᠦᠨ ᠤ ᠦᠷ᠎ᠡ ᠡᠳ᠋ ᠤᠨ ᠡᠬᠢ ᠪᠠᠶᠠᠯᠢᠭ ᠢ ᠰᠤᠳᠤᠯᠤᠨ ᠨᠡᠭᠡᠭᠡᠬᠦ ᠪᠠ ᠠᠰᠢᠭᠯᠠᠬᠤ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠭᠰᠠᠨ ᠪᠥᠭᠡᠳ ᠲᠤᠰᠬᠠᠢ ᠮᠡᠷᠭᠡᠵᠢᠯᠲᠡᠳ ᠲᠠᠢ ᠥᠪᠥᠷ ᠮᠣᠩᠭᠤᠯ ᠳᠤ ᠬᠢᠶᠠᠭ ᠡᠪᠡᠰᠦ ᠶᠢ ᠥᠷᠭᠡᠳᠬᠡᠨ ᠲᠠᠷᠢᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ ᠃ ᠴᠢ ᠳ᠋ᠢ ᠬᠤᠪᠢ ᠡᠵᠡᠮᠳᠡᠭᠰᠡᠨ ᠲᠣᠭᠠᠴᠢᠯᠠᠭᠰᠠᠨ ᠦᠵᠡᠭᠦᠯᠭᠡ ᠶᠢᠨ ᠲᠥᠪ ᠲᠤ ᠂ ᠲᠥᠯᠥᠭᠡᠯᠡᠭᠴᠢᠳ ᠤᠨ ᠪᠦᠯᠭᠦᠮ ᠠᠵᠤ ᠠᠬᠤᠶᠢᠯᠠᠯ ᠤᠨ ᠬᠥᠭᠵᠢᠯᠲᠡ ᠶᠢᠨ ᠥᠩᠭᠡᠷᠡᠯᠲᠡ ᠶᠢᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ ᠂ ᠳᠡᠭᠡᠳᠦ ᠰᠢᠨ᠎ᠡ ᠮᠡᠷᠭᠡᠵᠢᠯ ᠤᠨ ᠦᠢᠯᠡᠳᠬᠦᠨ ᠨᠦᠭᠦᠳ ᠢ ᠨᠠᠷᠢᠯᠢᠭ ᠦᠵᠡᠭᠰᠡᠨ ᠪᠥᠭᠡᠳ ᠬᠡᠷᠡᠭᠯᠡᠭᠡᠨ ᠤ ᠪᠠᠶᠢᠳᠠᠯ ᠢ ᠨᠢ ᠨᠠᠷᠢᠨ ᠣᠶᠢᠯᠠᠭᠠᠪᠠ ᠃ ᠵᠢᠩ ᠳ᠋ᠦᠩ ᠪᠦᠯᠦᠭᠯᠡᠯ ᠡᠨᠡ ᠵᠢᠯ 《ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠷᠪᠠᠨ ᠰᠢᠯᠢᠳᠡᠭ ᠠᠵᠤ ᠠᠬᠤᠶᠢᠯᠠᠯ》 ᠤᠨ ᠢᠷᠠᠭᠤ ᠠᠯᠳᠠᠷ ᠢ ᠭᠦᠷᠳᠡᠪᠡ ᠃ ᠲᠥᠯᠥᠭᠡᠯᠡᠭᠴᠢᠳ ᠤᠨ ᠪᠦᠯᠭᠦᠮ ᠵᠢᠩ ᠳ᠋ᠦᠩ ᠪᠦᠯᠦᠭᠯᠡᠯ ᠤᠨ ᠶᠡᠷᠦᠩᠬᠡᠢ ᠭᠠᠵᠠᠷ ᠲᠤ ᠬᠦᠷᠴᠦ ᠂ ᠲᠤᠭ᠎ᠠ ᠪᠠᠷᠢᠮᠲᠠ ᠶᠢᠨ ᠦᠵᠡᠭᠦᠯᠭᠡ ᠶᠢᠨ ᠲᠢᠩᠬᠢᠮ ᠪᠣᠯᠣᠨ ᠰᠣᠶᠣᠯ ᠤᠨ ᠦᠵᠡᠭᠦᠯᠭᠡ ᠶᠢᠨ ᠲᠢᠩᠬᠢᠮ ᠢ ᠲᠣᠭᠤᠷᠢᠨ ᠦᠵᠡᠵᠦ ᠂ ᠥᠪᠥᠷ ᠮᠣᠩᠭᠤᠯ ᠤᠨ 《ᠬᠡᠷᠡᠭᠯᠡᠭᠡᠨ ᠤ ᠬᠠᠯᠠᠮᠰᠢᠯ》 ᠪᠣᠯᠣᠨ ᠠᠵᠤ ᠠᠬᠤᠶᠢᠯᠠᠯ ᠤᠨ ᠬᠢᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠳᠤ ᠤᠷᠤᠯᠴᠠᠵᠤ ᠪᠠᠶᠢᠭ᠎ᠠ ᠪᠠᠶᠢᠳᠠᠯ ᠢ ᠣᠶᠢᠯᠠᠭᠠᠪᠠ ᠃ ᠶᠢᠨ ᠹᠧᠩ ᠰᠢᠨᠵᠢᠯᠡᠬᠦ ᠤᠬᠠᠭᠠᠨ ᠮᠡᠷᠭᠡᠵᠢᠯ ᠤᠨ ᠺᠤᠮᠫᠠᠨᠢ ᠳᠤ ᠂ ᠲᠥᠯᠥᠭᠡᠯᠡᠭᠴᠢᠳ ᠤᠨ ᠪᠦᠯᠭᠦᠮ ᠠᠵᠤ ᠠᠬᠤᠶᠢᠯᠠᠯ ᠤᠨ ᠮᠡᠷᠭᠡᠵᠢᠯ ᠰᠤᠳᠤᠯᠤᠨ ᠨᠡᠭᠡᠭᠡᠬᠦ ᠂ ᠦᠢᠯᠡᠳᠬᠦᠨ ᠤ ᠬᠡᠷᠡᠭᠯᠡᠭᠡ ᠵᠢᠴᠢ ᠥᠪᠥᠷ ᠮᠣᠩᠭᠤᠯ ᠳᠠᠬᠢ ᠠᠵᠤ ᠦᠢᠯᠡᠰ ᠤᠨ ᠪᠠᠶᠢᠷᠢᠰᠢᠭᠤᠯᠤᠯᠲᠠ ᠪᠣᠯᠣᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢᠨ ᠪᠠᠶᠢᠳᠠᠯ ᠢ ᠭᠦᠨᠵᠡᠭᠡᠢ ᠣᠶᠢᠯᠠᠭᠠᠪᠠ ᠃ ᠲᠥᠯᠥᠭᠡᠯᠡᠭᠴᠢᠳ ᠤᠨ ᠪᠦᠯᠭᠦᠮ ᠨᠢᠭᠡ ᠡᠳᠦᠷ ᠤᠨ ᠪᠠᠴᠢᠮ ᠶᠠᠭᠠᠷᠠᠯᠲᠠᠢ ᠠᠶᠠᠯᠠᠯ ᠳᠤᠮᠳᠠ ᠤᠯᠠᠨ ᠵᠦᠢᠯ ᠢ ᠦᠵᠡᠵᠦ ᠰᠣᠨᠣᠰᠤᠭᠠᠳ ᠭᠦᠨ ᠰᠡᠩᠬᠡᠷᠡᠭᠦᠯᠦᠯ ᠪᠠ ᠭᠦᠨᠵᠡᠭᠡᠢ ᠲᠥᠷᠥᠭᠳᠡᠯ ᠲᠠᠢ ᠪᠣᠯᠪᠠ ᠃ ᠤᠯᠠᠨ ᠢᠶᠠᠷ ᠢᠶᠠᠨ ᠂ ᠲᠤᠰ ᠤᠳᠠᠭ᠎ᠠ ᠶᠢᠨ ᠰᠤᠷᠤᠯᠴᠠᠵᠥ ᠰᠢᠨᠵᠢᠯᠡᠨ ᠪᠠᠶᠢᠴᠠᠭᠠᠭᠰᠠᠨ ᠴᠠᠭ ᠬᠡᠳᠦᠶᠢᠪᠡᠷ ᠤᠷᠳᠤ ᠪᠢᠰᠢ ᠪᠤᠯᠪᠠᠴᠤ ᠣᠯᠣᠯᠲᠠ ᠮᠠᠰᠢ ᠶᠡᠭᠡ ᠪᠠᠶᠢᠨ᠎ᠠ ᠂ ᠲᠤᠰ ᠤᠳᠠᠭ᠎ᠠ ᠶᠢᠨ ᠰᠤᠷᠤᠯᠴᠠᠵᠥ ᠰᠢᠨᠵᠢᠯᠡᠨ ᠪᠠᠶᠢᠴᠠᠭᠠᠭᠰᠠᠨ ᠦᠷ᠎ᠡ ᠪᠦᠲᠦᠭᠡᠯ ᠢ ᠰᠠᠶᠢᠲᠤᠷ ᠣᠨᠳᠣᠣᠰᠢᠭᠤᠯᠤᠨ ᠬᠡᠷᠡᠭᠯᠡᠵᠦ ᠂ ᠦᠵᠡᠯ ᠰᠠᠨᠠᠭ᠎ᠠ ᠪᠠᠨ ᠴᠢᠯᠦᠭᠡᠯᠡᠵᠦ ᠂ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠴᠦ ᠂ ᠡᠯ᠎ᠡ ᠲᠠᠯ᠎ᠠ ᠶᠢᠨ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠠ ᠭᠡᠵᠦ ᠢᠯᠡᠳᠬᠡᠵᠡᠭᠡᠪᠡ ᠃

ᠪᠡᠭᠡᠵᠢᠩ ᠬᠤᠲᠠ ᠶᠢᠨ ᠤᠳᠤᠷᠢᠳᠤᠯᠭ᠎ᠠ ᠯᠢᠦ ᠸᠧᠢ ᠂ ᠰᠢᠶᠠ ᠯᠢᠨ ᠮᠣᠣ ᠂ ᠵᠣᠣ ᠯᠧᠢ ᠂ ᠢᠦᠢ ᠶᠢᠩ ᠵᠢᠶᠧ ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠠᠩ ᠸᠧᠢ ᠳ᠋ᠦᠩ ᠂ ᠪᠦᠦ ᠭᠠᠩ ᠂ ᠳ᠋ᠢᠩ ᠰᠢᠤ ᠹᠧᠩ ᠂ ᠮᠧᠩ ᠰᠢᠶᠠᠨ ᠳ᠋ᠦᠩ ᠂ ᠬᠤᠸᠠᠩ ᡁᠢ ᠴᠢᠶᠠᠩ ᠂ ᠢᠦᠢ ᠯᠢ ᠰᠢᠨ ᠂ ᠳᠠᠶᠢᠴᠢᠨ ᠂ ᠵᠠᠩ ᠪᠠᠢ ᠴᠧᠩ ᠂ ᠶᠠᠩ ᠵᠢᠶᠧ ᠂ ᠡᠯ᠎ᠡ ᠠᠶᠢᠮᠠᠭ ᠬᠤᠲᠠ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ ᠃


 

 


   :                    
   :           
备案序号:蒙ICP备05003250号 公安备案15010502000173