ᠵᠤᠬᠢᠶᠠᠭᠴᠢ:
ᠴᠠᠭ:2023-11-30
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠰᠢ ᠶᠢᠨ ᠫᠢᠩ ᠬᠤᠶᠠᠳᠤᠭᠠᠷ ᠬᠤᠭᠤᠴᠠᠭᠠᠨ ᠤ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ
ᠰᠢᠨᠬᠤᠸᠠ ᠬᠤᠷᠢᠶ᠎ᠠ ᠶᠢᠨ ᠪᠡᠭᠡᠵᠢᠩ ᠤᠨ 2023 11 ᠰᠠᠷ᠎ᠠ ᠶᠢᠨ 23 ᠤ ᠴᠠᠬᠢᠯᠭᠠᠨ ᠮᠡᠳᠡᠭᠡ 11 ᠰᠠᠷ᠎ᠠ ᠶᠢᠨ 23 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠶᠠᠳᠤᠭᠠᠷ ᠬᠤᠭᠤᠴᠠᠭᠠᠨ ᠤ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠳᠤ ᠪᠠᠶᠠᠷ ᠤᠨ ᠵᠠᠬᠢᠳᠠᠯ ᠢᠯᠡᠭᠡᠪᠡ᠃
ᠰᠢ ᠶᠢᠨ ᠫᠢᠩ᠂ ᠣᠳᠣᠬᠠᠨ ᠳᠤ᠂ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶ᠎ᠠ ᠥᠷᠨᠢᠨ ᠬᠥᠭᠵᠢᠵᠦ᠂ ᠣᠯᠠᠨ ᠤᠯᠤᠰ ᠤᠨ ᠠᠷᠠᠯᠵᠢᠶᠠᠨ ᠤ ᠰᠢᠨ᠎ᠡ ᠭᠢᠯᠠᠰ ᠴᠡᠭ ᠪᠣᠯᠵᠠᠢ᠃ ᠣᠶᠢᠷ᠎ᠠ ᠶᠢᠨ ᠵᠢᠯ ᠠᠴᠠ᠂ ᠳᠤᠮᠳᠠᠳᠤ ᠤᠯᠤᠰ ᠥᠨᠳᠥᠷ ᠪᠠᠷᠢᠮᠵᠢᠶᠠᠲᠤ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠳᠦᠷᠢᠮ ᠲᠠᠢ ᠢᠳᠡᠪᠬᠢᠲᠡᠢ ᠵᠣᠯᠭᠠᠯᠴᠠᠵᠤ᠂ ᠲᠣᠭᠠᠴᠢᠯᠠᠭᠰᠠᠨ ᠠᠷᠠᠯᠵᠢᠶᠠᠨ ᠤ ᠵᠠᠰᠠᠯᠲᠠ ᠶᠢᠨ ᠪᠠᠶᠢᠭᠤᠯᠤᠨ ᠲᠡᠭᠦᠯᠳᠡᠷᠵᠢᠭᠦᠯᠵᠦ᠂ ᠲᠣᠭᠠᠴᠢᠯᠠᠭᠰᠠᠨ ᠠᠷᠠᠯᠵᠢᠶᠠᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠰᠢᠨ᠎ᠡ ᠬᠥᠭᠵᠢᠯᠲᠡ ᠪᠠᠷ ᠳᠡᠯᠡᠬᠡᠢ ᠳ᠋ᠠᠬᠢᠨ ᠳᠤ ᠲᠠᠰᠤᠷᠠᠯᠲᠠ ᠦᠭᠡᠢ ᠰᠢᠨ᠎ᠡ ᠠᠵᠠ ᠲᠣᠬᠢᠶᠠᠯ ᠬᠠᠩᠭᠠᠪᠠ᠃
ᠡᠯ᠎ᠡ ᠲᠠᠯ᠎ᠠ ᠶᠢᠨ ᠬᠢᠨ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠤ ᠲᠠᠪᠴᠠᠩ ᠢ ᠭᠦᠢᠴᠡᠳ ᠠᠰᠢᠭᠯᠠᠵᠤ᠂ ᠬᠠᠮᠲᠤᠷᠠᠯᠴᠠᠭ᠎ᠠ ᠬᠢᠬᠦ ᠶᠢ ᠬᠠᠮᠲᠤ ᠪᠠᠷ ᠵᠥᠪᠳᠡᠯᠴᠡᠵᠦ᠂ ᠬᠥᠭᠵᠢᠯᠲᠡ ᠶᠢ ᠬᠠᠮᠲᠤ ᠪᠠᠷ ᠠᠬᠢᠭᠤᠯᠬᠤ᠂ ᠦᠷ᠎ᠡ ᠪᠦᠲᠦᠭᠡᠯ ᠢ ᠬᠠᠮᠲᠤ ᠪᠠᠷ ᠡᠳ᠋ᠯᠡᠵᠦ᠂ ᠲᠣᠭᠠᠴᠢᠯᠠᠭᠰᠠᠨ ᠠᠷᠠᠯᠵᠢᠶ᠎ᠠ ᠶᠢ ᠬᠠᠮᠲᠤ ᠶᠢᠨ ᠬᠥᠭᠵᠢᠯᠲᠡᠡ ᠶᠢᠨ ᠰᠢᠨ᠎ᠡ ᠬᠥᠳᠡᠯᠭᠡᠭᠦᠷ ᠪᠣᠯᠭᠠᠵᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠳᠤ ᠰᠢᠨ᠎ᠡ ᠬᠥᠳᠡᠯᠭᠡᠬᠦ ᠡᠨᠧᠷᠭᠢ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃
ᠬᠤᠶᠠᠳᠤᠭᠠᠷ ᠬᠤᠭᠤᠴᠠᠭᠠᠨ ᠤ ᠪᠥᠬᠦ ᠪᠥᠮᠪᠥᠷᠴᠡᠭ ᠤᠨ ᠲᠣᠭᠠᠴᠢᠯᠠᠭᠰᠠᠨ ᠠᠷᠠᠯᠵᠢᠶᠠᠨ ᠤ ᠦᠵᠡᠰᠬᠦᠯᠡᠩ ᠤᠨ ᠴᠤᠭᠯᠠᠭᠠᠨ ᠲᠣᠰ ᠡᠳᠦᠷ ᠵᠧᠵᠢᠶᠠᠩ ᠮᠤᠵᠢ ᠶᠢᠨ ᠬᠠᠩᠵᠸᠤ ᠬᠤᠲᠠ ᠳᠤ ᠡᠬᠢᠯᠡᠵᠦ᠂ 《ᠲᠣᠭᠠᠴᠢᠯᠠᠭᠰᠠᠨ ᠠᠷᠠᠯᠵᠢᠶ᠎ᠠ ᠬᠤᠳᠠᠯᠳᠤᠭ᠎ᠠ ᠪᠠᠷ ᠪᠥᠬᠦ ᠪᠥᠮᠪᠥᠷᠴᠡᠭ ᠲᠤ ᠨᠡᠪᠲᠡᠷᠡᠨ᠎ᠡ》ᠭᠡᠬᠦ ᠪᠠᠷ ᠭᠤᠣᠯ ᠰᠡᠳᠦᠪ ᠪᠣᠯᠭᠠᠵᠤ᠂ ᠵᠧᠵᠢᠶᠠᠩ ᠮᠤᠵᠢ ᠶᠢᠨ ᠠᠷᠠᠳ ᠤᠨ ᠵᠠᠰᠠᠭ ᠤᠨ ᠣᠷᠳᠣᠨ ᠪᠣᠯᠣᠨ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠬᠠᠮᠲᠤᠷᠠᠨ ᠭᠤᠣᠯᠯᠠᠨ ᠡᠷᠬᠢᠯᠡᠪᠡ᠃