ᠵᠤᠬᠢᠶᠠᠭᠴᠢ: ᠴᠠᠭ:2023-12-29 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ ᠰᠢ ᠶᠢᠨ ᠫᠢᠩ   ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠤ ᠴᠢᠬᠤᠯᠠ ᠵᠢᠭᠠᠪᠤᠷᠢ ᠥᠭᠴᠡᠢ

 

ᠰᠢᠨᠬᠤᠸᠠ ᠬᠤᠷᠢᠶ᠎ᠠ ᠶᠢᠨ ᠪᠡᠭᠡᠵᠢᠩ ᠤᠨ 2023  12  ᠰᠠᠷ᠎ᠠ ᠶᠢᠨ 20 ᠤ  ᠴᠠᠭᠢᠯᠭᠠᠨ ᠮᠡᠳᠡᠭᠡ   ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ 19 ᠠᠴᠠ 20 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ  ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ    《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ  ᠨᠠᠶᠢᠳᠠᠪᠤᠷᠢᠵᠢᠭᠤᠯᠵᠤ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ  ᠨᠠᠶᠢᠳᠠᠪᠤᠷᠢᠵᠢᠭᠤᠯᠵᠤ ᠂ ᠣᠳᠣᠬᠠᠨ ᠤ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠪᠣᠯᠣᠨ ᠥᠷᠢᠰᠦᠯᠳᠦᠭᠡᠨ ᠢ ᠵᠠᠳᠠᠯᠵᠤ ᠂ 2024 ᠣᠨ ᠤ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠢ ᠪᠠᠶᠢᠷᠢᠯᠠᠭᠤᠯᠪᠠ ᠃

ᠨᠠᠮ ᠤᠨ ᠲᠥᠪ ᠬᠤᠷᠢᠶ᠎ᠠ ᠡᠨᠡ ᠤᠳᠠᠭ᠎ᠠ ᠶᠢᠨ ᠬᠤᠷᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ ᠃ ᠬᠤᠷᠠᠯ ᠠᠴᠠ ᠡᠮᠦᠨ᠎ᠡ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠠᠴᠠ ᠡᠨᠡ ᠤᠳᠠᠭ᠎ᠠ ᠶᠢᠨ ᠬᠤᠷᠠᠯ ᠢ ᠰᠠᠶᠢᠲᠤᠷ ᠬᠤᠷᠠᠯᠳᠤᠭᠤᠯᠬᠤ ᠂ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠢ ᠰᠠᠶᠢᠲᠤᠷ ᠬᠢᠬᠦ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ ᠃

ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠳᠤ ᠴᠢᠬᠤᠯᠠ ᠵᠢᠭᠠᠪᠤᠷᠢ ᠥᠭᠴᠡᠢ ᠃ ᠰᠢ ᠶᠢᠨ ᠫᠢᠩ᠂ 2023 ᠣᠨ ᠳᠤ ᠂ ᠪᠢᠳᠡ ᠨᠡᠯᠢᠶᠡᠳ ᠬᠦᠨᠳᠦ ᠨᠣᠴᠢᠲᠠᠢ ᠪᠠᠶᠢᠭᠠᠯᠢ ᠶᠢᠨ ᠭᠠᠮᠰᠢᠭ ᠵᠡᠷᠭᠡ ᠠᠯᠢ ᠣᠯᠠᠨ ᠠᠰᠢᠭ ᠦᠭᠡᠢ ᠨᠥᠯᠥᠭᠡ ᠶᠢ ᠢᠯᠡᠨ ᠳᠠᠪᠠᠵᠤ ᠂ ᠠᠮᠤ ᠪᠤᠳᠠᠭᠠᠨ ᠤ ᠤᠨᠠᠯᠲᠠ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ ᠂ ᠲᠠᠷᠢᠶᠠᠴᠢᠳ ᠤᠨ ᠣᠷᠣᠯᠭ᠎ᠠ ᠨᠡᠯᠢᠶᠡᠳ ᠲᠦᠷᠭᠡᠨ ᠨᠡᠮᠡᠭᠳᠡᠵᠦ ᠂ ᠬᠥᠳᠡᠭᠡ ᠲᠣᠰᠬᠤᠨ ᠤ ᠨᠡᠶᠢᠭᠡᠮ ᠡᠶ᠎ᠡ ᠵᠣᠬᠢᠴᠠᠩᠭᠤᠢ ᠲᠣᠭᠲᠠᠭᠤᠨ ᠪᠠᠶᠢᠨ᠎ᠠ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠡᠷᠬᠡᠪᠰᠢ ᠬᠥᠳᠡᠭᠡ ᠠᠵᠤ ᠠᠬᠤᠢ ᠶᠢᠨ ᠰᠠᠭᠤᠷᠢ ᠶᠢ ᠴᠥᠬᠦᠷᠡᠰᠢ ᠦᠭᠡᠢ ᠪᠠᠬᠢᠵᠢᠭᠦᠯᠵᠦ ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ ᠃ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ  ᠨᠠᠶᠢᠳᠠᠪᠤᠷᠢᠵᠢᠭᠤᠯᠵᠤ ᠂ ᠬᠥᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠬᠠᠷᠠᠯᠲᠠ ᠶᠢ ᠣᠨᠢᠯᠠᠵᠤ ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠰᠢᠨ᠎ᠡ ᠴᠠᠭ ᠦᠶ᠎ᠡ ᠰᠢᠨ᠎ᠡ ᠠᠶᠠᠨ ᠳᠠᠬᠢ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠤᠨ ᠶᠡᠷᠦᠩᠬᠡᠢ ᠭᠠᠷᠳᠠᠴᠠ ᠪᠤᠯᠭᠠᠵᠤ ᠂ 《ᠮᠢᠩᠭ᠎ᠠ ᠲᠦᠮᠡ ᠶᠢᠨ ᠢᠨᠵᠧᠨᠧᠷᠢᠩ 》 ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠠᠯᠬᠤᠮ ᠳᠠᠷᠠᠭ᠎ᠠ ᠲᠠᠢ ᠪᠠᠷ ᠤᠷᠤᠭᠰᠢᠯᠠᠨ ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠵᠤ ᠂ ᠬᠦᠴᠦᠨ ᠢᠶᠠᠨ ᠲᠥᠪᠯᠡᠷᠡᠭᠦᠯᠦᠨ ᠣᠯᠠᠨ ᠲᠦᠮᠡᠨ ᠳᠤ ᠮᠡᠳᠡᠭᠳᠡᠲᠡᠯ᠎ᠡ ᠣᠯᠵᠤ ᠬᠠᠷᠠᠭᠳᠠᠬᠤ ᠨᠢᠭᠡ ᠪᠦᠯᠦᠭ ᠪᠣᠳᠠᠲᠤ ᠶᠠᠪᠤᠳᠠᠯ ᠢ ᠰᠠᠶᠢᠲᠤᠷ ᠠᠳᠬᠤᠬᠤ ᠬᠡᠷᠡᠭᠲᠡᠢ ᠃ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ ᠂ ᠲᠠᠷᠢᠮᠠᠯ ᠤᠨ ᠲᠠᠯᠠᠪᠠᠢ ᠶᠢ ᠲᠣᠭᠲᠠᠭᠤᠨ ᠪᠠᠶᠢᠯᠭᠠᠬᠤ ᠂ ᠮᠦ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ ᠬᠤᠶᠠᠷ ᠲᠠᠯ᠎ᠠ ᠪᠠᠷ ᠬᠦᠴᠦᠯᠡᠬᠦ ᠶᠢ ᠪᠠᠷᠢᠮᠲᠠᠯᠠᠬᠤ ᠬᠡᠷᠡᠭᠲᠡᠢ ᠃ ᠬᠠᠮ ᠬᠥᠳᠡᠭᠡ ᠠᠵᠤ ᠠᠬᠤᠢ ᠶᠢᠨ ᠦᠵᠡᠯᠲᠡ ᠂ ᠬᠠᠮ ᠢᠳᠡᠭᠡᠨ ᠤ ᠦᠵᠡᠯᠲᠡ ᠶᠢ ᠪᠤᠢ ᠪᠤᠯᠭᠠᠵᠥ ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢ ᠵᠡᠷᠭᠡ ᠪᠠᠷ ᠬᠥᠭᠵᠢᠭᠦᠯᠵᠦ ᠂ ᠤᠯᠠᠨ ᠡᠰᠢᠵᠢᠭᠰᠡᠨ ᠢᠳᠡᠭᠡᠨ ᠤ ᠬᠠᠩᠭᠠᠯᠭ᠎ᠠ ᠶᠢᠨ  ᠪᠠᠶᠢᠭᠤᠯᠬᠤ ᠬᠡᠷᠡᠭᠲᠡᠢ ᠃ ᠲᠠᠷᠢᠶᠠᠨ ᠭᠠᠵᠠᠷ ᠭᠡᠬᠦ ᠡᠨᠡ ᠬᠦ ᠠᠮᠢᠨ ᠰᠤᠳᠠᠰᠤ ᠶᠢ ᠪᠠᠲᠤ ᠰᠠᠬᠢᠵᠤ ᠂ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠬᠦ ᠂ ᠲᠠᠷᠢᠶᠠᠨ ᠭᠠᠵᠠᠷ ᠢ ᠡᠪᠳᠡᠬᠦ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠡᠷᠡᠰ ᠴᠡᠭᠴᠡᠯᠡᠨ ᠵᠠᠰᠠᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠣᠷᠣᠭᠤᠯᠤᠯᠲᠠ ᠪᠠ ᠬᠠᠮᠢᠶᠠᠷᠤᠨ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠪᠠᠲᠤᠯᠠᠭ᠎ᠠ ᠲᠠᠢ ᠂ ᠶᠠᠰᠤ ᠴᠢᠨᠠᠷ ᠳᠡᠭᠡᠭᠰᠢᠯᠡᠯᠲᠡ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠰᠢᠨᠵᠢᠯᠡᠬᠦ ᠤᠬᠠᠭᠠᠨ ᠮᠡᠷᠭᠡᠵᠢᠯ ᠪᠣᠯᠣᠨ ᠥᠭᠡᠷᠡᠴᠢᠯᠡᠯᠲᠡ ᠶᠢᠨ ᠬᠤᠣᠰ ᠬᠥᠳᠡᠯᠭᠡᠭᠦᠷ ᠢ ᠴᠢᠩᠭᠠᠳᠬᠠᠵᠤ ᠂ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠡᠷᠴᠢᠮ ᠢ ᠴᠢᠩᠭᠠᠷᠠᠭᠤᠯᠵᠤ ᠂ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠤᠨ  ᠲᠣᠭᠲᠠᠴᠠ ᠶᠢ ᠥᠭᠡᠷᠡᠴᠢᠯᠡᠨ ᠲᠡᠭᠦᠯᠳᠡᠷᠵᠢᠭᠦᠯᠵᠦ ᠂ ᠬᠥᠳᠡᠭᠡ ᠠᠵᠤ ᠠᠬᠤᠢ ᠶᠢᠨ ᠣᠳᠣᠬᠢᠴᠢᠯᠠᠯᠲᠠ ᠳᠤ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠃ ᠭᠠᠮᠰᠢᠭ ᠤᠨ ᠳᠠᠷᠠᠭᠠᠬᠢ ᠰᠡᠷᠭᠦᠭᠡᠨ ᠳᠠᠭᠢᠨ ᠪᠦᠲᠦᠭᠡᠨ ᠪᠠᠶᠢᠭᠤᠯᠬᠤ ᠠᠵᠢᠯ ᠢ ᠰᠠᠶᠢᠲᠤᠷ ᠠᠳᠬᠤᠵᠤ ᠂ ᠬᠥᠳᠡᠭᠡ ᠠᠵᠤ ᠠᠬᠤᠢ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠪᠦᠭᠦ ᠲᠠᠯ᠎ᠠ ᠪᠠᠷ ᠳᠡᠭᠡᠭᠰᠢᠯᠡᠭᠦᠯᠭᠦ ᠬᠡᠷᠡᠭᠲᠡᠢ ᠃ ᠬᠡᠪᠴᠢᠶᠡᠵᠢᠯ ᠤᠨ ᠴᠢᠨᠠᠷᠲᠠᠢ ᠳᠠᠭᠢᠨ ᠶᠠᠳᠠᠭᠤᠷᠠᠯ ᠡᠭᠦᠰᠬᠦ ᠦᠭᠡᠢ ᠪᠠᠶᠢᠬᠤ ᠶᠢ ᠪᠠᠲᠤᠯᠠᠵᠤ ᠂ ᠳᠠᠭᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢ ᠰᠠᠶᠢᠲᠤᠷ ᠠᠳᠬᠤᠵᠤ ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ ᠂ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠳᠬᠠᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠬᠦ ᠬᠡᠷᠡᠭᠲᠡᠢ ᠃ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠦᠪᠰᠢᠨ ᠂ ᠬᠥᠳᠡᠭᠡ ᠲᠣᠰᠬᠤᠨ ᠤ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠬᠡᠮᠵᠢᠶ᠎ᠡ ᠶᠢ ᠴᠢᠩᠭᠠᠳᠬᠠᠵᠤ ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠳᠠ ᠦᠭᠡᠢ ᠪᠣᠳᠠᠲᠤ ᠴᠢᠨᠠᠷᠲᠠᠢ ᠠᠬᠢᠵᠤ   ᠴᠢᠨᠠᠷᠲᠠᠢ ᠦᠷ᠎ᠡ ᠪᠦᠲᠦᠭᠡᠯ ᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

ᠰᠢ ᠶᠢᠨ ᠫᠢᠩ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠤᠨ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ  ᠨᠠᠶᠢᠳᠠᠪᠤᠷᠢᠵᠢᠭᠤᠯᠵᠤ ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠶᠢ ᠪᠠᠷᠢᠮᠲᠠᠯᠠᠵᠤ ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ ᠂ ᠬᠠᠷᠢᠭᠤᠴᠠᠯᠭ᠎ᠠ ᠶᠢ ᠮᠥᠷᠥᠨ ᠳᠡᠭᠡᠨ ᠡᠭᠦᠷᠭᠡᠯᠡᠨ ᠂ ᠭᠠᠷ ᠲᠠᠭᠠᠨ ᠠᠳᠬᠤᠵᠤ ᠂ ᠪᠣᠳᠠᠲᠠᠢ ᠲᠠᠢ ᠤᠶᠠᠯᠳᠤᠭᠤᠯᠤᠨ ᠪᠦᠲᠦᠭᠡᠯᠴᠢ ᠴᠢᠨᠠᠷᠲᠠᠢ ᠪᠠᠷ ᠠᠵᠢᠯ ᠢᠶᠠᠨ ᠥᠷᠨᠢᠭᠦᠯᠵᠦ ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠶ ᠠᠬᠢᠭᠤᠯᠵᠤ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠪᠠᠷ ᠳᠤᠮᠳᠠᠳᠤ ᠤᠯᠤᠰ ᠤᠨ ᠮᠠᠶ᠋ᠢᠭ ᠤᠨ  ᠪᠦᠲᠦᠭᠡᠨ ᠪᠠᠶᠢᠭᠤᠯᠤᠯᠲᠠ ᠶᠢ ᠨᠠᠩ ᠰᠠᠶᠢᠲᠤᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

ᠬᠤᠷᠠᠯ ᠠᠴᠠ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠤᠯᠠᠮᠵᠢᠯᠠᠨ ᠰᠤᠷᠤᠯᠴᠠᠵᠦ ᠂ 《︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠣᠰᠬᠤᠨ ᠢ ᠴᠡᠭᠴᠡᠯᠡᠨ ᠵᠠᠰᠠᠬᠤ﹀ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠲᠤᠬᠠᠢ ᠨᠠᠮ ᠤᠨ ᠲᠥᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︵ᠶᠠᠷᠢᠯᠴᠠᠬᠤ ᠨᠣᠣᠷᠠᠭ︶》 ᠢ ᠶᠠᠷᠢᠯᠴᠠᠪᠠ ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠯᠢᠦ ᠭᠦᠸᠧ ᠵᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃

ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠨᠢ ᠨᠠᠮ ᠪᠣᠯᠣᠨ ᠤᠯᠤᠰ ᠤᠨ ᠠᠵᠢᠯ ᠦᠢᠯᠡᠰ ᠤᠨ ᠪᠦᠭᠦ ᠲᠠᠯ᠎ᠠ ᠶᠢᠨ ᠥᠨᠳᠥᠷᠴᠡ ᠠᠴᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠱᠠᠭᠠᠷᠳᠠᠯᠭ᠎ᠠ ᠪᠣᠯᠣᠨ ᠭᠤᠣᠯ ᠰᠢᠪᠲᠤᠯᠤᠯᠲᠠ ᠶᠢᠨ ᠴᠢᠭᠯᠡᠯ ᠢ ᠲᠣᠳᠣᠷᠬᠠᠶᠢᠯᠠᠵᠤ ᠂ ᠮᠠᠰᠢ ᠴᠢᠩᠭ᠎ᠠ ᠦᠵᠡᠯ ᠰᠠᠨᠠᠭᠠᠨ ᠤ ᠬᠥᠲᠥᠯᠥᠨ ᠳᠠᠭᠠᠭᠤᠯᠬᠤ ᠴᠢᠨᠠᠷ ᠂ ᠪᠠᠶᠢᠯᠳᠤᠬᠤ ᠪᠣᠳᠣᠯᠭ᠎ᠠ ᠶᠢᠨ ᠵᠢᠯᠤᠭᠤᠳᠬᠤ ᠴᠢᠨᠠᠷ ᠪᠣᠯᠣᠨ ᠠᠬᠤᠶᠢᠴᠢ ᠬᠠᠨᠳᠤᠯᠭᠠᠲᠤ ᠴᠢᠨᠠᠷ ᠲᠠᠢ ᠪᠠᠶᠢᠵᠤ ᠂ ᠰᠢᠨ᠎ᠡ ᠴᠠᠭ ᠦᠶ᠎ᠡ ᠰᠢᠨ᠎ᠡ ᠠᠶᠠᠨ ᠤ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠢ ᠰᠠᠶᠢᠲᠤᠷ ᠬᠢᠬᠦ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠪᠣᠯᠣᠨ᠎ᠠ ᠃ ᠡᠷᠬᠡᠪᠰᠢ ᠶᠡᠷᠦᠩᠬᠡᠢ ᠱᠦᠵᠢ ᠰᠢ ᠶᠢᠨ ᠫᠢᠩ ᠤᠨ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠂ 《ᠬᠤᠶᠠᠷ ᠢ ᠲᠣᠭᠲᠠᠭᠠᠭᠰᠠᠨ》 ᠢ ᠡᠷᠡᠰ ᠬᠦᠷᠢᠶᠡᠯᠡᠵᠦ ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠬᠦ ᠤᠯᠤᠰ ᠲᠦᠷᠦ ᠶᠢᠨ ᠥᠨᠳᠥᠷᠴᠡ ᠳᠤ ᠵᠣᠭᠰᠣᠵᠤ ᠂ ᠠᠭᠤᠯᠤᠭᠳᠠᠬᠤᠨ ᠴᠢᠬᠤᠯᠠ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ ᠪᠠᠷ ᠡᠵᠡᠮᠳᠡᠵᠦ ᠂  ᠨᠠᠶᠢᠳᠠᠪᠤᠷᠢᠵᠢᠭᠤᠯᠬᠤ ᠶᠢ ᠲᠡᠷᠡ ᠶᠣᠰᠣᠭᠠᠷ ᠨᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ ᠃

ᠬᠤᠷᠠᠯ ᠠᠴᠠ ᠂ 《ᠮᠢᠩᠭ᠎ᠠ ᠲᠦᠮᠡ ᠶᠢᠨ ᠢᠨᠵᠧᠨᠧᠷᠢᠩ 》 ᠳᠤ ᠠᠭᠤᠯᠤᠭᠳᠠᠵᠤ ᠪᠠᠶᠢᠭ᠎ᠠ ᠬᠥᠭᠵᠢᠯᠲᠡ ᠶᠢᠨ ᠣᠶᠢᠯᠠᠭᠠᠭᠳᠠᠬᠤᠨ ᠂ ᠠᠵᠢᠯᠯᠠᠬᠤ ᠠᠷᠭ᠎ᠠ ᠪᠣᠯᠣᠨ ᠠᠬᠢᠭᠤᠯᠬᠤ ᠲᠣᠭᠲᠠᠴᠠ ᠶᠢ ᠰᠤᠷᠤᠯᠴᠠᠨ ᠬᠡᠷᠡᠭᠯᠡᠵᠦ ᠂ ᠲᠠᠷᠢᠶᠠᠴᠢᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠪᠣᠳᠠᠲᠠᠢ ᠠᠰᠠᠭᠤᠳᠠᠯ ᠠᠴᠠ ᠡᠭᠦᠰᠴᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠠᠷᠳᠠᠬᠤ ᠴᠡᠭ ᠢ ᠣᠨᠣᠪᠴᠢᠲᠠᠢ ᠡᠷᠢᠵᠦ ᠂ ᠠᠵᠢᠯ ᠤᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠃ ᠠᠮᠤ ᠪᠤᠳᠠᠭ᠎ᠠ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠰᠠᠶᠢᠲᠤᠷ ᠠᠳᠬᠤᠵᠤ ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠤᠨ ᠂ ᠠᠮᠤ ᠪᠤᠳᠠᠭᠠᠨ ᠤ ᠮᠦ ᠨᠢᠭᠡᠴᠢ ᠶᠢᠨ ᠤᠨᠠᠯᠲᠠ ᠶᠢ ᠶᠡᠭᠡ ᠬᠡᠪᠴᠢᠶ᠎ᠡ ᠪᠠᠷ ᠳᠡᠭᠡᠭᠰᠢᠯᠡᠭᠦᠯᠭᠦ ᠶᠢ ᠠᠬᠢᠭᠤᠯᠵᠤ ᠂ ᠰᠢᠷ᠎ᠠ ᠪᠤᠷᠴᠠᠭ ᠲᠠᠷᠢᠬᠤ ᠲᠠᠯᠠᠪᠠᠢ ᠶᠢ ᠥᠷᠭᠡᠳᠬᠡᠭᠰᠡᠨ ᠦᠷ᠎ᠡ ᠪᠦᠲᠦᠭᠡᠯ ᠢ ᠪᠠᠬᠢᠵᠢᠭᠦᠯᠵᠦ ᠂ ᠠᠮᠤ ᠪᠤᠳᠠᠭᠠᠨ ᠤ ᠦᠢᠯᠡᠳᠪᠦᠷᠢᠯᠡᠯ ᠪᠣᠷᠤᠯᠠᠭᠤᠯᠭ᠎ᠠ ᠶᠢᠨ ᠣᠷᠣᠨ ᠤ ᠮᠤᠵᠢ ᠶᠢᠨ ᠬᠤᠭᠤᠷᠣᠨᠳᠣᠭᠢ ᠬᠥᠨᠳᠡᠯᠡᠨ ᠴᠢᠭᠯᠡᠯ ᠤᠨ ᠠᠰᠢᠭ ᠲᠤᠰᠠ ᠶᠢᠨ ᠨᠥᠬᠦᠪᠦᠷᠢ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ ᠂ ᠲᠠᠷᠢᠶᠠᠯᠠᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠰᠠᠶᠢᠲᠤᠷ ᠬᠢᠵᠦ ᠂ 2024 ᠣᠨ ᠤ ᠠᠮᠤ ᠪᠤᠳᠠᠭᠠᠨ ᠤ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠲᠠᠷᠢᠶᠠᠨ ᠭᠠᠵᠠᠷ ᠤᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠂ ᠶᠠᠰᠤ ᠴᠢᠨᠠᠷ ᠂ ᠠᠮᠢ ᠠᠬᠤᠢ 《ᠭᠤᠷᠪᠠ ᠶᠢ ᠨᠢᠭᠡ ᠴᠣᠭᠴᠠᠵᠢᠭᠤᠯᠤᠭᠰᠠᠨ》ᠬᠠᠮᠠᠭᠠᠯᠠᠯᠲᠠ ᠶᠢᠨ ᠳᠦᠷᠢᠮ ᠤᠨ  ᠲᠡᠭᠦᠯᠳᠡᠷᠵᠢᠭᠦᠯᠵᠦ ᠂ ᠵᠡᠭᠦᠨ ᠬᠤᠶᠢᠲᠤ ᠶᠢᠨ ᠬᠠᠷ᠎ᠠ ᠬᠥᠷᠥᠰᠥᠲᠦ ᠣᠷᠣᠨ ᠂ ᠲᠠᠯ᠎ᠠ ᠭᠠᠵᠠᠷ ᠂ ᠤᠰᠤᠨ ᠠᠰᠢᠭᠯᠠᠯᠲᠠ ᠶᠢᠨ ᠤᠰᠤᠯᠠᠬᠤ ᠨᠥᠬᠦᠴᠡᠯ ᠲᠠᠢ ᠭᠠᠵᠠᠷ ᠣᠷᠣᠨ ᠤ ᠲᠠᠷᠢᠶᠠᠨ ᠭᠠᠵᠠᠷ ᠢ ᠡᠩ ᠲᠡᠷᠢᠭᠦᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ ᠂ ᠪᠡᠯᠡ ᠣᠷᠣᠭᠤᠯᠤᠯᠲᠠ ᠶᠢᠨ ᠨᠥᠬᠦᠪᠦᠷᠢ ᠶᠢᠨ ᠲᠦᠪᠰᠢᠨ ᠢ ᠵᠣᠬᠢᠰᠲᠠᠢ ᠳᠡᠭᠡᠭᠰᠢᠯᠡᠭᠦᠯᠭᠦ ᠬᠡᠷᠡᠭᠲᠡᠢ ᠃ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠲᠡᠮᠵᠢᠵᠤ ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠶᠢ ᠲᠦᠷᠭᠡᠳᠬᠡᠨ ᠠᠬᠢᠭᠤᠯᠬᠤ ᠬᠡᠷᠡᠭᠲᠡᠢ ᠃ ᠲᠠᠭᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ ᠂ ᠠᠵᠤ ᠦᠢᠯᠡᠰ ᠪᠠ ᠠᠵᠢᠯ ᠣᠯᠭᠤᠯᠲᠠ ᠶᠢᠨ ᠬᠠᠪᠰᠤᠷᠤᠨ ᠲᠡᠳᠬᠦᠬᠦ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠬᠥᠳᠡᠭᠡ ᠲᠣᠰᠬᠤᠨ ᠤ ᠣᠷᠣᠯᠭ᠎ᠠ ᠪᠠᠭᠠᠲᠠᠢ ᠬᠥᠮᠥᠨ ᠠᠮᠠ ᠪᠠ ᠬᠥᠭᠵᠢᠭᠡᠳᠦᠢ ᠭᠠᠵᠠᠷ ᠣᠷᠣᠨ ᠤ ᠪᠠᠶᠢᠩᠭᠤ ᠶᠢᠨ ᠴᠢᠨᠠᠷᠲᠠᠢ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠲᠡᠢ ᠃ ᠠᠵᠤ ᠦᠢᠯᠡᠰ ᠢᠶᠠᠷ ᠲᠠᠷᠢᠶᠠᠯᠠᠩ ᠢ ᠬᠥᠭᠵᠢᠭᠦᠯᠬᠦ ᠂ ᠶᠠᠰᠤ ᠴᠢᠨᠠᠷ ᠢᠶᠠᠷ ᠲᠠᠷᠢᠶᠠᠯᠠᠩ ᠢ ᠬᠥᠭᠵᠢᠭᠦᠯᠬᠦ ᠂ ᠪᠣᠬᠢᠷᠳᠤᠯ ᠦᠭᠡᠢ ᠪᠠᠷ ᠲᠠᠷᠢᠶᠠᠯᠠᠩ ᠢ ᠬᠥᠭᠵᠢᠭᠦᠯᠬᠦ ᠶᠢ ᠪᠠᠷᠢᠮᠲᠠᠯᠠᠵᠤ ᠂ ᠬᠥᠳᠡᠭᠡ ᠲᠣᠰᠬᠤᠨ ᠤ ᠠᠵᠤ ᠦᠢᠯᠡᠰ ᠢ ᠨᠠᠷᠢᠯᠢᠭ ᠣᠨᠣᠴᠠᠲᠠᠢ ᠪᠠᠷ ᠪᠣᠳᠠᠲᠠᠢ ᠶᠢ ᠡᠷᠬᠢᠮᠯᠡᠨ ᠪᠣᠶᠢᠵᠢᠭᠤᠯᠵᠤ ᠂ ᠲᠠᠷᠢᠶᠠᠴᠢᠳ ᠲᠠᠢ ᠬᠤᠯᠪᠤᠭᠠᠯᠠᠨ ᠲᠠᠷᠢᠶᠠᠴᠢᠳ ᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠬᠡᠷᠡᠭᠲᠡᠢ ᠃ ᠬᠥᠳᠡᠭᠡ ᠲᠣᠰᠬᠤᠨ ᠤ ᠬᠥᠮᠥᠨ ᠠᠮᠠ ᠶᠢᠨ ᠬᠤᠪᠢᠷᠠᠯᠲᠠ ᠶᠢᠨ ᠬᠠᠨᠳᠤᠰᠢ ᠳᠤ ᠵᠣᠬᠢᠴᠠᠭᠤᠯᠤᠨ ᠂ ᠠᠶᠢᠯ ᠲᠣᠰᠬᠤᠨ ᠤ ᠪᠠᠶᠢᠷᠢᠰᠢᠯ ᠂ ᠠᠵᠤ ᠦᠢᠯᠡᠰ ᠤᠨ ᠪᠦᠲᠦᠴᠡ ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠣᠬᠢᠷᠠᠭᠤᠯᠤᠯᠲᠠ ᠶᠢ ᠰᠢᠯᠢᠳᠡᠭᠵᠢᠭᠦᠯᠵᠦ ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠠᠬᠢᠭᠤᠯᠵᠤ ᠂ ᠬᠥᠳᠡᠭᠡ ᠲᠣᠰᠬᠤᠨ ᠤ ᠬᠥᠮᠥᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠵᠤ ᠳᠡᠭᠡᠭᠰᠢᠯᠡᠭᠦᠯᠭᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ ᠂ ᠬᠥᠳᠡᠭᠡ ᠲᠣᠰᠬᠤᠨ ᠤ ᠰᠠᠭᠤᠷᠢ  ᠶᠢᠨ ᠳᠤᠲᠠᠭᠤᠳᠠᠯ ᠢ ᠨᠥᠬᠦᠪᠦᠷᠢᠯᠡᠬᠦ ᠶᠢ ᠠᠬᠢᠭᠤᠯᠬᠤ ᠬᠡᠷᠡᠭᠲᠡᠢ ᠃ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠵᠦ ᠂ ᠰᠢᠶᠠᠨ ᠤ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠪᠠ ᠵᠠᠰᠠᠬᠤ ᠴᠢᠳᠠᠪᠤᠷᠢ ᠶᠢ ᠳᠡᠭᠡᠭᠰᠢᠯᠡᠭᠦᠯᠦᠨ ᠂ ᠰᠢᠶᠠᠨ ᠤ ᠬᠡᠪᠴᠢᠶᠡᠨ ᠤ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ ᠃ ᠬᠥᠳᠡᠭᠡ ᠲᠣᠰᠬᠤᠨ ᠤ ᠵᠠᠰᠠᠯᠲᠠ ᠶᠢᠨ  ᠲᠡᠭᠦᠯᠳᠡᠷᠵᠢᠭᠦᠯᠵᠦ ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ᠠᠬᠢᠭᠤᠯᠵᠤ ᠂ ᠰᠢᠨ᠎ᠡ ᠴᠠᠭ ᠦᠶ᠎ᠡ ᠶᠢᠨ 《ᠹᠸᠡᠭᠴᠢᠶᠤᠤ ᠶᠢᠨ ᠲᠤᠷᠰᠢᠯᠭ᠎ᠠ》 ᠶᠢ ᠪᠠᠷᠢᠮᠲᠠᠯᠠᠨ ᠬᠥᠭᠵᠢᠭᠦᠯᠵᠦ ᠂ ᠠᠮᠤᠭᠤᠯᠠᠩᠲᠤ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠬᠡᠷᠡᠭᠲᠡᠢ ᠃ ᠬᠥᠳᠡᠭᠡ ᠲᠣᠰᠬᠤᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠶᠡᠭᠡ ᠪᠠᠷ ᠴᠢᠩᠭᠠᠳᠬᠠᠵᠤ ᠂ ᠬᠥᠳᠡᠭᠡ ᠲᠣᠰᠬᠤᠨ ᠤ ᠪᠣᠯᠬᠢ ᠳᠠᠳᠬᠠᠯ ᠢ ᠲᠡᠪᠴᠢᠵᠦ ᠰᠢᠨ᠎ᠡ ᠰᠤᠷᠲᠠᠯ ᠢ ᠳᠡᠯᠭᠡᠷᠡᠭᠦᠯᠬᠦ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠃ ᠬᠥᠳᠡᠭᠡ ᠲᠣᠰᠬᠤᠨ ᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠤ ᠂ ᠬᠤᠷᠢᠭ᠎ᠠ ᠱᠤᠭᠤᠮ ᠢ ᠪᠠᠲᠤ ᠰᠠᠬᠢᠭᠰᠠᠨ ᠤᠷᠢᠲᠠᠯ ᠳᠣᠣᠷ᠎ᠠ ᠂ ᠡᠯ᠎ᠡ ᠭᠠᠵᠠᠷ ᠤᠨ ᠬᠢᠨ ᠤ ᠦᠢᠯᠡᠳᠦᠯᠭᠡ ᠶᠢᠨ ᠰᠦᠪᠡᠭᠴᠢᠯᠡᠯᠲᠡ ᠪᠠ ᠳᠦᠷᠢᠮ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃

ᠬᠤᠷᠠᠯ ᠠᠴᠠ ᠂ 《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠳᠠᠬᠢ ᠨᠠᠮ ᠤᠨ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ ᠂ ᠲᠠᠪᠤᠨ ᠱᠠᠲᠤᠨ ᠤ ᠱᠦᠵᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠬᠥᠳᠡᠭᠡ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠠ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ ᠃ ᠠᠵᠢᠯᠯᠠᠬᠤ ᠠᠷᠭ᠎ᠠ ᠮᠠᠶ᠋ᠢᠭ ᠢᠶᠠᠨ ᠬᠠᠯᠠᠨ ᠰᠠᠶᠢᠵᠢᠷᠠᠭᠤᠯᠵᠤ ᠂ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠨ ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠵᠦ ᠂ ᠪᠠᠶᠢᠭᠠᠯᠢ ᠶᠢᠨ ᠵᠢᠮ᠎ᠡ ᠶᠣᠰᠣ ᠂ ᠠᠵᠤ ᠠᠬᠤᠢ ᠶᠢᠨ ᠵᠢᠮ᠎ᠡ ᠶᠣᠰᠣ ᠂ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠳᠤ ᠨᠡᠶᠢᠴᠡᠭᠦᠯᠦᠨ ᠂ ᠠᠵᠢᠯ ᠤᠨ ᠴᠠᠭ ᠬᠡᠮᠵᠢᠶ᠎ᠡ ᠪᠦᠲᠦᠮᠵᠢ ᠶᠢ ᠰᠠᠶᠢᠲᠤᠷ ᠡᠵᠡᠮᠳᠡᠬᠦ ᠬᠡᠷᠡᠭᠲᠡᠢ ᠃ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠲᠥᠪᠯᠡᠷᠡᠭᠦᠯᠵᠦ ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠮ ᠤᠨ ᠲᠥᠪ ᠬᠤᠷᠢᠶ᠎ᠠ ᠶᠢᠨ《ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ》 ᠤ ᠠᠵᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃

ᠲᠦᠷᠦ ᠶᠢᠨ ᠶᠠᠪᠤᠳᠠᠯ ᠤᠨ ᠭᠡᠰᠢᠭᠦᠨ ᠪᠥᠭᠡᠳ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠦ᠋ ᠵᠧᠩ ᠯᠦᠩ ᠠᠩᠬᠠᠳᠤᠭᠠᠷ ᠪᠦᠭᠦᠳᠡ ᠬᠤᠷᠠᠯ ᠢ ᠡᠷᠭᠢᠯᠡᠵᠠᠢ ᠃

ᠲᠥᠪ ᠤᠨ ᠬᠥᠳᠡᠭᠡ ᠲᠣᠰᠬᠤᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠂ ᠡᠯ᠎ᠡ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠤᠲᠠ ᠪᠣᠯᠣᠨ ᠲᠥᠯᠥᠪᠯᠡᠭᠡ ᠳᠤ ᠲᠤᠰᠠᠭᠠᠷ ᠵᠢᠭᠰᠠᠭᠠᠭᠰᠠᠨ ᠬᠤᠳᠠ ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠬᠠᠷᠢᠭᠤᠴᠠᠯᠭᠠᠲᠠᠨ ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠬᠤᠯᠪᠣᠭᠳᠠᠯ ᠪᠦᠬᠦᠢ ᠠᠷᠠᠳ ᠤᠨ ᠪᠦᠯᠭᠦᠮ ᠂ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ ᠃

 

 


   :                    
   :           
备案序号:蒙ICP备05003250号 公安备案15010502000173