ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ ᠭᠠᠷ ᠬᠤᠯᠪᠣᠯᠴᠠᠨ ᠣᠳᠣᠬᠢᠴᠢᠯᠠᠯᠲᠠ ᠲᠡᠶᠢᠰᠢ ᠤᠷᠤᠭᠰᠢᠯᠠᠬᠤ ᠰᠢᠨ᠎ᠡ ᠬᠠᠭᠤᠳᠠᠰᠤ ᠶᠢ ᠨᠡᠭᠡᠭᠡᠶ᠎ᠡ
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂
ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠰᠢ ᠶᠢᠨ ᠫᠢᠩ
ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠷᠤᠸᠠᠨ ᠹᠦ᠋ ᠵᠦᠩ ᠪᠣᠯᠣᠨ ᠸᠢᠶᠧᠲᠨᠠᠮ ᠤᠨ ᠤᠯᠤᠰ ᠤᠨ ᠲᠡᠷᠢᠭᠦᠯᠡᠭᠴᠢ ᠦ᠋ ᠸᠧᠨ ᠱᠠᠩ ᠤᠨ ᠤᠷᠢᠯᠭ᠎ᠠ ᠪᠠᠷ᠂ ᠪᠢ ᠪᠦᠭᠦᠳᠠ ᠨᠠᠶᠢᠷᠠᠮᠳᠠᠬᠤ ᠨᠡᠶᠢᠭᠡᠮ ᠵᠢᠷᠤᠮᠲᠤ ᠸᠢᠶᠧᠲᠨᠠᠮ ᠤᠯᠤᠰ ᠲᠤ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠬᠦ ᠪᠣᠯᠣᠯ᠎ᠠ᠃ ᠡᠨᠡ ᠪᠣᠯ ᠮᠢᠨᠤ ᠳᠤᠮᠳᠠᠳᠦ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠪᠦᠭᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠡᠷᠢᠭᠦᠯᠡᠭᠴᠢ ᠶᠢᠨ ᠲᠤᠰᠢᠶᠠᠯ ᠢ ᠡᠭᠦᠷᠭᠡᠯᠡᠭᠰᠡᠨ ᠠᠴᠠ ᠨᠠᠭᠠᠰᠢ ᠭᠤᠷᠪᠠᠳᠠᠭᠢ ᠤᠳᠠᠭ᠎ᠠ ᠸᠢᠶᠧᠲᠨᠠᠮ ᠤᠨ ᠡᠨᠡ ᠬᠦ ᠦᠵᠡᠰᠬᠦᠯᠡᠩᠲᠦ ᠰᠠᠶᠢᠬᠠᠨ ᠨᠤᠲᠤᠭ ᠳᠡᠪᠢᠰᠬᠡᠷ ᠲᠤ ᠠᠶᠢᠯᠴᠢᠯᠠᠵᠤ ᠪᠠᠶᠢᠭ᠎ᠠ ᠶᠠᠪᠤᠳᠠᠯ ᠪᠣᠯᠣᠨ᠎ᠠ᠂ ᠮᠠᠰᠢ ᠳᠣᠲᠣᠨᠣ ᠰᠠᠨᠠᠭᠳᠠᠵᠤ᠂ ᠶᠠᠭ ᠲᠦᠷᠦᠯ ᠰᠠᠳᠤᠨ ᠪᠣᠯᠣᠨ ᠬᠥᠷᠰᠢ ᠵᠡᠷᠭᠡᠯᠡᠳᠡᠭᠡ ᠪᠠᠷ ᠢᠶᠠᠨ ᠠᠶᠢᠯᠴᠢᠯᠠᠬᠰᠠᠨ ᠰᠢᠭ᠋ ᠰᠠᠨᠠᠭᠳᠠᠵᠤ ᠪᠠᠶᠢᠨ᠎ᠠ᠃
ᠳᠤᠮᠳᠠᠳᠤ ᠸᠢᠶᠧᠲᠨᠠᠮ ᠬᠤᠶᠠᠷ ᠤᠯᠤᠰ ᠠᠭᠤᠯᠠ ᠤᠰᠤ ᠪᠠᠷ ᠢᠶᠠᠨ ᠵᠠᠯᠭᠠᠯᠳᠤᠵᠤ᠂ ᠰᠣᠶᠣᠯ ᠬᠠᠷᠢᠯᠴᠠᠨ ᠨᠡᠪᠲᠡᠷᠡᠯᠴᠡᠵᠦ᠂ ᠬᠦᠰᠡᠯᠡᠩ ᠠᠳᠠᠯᠢᠬᠠᠨ ᠪᠠᠶᠢᠵᠤ᠂ ᠬᠤᠪᠢ ᠵᠠᠶᠠᠭ᠎ᠠ ᠪᠠᠨ ᠬᠠᠮᠲᠤᠳᠬᠠᠪᠠ᠃ ᠮᠠᠤ ᠽᠧ ᠳ᠋ᠦᠩ᠂ ᠬᠤ᠋ ᡁᠢ ᠮᠢᠩ ᠵᠡᠷᠭᠡ ᠬᠤᠶᠠᠷ ᠨᠠᠮ ᠬᠤᠶᠠᠷ ᠤᠯᠤᠰ ᠤᠨ ᠠᠬᠠᠮᠠᠳ ᠨᠢᠭᠡ ᠦᠶ᠎ᠡ ᠶᠢᠨ ᠤᠳᠤᠷᠢᠳᠬᠤ ᠬᠥᠮᠥᠰ ᠬᠠᠮᠲᠤ ᠶᠢᠨ ᠬᠦᠰᠡᠯᠡᠩ ᠢᠲᠡᠭᠡᠯ ᠪᠢᠰᠢᠷᠡᠯ ᠢ ᠡᠪᠦᠷᠯᠡᠨ ᠬᠠᠷᠢᠯᠴᠠᠨ ᠣᠶᠢᠯᠠᠭᠠᠯᠴᠠᠵᠤ᠂ 《ᠨᠥᠬᠦᠷ ᠪᠥᠭᠡᠳ ᠠᠬ᠎ᠠ ᠳᠡᠭᠦᠦ》 ᠭᠡᠬᠦ ᠳᠤᠮᠳᠠᠳᠤ ᠸᠢᠶᠧᠲᠨᠠᠮ ᠤᠨ ᠤᠯᠠᠮᠵᠢᠯᠠᠯᠲᠤ ᠨᠥᠬᠦᠷᠯᠡᠯ ᠢ ᠭᠠᠷ ᠬᠤᠯᠪᠣᠯᠴᠠᠨ ᠴᠣᠭᠴᠠᠯᠠᠨ ᠪᠠᠶᠢᠭᠤᠯᠪᠠ᠃ ᠥᠪᠡᠷ ᠥᠪᠡᠷ ᠤᠨ ᠤᠯᠤᠰ ᠤᠨ ᠢᠶᠠᠨ ᠲᠤᠰᠠᠭᠠᠷ ᠲᠣᠭᠲᠠᠨᠢᠯ ᠪᠠ ᠦᠨᠳᠦᠰᠦᠲᠡᠨ ᠤ ᠴᠢᠯᠦᠭᠡᠯᠡᠯᠲᠡ ᠶᠢᠨ ᠦᠢᠯᠡᠰ ᠢ ᠬᠥᠭᠡᠭᠡᠴᠡᠯᠳᠦᠬᠦ ᠶᠠᠪᠤᠴᠠ ᠳᠤ᠂ ᠪᠢᠳᠡ ᠪᠦᠯᠬᠦᠮᠳᠡᠨ ᠨᠢᠭᠡᠳᠴᠦ᠂ ᠬᠠᠷᠢᠯᠴᠠᠨ ᠳᠡᠮᠵᠢᠪᠡ᠃ ᠨᠡᠶᠢᠭᠡᠮ ᠵᠢᠷᠤᠮ ᠪᠦᠲᠦᠭᠡᠨ ᠦᠢᠯᠡᠰ ᠲᠤ᠂ ᠪᠢᠳᠠ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠵᠤ᠂ ᠬᠠᠮᠲᠤᠷᠠᠯᠴᠠᠭ᠎ᠠ ᠪᠠᠨ ᠥᠷᠭᠡᠳᠬᠡᠵᠦ᠂ ᠳᠤᠮᠳᠠᠳᠤ ᠸᠢᠶᠧᠲᠨᠠᠮ ᠤᠨ ᠨᠥᠬᠦᠷᠯᠡᠯ ᠤᠨ ᠲᠡᠦᠬᠡᠨ ᠬᠠᠭᠤᠳᠠᠰᠤ ᠶᠢ ᠬᠠᠮᠲᠤ ᠪᠠᠷ ᠪᠢᠴᠢᠭᠯᠡᠪᠡ᠃
ᠡᠨᠡ ᠵᠢᠯ ᠪᠣᠯ ᠳᠤᠮᠳᠠᠳᠤ ᠸᠢᠶᠧᠲᠨᠠᠮ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠠᠶᠢᠭᠤᠯᠤᠭᠰᠠᠨ 15 ᠵᠢᠯ ᠤᠨ ᠤᠢ ᠪᠣᠯᠣᠨ᠎ᠠ᠃ ᠳᠡᠯᠡᠬᠡᠢ ᠶᠢᠨ ᠪᠠᠶᠢᠳᠠᠯ ᠶᠠᠭᠠᠬᠢᠵᠤ ᠬᠤᠪᠢᠷᠠᠭᠰᠠᠨ ᠴᠤ᠂ ᠳᠤᠮᠳᠠᠳᠤ ᠸᠢᠶᠧᠲᠨᠠᠮ ᠤᠨ ᠬᠤᠶᠠᠷ ᠨᠠᠮ ᠬᠤᠶᠠᠷ ᠤᠯᠤᠰ ᠡᠩᠬᠡ ᠲᠠᠶᠢᠪᠤᠩ ᠠᠮᠤᠷ ᠲᠣᠭᠲᠠᠭᠤᠨ ᠢ ᠬᠠᠮᠲᠤ ᠪᠠᠷ ᠰᠠᠬᠢᠵᠤ᠂ ᠬᠥᠭᠵᠢᠯᠲᠡ ᠬᠠᠮᠲᠤᠷᠠᠯᠴᠠᠭ᠎ᠠ ᠶᠢ ᠬᠠᠮᠲᠤ ᠪᠠᠷ ᠰᠦᠪᠡᠭᠴᠢᠯᠡᠵᠦ᠂ ᠬᠥᠭᠵᠢᠯ ᠴᠡᠴᠡᠭᠯᠡᠯ ᠪᠠᠶᠠᠨ ᠬᠦᠴᠦᠷᠬᠡᠭ ᠢ ᠬᠠᠮᠲᠤ ᠪᠠᠷ ᠴᠣᠭᠴᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠰᠠᠷᠠᠭᠤᠯ ᠳᠠᠷᠳᠠᠩ ᠵᠠᠮ ᠢᠶᠠᠷ ᠵᠠᠮᠨᠠᠨ᠎ᠠ᠃
ᠪᠢᠳᠠ ᠢᠲᠡᠭᠡᠯ ᠲᠠᠢ ᠶᠠᠪᠤᠯᠴᠠᠬᠤ ᠶᠢ ᠪᠠᠷᠢᠮᠲᠠᠯᠠᠪᠠ᠃ ᠬᠤᠶᠠᠷ ᠨᠠᠮ ᠬᠤᠶᠠᠷ ᠤᠯᠤᠰ ᠤᠨ ᠳᠡᠭᠡᠳᠦ ᠳᠠᠪᠬᠤᠷᠭ᠎ᠠ ᠰᠠᠳᠤᠨ ᠲᠥᠷᠥᠯ ᠰᠢᠭ ᠦᠷᠭᠦᠯᠵᠢ ᠶᠠᠪᠤᠯᠴᠠᠳᠠᠭ᠃ ᠡᠨᠡ ᠵᠢᠯ᠂ ᠪᠢ ᠶᠡᠷᠦᠩᠬᠡᠢ ᠱᠦᠵᠢ ᠷᠤᠸᠠᠨ ᠹᠦ᠋ ᠵᠦᠩ ᠲᠠᠢ ᠨᠢᠭᠲᠠ ᠬᠤᠷᠰᠢᠯᠴᠠᠵᠤ᠂ ᠬᠠᠮᠲᠤ ᠪᠠᠷ ᠪᠠᠶᠢᠯᠳᠤᠬᠤ ᠪᠣᠳᠣᠯᠭ᠎ᠠ ᠶᠢᠨ ᠥᠨᠳᠥᠷᠴᠡ ᠪᠣᠯᠣᠨ ᠠᠯᠤᠰ ᠭᠡᠳᠤ ᠶᠢᠨ ᠬᠠᠷᠠᠭᠠᠰᠤ ᠠᠴᠠ ᠰᠢᠨ᠎ᠡ ᠴᠠᠭ ᠦᠶ᠎ᠡ ᠶᠢᠨ ᠳᠤᠮᠳᠠᠳᠤ ᠸᠢᠶᠧᠲᠨᠠᠮ ᠤᠨ ᠬᠠᠷᠢᠯᠴᠠᠭᠠᠨ ᠤ ᠵᠢᠷᠤᠭ ᠲᠥᠰᠥᠪ ᠢ ᠵᠢᠷᠤᠭᠯᠠᠵᠤ᠂ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢᠨ ᠰᠢᠨ᠎ᠡ ᠪᠠᠶᠢᠷᠢ ᠲᠣᠭᠲᠠᠭᠠᠯᠲᠠ ᠲᠣᠭᠲᠠᠭᠠᠵᠤ᠂ ᠰᠢᠨ᠎ᠡ ᠳᠤ ᠣᠷᠣᠬᠤ ᠶᠢ ᠠᠬᠢᠭᠤᠯᠪᠠ᠃ ᠪᠢ ᠤᠷᠢᠳ ᠬᠤᠵᠢᠳ ᠳᠤᠮᠳᠠᠳᠤ ᠤᠯᠤᠰ ᠲᠤ ᠠᠶᠢᠯᠴᠢᠯᠠᠬᠰᠠᠨ ᠪᠤᠶᠤ ᠬᠤᠷᠠᠯ ᠳᠤ ᠣᠷᠣᠯᠴᠠᠬᠰᠠᠨ ᠤᠯᠤᠰ ᠤᠨ ᠲᠡᠷᠢᠭᠦᠯᠡᠭᠴᠢ ᠦ᠋ ᠸᠧᠨ ᠱᠠᠩ᠂ ᠵᠠᠰᠠᠭ ᠤᠨ ᠣᠷᠳᠣᠨ ᠤ ᠶᠡᠷᠦᠩᠬᠡᠢ ᠰᠠᠶᠢᠳ ᠹᠠᠨ ᠮᠢᠩ ᠵᠧᠩ᠂ ᠸᠢᠶᠧᠲᠨᠠᠮ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠱᠦᠵᠢ ᠨᠠᠷ ᠤᠨ ᠭᠠᠵᠠᠷ ᠤᠨ ᠪᠠᠶᠢᠩᠭᠤ ᠶᠢᠨ ᠱᠦᠵᠢ ᠵᠠᠩ ᠱᠢ ᠮᠧᠢ ᠨᠥᠬᠦᠷ ᠲᠠᠢ ᠠᠭᠤᠯᠵᠠᠪᠠ᠃ ᠬᠤᠶᠠᠷ ᠲᠠᠯ᠎ᠠ ᠪᠠᠷ ᠢᠶᠠᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠵᠢᠯᠤᠭᠤᠳᠬᠤ ᠵᠥᠪᠯᠡᠯ᠂ ᠬᠤᠶᠠᠷ ᠨᠠᠮ ᠤᠨ ᠤᠨᠤᠯ ᠤᠨ ᠰᠤᠳᠤᠯᠤᠨ ᠶᠠᠷᠢᠯᠴᠠᠬᠤ ᠬᠤᠷᠠᠯ᠂ ᠬᠤᠶᠠᠷ ᠤᠯᠤᠰ ᠤᠨ ᠳᠣᠲᠣᠭᠠᠳᠤ ᠶᠢ ᠬᠠᠮᠠᠭᠠᠯᠠᠬᠤ ᠶᠠᠮᠤᠨ ᠤ ᠬᠠᠮᠲᠤᠷᠠᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠬᠤᠷᠠᠯ ᠵᠡᠷᠭᠡ ᠲᠣᠭᠲᠠᠴᠠ ᠶᠢᠨ ᠬᠤᠷᠠᠯ ᠢ ᠬᠤᠷᠠᠯᠳᠤᠭᠤᠯᠪᠠ᠃ ᠡᠯ᠎ᠡ ᠰᠠᠯᠠᠭ᠎ᠠ ᠮᠥᠴᠢᠷ ᠡᠯ᠎ᠡ ᠭᠠᠵᠠᠷ ᠣᠷᠣᠨ ᠤ ᠬᠠᠮᠲᠤᠷᠠᠯᠴᠠᠭ᠎ᠠ ᠨᠠᠩ ᠨᠢᠭᠲᠠᠷᠠᠬᠤ ᠬᠠᠨᠳᠤᠰᠢ ᠲᠠᠢ ᠪᠣᠯᠪᠠ᠃
ᠪᠢᠳᠡ ᠠᠰᠢᠭ ᠲᠤᠰᠠ ᠪᠠᠨ ᠬᠠᠷᠢᠯᠴᠠᠨ ᠠᠭᠤᠰᠤᠯᠴᠠᠭᠤᠯᠬᠤ ᠶᠢ ᠪᠠᠷᠢᠮᠲᠠᠯᠠᠪᠠ᠃ ᠳᠤᠮᠳᠠᠳᠤ ᠤᠯᠤᠰ ᠤᠷᠳᠤ ᠲᠤᠷᠰᠢ ᠸᠢᠶᠧᠲᠨᠠᠮ ᠤᠨ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠪᠣᠯᠵᠤ᠂ ᠸᠢᠶᠧᠲᠨᠠᠮ ᠪᠣᠯ ᠳᠤᠮᠳᠠᠳᠤ ᠤᠯᠤᠰ ᠤᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠳᠠᠬᠢ ᠬᠠᠮᠤᠭ ᠤᠨ ᠶᠡᠭᠡ ᠠᠷᠠᠯᠵᠢᠶᠠᠨ ᠤ ᠬᠠᠨᠢᠲᠠᠨ ᠪᠠ ᠪᠦᠭᠦ ᠪᠥᠮᠪᠥᠷᠴᠡᠭ ᠤᠨ ᠳᠥᠷᠪᠡᠳᠦᠭᠡᠷ ᠶᠡᠭᠡ ᠠᠷᠠᠯᠵᠢᠶᠠᠨ ᠤ ᠬᠠᠨᠢᠲᠠᠨ ᠪᠣᠯᠣᠨ᠎ᠠ᠃ ᠳᠤᠮᠳᠠᠳᠤ ᠶᠢᠨ ᠲᠠᠯ᠎ᠠ ᠶᠢᠨ ᠤᠷᠢᠯᠭ᠎ᠠ ᠪᠠᠷ᠂ ᠸᠢᠶᠧᠲᠨᠠᠮ ᠤᠨ ᠤᠳᠤᠷᠢᠳᠬᠤ ᠬᠥᠮᠥᠰ ᠭᠤᠷᠪᠠᠳᠤᠭᠠᠷ ᠬᠤᠭᠤᠴᠠᠭᠠᠨ ᠤ 《ᠨᠢᠭᠡ ᠪᠦᠰᠡ ᠨᠢᠭᠡ ᠵᠠᠮ》 ᠤᠨ ᠣᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ᠂ ᠵᠢᠷᠭᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ ᠦᠵᠡᠰᠭᠦᠯᠡᠩ ᠤᠨ ᠴᠤᠭᠯᠠᠭᠠᠨ᠂ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ — ᠡᠮᠦᠨᠡᠲᠦ ᠠᠽᠢᠶ᠎ᠠ ᠶᠢᠨ ᠦᠵᠡᠰᠭᠦᠯᠡᠩ ᠤᠨ ᠴᠤᠭᠯᠠᠭᠠᠨ᠂ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠤᠭ᠎ᠠ ᠶᠢᠨ ᠦᠵᠡᠰᠭᠦᠯᠡᠩ ᠤᠨ ᠴᠤᠭᠯᠠᠭᠠᠨ ᠳᠤ ᠣᠷᠣᠯᠴᠠᠪᠠ᠃ ᠸᠢᠶᠧᠲᠨᠠᠮ ᠠᠴᠠ ᠳᠤᠮᠳᠠᠳᠤ ᠤᠯᠤᠰ ᠲᠤ ᠭᠠᠷᠭᠠᠭᠰᠠᠨ ᠵᠢᠮᠢᠰ ᠨᠣᠭᠤᠭ᠎ᠠ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠨᠢ ᠳᠤᠮᠳᠠᠳᠤ ᠤᠯᠤᠰ ᠤᠨ ᠬᠡᠷᠡᠭᠯᠡᠭᠴᠢᠳ ᠤᠨ ᠪᠠᠭ᠋ᠠᠷᠬᠠᠯ ᠢ ᠶᠡᠬᠡᠳᠡ ᠣᠯᠪᠠ᠃ ᠳᠤᠮᠳᠠᠳᠤ ᠤᠯᠤᠰ ᠤᠨ ᠭᠠᠳᠠᠭᠠᠳᠤ ᠳᠤ ᠭᠠᠷᠭᠠᠬᠤ ᠲᠦᠭᠦᠬᠡᠢ ᠮᠠᠲ᠋ᠧᠷᠢᠶᠠᠯ ᠪᠣᠯᠣᠨ ᠮᠠᠰᠢᠨ ᠲᠥᠬᠦᠭᠡᠷᠦᠮᠵᠢ ᠸᠢᠶᠧᠲᠨᠠᠮ ᠤᠨ ᠦᠢᠯᠡᠳᠬᠦ ᠦᠢᠯᠡᠰ ᠤᠨ ᠬᠥᠭᠵᠢᠯᠲᠡ ᠶᠢ ᠬᠦᠴᠦᠲᠡᠢ ᠳᠡᠮᠵᠢᠪᠡ᠃ ᠳᠤᠮᠳᠠᠳᠤ ᠤᠯᠤᠰ ᠤᠨ ᠠᠵᠤ ᠠᠬᠤᠶᠢᠯᠠᠯ ᠬᠠᠨᠤᠢ ᠶᠢᠨ ᠬᠥᠩᠭᠡᠨ ᠲᠡᠮᠦᠷ ᠵᠠᠮ ᠤᠨ 2 ᠳ᠋ᠤᠭᠠᠷ ᠱᠤᠭᠤᠮ ᠢ ᠳᠠᠭᠠᠭᠠᠴᠢᠯᠠᠨ ᠪᠠᠶᠢᠭᠤᠯᠪᠠ᠂ ᠡᠨᠡ ᠪᠣᠯ ᠸᠢᠶᠧᠲᠨᠠᠮ ᠤᠨ ᠠᠩᠬᠠᠳᠠᠭᠴᠢ ᠬᠤᠳᠠ ᠶᠢᠨ ᠬᠥᠩᠭᠡᠨ ᠲᠡᠮᠦᠷ ᠵᠠᠮ ᠤᠨ ᠳᠦᠷᠦᠯ ᠵᠦᠢᠯ ᠪᠠᠶᠢᠵᠤ᠂ ᠨᠡᠶᠢᠳᠡ 2000 ᠲᠦᠮᠡᠨ ᠬᠥᠮᠥᠨ ᠤᠳᠠᠭ᠎ᠠ ᠶᠢᠨ ᠠᠶᠠᠨᠴᠢᠨ ᠢ ᠵᠥᠭᠡᠭᠡᠪᠦᠷᠢᠯᠡᠵᠦ᠂ ᠬᠠᠨᠤᠢ ᠶᠢᠨ ᠬᠤᠳᠠ ᠶᠢᠨ ᠠᠷᠠᠳ ᠤᠨ ᠶᠠᠪᠤᠵᠤ ᠰᠠᠭᠤᠬᠤ ᠳᠤ ᠳᠦᠭᠦᠮ ᠦᠵᠡᠭᠦᠯᠵᠡᠢ᠃ ᠳᠤᠮᠳᠠᠳᠤ ᠸᠢᠶᠧᠲᠨᠠᠮ ᠤᠨ ᠤᠯᠠᠨ ᠤᠯᠤᠰ ᠤᠨ ᠵᠢᠰᠢᠶᠠᠨ ᠤ ᠭᠠᠯᠲᠤ ᠲᠡᠷᠭᠡ ᠨᠡᠪᠲᠡᠷᠡᠵᠦ᠂ ᠣᠶᠤᠨᠲᠤ ᠪᠣᠭᠤᠮᠲᠠ ᠶᠢ ᠡᠬᠢᠯᠡᠨ ᠪᠦᠲᠦᠭᠡᠨ ᠪᠠᠶᠢᠭᠤᠯᠵᠤ᠂ ᠡᠬᠡ ᠬᠠᠭᠤᠷᠠᠢ ᠶᠢᠨ ᠬᠢᠯᠢ ᠶᠢᠨ ᠪᠣᠭᠤᠮᠲᠠ ᠶᠢᠨ ᠬᠤᠯᠪᠣᠯᠳᠤᠨ ᠨᠡᠪᠲᠡᠷᠡᠯᠴᠡᠬᠦ ᠶᠢ ᠲᠦᠷᠭᠡᠳᠬᠡᠨ ᠠᠬᠢᠭᠤᠯᠪᠠ᠃ ᠳᠤᠮᠳᠠᠳᠤ ᠤᠯᠤᠰ ᠤᠨ ᠠᠵᠤ ᠠᠬᠤᠶᠢᠯᠠᠯ ᠸᠢᠶᠧᠲᠨᠠᠮ ᠳᠤ ᠭᠠᠳᠠᠭᠠᠳᠤ ᠳᠠᠬᠢ ᠬᠠᠮᠤᠭ ᠤᠨ ᠶᠡᠭᠡ ᠭᠡᠷᠡᠯᠴᠢ ᠴᠡᠨᠡᠭ ᠤᠨ ᠠᠵᠤ ᠦᠢᠯᠡᠰ ᠤᠨ ᠪᠦᠯᠦᠭᠵᠢᠯ ᠢ ᠪᠠᠶᠢᠭᠤᠯᠵᠤ᠂ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠭᠡᠷᠡᠯᠴᠢ ᠴᠡᠨᠡᠭ ᠪᠣᠯᠣᠨ ᠰᠠᠯᠬᠢᠨ ᠡᠨᠧᠷᠭᠢ ᠶᠢᠨ ᠴᠠᠭᠢᠯᠭᠠᠨ ᠦᠷᠳᠡᠭᠡ ᠨᠢ ᠸᠢᠶᠧᠲᠨᠠᠮ ᠤᠨ ᠡᠨᠧᠷᠭᠢ ᠶᠢᠨ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠬᠠᠨᠤᠢ᠂ ᠬᠡᠩ ᠲᠧ ᠵᠡᠷᠭᠡ ᠭᠠᠵᠠᠷ ᠲᠤ ᠬᠤᠭ ᠨᠣᠪᠰᠢ ᠪᠠᠷ ᠴᠠᠭᠢᠯᠭᠠᠨ ᠭᠠᠷᠭᠠᠬᠤ ᠤᠯᠠᠨ ᠲᠦᠷᠦᠯ ᠵᠦᠢᠯ ᠢ ᠪᠡᠯᠡ ᠣᠷᠣᠭᠤᠯᠤᠨ ᠪᠦᠲᠦᠭᠡᠨ ᠪᠠᠶᠢᠭᠤᠯᠪᠠ᠃
ᠪᠢᠳᠡ ᠨᠥᠭᠦᠷᠰᠡᠭ ᠳᠣᠲᠣᠨᠣ ᠪᠠᠶᠢᠬᠤ ᠶᠢ ᠪᠠᠷᠢᠮᠲᠠᠯᠠᠪᠠ᠃ ᠵᠢᠯ ᠤᠨ ᠡᠬᠢᠨ ᠠᠴᠠ ᠨᠠᠭᠠᠰᠢ᠂ ᠬᠤᠶᠠᠷ ᠤᠯᠤᠰ ᠤᠨ ᠬᠥᠮᠥᠰ ᠤᠨ ᠶᠠᠪᠤᠯᠴᠠᠭ᠎ᠠ ᠦᠳᠲᠡᠷ ᠲᠦᠷᠭᠡᠨ ᠰᠡᠷᠭᠦᠵᠦ᠂ ᠲᠦᠷᠦᠭᠦᠦ 10 ᠰᠠᠷ᠎ᠠ ᠳᠤ ᠳᠤᠮᠳᠠᠳᠤ ᠤᠯᠤᠰ ᠤᠨ ᠸᠢᠶᠧᠲᠨᠠᠮ ᠳᠤ ᠭᠦᠷᠦᠭᠰᠡᠨ ᠵᠢᠭᠤᠯᠴᠢᠯᠠᠬᠰᠠᠳ 130 ᠲᠦᠮᠡᠨ ᠬᠥᠮᠥᠨ ᠤᠳᠠᠭ᠎ᠠ ᠶᠢ ᠳᠠᠪᠠᠵᠤ᠂ ᠳᠤᠮᠳᠠᠳᠤ ᠸᠢᠶᠧᠲᠨᠠᠮ ᠤᠨ ᠬᠢᠨ ᠳ᠋ᠧ ᠲᠢᠶᠠᠨ︵ ᠪᠠᠨ ᠶᠤᠸᠠᠢ︶ᠬᠦᠷᠬᠢᠷ᠎ᠡ ᠶᠢᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠢ ᠠᠮᠵᠢᠯᠲᠠ ᠲᠠᠢ ᠲᠤᠷᠰᠢᠨ ᠡᠵᠡᠩᠨᠡᠪᠡ᠃ ᠳᠤᠮᠳᠠᠳᠤ ᠤᠯᠤᠰ ᠤᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠪᠣᠯᠣᠨ ᠸᠢᠶᠧᠲᠨᠠᠮ ᠤᠨ ᠡᠬᠡ ᠤᠯᠤᠰ ᠤᠨ ᠹᠷᠣᠨᠲ ᠤᠨ ᠲᠥᠪ ᠵᠢᠴᠢ ᠬᠢᠯᠢ ᠬᠢᠵᠠᠭᠠᠷ ᠤᠨ ᠮᠤᠵᠢ ᠣᠷᠣᠨ ᠤ ᠨᠥᠭᠦᠷᠰᠡᠭ ᠰᠣᠯᠢᠯᠴᠠᠭᠠᠨ ᠤ ᠠᠵᠢᠯᠯᠠᠭ᠎ᠠ᠂ ᠳᠤᠮᠳᠠᠳᠤ ᠸᠢᠶᠧᠲᠨᠠᠮ ᠤᠨ ᠬᠢᠯᠢ ᠶᠢᠨ ᠠᠷᠠᠳ ᠤᠨ ᠬᠠᠮᠲᠤᠷᠠᠭᠰᠠᠨ ᠨᠠᠶᠢᠷ ᠵᠡᠷᠭᠡ ᠠᠵᠢᠯᠯᠠᠭ᠎ᠠ ᠨᠢᠵᠢᠭᠢᠷ ᠰᠠᠶᠢᠬᠠᠨ ᠶᠠᠪᠤᠭᠳᠠᠪᠠ᠃ ᠳᠤᠮᠳᠠᠳᠤ ᠤᠯᠤᠰ ᠤᠨ ᠤᠯᠠᠮᠵᠢᠯᠠᠯᠲᠤ ᠰᠣᠩᠭᠤᠳᠠᠭ ᠪᠦᠲᠦᠭᠡᠯ ᠤᠳ ᠢ ᠸᠢᠶᠧᠲᠨᠠᠮ ᠤᠨ ᠬᠥᠮᠥᠨ ᠪᠦᠭᠦᠨ ᠮᠡᠳᠡᠳᠡᠭ᠂ ᠳᠤᠮᠳᠠᠳᠤ ᠤᠯᠤᠰ ᠤᠨ ᠤᠳᠤ ᠦᠶ᠎ᠡ ᠶᠢᠨ ᠺᠢᠨᠣ᠋ ᠲᠧᠯᠸᠢᠰ ᠤᠨ ᠪᠦᠲᠦᠭᠡᠯ ᠴᠦ ᠸᠢᠶᠧᠲᠨᠠᠮ ᠤᠨ ᠠᠷᠠᠳ ᠤᠯᠠᠨ ᠤ ᠳᠤᠷ᠎ᠠ ᠰᠣᠨᠢᠷᠬᠠᠯ ᠢ ᠶᠡᠬᠡᠳᠡ ᠲᠠᠲᠠᠵᠤ ᠪᠠᠶᠢᠨ᠎ᠠ᠃ ᠸᠢᠶᠧᠲᠨᠠᠮ ᠤᠨ ᠤᠷᠤᠰᠬᠠᠯ ᠳᠠᠭᠤᠤ ᠨᠢ ᠳᠤᠮᠳᠠᠳᠤ ᠤᠯᠤᠰ ᠤᠨ ᠨᠡᠶᠢᠭᠡᠮ ᠤᠨ ᠬᠠᠷᠢᠯᠴᠠᠭᠠᠨ ᠤ ᠵᠠᠭᠤᠴᠢᠯᠠᠭᠤᠷ ᠳᠡᠭᠡᠷ᠎ᠡ ᠶᠡᠬᠡᠳᠡ ᠳᠡᠯᠭᠡᠷᠡᠵᠦ᠂ ᠸᠢᠶᠧᠲᠨᠠᠮ ᠤᠨ ᠳᠠᠭᠤᠴᠢᠨ ᠳᠤᠮᠳᠠᠳᠤ ᠤᠯᠤᠰ ᠤᠨ ᠵᠤᠭ᠎ᠠ ᠴᠡᠩᠭᠡᠬᠦᠨ ᠤ ᠫᠷᠣᠭ᠍ᠷᠠᠮ ᠳᠤ ᠣᠷᠣᠯᠴᠠᠭᠠᠳ ᠦᠯᠡᠮᠵᠢ ᠤᠯᠠᠨ ᠳᠤᠮᠳᠠᠳᠤ ᠤᠯᠤᠰ ᠤᠨ 《ᠳᠠᠭᠤᠤ ᠶᠢᠨ ᠪᠠᠭ᠋ᠠᠲᠠᠳ》 ᠲᠠᠢ ᠪᠣᠯᠵᠠᠢ᠃ ᠡᠳᠦᠷ ᠢᠷᠡᠬᠦᠶ᠎ᠡ ᠨᠢᠭᠲᠠᠷᠠᠵᠤ ᠪᠠᠶᠢᠭ᠎ᠠ ᠰᠣᠶᠣᠯ ᠢᠷᠭᠡᠨᠰᠢᠯ ᠤᠨ ᠰᠣᠯᠢᠯᠴᠠᠭ᠎ᠠ ᠨᠢ ᠶᠠᠭ ᠮᠤᠷᠤᠯᠵᠠᠨ ᠤᠷᠤᠰᠬᠤ ᠨᠠᠷᠢᠨ ᠤᠷᠤᠰᠬᠠᠯ ᠬᠤᠷᠠᠭᠠᠳ ᠳᠤᠮᠳᠠᠳᠤ ᠸᠢᠶᠧᠲᠨᠠᠮ ᠤᠨ ᠨᠥᠭᠦᠷᠰᠡᠭ ᠶᠠᠪᠤᠯᠴᠠᠭ᠎ᠠ ᠶᠢᠨ ᠳᠣᠯᠭᠢᠶᠠᠯᠠᠨ ᠳᠠᠪᠠᠯᠭᠠᠯᠠᠬᠤ ᠤᠷᠲᠤ ᠮᠥᠷᠡᠨ ᠮᠡᠲᠦ ᠪᠣᠯᠤᠭᠰᠠᠨ ᠪᠠᠶᠢᠨ᠎ᠠ᠃
ᠪᠢᠳᠡ ᠦᠨᠡᠨᠴᠢ ᠪᠠᠷ ᠬᠠᠨᠳᠤᠬᠤ ᠶᠢ ᠪᠠᠷᠢᠮᠲᠠᠯᠠᠪᠠ᠃ ᠬᠤᠶᠠᠷ ᠤᠯᠤᠰ ᠴᠥᠮ ᠣᠯᠠᠨ ᠲᠠᠯᠠᠲᠤ ᠦᠵᠡᠯ ᠤᠨ ᠲᠤᠭ ᠢ ᠥᠨᠳᠥᠷ ᠮᠠᠨᠳᠤᠭᠤᠯᠵᠤ᠂ ᠶᠠᠷᠢᠯᠴᠠᠯᠭ᠎ᠠ ᠵᠥᠪᠳᠡᠯᠴᠡᠭᠡ ᠬᠢᠬᠦ᠂ ᠨᠠᠶᠢᠷᠠᠮᠳᠠᠯ ᠢᠶᠠᠷ ᠬᠠᠮᠲᠤᠷᠠᠯᠴᠠᠬᠤ ᠶᠢ ᠪᠠᠷᠢᠮᠲᠠᠯᠠᠵᠤ᠂ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠪᠠ ᠵᠠᠷᠴᠢᠮ ᠢᠶᠠᠷ ᠰᠠᠭᠤᠷᠢ ᠪᠤᠯᠭᠠᠬᠰᠠᠨ ᠣᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠬᠤ ᠶᠢ ᠴᠢᠬᠤᠯᠠᠴᠢᠯᠠᠪᠠ᠃ ᠬᠤᠶᠠᠷ ᠲᠠᠯ᠎ᠠ ᠪᠠᠷ ᠢᠶᠠᠨ ᠲᠤᠰ ᠲᠤᠰ ᠤᠨ ᠠᠰᠢᠭ ᠲᠤᠰᠠ ᠪᠣᠯᠣᠨ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠲᠡᠮᠵᠢᠵᠥ᠂ ᠳᠡᠯᠡᠬᠡᠢ ᠶᠢᠨ ᠪᠠ ᠭᠠᠵᠠᠷ ᠣᠷᠣᠨ ᠤ ᠬᠠᠮᠲᠤᠷᠠᠯᠴᠠᠭᠠᠨ ᠤ ᠲᠣᠭᠲᠠᠴᠠ ᠳᠤᠮᠳᠠ ᠨᠢᠭᠲᠠ ᠬᠠᠮᠵᠢᠯᠴᠠᠪᠠ᠃ ᠸᠢᠶᠧᠲᠨᠠᠮ ᠤᠨ ᠬᠢᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠶᠢᠨ ᠨᠥᠬᠦᠷᠯᠡᠯ ᠤᠨ ᠳᠤᠭᠤᠶᠢᠯᠠᠩ ᠳᠤ ᠢᠳᠡᠪᠬᠢᠲᠡᠢ ᠣᠷᠣᠯᠴᠠᠵᠤ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠲᠡᠮᠵᠢᠵᠤ᠂ ᠳᠤᠮᠳᠠᠳᠤ ᠤᠯᠤᠰ ᠤᠨ 《ᠪᠦᠭᠦ ᠲᠠᠯ᠎ᠠ ᠶᠢᠨ ᠪᠠ ᠲᠠᠪᠰᠢᠯᠳᠠ ᠲᠠᠢ ᠨᠣᠮᠣᠬᠠᠨ ᠲᠠᠯᠠᠢ ᠠᠯᠤᠰᠯᠠᠭᠰᠠᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ》 ᠲᠤ ᠣᠷᠤᠯᠴᠠᠬᠤ ᠶᠢ ᠲᠡᠮᠵᠢᠪᠠ᠃
ᠡᠨᠡ ᠵᠢᠯ ᠪᠣᠯ ᠮᠢᠨᠤ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠂ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠢ ᠳᠤᠷᠠᠳᠤᠭᠰᠠᠨ 10 ᠵᠢᠯ ᠤᠨ ᠤᠢ ᠪᠣᠯᠣᠨ᠎ᠠ᠃ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠳᠤ ᠶᠠᠭᠤᠨ ᠤ ᠡᠮᠦᠨ᠎ᠡ ᠠᠽᠢᠶ᠎ᠠ ᠲᠢᠪ ᠠᠴᠠ ᠡᠬᠢᠯᠡᠵᠦ ᠭᠢᠶ᠎ᠡ᠃ ᠳᠤᠮᠳᠠᠳᠤ ᠤᠯᠤᠰ ᠲᠤ ᠴᠢᠬᠢᠨ ᠳᠤ ᠬᠠᠳᠠᠩᠰᠢᠵᠤ ᠴᠡᠭᠡᠵᠢᠨ ᠳᠤ ᠰᠠᠭᠤᠭᠳᠠᠭᠰᠠᠨ ᠨᠢᠭᠡᠨ ᠳᠠᠭᠤᠤ ᠳᠤ᠂ 《ᠮᠠᠨ ᠤ ᠠᠽᠢᠶ᠎ᠠ ᠲᠢᠪ ᠤᠨ ᠮᠣᠳᠣ ᠦᠨᠳᠦᠰᠦ ᠪᠠᠷ ᠢᠶᠠᠨ ᠵᠠᠯᠭᠠᠯᠳᠤᠵᠤ ᠪᠠᠶᠢᠨ᠎ᠠ︔ ᠮᠠᠨ ᠤ ᠠᠽᠢᠶ᠎ᠠ ᠲᠢᠪ ᠤᠨ ᠡᠭᠦᠯᠡ ᠴᠤ ᠭᠠᠷ ᠬᠤᠯᠪᠣᠯᠴᠠᠵᠤ ᠪᠠᠶᠢᠨ᠎ᠠ》ᠭᠡᠵᠦ ᠳᠠᠭᠤᠯᠠᠭᠰᠠᠨ ᠪᠠᠶᠢᠳᠠᠭ᠂ ᠡᠨᠡ ᠨᠢ ᠳᠤᠮᠳᠠᠳᠤ ᠤᠯᠤᠰ ᠤᠨ ᠠᠷᠠᠳ ᠤᠯᠠᠨ ᠤ ᠰᠡᠳᠬᠢᠯ ᠳᠠᠬᠢ ᠪᠣᠷᠣᠭᠵᠢᠭᠤᠨ ᠠᠽᠢᠶ᠎ᠠ ᠲᠢᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠠᠷᠠᠭᠤᠯᠵᠤ ᠪᠠᠶᠢᠨ᠎ᠠ᠃ ᠠᠽᠢᠶ᠎ᠠ ᠲᠢᠪ ᠪᠣᠯ ᠮᠠᠨ ᠤ ᠬᠠᠮᠲᠤ ᠶᠢᠨ ᠭᠡᠷ ᠣᠷᠣᠨ ᠮᠥᠨ᠂ ᠡᠷᠭᠢᠨ ᠲᠣᠭᠤᠷᠢᠨ ᠤ ᠬᠢ ᠪᠣᠯ ᠨᠡᠭᠦᠵᠦ ᠪᠣᠯᠣᠰᠢ ᠦᠭᠡᠢ ᠵᠡᠷᠭᠡᠯᠡᠳᠡᠭᠡ ᠠᠶᠢᠯ ᠰᠠᠭᠠᠬᠠᠯᠲᠠ ᠮᠥᠨ᠂ ᠵᠡᠷᠭᠡᠯᠡᠳᠡᠭᠡ ᠠᠶᠢᠯ ᠰᠠᠭᠠᠬᠠᠯᠲᠠ ᠪᠠᠨ ᠳᠡᠮᠵᠢᠪᠡᠯ ᠳᠠᠷᠤᠢ ᠥᠪᠡᠷ ᠢ ᠪᠠᠨ ᠬᠠᠪᠰᠤᠷᠤᠬᠰᠠᠨ ᠶᠠᠪᠤᠳᠠᠯ ᠪᠣᠯᠣᠨ᠎ᠠ᠃ ᠠᠶᠢᠯ ᠰᠠᠭᠠᠬᠠᠯᠲᠠ ᠪᠠᠷ ᠢᠶᠠᠨ ᠡᠯᠢᠭᠡᠰᠡᠭ ᠳᠣᠲᠣᠨᠣ᠂ ᠬᠥᠷᠰᠢ ᠰᠠᠭᠠᠬᠠᠯᠲᠠ ᠪᠠᠷ ᠢᠶᠠᠨ ᠡᠶ᠎ᠡ ᠡᠪᠲᠡᠢ ᠪᠠᠶᠢᠪᠠᠯ ᠵᠣᠬᠢᠨ᠎ᠠ᠃ ᠳᠤᠮᠳᠠᠳᠤ ᠤᠯᠤᠰ ᠳᠤᠷᠠᠲᠠᠶ᠎ᠠ ᠲᠤᠰ ᠪᠡᠶ᠎ᠡ ᠶᠢᠨ ᠬᠥᠭᠵᠢᠯᠲᠡ ᠪᠠᠨ ᠡᠷᠭᠢᠨ ᠲᠣᠭᠤᠷᠢᠨ ᠤ ᠤᠯᠤᠰ ᠤᠨ ᠬᠥᠭᠵᠢᠯᠲᠡ ᠲᠠᠢ ᠨᠡᠩ ᠨᠢᠭᠲᠠ ᠤᠶᠠᠯᠳᠤᠭᠤᠯᠵᠤ᠂ ᠡᠷᠭᠢᠨ ᠲᠣᠭᠤᠷᠢᠨ ᠤ ᠤᠯᠤᠰ ᠲᠠᠢ ᠬᠠᠮᠲᠤ ᠪᠠᠷ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ᠂ ᠤᠯᠠᠨ ᠢᠶᠠᠷ ᠢᠶᠠᠨ ᠬᠠᠮᠲᠤ ᠪᠠᠷ ᠰᠠᠶᠢᠨ ᠰᠠᠶᠢᠬᠠᠨ ᠠᠮᠢᠳᠤᠷᠠᠨ᠎ᠠ᠃ ᠸᠢᠶᠧᠲᠨᠠᠮ ᠪᠣᠯᠣᠨ ᠳᠤᠮᠳᠠᠳᠤ ᠤᠯᠤᠰ 《ᠨᠥᠬᠦᠷ ᠪᠥᠭᠡᠳ ᠠᠬ᠎ᠠ ᠳᠡᠭᠦᠦ》 ᠶᠢᠨ ᠭᠦᠨ ᠵᠤᠵᠠᠭᠠᠨ ᠨᠥᠬᠦᠷᠯᠡᠯ ᠲᠠᠢ ᠶᠤᠮ᠃ ᠳᠤᠮᠳᠠᠳᠤ ᠤᠯᠤᠰ ᠤᠨ ᠨᠠᠮ ᠪᠣᠯᠣᠨ ᠵᠠᠰᠠᠭ ᠤᠨ ᠣᠷᠳᠣᠨ ᠢᠮᠠᠭᠲᠠ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢ ᠬᠥᠭᠵᠢᠭᠦᠯᠬᠦ ᠶᠢ ᠳᠤᠮᠳᠠᠳᠤ ᠤᠯᠤᠰ ᠤᠨ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠤᠷᠢᠳ ᠢᠶᠠᠷ ᠪᠣᠳᠣᠯᠬᠢᠯᠠᠬᠤ ᠴᠢᠭᠯᠡᠯ ᠢᠶᠠᠷ ᠦᠵᠡᠵᠦ᠂ ᠬᠤᠶᠠᠷ ᠤᠯᠤᠰ ᠢᠶᠠᠷ ᠢᠶᠠᠨ ᠤᠯᠠᠮᠵᠢᠯᠠᠯᠲᠤ ᠨᠥᠭᠦᠷᠰᠡᠭ ᠤᠭ ᠰᠠᠨᠠᠭ᠎ᠠ ᠪᠠᠨ ᠦᠯᠦ ᠮᠠᠷᠲᠠᠵᠤ᠂ ᠬᠠᠮᠲᠤ ᠶᠢᠨ ᠬᠦᠰᠡᠯᠡᠩ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠭᠠᠷ ᠬᠤᠯᠪᠣᠯᠴᠠᠨ ᠨᠡᠶᠢᠭᠡᠮ ᠵᠢᠷᠤᠮ ᠤᠨ ᠵᠠᠮ ᠢᠶᠠᠷ ᠰᠠᠶᠢᠲᠤᠷ ᠵᠠᠮᠨᠠᠵᠤ᠂ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠲᠠᠰᠤᠷᠠᠯᠳᠠ ᠦᠭᠡᠢ ᠠᠬᠢᠭᠤᠯᠬᠤ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃
— ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠪᠠᠲᠤᠯᠠᠵᠤ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠦᠶ᠎ᠡ᠃ ᠬᠤᠶᠠᠷ ᠲᠠᠯ᠎ᠠ ᠪᠠᠷ ᠢᠶᠠᠨ ᠳᠡᠭᠡᠳᠦ ᠳᠠᠪᠬᠤᠷᠭ᠎ᠠ ᠶᠢᠨ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠦᠷᠭᠦᠯᠵᠢᠯᠡᠨ ᠪᠠᠲᠤᠯᠠᠵᠤ᠂ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢᠨ ᠡᠨᠡ ᠬᠦ ᠬᠥᠯᠭᠡ ᠣᠩᠭᠤᠴᠠ ᠶᠢᠨ ᠳᠠᠪᠠᠯᠭᠠᠨ ᠢ ᠰᠥᠷᠦᠨ ᠤᠷᠤᠭᠰᠢᠯᠠᠬᠤ᠂ ᠲᠣᠭᠲᠠᠭᠤᠨ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠶ᠎ᠠ᠃ ᠬᠤᠶᠠᠷ ᠲᠠᠯ᠎ᠠ ᠪᠠᠷ ᠢᠶᠠᠨ ᠨᠦᠭᠦᠭᠡ ᠡᠲᠡᠭᠡᠳ ᠤᠨ ᠢᠶᠠᠨ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠨᠡᠶᠢᠭᠡᠮ ᠵᠢᠷᠤᠮ ᠤᠨ ᠵᠠᠮ ᠢᠶᠠᠷ ᠰᠠᠶᠢᠲᠤᠷ ᠵᠠᠮᠨᠠᠬᠤ ᠶᠢ ᠡᠷᠡᠰ ᠲᠡᠮᠵᠢᠵᠥ᠂ ᠬᠥᠭᠵᠢᠯᠲᠡ ᠪᠣᠯᠣᠨ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠬᠠᠮᠲᠤ ᠪᠠᠷ ᠦᠢᠯᠡᠳᠦᠯᠭᠡᠵᠢᠭᠦᠯᠦᠶ᠎ᠡ᠃ ᠨᠡᠶᠢᠭᠡᠮ ᠵᠢᠷᠤᠮ ᠪᠦᠲᠦᠭᠡᠨ ᠤᠨᠤᠯ ᠪᠠ ᠦᠢᠯᠡᠳᠦᠯᠭᠡ ᠶᠢᠨ ᠲᠤᠷᠰᠢᠯᠭ᠎ᠠ ᠶᠢᠨ ᠰᠣᠯᠢᠯᠴᠠᠭ᠎ᠠ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠭᠠᠳᠠᠭᠠᠳᠤ ᠶᠢᠨ ᠠᠶᠤᠯ ᠲᠦᠭᠰᠢᠭᠦᠷᠢ ᠥᠷᠢᠰᠦᠯᠳᠦᠭᠡᠨ ᠢ ᠬᠠᠮᠲᠤ ᠪᠠᠷ ᠡᠰᠡᠷᠭᠦᠴᠡᠨ ᠬᠤᠷᠢᠭᠯᠠᠵᠤ᠂ ᠲᠤᠰ ᠲᠤᠰ ᠤᠨ ᠨᠡᠶᠢᠭᠡᠮ ᠵᠢᠷᠤᠮ ᠦᠢᠯᠡᠰ ᠤᠨ ᠯᠠᠪᠳᠠᠭᠤᠨ ᠢᠶᠠᠷ ᠬᠤᠯᠠ ᠠᠶᠠᠯᠠᠬᠤ ᠶᠢ ᠦᠨᠡᠨ ᠬᠦ ᠪᠠᠲᠤᠯᠠᠶ᠎ᠠ᠃
— ᠬᠠᠷᠢᠯᠴᠠᠨ ᠨᠥᠬᠦᠪᠦᠷᠢᠯᠡᠬᠦ ᠳᠠᠪᠠᠭᠤᠯᠢᠭ ᠢᠶᠠᠨ ᠪᠠᠳᠠᠷᠠᠭᠤᠯᠵᠤ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠬᠠᠮᠲᠤᠷᠠᠯᠴᠠᠭᠠᠨ ᠤ ᠰᠠᠭᠤᠷᠢ ᠪᠠᠨ ᠴᠢᠩᠭᠠᠳᠬᠠᠶ᠎ᠠ᠃ ᠳᠤᠮᠳᠠᠳᠤ ᠤᠯᠤᠰ ᠶᠠᠭ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠷ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠤ᠂ ᠸᠢᠶᠧᠲᠨᠠᠮ ᠤᠨ ᠠᠵᠤ ᠠᠬᠤᠢ ᠲᠣᠭᠲᠠᠭᠤᠨ ᠢᠶᠠᠷ ᠨᠡᠮᠡᠭᠳᠡᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠭᠠᠵᠠᠷ ᠣᠷᠣᠨ ᠣᠶᠢᠷᠠᠯᠴᠠᠭ᠎ᠠ᠂ ᠠᠵᠤ ᠦᠢᠯᠡᠰ ᠬᠠᠷᠢᠯᠴᠠᠨ ᠨᠥᠬᠦᠪᠦᠷᠢᠯᠡᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠰᠠᠨᠠᠭᠠᠴᠢᠯᠠᠭ᠎ᠠ ᠪᠣᠯᠣᠨ 《ᠬᠤᠶᠠᠷ ᠬᠤᠩᠭᠢᠯ ᠨᠢᠭᠡ ᠲᠣᠭᠤᠷᠢᠭ》 ᠤᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠬᠠᠮᠲᠤᠷᠠᠯᠴᠠᠭ᠎ᠠ ᠶᠢ ᠲᠦᠷᠭᠡᠳᠬᠡᠨ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ᠂ ᠪᠣᠬᠢᠷᠳᠤᠯ ᠦᠭᠡᠢ ᠡᠨᠧᠷᠭᠢ᠂ ᠵᠠᠩᠭᠢᠯᠠᠭ᠎ᠠ ᠶᠢᠨ ᠠᠭᠤᠷᠬᠠᠢ ᠶᠢᠨ ᠭᠠᠷᠤᠯᠲᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠲᠠᠰᠤᠷᠠᠯᠳᠠ ᠦᠭᠡᠢ ᠥᠷᠭᠡᠳᠬᠡᠵᠦ᠂ ᠤᠯᠤᠰ ᠤᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠵᠦ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠠᠰᠢᠭ ᠬᠦᠷᠲᠡᠭᠡᠶ᠎ᠡ᠃
— ᠨᠥᠭᠦᠷᠰᠡᠭ ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠠᠷᠠᠳ ᠤᠨ ᠰᠠᠨᠠᠭᠠᠨ ᠤ ᠰᠠᠭᠤᠷᠢ ᠶᠢ ᠪᠠᠬᠢᠵᠢᠭᠦᠯᠦᠶ᠎ᠡ᠃ ᠬᠤᠯᠠ ᠶᠢᠨ ᠰᠠᠳᠤᠨ ᠠᠴᠠ ᠣᠶᠢᠷ᠎ᠠ ᠶᠢᠨ ᠰᠠᠭᠠᠬᠠᠯᠲᠠ ᠨᠢ ᠳᠡᠭᠡᠷ᠎ᠡ ᠭᠡᠳᠡᠭ᠃ ᠳᠤᠮᠳᠠᠳᠤ ᠸᠢᠶᠧᠲᠨᠠᠮ ᠤᠨ ᠬᠠᠷᠢᠯᠴᠠᠭ᠎ᠠ ᠶᠢᠨ ᠦᠨᠳᠦᠰᠦ ᠰᠠᠭᠤᠷᠢ ᠨᠢ ᠠᠷᠠᠳ ᠲᠦᠮᠡᠨ ᠳᠤ ᠪᠤᠢ᠂ ᠠᠮᠢᠨ ᠰᠤᠳᠠᠰᠤ ᠨᠢ ᠠᠷᠠᠳ ᠲᠦᠮᠡᠨ ᠳᠤ ᠪᠤᠢ᠂ ᠬᠦᠴᠦᠨ ᠴᠢᠳᠠᠯ ᠨᠢ ᠠᠷᠠᠳ ᠲᠦᠮᠡᠨ ᠳᠤ ᠪᠤᠢ᠃ ᠪᠢᠳᠠ ᠨᠥᠭᠦᠷᠰᠡᠭ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠳᠤᠮᠳᠠᠳᠤ ᠸᠢᠶᠧᠲᠨᠠᠮ ᠤᠨ ᠲᠥᠪ ᠤᠨ ᠵᠠᠭᠤᠴᠢᠯᠠᠭᠤᠷ᠂ ᠤᠶᠤᠨ ᠤ ᠬᠥᠮᠥᠷᠭᠡ᠂ ᠰᠣᠶᠣᠯ ᠵᠢᠭᠤᠯᠴᠢᠯᠠᠯ᠂ ᠬᠡᠪᠯᠡᠯ ᠤᠨ ᠪᠠᠶᠢᠭᠤᠯᠤᠮᠵᠢ᠂ ᠷᠠᠳᠢᠣ᠋ ᠺᠢᠨᠣ᠋ ᠲᠧᠯᠸᠢᠰ ᠵᠡᠷᠭᠡ ᠰᠠᠯᠠᠭ᠎ᠠ ᠮᠥᠴᠢᠷ ᠤᠨ ᠠᠵᠢᠯ ᠲᠦᠷᠦᠯ ᠢᠶᠠᠷ ᠢᠶᠠᠨ ᠰᠣᠯᠢᠯᠴᠠᠬᠤ ᠲᠣᠭᠲᠠᠴᠠ ᠶᠢᠨ ᠦᠷ᠎ᠡ ᠪᠦᠲᠦᠮᠵᠢ ᠶᠢ ᠭᠦᠢᠴᠡᠳ ᠪᠠᠳᠠᠷᠠᠭᠤᠯᠵᠤ᠂ ᠬᠢᠲᠠᠳ ᠬᠡᠯᠡᠨ ᠤ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠪᠡᠶ᠎ᠡ ᠶᠢᠨ ᠲᠠᠮᠢᠷ᠂ ᠡᠷᠡᠭᠦᠯ ᠬᠠᠮᠠᠭᠠᠯᠠᠯ ᠵᠡᠷᠭᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠳᠤᠮᠳᠠᠳᠤ ᠸᠢᠶᠧᠲᠨᠠᠮ ᠤᠨ ᠠᠷᠠᠳ ᠤᠨ ᠶᠠᠷᠢᠶᠠᠨ ᠤ ᠲᠠᠪᠴᠠᠩ᠂ ᠵᠠᠯᠠᠭᠤᠴᠤᠳ ᠤᠨ ᠨᠥᠭᠦᠷᠰᠡᠭ ᠠᠭᠤᠯᠵᠠᠯᠲᠠ ᠵᠡᠷᠭᠡ ᠰᠢᠷᠢᠰ ᠲᠦᠷᠦᠯ ᠲᠡᠮᠳᠡᠭ ᠤᠨ ᠠᠵᠢᠯᠯᠠᠭ᠎ᠠ ᠶᠢ ᠰᠠᠶᠢᠲᠤᠷ ᠡᠷᠭᠢᠯᠡᠵᠦ᠂ ᠬᠤᠶᠠᠷ ᠤᠯᠤᠰ ᠤᠨ ᠠᠷᠠᠳ ᠲᠦᠮᠡᠨ ᠢᠯᠠᠩᠭᠤᠶ᠎ᠠ ᠵᠠᠯᠠᠭᠤ ᠨᠢᠭᠡ ᠦᠶ᠎ᠡ ᠶᠢᠨ ᠬᠢᠨ ᠤ ᠣᠶᠢᠯᠠᠭᠠᠯᠴᠠᠭ᠎ᠠ ᠪᠠ ᠬᠠᠶᠢᠷ᠎ᠠ ᠰᠡᠳᠬᠢᠯᠭᠡ ᠶᠢ ᠵᠤᠵᠠᠭᠠᠳᠬᠠᠶ᠎ᠠ᠃ ᠬᠤᠶᠠᠷ ᠤᠯᠤᠰ ᠢᠶᠠᠷ ᠢᠶᠠᠨ ᠰᠢᠭᠤᠳ ᠬᠦᠷᠬᠦ ᠡᠭᠡᠯᠵᠢ ᠶᠢᠨ ᠨᠢᠰᠬᠡᠯ ᠢ ᠨᠡᠩ ᠤᠯᠠᠨ ᠨᠡᠭᠡᠭᠡᠵᠦ᠂ ᠨᠡᠩ ᠤᠯᠠᠨ ᠳᠤᠮᠳᠠᠳᠤ ᠤᠯᠤᠰ ᠤᠨ ᠵᠢᠭᠤᠯᠴᠢᠯᠠᠬᠰᠡᠳ ᠤᠨ ᠸᠢᠶᠧᠲᠨᠠᠮ ᠳᠤ ᠬᠦᠷᠴᠦ ᠲᠣᠭᠤᠷᠢᠨ ᠦᠵᠡᠵᠦ ᠵᠢᠭᠤᠯᠴᠢᠯᠠᠵᠤ᠂ ᠸᠢᠶᠧᠲᠨᠠᠮ ᠤᠨ ᠲᠡᠦᠬᠡ ᠰᠣᠶᠣᠯ ᠤᠨ ᠥᠪᠡᠷᠮᠢᠴᠡ ᠲᠠᠲᠠᠬᠤ ᠬᠦᠴᠦᠨ ᠢ ᠮᠡᠳᠡᠷᠡᠬᠦ ᠶᠢ ᠳᠤᠮᠳᠠᠳᠤ ᠤᠯᠤᠰ ᠵᠣᠷᠢᠭᠵᠢᠭᠤᠯᠤᠨ᠎ᠠ᠃
— ᠵᠥᠷᠢᠯᠳᠦᠭᠡᠨ ᠢᠶᠠᠨ ᠲᠣᠬᠢᠲᠠᠢ ᠬᠠᠮᠢᠶᠠᠷᠤᠨ ᠡᠵᠡᠮᠳᠡᠵᠦ᠂ ᠳᠤᠮᠳᠠᠳᠤ ᠸᠢᠶᠧᠲᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠬᠠᠮᠲᠤ ᠶᠢᠨ ᠲᠠᠨᠢᠯᠲᠠ ᠶᠢᠨ ᠰᠠᠭᠤᠷᠢ ᠶᠢ ᠥᠷᠭᠡᠳᠬᠡᠶ᠎ᠡ᠃ ᠬᠤᠶᠠᠷ ᠲᠠᠯ᠎ᠠ ᠪᠠᠷ ᠢᠶᠠᠨ ᠬᠤᠶᠠᠷ ᠨᠠᠮ ᠬᠤᠶᠠᠷ ᠤᠯᠤᠰ ᠤᠨ ᠤᠳᠤᠷᠢᠳᠬᠤ ᠬᠥᠮᠥᠰ ᠤᠨ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ ᠳᠠᠯᠠᠢ ᠳᠡᠭᠡᠷᠡᠬᠢ ᠵᠥᠷᠢᠯᠳᠦᠭᠡᠨ ᠢ ᠲᠣᠬᠢᠲᠠᠢ ᠬᠠᠮᠢᠶᠠᠷᠤᠨ ᠡᠵᠡᠮᠳᠡᠵᠦ᠂ ᠬᠤᠶᠠᠷ ᠲᠠᠯ᠎ᠠ ᠪᠠᠷ ᠢᠶᠠᠨ ᠭᠥᠯᠢᠶᠡᠨ ᠠᠪᠴᠤ ᠳᠡᠶᠢᠯᠭᠦ ᠰᠢᠢᠳᠪᠦᠷᠢᠯᠡᠬᠦ ᠠᠷᠭ᠎ᠠ ᠶᠢ ᠬᠠᠮᠲᠤ ᠪᠠᠷ ᠡᠷᠢᠯᠬᠢᠯᠡᠶ᠎ᠡ᠃ ᠬᠤᠶᠠᠷ ᠲᠠᠯ᠎ᠠ ᠪᠠᠷ ᠢᠶᠠᠨ ᠬᠤᠶᠠᠷ ᠤᠯᠤᠰ ᠤᠨ ᠠᠷᠠᠳ ᠲᠦᠮᠡᠨ ᠤ ᠠᠯᠤᠰ ᠭᠡᠲᠦ ᠶᠢᠨ ᠪᠤᠶᠠᠨ ᠵᠢᠷᠭᠠᠯ ᠳᠤ ᠠᠩᠬᠠᠷᠤᠯ ᠢᠶᠠᠨ ᠬᠠᠨᠳᠤᠭᠤᠯᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠨ᠂ ᠬᠠᠮᠲᠤᠷᠠᠯᠴᠠᠭ᠎ᠠ ᠪᠠᠨ ᠢᠳᠡᠪᠬᠢᠲᠡᠢ ᠠᠬᠢᠭᠤᠯᠵᠤ᠂ ᠲᠣᠰ ᠲᠣᠰ ᠤᠨ ᠢᠶᠠᠨ ᠬᠥᠭᠵᠢᠯᠲᠡ ᠶᠢᠨ ᠰᠠᠶᠢᠨ ᠰᠠᠶᠢᠬᠠᠨ ᠭᠠᠳᠠᠭᠠᠳᠤ ᠣᠷᠴᠢᠨ ᠨᠥᠬᠦᠴᠡᠯ ᠢ ᠪᠤᠶ ᠪᠤᠯᠭᠠᠬᠤ᠂ ᠭᠠᠵᠠᠷ ᠣᠷᠣᠨ ᠤ ᠥᠨᠢ ᠤᠳᠠᠭᠠᠨ ᠠᠮᠤᠷ ᠠᠮᠤᠭᠤᠯᠠᠩ ᠢ ᠪᠡᠶᠡᠯᠡᠭᠦᠯᠬᠦ ᠳᠤ ᠦᠵᠡᠭᠦᠯᠪᠡᠰᠦ ᠵᠣᠬᠢᠬᠤ ᠴᠢᠷᠮᠠᠶᠢᠯᠭ᠎ᠠ ᠪᠠᠨ ᠭᠠᠷᠭᠠᠶ᠎ᠠ᠃
ᠣᠳᠣᠬᠠᠨ ᠳᠤ᠂ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠬᠤᠪᠢᠰᠤᠯᠲᠠ ᠮᠥᠨ ᠯᠡ ᠲᠦᠷᠭᠡᠰᠦᠨ ᠬᠤᠪᠢᠷᠠᠵᠤ᠂ ᠡᠵᠡᠷᠬᠡᠬᠦ ᠦᠵᠡᠯ᠂ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠤᠯᠠᠨ ᠢᠯᠡᠷᠡᠵᠦ᠂ ᠭᠠᠵᠠᠷ ᠣᠷᠣᠨ ᠤ ᠡᠩᠬᠡ ᠲᠠᠶᠢᠪᠤᠩ ᠪᠠ ᠬᠥᠭᠵᠢᠯᠲᠡ ᠨᠡᠯᠢᠶᠡᠳ ᠶᠡᠭᠡ ᠲᠣᠭᠲᠠᠭᠤᠨ ᠪᠤᠰᠤ ᠴᠢᠨᠠᠷ ᠪᠠ ᠲᠣᠬᠲᠠᠭᠠᠯᠲᠤ ᠪᠤᠰᠤ ᠴᠢᠨᠠᠷ ᠲᠤ ᠲᠤᠯᠭᠠᠷᠠᠵᠤ ᠪᠠᠶᠢᠨ᠎ᠠ᠃ ᠠᠽᠢᠶ᠎ᠠ ᠲᠢᠪ ᠥᠨᠢ ᠤᠳᠠᠭᠠᠨ ᠪᠣᠯᠪᠠᠰᠤᠨ ᠲᠡᠦᠬᠡ ᠶᠢᠨ ᠰᠠᠭᠤᠷᠢᠨ ᠳᠡᠭᠡᠷ᠎ᠡ ᠵᠣᠭᠰᠣᠵᠤ᠂ ᠶᠠᠭ ᠬᠥᠭᠵᠢᠨ ᠮᠠᠨᠳᠤᠬᠤ ᠴᠢᠬᠤᠯᠠ ᠵᠠᠩᠭᠢᠯᠠᠭ᠎ᠠ ᠶᠢᠨ ᠬᠤᠭᠤᠴᠠᠭ᠎ᠠ ᠶᠢ ᠤᠭᠲᠤᠵᠤ ᠪᠠᠶᠢᠨ᠎ᠠ᠃ ᠠᠽᠢᠶ᠎ᠠ ᠲᠢᠪ ᠤᠨ ᠰᠢᠨ᠎ᠡ ᠪᠠᠷ ᠮᠠᠨᠳᠤᠭᠰᠠᠨ ᠵᠠᠬ᠎ᠠ ᠳᠡᠯᠭᠡᠭᠦᠷ ᠪᠠ ᠬᠥᠭᠵᠢᠵᠦ ᠪᠠᠶᠢᠭ᠎ᠠ ᠠᠵᠤ ᠠᠬᠤᠢ ᠶᠢᠨ ᠴᠣᠭᠴᠠ ᠨᠢ ᠦᠷᠭᠦᠯᠵᠢᠯᠡᠨ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠭᠤᠣᠯ ᠬᠥᠳᠡᠯᠭᠡᠭᠦᠷ ᠪᠤᠯᠬᠤ ᠪᠣᠯᠣᠨ᠎ᠠ᠃
ᠨᠢᠭᠡ ᠤᠯᠤᠰ᠂ ᠨᠢᠭᠡ ᠭᠠᠵᠠᠷ ᠣᠷᠣᠨ ᠢ ᠬᠥᠭᠵᠢᠭᠦᠯᠦᠨ ᠮᠠᠨᠳᠤᠭᠤᠯᠬᠤ ᠳᠤ ᠡᠷᠬᠡᠪᠰᠢ ᠲᠡᠦᠬᠡ ᠶᠢᠨ ᠤᠷᠤᠭᠰᠢᠯᠠᠯᠲᠠ ᠶᠢᠨ ᠯᠣᠭᠢᠭ ᠳᠤᠮᠳᠠ ᠤᠷᠤᠭᠰᠢᠯᠠᠵᠤ᠂ ᠴᠠᠭ ᠦᠶ᠎ᠡ ᠶᠢᠨ ᠬᠥᠭᠵᠢᠯᠲᠡ ᠶᠢᠨ ᠤᠷᠤᠰᠬᠠᠯ ᠳᠤᠮᠳᠠ ᠬᠥᠭᠵᠢᠬᠦ ᠬᠡᠷᠡᠭᠲᠡᠢ ᠭᠡᠳᠡᠭ ᠢ ᠲᠡᠦᠬᠡ ᠳᠠᠬᠢᠨᠲᠠ ᠭᠡᠷᠡᠴᠢᠯᠡᠭᠰᠡᠨ ᠪᠠᠶᠢᠨ᠎ᠠ᠃ ᠠᠽᠢᠶ᠎ᠠ ᠲᠢᠪ ᠤᠨ ᠭᠠᠵᠠᠷ ᠣᠷᠣᠨ ᠤ ᠢᠷᠡᠭᠡᠳᠦᠢ ᠠᠽᠢᠶ᠎ᠠ ᠲᠢᠪ ᠤᠨ ᠠᠷᠠᠳ ᠲᠦᠮᠡᠨ ᠤ ᠥᠪᠡᠷ ᠤᠨ ᠬᠢᠨᠢ ᠭᠠᠷ ᠲᠤ ᠪᠠᠶᠢᠨ᠎ᠠ᠃ 10 ᠵᠢᠯ ᠤᠨ ᠲᠤᠷᠰᠢ᠂ ᠭᠠᠭᠴᠠ ᠬᠦ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠪᠠᠶᠢᠬᠤ ᠣᠶᠢᠯᠠᠭᠠᠭᠳᠠᠬᠤᠨ ᠢ ᠬᠠᠮᠲᠤ ᠪᠠᠷ ᠦᠢᠯᠡᠳᠦᠯᠭᠡᠵᠢᠭᠦᠯᠵᠦ᠂ ᠡᠩᠬᠡ ᠲᠠᠶᠢᠪᠤᠩ᠂ ᠬᠠᠮᠲᠤᠷᠠᠯᠴᠠᠭ᠎ᠠ ᠬᠢᠬᠦ᠂ ᠪᠠᠭᠲᠠᠭᠠᠮᠵᠢᠲᠠᠢ᠂ ᠠᠭᠤᠰᠤᠯᠴᠠᠭᠰᠠᠨ ᠠᠽᠢᠶ᠎ᠠ ᠲᠢᠪ ᠤᠨ ᠦᠷᠳᠡᠭ ᠤᠨ ᠦᠵᠡᠯᠲᠡ ᠶᠢ ᠪᠠᠳᠠᠷᠠᠭᠤᠯᠪᠠᠯ ᠬᠥᠮᠥᠨ ᠲᠥᠷᠥᠯᠬᠢᠲᠡᠨ ᠤ ᠡᠩᠬᠡ ᠲᠠᠶᠢᠪᠤᠩ᠂ ᠬᠥᠭᠵᠢᠯᠲᠡ᠂ ᠲᠠᠪᠰᠢᠯᠳᠠ ᠶᠢᠨ ᠤᠷᠤᠰᠬᠠᠯ ᠳᠤ ᠠᠭᠤᠰᠤᠯᠴᠠᠵᠤ ᠴᠢᠳᠠᠨ᠎ᠠ︔ ᠭᠠᠭᠴᠠ ᠬᠦ ᠬᠠᠮᠲᠤᠷᠠᠯᠴᠠᠵᠤ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ 《ᠨᠢᠭᠡ ᠪᠦᠰᠡ ᠨᠢᠭᠡ ᠵᠠᠮ》 ᠢ ᠬᠠᠮᠲᠤ ᠪᠠᠷ ᠵᠥᠪᠳᠡᠯᠴᠡᠵᠦ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ᠂ ᠨᠡᠭᠡᠭᠡᠯᠲᠡ ᠬᠢᠬᠦ ᠡᠭᠦᠳᠡ ᠪᠠᠨ ᠤᠯᠠᠮ ᠶᠡᠭᠡ ᠨᠡᠭᠡᠭᠡᠪᠡᠯ ᠣᠷᠣᠨ ᠪᠦᠰᠡ ᠶᠢᠨ ᠠᠵᠤ ᠠᠬᠤᠢ ᠶᠢᠨ ᠣᠷᠴᠢᠯ ᠤᠨ ᠰᠠᠭᠠᠳ ᠦᠭᠡᠢ ᠲᠡᠰ ᠳᠡᠪᠰᠢᠬᠦ ᠶᠢ ᠠᠬᠢᠭᠤᠯᠵᠤ᠂ ᠠᠽᠢᠶ᠎ᠠ ᠲᠢᠪ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠴᠦ ᠴᠢᠳᠠᠨ᠎ᠠ︔ ᠭᠠᠭᠴᠠ ᠬᠦ ᠠᠽᠢᠶ᠎ᠠ ᠲᠢᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠢᠳᠡᠪᠬᠢᠲᠡᠢ ᠠᠬᠢᠭᠤᠯᠵᠤ᠂ ᠲᠤᠰ ᠤᠯᠤᠰ ᠤᠨ ᠢᠶᠠᠨ ᠬᠥᠭᠵᠢᠯᠲᠡ ᠶᠢ ᠡᠯ᠎ᠡ ᠤᠯᠤᠰ ᠤᠨ ᠬᠠᠮᠲᠤ ᠶᠢᠨ ᠬᠥᠭᠵᠢᠯᠲᠡ ᠶᠢᠨ ᠳᠤᠮᠳᠠ ᠠᠭᠤᠯᠤᠭᠳᠠᠭᠤᠯᠪᠠᠯ ᠡᠩᠬᠡ ᠲᠠᠶᠢᠪᠤᠩ ᠠᠮᠤᠷ ᠲᠣᠭᠲᠠᠭᠤᠨ᠂ ᠴᠡᠴᠡᠭᠯᠡᠨ ᠬᠥᠭᠵᠢᠭᠰᠡᠨ ᠦᠵᠡᠰᠬᠦᠯᠡᠩᠲᠦ ᠰᠠᠶᠢᠬᠠᠨ᠂ ᠨᠥᠭᠦᠷᠰᠡᠭ ᠢᠶᠠᠷ ᠬᠠᠮᠲᠤ ᠣᠷᠣᠰᠢᠬᠤ ᠠᠽᠢᠶ᠎ᠠ ᠲᠢᠪ ᠤᠨ ᠭᠡᠷ ᠣᠷᠣᠨ ᠢ ᠬᠠᠮᠲᠤ ᠪᠠᠷ ᠪᠦᠲᠦᠭᠡᠨ ᠪᠠᠶᠢᠭᠤᠯᠵᠤ ᠴᠢᠳᠠᠨ᠎ᠠ ᠭᠡᠳᠡᠭ ᠢ ᠠᠽᠢᠶ᠎ᠠ ᠲᠢᠪ ᠤᠨ ᠠᠷᠠᠳ ᠲᠦᠮᠡᠨ ᠤᠯᠠᠮ ᠠᠴᠠ ᠤᠯᠠᠮ ᠭᠦᠨᠵᠡᠭᠡᠢ ᠲᠠᠨᠢᠵᠤ ᠣᠯᠪᠠ᠃
ᠣᠷᠴᠢᠯᠠᠩ ᠤᠨ ᠲᠦᠮᠡᠨ ᠪᠣᠳᠠᠰ ᠠᠨᠤ ᠤᠭ ᠦᠨᠳᠦᠰᠦ ᠪᠠᠷ ᠢᠶᠠᠨ ᠠᠮᠢᠯᠠᠵᠤ᠂ ᠶᠢᠷᠲᠢᠨᠴᠦ ᠶᠢᠨ ᠲᠦᠮᠡᠨ ᠶᠠᠪᠤᠳᠠᠯ ᠠᠨᠤ ᠤᠭ ᠶᠣᠰᠣ ᠪᠠᠷ ᠢᠶᠠᠨ ᠪᠦᠲᠦᠳᠡᠭ᠃ ᠳᠡᠯᠡᠬᠡᠢ ᠶᠢᠷᠲᠢᠨᠴᠦ ᠬᠡᠷᠬᠢᠨ ᠯᠤᠲᠤ ᠶᠡᠭᠡ ᠬᠤᠪᠢᠷᠠᠯᠲᠠ ᠭᠠᠷᠤᠭᠰᠠᠨ ᠴᠤ᠂ ᠳᠤᠮᠳᠠᠳᠤ ᠤᠯᠤᠰ ᠬᠥᠮᠥᠨ ᠤ ᠶᠢᠷᠲᠢᠨᠴᠦ ᠶᠢᠨ ᠵᠥᠪ ᠵᠠᠮ ᠢᠶᠠᠷ ᠵᠠᠮᠨᠠᠬᠤ ᠶᠢ ᠪᠠᠷᠢᠮᠲᠠᠯᠠᠨ᠎ᠠ᠃ ᠳᠤᠮᠳᠠᠳᠤ ᠤᠯᠤᠰ ᠶᠠᠭ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠪᠤᠢ᠃ ᠳᠤᠮᠳᠠᠳᠤ ᠤᠯᠤᠰ ᠡᠷᠭᠢᠨ ᠲᠣᠭᠤᠷᠢᠨ ᠤ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠦᠷᠭᠦᠯᠵᠢᠯᠡᠬᠦ ᠴᠢᠨᠠᠷ ᠪᠠ ᠲᠣᠭᠲᠠᠪᠤᠷᠢᠲᠤ ᠴᠢᠨᠠᠷ ᠢ ᠪᠠᠲᠤᠯᠠᠵᠤ᠂ ᠬᠥᠷᠰᠢ ᠵᠡᠷᠭᠡᠯᠡᠳᠡᠭᠡ ᠳᠡᠭᠡᠨ ᠲᠤᠰᠠ ᠬᠢᠬᠦ᠂ ᠬᠥᠷᠰᠢ ᠵᠡᠷᠭᠡᠯᠡᠳᠡᠭᠡ ᠲᠠᠢ ᠪᠠᠨ ᠨᠥᠬᠦᠷᠯᠡᠬᠦ ᠪᠠ ᠬᠥᠷᠰᠢ ᠵᠡᠷᠭᠡᠯᠡᠳᠡᠭᠡ ᠲᠠᠢ ᠪᠠᠨ ᠰᠠᠶᠢᠬᠠᠨ ᠶᠠᠪᠤᠯᠴᠠᠬᠤ᠂ ᠬᠥᠷᠰᠢ ᠵᠡᠷᠭᠡᠯᠡᠳᠡᠭᠡ ᠪᠠᠨ ᠠᠮᠤᠷᠵᠢᠭᠤᠯᠬᠤ᠂ ᠬᠥᠷᠰᠢ ᠵᠡᠷᠭᠡᠯᠡᠳᠡᠭᠡ ᠪᠠᠨ ᠪᠠᠶᠠᠵᠢᠭᠤᠯᠬᠤ ᠴᠢᠭᠯᠡᠯᠲᠡ ᠶᠢ ᠪᠠᠷᠢᠮᠲᠠᠯᠠᠬᠤ ᠶᠢᠨ ᠬᠠᠮᠲᠤ ᠳᠣᠲᠣᠨᠣ ᠦᠨᠡᠨᠴᠢ ᠠᠰᠢᠭᠲᠠᠢ ᠪᠠᠭᠲᠠᠭᠠᠮᠵᠢᠲᠠᠢ ᠣᠶᠢᠯᠠᠭᠠᠭᠳᠠᠬᠤᠨ ᠳᠤ ᠰᠢᠨ᠎ᠡ ᠠᠭᠤᠯᠤᠭᠳᠠᠬᠤᠨ ᠢ ᠣᠯᠭᠤᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠡᠷᠭᠢᠨ ᠲᠣᠭᠤᠷᠢᠨ ᠳᠤ ᠨᠡᠩ ᠤᠯᠠᠨ ᠠᠰᠢᠭ ᠬᠦᠷᠲᠡᠭᠡᠵᠦ᠂ ᠠᠽᠢᠶ᠎ᠠ ᠲᠢᠪ ᠤᠨ ᠣᠳᠣᠬᠢᠴᠢᠯᠠᠯᠲᠠ ᠶᠢᠨ ᠠᠬᠢᠴᠠ ᠶᠢ ᠬᠠᠮᠲᠤ ᠪᠠᠷ ᠠᠬᠢᠭᠤᠯᠵᠤ᠂ ᠸᠢᠶᠧᠲᠨᠠᠮ ᠢ ᠪᠠᠭᠲᠠᠭᠠᠭᠰᠠᠨ ᠠᠽᠢᠶ᠎ᠠ ᠲᠢᠪ ᠤᠨ ᠤᠯᠤᠰ ᠤᠳ ᠲᠤ ᠰᠢᠨ᠎ᠡ ᠬᠥᠭᠵᠢᠯᠲᠡ ᠶᠢᠨ ᠠᠵᠠ ᠲᠣᠭᠢᠶᠠᠯ ᠢ ᠬᠠᠩᠭᠠᠨ᠎ᠠ᠃
ᠳᠤᠮᠳᠠᠳᠤ ᠸᠢᠶᠧᠲᠨᠠᠮ ᠬᠤᠶᠠᠷ ᠤᠯᠤᠰ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠨᠡᠩ ᠤᠯᠠᠨ ᠤᠯᠤᠰ ᠤᠨ ᠠᠽᠢᠶ᠎ᠠ ᠲᠢᠪ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠣᠨ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠠᠭᠤᠤ ᠶᠡᠭᠡ ᠦᠢᠯᠡᠰ ᠲᠤ ᠣᠷᠤᠯᠴᠠᠬᠤ ᠶᠢ ᠲᠠᠲᠠᠵᠤ᠂ ᠠᠽᠢᠶ᠎ᠠ ᠲᠢᠪ ᠤᠨ ᠲᠦᠷᠭᠡᠨ ᠬᠥᠭᠵᠢᠯᠲᠡ ᠪᠣᠯᠣᠨ ᠡᠶᠡᠯᠳᠡᠭ ᠬᠥᠷᠰᠢ ᠶᠢᠨ ᠨᠥᠬᠦᠷᠯᠡᠯ ᠳᠤ ᠨᠡᠩ ᠤᠯᠠᠨ ᠢᠳᠡᠪᠬᠢ ᠬᠦᠴᠦᠨ ᠬᠠᠩᠭᠠᠵᠤ᠂ ᠳᠡᠯᠡᠬᠡᠢ ᠶᠢᠨ ᠡᠩᠬᠡ ᠲᠠᠶᠢᠪᠤᠩ ᠪᠣᠯᠣᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠭᠦ ᠶᠢ ᠪᠢ ᠢᠲᠡᠭᠡᠵᠦ ᠪᠠᠶᠢᠨ᠎ᠠ᠃