ᠵᠤᠬᠢᠶᠠᠭᠴᠢ: ᠴᠠᠭ:2023-12-29 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ     
ᠨᠠᠮ ᠤᠨ ᠲᠥᠪ ᠬᠤᠷᠢᠶ᠎ᠠ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠤᠢ ᠶᠢ ᠳᠤᠷᠠᠰᠬᠠᠬᠤ ᠶᠠᠷᠢᠯᠴᠠᠬᠤ ᠬᠤᠷᠠᠯ ᠬᠤᠷᠠᠯᠳᠤᠭᠤᠯᠪᠠ  ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠮᠠᠤ ᠽᠧ ᠳ᠋ᠦᠩ ᠨᠥᠬᠦᠷ ᠤᠨ ᠡᠭᠦᠳᠦᠨ ᠪᠦᠲᠦᠭᠡᠭᠰᠡᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠵᠤ ᠳᠤᠮᠳᠠᠳᠤ  ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ  ᠯᠢ ᠴᠢᠶᠠᠩ  ᠵᠤᠤ ᠯᠧ ᠵᠢᠢ  ᠸᠠᠩ ᠬᠤ᠋ ᠨᠢᠩ  ᠳ᠋ᠢᠩ ᠰᠢᠤᠸᠠᠢ ᠰᠢᠶᠠᠩ     ᠯᠢ ᠰᠢ  ᠬᠠᠨ ᠵᠧᠩ ᠬᠤᠷᠠᠯ ᠳᠤ ᠣᠷᠣᠯᠴᠠᠵᠤ ᠼᠠᠢ ᠴᠢ ᠬᠤᠷᠠᠯ ᠢ ᠡᠷᠭᠢᠯᠡᠪᠡ

 

ᠰᠢᠨᠬᠤᠸᠠ ᠬᠤᠷᠢᠶ᠎ᠠ ᠶᠢᠨ ᠪᠡᠭᠡᠵᠢᠩ ᠤᠨ 2023  12  ᠰᠠᠷ᠎ᠠ ᠶᠢᠨ 26 ᠤ ᠡᠳᠦᠷ ᠤᠨ ᠴᠠᠭᠢᠯᠭᠠᠨ ᠮᠡᠳᠡᠭᠡ   ᠨᠠᠮ ᠤᠨ ᠲᠥᠪ ᠬᠤᠷᠢᠶ᠎ᠠ 26 ᠤ ᠡᠳᠦᠷ ᠤᠨ ᠦᠳᠡ ᠶᠢᠨ ᠡᠮᠦᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠷᠢᠯᠴᠠᠬᠤ ᠬᠤᠷᠠᠯ ᠬᠤᠷᠠᠯᠳᠤᠭᠤᠯᠵᠤ ᠂ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠣᠶ ᠶᠢ ᠳᠤᠷᠠᠰᠬᠠᠪᠠ ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ ᠃

ᠲᠡᠷᠡ ᠂ ᠮᠠᠤ ᠽᠧ ᠳ᠋ᠦᠩ ᠨᠥᠬᠦᠷ ᠪᠣᠯ ᠠᠭᠤᠤ ᠶᠡᠭᠡ ᠮᠠᠷᠺᠰ ᠤᠨ ᠦᠵᠡᠯᠲᠡᠨ ᠂ ᠦᠭᠡᠶᠢᠭᠦᠦ ᠠᠩᠭᠢ ᠶᠢᠨ ᠠᠭᠤᠤ ᠶᠡᠭᠡ ᠬᠤᠪᠢᠰᠬᠠᠯᠴᠢ ᠂ ᠪᠠᠶᠢᠯᠳᠤᠬᠤ ᠪᠣᠳᠣᠯᠭᠠᠲᠠᠨ ᠂ ᠣᠨᠣᠯᠴᠢ ᠮᠥᠨ ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠠᠭᠤᠤ ᠶᠡᠭᠡ ᠡᠭᠦᠳᠦᠨ ᠨᠡᠭᠡᠭᠡᠭᠴᠢ ᠂ ᠳᠤᠮᠳᠠᠳᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠦᠢᠯᠡᠰ ᠤᠨ ᠠᠭᠤᠤ ᠶᠡᠭᠡ ᠰᠠᠭᠤᠷᠢᠯᠠᠭᠴᠢ ᠮᠥᠨ ᠂ ᠣᠷᠴᠢᠨ ᠦᠶ᠎ᠡ ᠠᠴᠠ ᠨᠠᠭᠠᠰᠢᠬᠢ ᠳᠤᠮᠳᠠᠳᠤ ᠤᠯᠤᠰ ᠤᠨ ᠠᠭᠤᠤ ᠶᠡᠭᠡ ᠤᠯᠤᠰ ᠢᠶᠠᠨ ᠬᠠᠶᠢᠷᠠᠯᠠᠭᠴᠢ ᠪᠠ ᠦᠨᠳᠦᠰᠦᠲᠡᠨ ᠤ ᠪᠠᠭᠠᠲᠤᠷ ᠮᠥᠨ ᠂ ᠨᠠᠮ ᠤᠨ ᠨᠢᠭᠡᠳᠦᠭᠡᠷ ᠦᠶ᠎ᠡ ᠶᠢᠨ ᠲᠥᠪ ᠬᠤᠷᠢᠶ᠎ᠠ ᠶᠢᠨ ᠤᠳᠤᠷᠢᠳᠬᠤ ᠬᠠᠮᠲᠤ ᠶᠢᠨ ᠭᠤᠣᠯᠯᠠᠭᠴᠢ ᠮᠥᠨ ᠂ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠥᠪᠡᠷ ᠤᠨ ᠬᠤᠪᠢ ᠵᠠᠶᠠᠭ᠎ᠠ ᠪᠠ ᠤᠯᠤᠰ ᠣᠷᠣᠨ ᠤ ᠳᠦᠷᠰᠦ ᠪᠠᠶᠢᠳᠠᠯ ᠢᠶᠠᠨ ᠲᠤᠶᠢᠯᠪᠤᠷᠢᠲᠠᠢ ᠬᠤᠪᠢᠷᠠᠭᠤᠯᠤᠭᠰᠠᠨ ᠨᠢᠭᠡᠨ ᠦᠶ᠎ᠡ ᠶᠢᠨ ᠠᠭᠤᠤ ᠶᠡᠭᠡ ᠬᠥᠮᠥᠨ ᠮᠥᠨ ᠂ ᠳᠡᠯᠡᠬᠡᠢ ᠶᠢᠨ ᠳᠠᠷᠤᠯᠠᠭᠳᠠᠵᠤ ᠪᠠᠶᠢᠭᠰᠠᠨ ᠦᠨᠳᠦᠰᠦᠲᠡᠨ ᠤ ᠴᠢᠯᠦᠭᠡᠯᠡᠯᠲᠡ ᠪᠠ ᠬᠥᠮᠥᠨ ᠲᠥᠷᠥᠯᠬᠢᠲᠡᠨ ᠤ ᠲᠠᠪᠰᠢᠯᠳᠠ ᠶᠢᠨ ᠦᠢᠯᠡᠰ ᠲᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠠᠭᠤᠤ ᠶᠡᠭᠡ ᠢᠨᠲ᠋ᠧᠷᠨᠠᠼᠢᠣᠨᠠᠯ ᠤᠨ ᠦᠵᠡᠯᠲᠡᠨ ᠮᠥᠨ ᠃ ᠮᠠᠤ ᠽᠧ ᠳ᠋ᠦᠩ ᠤᠨ ᠦᠵᠡᠯ ᠰᠠᠨᠠᠭ᠎ᠠ ᠪᠣᠯ ᠮᠠᠨ ᠤ ᠨᠠᠮ ᠤᠨ ᠡᠷᠬᠢᠮ ᠨᠠᠨᠳᠢᠨ ᠤᠶᠦᠠ ᠰᠠᠨᠠᠭᠠᠨ ᠤ ᠡᠳ᠋ ᠪᠠᠶᠠᠯᠢᠭ ᠮᠥᠨ ᠪᠣᠯᠬᠤᠷ ᠪᠢᠳᠡᠨ ᠤ ᠤᠢᠢᠯᠠ ᠠᠵᠢᠯᠯᠠᠭ᠎ᠠ ᠶᠢ ᠤᠷᠳᠦ ᠬᠤᠭᠤᠴᠠᠭ᠎ᠠ ᠪᠠᠷ ᠵᠢᠯᠤᠭᠤᠳᠬᠤ ᠪᠣᠯᠣᠨ᠎ᠠ ᠃ ᠮᠠᠤ ᠽᠧ ᠳ᠋ᠦᠩ ᠨᠥᠬᠦᠷ ᠢ ᠳᠤᠷᠠᠰᠬᠠᠬᠤ ᠬᠠᠮᠤᠭ ᠤᠨ ᠰᠠᠶᠢᠨ ᠠᠷᠭ᠎ᠠ ᠪᠣᠯ ᠳᠠᠷᠤᠢ ᠲᠡᠭᠦᠨ ᠤ ᠡᠭᠦᠳᠦᠨ ᠪᠦᠲᠦᠭᠡᠭᠰᠡᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠬᠤ ᠶᠠᠪᠤᠳᠠᠯ ᠪᠣᠯᠣᠨ᠎ᠠ ᠭᠡᠵᠦ ᠴᠢᠬᠤᠯᠠᠴᠢᠯᠠᠪᠠ ᠃

ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠳ᠋ᠢᠩ ᠰᠢᠤᠸᠠᠢ ᠰᠢᠶᠠᠩ ᠂ ᠯᠢ ᠰᠢ ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠶᠠᠷᠢᠯᠴᠠᠬᠤ ᠬᠤᠷᠠᠯ ᠳᠤ ᠣᠷᠣᠯᠴᠠᠵᠤ ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠼᠠᠢ ᠴᠢ ᠶᠠᠷᠢᠯᠴᠠᠬᠤ ᠬᠤᠷᠠᠯ ᠢ ᠡᠷᠭᠢᠯᠡᠪᠡ ᠃

ᠰᠢ ᠶᠢᠨ ᠫᠢᠩ ᠶᠠᠷᠢᠶᠠᠨ ᠳᠠᠭᠠᠨ ᠂ ᠮᠠᠤ ᠽᠧ ᠳ᠋ᠦᠩ ᠨᠥᠬᠦᠷ ᠤᠨ ᠨᠢᠭᠡ ᠨᠠᠰᠤ ᠪᠣᠯ ᠤᠯᠤᠰ ᠤᠨ ᠪᠠᠶᠠᠵᠢᠯ ᠬᠦᠴᠦᠷᠬᠡᠭᠵᠢᠯ ᠂ ᠦᠨᠳᠦᠰᠦᠲᠡᠨ ᠤ ᠬᠥᠭᠵᠢᠯ ᠮᠠᠨᠳᠤᠯ ᠂ ᠠᠷᠠᠳ ᠲᠦᠮᠡᠨ ᠤ ᠵᠣᠯ ᠵᠢᠷᠭᠠᠯ ᠤᠨ ᠲᠥᠯᠥᠭᠡ ᠴᠥᠬᠦᠷᠡᠰᠢ ᠦᠭᠡᠢ ᠲᠡᠮᠡᠴᠡᠭᠰᠡᠨ ᠨᠢᠭᠡ ᠨᠠᠰᠤ ᠮᠥᠨ ᠃ ᠲᠡᠷᠡ ᠠᠷᠠᠳ ᠲᠦᠮᠡᠨ ᠢ ᠳᠠᠭᠠᠭᠤᠯᠤᠨ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠲᠡᠦᠬᠡᠨ ᠠᠬᠢᠴᠠ ᠶᠢ ᠨᠡᠭᠡᠭᠡᠵᠦ ᠂ ᠠᠭᠤᠤ ᠶᠡᠭᠡ ᠢᠷᠠᠭᠤ ᠠᠯᠳᠠᠷᠲᠠᠢ ᠵᠥᠪ ᠣᠨᠣᠪᠴᠢᠲᠠᠢ ᠳᠤᠮᠳᠠᠳᠤ ᠤᠯᠤᠰ ᠤᠨ ᠡᠪ ᠬᠠᠮᠲᠤ ᠨᠠᠮ ᠢ ᠳᠠᠪᠲᠠᠨ ᠪᠤᠯᠪᠠᠰᠤᠷᠠᠭᠤᠯᠵᠤ ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠰᠡᠨ ᠰᠢᠨ᠎ᠡ ᠳᠤᠮᠳᠠᠳᠤ ᠤᠯᠤᠰ ᠢ ᠪᠠᠶᠢᠭᠤᠯᠵᠤ ᠂ ᠲᠡᠷᠢᠭᠦᠨ ᠤ ᠨᠡᠶᠢᠭᠡᠮ ᠵᠢᠷᠤᠮᠲᠤ ᠪᠠᠶᠢᠭᠤᠯᠤᠯ ᠢ ᠡᠭᠦᠳᠦᠨ ᠪᠠᠶᠢᠭᠤᠯᠵᠤ ᠂ ᠬᠠᠨᠳᠤᠭᠰᠠᠨ ᠵᠦᠭ ᠳᠠᠶᠢᠰᠤᠨ ᠦᠭᠡᠢ ᠰᠢᠨ᠎ᠡ ᠮᠠᠶ᠋ᠢᠭ ᠤᠨ ᠠᠷᠠᠳ ᠤᠨ ᠴᠡᠷᠢᠭ ᠠᠩᠭᠢ ᠶᠢ ᠴᠣᠭᠴᠠᠯᠠᠨ ᠪᠠᠶᠢᠭᠤᠯᠵᠤ ᠂ ᠳᠤᠮᠳᠠᠳᠤ ᠶᠢᠨ ᠦᠨᠳᠦᠰᠦᠲᠡᠨ ᠂ ᠳᠤᠮᠳᠠᠳᠤ ᠤᠯᠤᠰ ᠤᠨ ᠠᠷᠠᠳ ᠲᠦᠮᠡᠨ ᠳᠤ ᠪᠠᠯᠠᠷᠠᠰᠢ ᠦᠭᠡᠢ ᠲᠡᠦᠬᠡᠨ ᠭᠠᠪᠢᠶ᠎ᠠ ᠵᠢᠳᠬᠦᠯ ᠪᠠᠶᠢᠭᠤᠯᠵᠤ ᠂ ᠭᠡᠷᠡᠯ ᠰᠠᠴᠤᠷᠠᠩᠭᠤᠢ ᠥᠨᠢ ᠤᠳᠠᠭᠠᠨ ᠲᠡᠦᠬᠡᠨ ᠬᠤᠪᠢ ᠨᠡᠮᠡᠷᠢ ᠦᠵᠡᠭᠦᠯᠪᠡ  ᠭᠡᠵᠦ ᠵᠢᠭᠠᠵᠤ ᠭᠠᠷᠭᠠᠪᠠ ᠃

ᠰᠢ ᠶᠢᠨ ᠫᠢᠩ ᠂ ᠮᠠᠤ ᠽᠧ ᠳ᠋ᠦᠩ ᠨᠥᠬᠦᠷ ᠥᠪᠡᠷ ᠤᠨ ᠨᠢᠭᠡ ᠨᠠᠰᠤ ᠪᠠᠨ ᠨᠠᠮ ᠪᠣᠯᠣᠨ ᠠᠷᠠᠳ ᠲᠦᠮᠡᠨ ᠳᠡᠭᠡᠨ ᠵᠣᠷᠢᠭᠤᠯᠵᠤ ᠂ ᠬᠤᠵᠢᠮ ᠤᠨ ᠬᠥᠮᠥᠰ ᠢ ᠥᠨᠢᠳᠡ ᠵᠣᠷᠢᠭᠵᠢᠭᠤᠯᠬᠤ ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠ ᠶᠢ ᠦᠯᠡᠳᠡᠭᠡᠭᠰᠡᠨ ᠶᠤᠮ ᠃ ᠮᠠᠤ ᠽᠧ ᠳ᠋ᠦᠩ ᠨᠥᠬᠦᠷ ᠨᠢᠭᠡᠨ ᠠᠭᠤᠤ ᠶᠡᠭᠡ ᠬᠤᠪᠢᠰᠬᠠᠯ ᠤᠨ ᠤᠳᠤᠷᠢᠳᠤᠭᠴᠢ ᠶᠢᠨ ᠥᠨᠳᠥᠷ ᠲᠤ ᠵᠣᠭᠰᠣᠨ ᠠᠯᠤᠰ ᠢ ᠪᠠᠷᠠᠯᠠᠬᠤ ᠤᠯᠤᠰ ᠲᠦᠷᠦ ᠶᠢᠨ ᠠᠯᠤᠰ ᠤᠨ ᠬᠠᠷᠠᠴᠠ ᠂ ᠡᠷᠡᠰ ᠭᠤᠶᠢᠪᠢᠰᠢ ᠦᠭᠡᠢ ᠬᠤᠪᠢᠰᠬᠠᠯᠲᠤ ᠢᠲᠡᠭᠡᠯ ᠪᠢᠰᠢᠷᠡᠯ ᠂ ᠵᠣᠷᠢᠭᠲᠠᠢ ᠪᠠᠷ ᠵᠠᠮ ᠨᠡᠭᠡᠭᠡᠬᠦ ᠶᠡᠷᠦ ᠪᠤᠰᠤ ᠶᠢᠨ ᠰᠥᠰᠥ ᠵᠣᠷᠢᠭ ᠂ ᠮᠠᠰᠢ ᠪᠣᠯᠪᠠᠰᠤᠷᠠᠩᠭᠤᠢ ᠲᠡᠮᠡᠴᠡᠯ ᠤᠨ ᠤᠷᠠᠯᠢᠭ ᠂ ᠰᠢᠯᠭᠠᠷᠠᠭᠰᠠᠨ ᠬᠡᠲᠦᠶᠢᠳᠦᠭᠰᠡᠨ ᠤᠳᠤᠷᠢᠳᠬᠤ ᠠᠪᠢᠶᠠᠰ ᠴᠢᠳᠠᠪᠤᠷᠢ ᠂ ᠠᠷᠠᠳ ᠲᠦᠮᠡᠨ ᠲᠠᠢ ᠰᠡᠳᠬᠢᠯ ᠵᠢᠷᠦᠬᠡ ᠪᠠᠨ ᠬᠤᠯᠪᠣᠭᠰᠠᠨ ᠴᠢᠩ ᠦᠨᠡᠨᠴᠢ ᠰᠡᠳᠬᠢᠯᠭᠡ ᠂ ᠬᠠᠨᠠᠭᠠᠷ ᠠᠭᠤᠳᠠᠮ ᠬᠡᠬᠦᠳᠡᠭ ᠴᠡᠭᠡᠵᠢ ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠰᠢᠯᠢᠳᠡᠭ ᠰᠤᠷᠲᠠᠯ ᠢ ᠢᠯᠡᠷᠡᠭᠦᠯᠵᠦ ᠂ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠶᠢᠷ᠎ᠠ ᠬᠦᠨᠳᠦᠳᠬᠡᠯ ᠪᠠ ᠬᠦᠨᠳᠦᠳᠬᠡᠯ ᠪᠢᠰᠢᠷᠡᠯ ᠢ ᠣᠯᠣᠭᠰᠠᠨ ᠪᠠᠶᠢᠨ᠎ᠠ ᠂ ᠮᠠᠤ ᠽᠧ ᠳ᠋ᠦᠩ ᠨᠥᠬᠦᠷ ᠤᠨ ᠡᠷᠬᠢᠮ ᠳᠡᠭᠡᠳᠦ ᠤᠶᠤᠨ ᠰᠠᠨᠠᠭᠠᠨ ᠤ ᠬᠡᠪ ᠨᠠᠮᠪᠠ ᠪᠣᠯ ᠪᠢᠳᠡᠨ ᠤ ᠦᠷᠭᠦᠯᠵᠢᠯᠡᠨ ᠤᠷᠤᠭᠰᠢᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠡᠭᠦᠷᠢᠳᠡ ᠶᠢᠨ ᠬᠦᠴᠦᠷᠬᠡᠭ ᠶᠡᠭᠡ ᠬᠥᠳᠡᠯᠭᠡᠭᠴᠢ ᠬᠦᠴᠦᠨ ᠮᠥᠨ ᠭᠡᠵᠦ ᠴᠢᠬᠤᠯᠠᠴᠢᠯᠠᠪᠠ ᠃

ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠪᠣᠯ ᠪᠦᠭᠦ ᠨᠠᠮ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠨ᠎ᠡ ᠴᠠᠭ ᠦᠶ᠎ᠡ ᠰᠢᠨ᠎ᠡ ᠠᠶᠠᠨ ᠳᠠᠬᠢ ᠭᠤᠣᠯ ᠡᠭᠦᠷᠭᠡ ᠪᠣᠯᠣᠨ᠎ᠠ ᠃ ᠡᠨᠡ ᠪᠣᠯ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠪᠡᠶᠡᠯᠡᠭᠦᠯᠦᠭᠡ ᠦᠭᠡᠢ ᠦᠢᠯᠡᠰ ᠮᠥᠨ ᠂ ᠤᠳᠤ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ ᠃ ᠰᠢᠨ᠎ᠡ ᠠᠶᠠᠨ ᠳᠠᠭᠠᠨ ᠪᠢᠳᠡ ᠤᠭ ᠰᠠᠨᠠᠭ᠎ᠠ ᠪᠠᠨ ᠦᠯᠦ ᠮᠠᠷᠲᠠᠵᠤ ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠲᠡᠦᠬᠡ ᠶᠢᠨ ᠢᠲᠡᠭᠡᠯ ᠢᠶᠠᠨ ᠪᠠᠲᠤᠳᠬᠠᠵᠤ ᠂ ᠲᠡᠦᠬᠡ ᠶᠢᠨ ᠰᠠᠨᠠᠭᠠᠴᠢᠯᠠᠭᠠᠲᠤ ᠡᠷᠬᠡ ᠶᠢ ᠡᠵᠡᠮᠳᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠦᠢᠯᠡᠰ ᠢ ᠲᠠᠰᠤᠷᠠᠯᠲᠠ ᠦᠭᠡᠢ ᠤᠷᠤᠭᠰᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃

ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠪᠦᠭᠦ ᠳᠤᠮᠳᠠᠳᠤ ᠤᠯᠤᠰ ᠤᠨ ᠠᠷᠠᠳ ᠲᠦᠮᠡᠨ ᠤ ᠦᠢᠯᠡᠰ ᠮᠥᠨ ᠂ ᠡᠷᠬᠡᠪᠰᠢ ᠠᠷᠠᠳ ᠲᠦᠮᠡᠨ ᠳᠤ ᠨᠢᠭᠲᠠ ᠲᠦᠰᠢᠭᠯᠡᠵᠦ ᠂ ᠠᠷᠠᠳ ᠲᠦᠮᠡᠨ ᠤ ᠳᠤᠮᠳᠠ ᠬᠠᠳᠠᠭᠠᠯᠠᠭᠳᠠᠵᠤ ᠪᠠᠶᠢᠭ᠎ᠠ ᠬᠢᠵᠠᠭᠠᠯᠠᠰᠢ ᠦᠭᠡᠢ ᠤᠶᠤᠨ ᠤᠬᠠᠭᠠᠨ ᠪᠣᠯᠣᠨ ᠬᠦᠴᠦᠨ ᠴᠢᠳᠠᠯ ᠢ ᠨᠢᠭᠲᠠᠷᠠᠭᠤᠯᠵᠤ ᠂ ᠪᠦᠭᠦ ᠠᠷᠠᠳ ᠲᠦᠮᠡᠨ ᠤ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠶᠢ ᠭᠦᠢᠴᠡᠳ ᠬᠥᠭᠵᠢᠭᠡᠬᠦ ᠬᠡᠷᠡᠭᠲᠡᠢ ᠃ ᠠᠷᠠᠳ ᠲᠦᠮᠡᠨ ᠪᠣᠯ ᠲᠡᠦᠬᠡ ᠶᠢ ᠡᠭᠦᠳᠦᠨ ᠪᠦᠲᠦᠭᠡᠬᠦ ᠦᠨᠳᠦᠰᠦᠨ ᠬᠥᠳᠡᠯᠭᠡᠬᠦ ᠬᠦᠴᠦᠨ ᠮᠥᠨ ᠭᠡᠬᠦ ᠲᠡᠦᠬᠡ ᠶᠢᠨ ᠪᠣᠳᠠᠰᠴᠢ ᠦᠵᠡᠯ ᠤᠨ ᠦᠨᠳᠦᠰᠦᠨ ᠦᠵᠡᠯᠲᠡ ᠶᠢ ᠪᠠᠷᠢᠮᠲᠠᠯᠠᠵᠤ ᠂ ᠠᠷᠠᠳ ᠲᠦᠮᠡᠨ ᠤ ᠭᠤᠣᠯ ᠴᠣᠭᠴᠠ ᠶᠢᠨ ᠪᠠᠶᠢᠷᠢ ᠰᠠᠭᠤᠷᠢ ᠶᠢ ᠪᠠᠷᠢᠮᠲᠠᠯᠠᠵᠤ ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠬᠠᠮᠠᠭᠠᠯᠠᠬᠤ ᠂ ᠰᠠᠶᠢᠲᠤᠷ ᠪᠡᠶᠡᠯᠡᠭᠦᠯᠬᠦ ᠂ ᠰᠠᠶᠢᠲᠤᠷ ᠬᠥᠭᠵᠢᠭᠦᠯᠬᠦ ᠪᠠᠷ ᠠᠯᠢᠪᠠ ᠠᠵᠢᠯ ᠤᠨ ᠵᠣᠷᠢᠯᠲᠠ ᠪᠠ ᠲᠤᠰᠤᠯᠲᠠ ᠪᠤᠯᠭᠠᠵᠤ ᠂  ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠭᠦ ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠬᠦ ᠬᠡᠷᠡᠭᠲᠡᠢ ᠃ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠳᠦᠷᠢᠮ ᠤᠨ  ᠪᠦᠷᠢᠨᠰᠢᠭᠦᠯᠵᠦ ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ ᠂ ᠠᠷᠠᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ ᠂ ᠰᠢᠨ᠎ᠡ ᠴᠠᠭ ᠦᠶ᠎ᠡ ᠶᠢᠨ ᠤᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠵᠤ ᠂ ᠠᠷᠠᠳ ᠤᠯᠠᠨ ᠯᠤᠭ᠎ᠠ ᠶᠢᠨ ᠴᠢᠰᠤ ᠮᠢᠬᠠᠨ ᠤ ᠬᠠᠷᠢᠴᠠᠭ᠎ᠠ ᠶᠢ ᠢᠮᠠᠭᠲᠠ ᠪᠠᠲᠤᠯᠠᠵᠤ ᠂ ᠢᠮᠠᠭᠲᠠ ᠠᠷᠠᠳ ᠲᠦᠮᠡᠨ ᠤ ᠰᠢᠭᠦᠮᠵᠢᠯᠡᠯ ᠪᠠ ᠬᠢᠨᠠᠯᠲᠠ ᠶᠢ ᠬᠦᠯᠢᠶᠡᠵᠦ ᠂ ᠢᠮᠠᠭᠲᠠ ᠠᠷᠠᠳ ᠲᠦᠮᠡᠨ ᠲᠠᠢ ᠠᠮᠢᠰᠬᠤᠭ᠎ᠠ ᠨᠢᠭᠡᠲᠡᠢ ᠂ ᠬᠤᠪᠢ ᠵᠠᠶᠠᠭ᠎ᠠ ᠨᠢᠭᠡᠲᠡᠢ ᠂ ᠰᠡᠳᠬᠢᠯ ᠵᠢᠷᠦᠬᠡᠨ ᠤ ᠬᠤᠯᠪᠤᠭ᠎ᠠ ᠲᠠᠢ ᠪᠠᠶᠢᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠠᠮᠤᠭ ᠤᠨ ᠨᠠᠶᠢᠳᠠᠪᠤᠷᠢᠲᠠᠢ ᠂ ᠬᠠᠮᠤᠭ ᠤᠨ ᠭᠦᠨ ᠵᠤᠵᠠᠭᠠᠨ ᠂ ᠬᠠᠮᠤᠭ ᠤᠨ ᠤᠳᠠᠭᠠᠨ ᠳᠠᠭᠠᠭᠠᠮᠠᠭᠠᠢ ᠬᠦᠴᠦᠨ ᠴᠢᠳᠠᠯ ᠤᠨ ᠡᠬᠢ ᠰᠤᠷᠪᠤᠯᠵᠢ ᠲᠠᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ ᠃

ᠰᠢ ᠶᠢᠨ ᠫᠢᠩ ᠂ ᠮᠠᠷᠺᠰ ᠤᠨ ᠦᠵᠡᠯ ᠢ ᠡᠷᠡᠰ ᠭᠤᠶᠢᠪᠢᠰᠢ ᠦᠭᠡᠢ ᠪᠠᠷᠢᠮᠲᠠᠯᠠᠨ ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠬᠥᠭᠵᠢᠭᠦᠯᠵᠦ ᠂ ᠦᠢᠯᠡᠳᠦᠯᠭᠡ ᠶᠢᠨ ᠰᠠᠭᠤᠷᠢᠨ ᠳᠡᠭᠡᠷᠡᠬᠢ ᠤᠨᠤᠯ ᠤᠨ ᠰᠢᠨ᠎ᠡ ᠡᠭᠦᠳᠦᠯᠲᠡ ᠶᠢ ᠶᠡᠭᠡ ᠪᠠᠷ ᠠᠬᠢᠭᠤᠯᠵᠤ ᠂ ᠤᠬᠠᠮᠰᠠᠷ ᠠᠴᠠ ᠪᠠᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ ᠤᠨ ᠦᠵᠡᠯ ᠢᠶᠠᠷ ᠰᠢᠨ᠎ᠡ ᠦᠢᠯᠡᠳᠦᠯᠭᠡ ᠶᠢ ᠵᠢᠯᠣᠭᠤᠳᠤᠭᠤᠯᠬᠤ ᠪᠣᠯ ᠮᠠᠨ ᠤ ᠨᠠᠮ ᠤᠨ ᠲᠡᠦᠬᠡ ᠶᠢᠨ ᠰᠠᠨᠠᠭᠠᠴᠢᠯᠠᠭ᠎ᠠ ᠶᠢ ᠡᠵᠡᠮᠳᠡᠵᠦ ᠂ ᠴᠠᠭ ᠦᠶ᠎ᠡ ᠶᠢᠨ ᠠᠯᠬᠤᠭ᠎ᠠ ᠶᠢ ᠲᠠᠭᠠᠵᠤ ᠂ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠳᠠ ᠦᠭᠡᠢ ᠡᠭᠦᠳᠬᠦ ᠠᠮᠵᠢᠯᠲᠠ ᠲᠠᠢ ᠠᠷᠭ᠎ᠠ ᠵᠠᠮ ᠮᠥᠨ ᠃ ᠦᠢᠯᠡᠳᠦᠯᠭᠡ ᠬᠡᠵᠢᠶᠡᠳᠡ ᠳᠠᠭᠤᠰᠤᠰᠢ ᠦᠭᠡᠢ ᠂ ᠤᠨᠤᠯ ᠤᠨ ᠰᠢᠨ᠎ᠡ ᠡᠭᠦᠳᠦᠯᠲᠡ ᠬᠡᠵᠢᠶᠡᠳᠡ ᠳᠠᠭᠤᠰᠤᠰᠢ ᠦᠭᠡᠢ ᠂ ᠦᠨᠡᠨ ᠶᠣᠰᠣ ᠶᠢ ᠲᠠᠨᠢᠬᠤ ᠶᠠᠪᠤᠳᠠᠯ ᠬᠡᠵᠢᠶᠡᠳᠡ ᠳᠠᠭᠤᠰᠤᠰᠢ ᠦᠭᠡᠢ ᠶᠤᠮ ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠶᠢᠳᠠᠯ ᠢ ᠲᠠᠰᠤᠷᠠᠯᠲᠠ ᠦᠭᠡᠢ ᠨᠡᠭᠡᠭᠡᠬᠦ ᠬᠡᠷᠡᠭᠲᠡᠢ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠨᠠᠮ ᠤᠨ ᠤᠨᠤᠯ ᠤᠨ ᠰᠢᠨ᠎ᠡ ᠡᠭᠦᠳᠦᠯᠲᠡ ᠳᠤ ᠥᠷᠭᠡᠨ ᠠᠭᠤᠳᠠᠮ ᠠᠯᠤᠰ ᠢᠷᠡᠭᠡᠳᠦᠢ ᠶᠢ ᠨᠡᠭᠡᠭᠡᠨ ᠥᠭᠴᠦ ᠂ ᠨᠡᠩ ᠪᠡᠷᠬᠡ ᠬᠠᠲᠠᠭᠤᠵᠢᠯᠲᠠᠢ ᠰᠢᠨ᠎ᠡ ᠡᠭᠦᠷᠭᠡ ᠳᠤᠷᠠᠳᠴᠠᠢ ᠃ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠬᠤ ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠬᠤ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠵᠢᠮ᠎ᠡ ᠶᠣᠰᠣ ᠶᠢ ᠭᠦᠨᠵᠡᠭᠡᠢ ᠬᠠᠶᠢᠨ ᠰᠦᠪᠡᠭᠴᠢᠯᠡᠵᠦ ᠂ ᠦᠢᠯᠡᠳᠦᠯᠭᠡ ᠳᠤ ᠲᠤᠯᠭᠠᠷᠠᠭᠰᠠᠨ ᠴᠣ ᠰᠢᠨ᠎ᠡ ᠰᠡᠳᠦᠪ ᠢ ᠲᠠᠰᠤᠷᠠᠯᠲᠠ ᠦᠭᠡᠢ ᠬᠠᠷᠢᠭᠤᠯᠵᠤ ᠂ ᠤᠨᠤᠯ ᠤᠨ ᠰᠢᠨ᠎ᠡ ᠡᠭᠦᠳᠦᠯᠲᠡ ᠪᠠᠷ ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ ᠃

ᠰᠢ ᠶᠢᠨ ᠫᠢᠩ ᠂ ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠲᠣᠮᠣ ᠠᠯᠬᠤᠮ ᠢᠶᠠᠷ ᠴᠠᠭ ᠦᠶ᠎ᠡ ᠶᠢ ᠬᠥᠭᠡᠭᠡᠵᠦ ᠭᠦᠢᠴᠡᠬᠦ ᠴᠢᠬᠤᠯᠠ ᠡᠷᠳᠡᠨᠢ ᠪᠣᠯᠣᠨ᠎ᠠ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠢᠯᠠᠵᠤ ᠢᠯᠠᠭᠳᠠᠬᠤ ᠶᠢ ᠲᠣᠭᠲᠠᠭᠠᠬᠤ ᠵᠠᠩᠭᠢᠯᠠᠭ᠎ᠠ ᠶᠢᠨ ᠠᠷᠭ᠎ᠠ ᠪᠣᠯᠣᠨ᠎ᠠ ᠃ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠂ ᠡᠷᠬᠡᠪᠰᠢ ᠥᠭᠡᠷᠡᠴᠢᠯᠡᠯᠲᠡ ᠨᠡᠭᠡᠭᠡᠯᠲᠡ ᠶᠢ ᠴᠢᠨᠠᠭᠰᠢᠳᠠ ᠭᠦᠨᠵᠡᠭᠡᠶᠢᠷᠡᠭᠦᠯᠵᠦ ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ ᠂ ᠨᠡᠶᠢᠭᠡᠮ ᠤᠨ ᠠᠮᠢᠵᠢᠷᠠᠯ ᠤᠨ ᠬᠦᠴᠦᠨ ᠢ ᠴᠢᠯᠦᠭᠡᠯᠡᠨ ᠴᠢᠩᠭᠠᠷᠠᠭᠤᠯᠬᠤ ᠬᠡᠷᠡᠭᠲᠡᠢ ᠃ ᠴᠠᠭ ᠦᠶ᠎ᠡ ᠶᠢᠨ ᠬᠥᠭᠵᠢᠯᠲᠡ ᠶᠢᠨ ᠰᠢᠨ᠎ᠡ ᠬᠠᠨᠳᠤᠰᠢ ᠂ ᠦᠢᠯᠡᠳᠦᠯᠭᠡ ᠶᠢᠨ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠂ ᠠᠷᠠᠳ ᠤᠯᠠᠨ ᠤ ᠰᠢᠨ᠎ᠡ ᠬᠦᠰᠡᠯ ᠡᠷᠡᠮᠡᠯᠵᠡᠯ ᠳᠤ ᠵᠣᠬᠢᠴᠠᠵᠤ ᠂ ᠥᠭᠡᠷᠡᠴᠢᠯᠡᠯᠲᠡ ᠶᠢ ᠡᠴᠦᠰ ᠲᠤᠨᠢ ᠲᠤᠯᠲᠠᠯ᠎ᠠ ᠬᠢᠬᠦ ᠡᠷᠡᠰ ᠵᠣᠷᠢᠭ ᠢᠶᠠᠷ ᠂ ᠦᠨᠡᠨ ᠬᠦ ᠬᠢᠵᠦ ᠂ ᠬᠠᠲᠠᠭᠤ ᠲᠠᠢ ᠬᠠᠯᠳᠠᠵᠤ ᠂ ᠤᠨᠢᠨ ᠳᠡᠭᠡᠷ᠎ᠡ ᠨᠢ ᠬᠦᠴᠦᠯᠡᠵᠦ ᠂ ᠬᠠᠮᠵᠢᠯᠴᠠᠨ ᠬᠦᠴᠦᠯᠡᠵᠦ ᠂ ᠦᠷᠭᠦᠯᠵᠢᠯᠡᠨ ᠬᠦᠴᠦᠯᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠷᠤᠭᠰᠢᠲᠠᠢ ᠠᠭᠢᠬᠤ ᠶᠢ ᠬᠢᠵᠠᠭᠠᠷᠯᠠᠵᠤ ᠪᠠᠶᠢᠭ᠎ᠠ ᠠᠯᠢᠪᠠ  ᠲᠣᠭᠲᠠᠴᠠ ᠶᠢᠨ ᠬᠠᠷᠰᠢ ᠰᠠᠭᠠᠳ ᠢ ᠡᠷᠡᠰ ᠠᠷᠢᠯᠭᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠰᠢᠨ᠎ᠡ ᠬᠥᠳᠡᠯᠭᠡᠬᠦ ᠬᠦᠴᠦᠨ ᠢ ᠪᠦᠭᠦ ᠲᠠᠯ᠎ᠠ ᠪᠠᠷ ᠲᠠᠰᠤᠷᠠᠯᠳᠠ ᠦᠭᠡᠢ ᠨᠡᠮᠡᠷᠢᠯᠡᠵᠦ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠥᠭᠵᠢᠯᠲᠡ ᠶᠢᠨ ᠣᠷᠣᠨ ᠵᠠᠢ ᠶᠢ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠵᠠᠢ ᠃

ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠨᠡᠶᠢᠭᠡᠮ ᠵᠢᠷᠤᠮᠲᠤ ᠣᠳᠣᠬᠢᠴᠢᠯᠠᠯᠲᠠ ᠮᠥᠨ ᠂ ᠭᠠᠭᠴᠠ ᠬᠦ ᠶᠡᠭᠡ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠰᠡᠷᠭᠡᠭ ᠪᠥᠭᠡᠳ ᠡᠷᠡᠰ ᠪᠠᠲᠤ ᠪᠠᠶᠢᠳᠠᠯ ᠢᠶᠠᠨ ᠴᠠᠭ ᠢᠮᠠᠭᠲᠠ ᠪᠠᠲᠤᠯᠠᠵᠤ ᠂ ᠨᠠᠮ ᠢᠶᠠᠨ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠪᠠᠯ  ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠠᠪᠠᠯᠭᠠᠨ ᠢ ᠰᠥᠷᠦᠨ ᠤᠷᠤᠭᠰᠢᠯᠠᠵᠤ ᠂ ᠯᠠᠪᠳᠠᠭᠤᠨ ᠢᠶᠠᠷ ᠬᠤᠯᠠ ᠠᠶᠠᠯᠠᠵᠤ ᠴᠢᠳᠠᠨ᠎ᠠ ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠶᠡᠷᠦᠩᠬᠡᠶᠢᠯᠡᠨ ᠵᠢᠯᠣᠭᠤᠳᠤᠭᠤᠯᠵᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ  ᠪᠦᠷᠢᠨᠰᠢᠭᠦᠯᠵᠦ ᠂ ᠨᠠᠮ ᠤᠨ ᠥᠪᠡᠷ ᠢ ᠪᠠᠨ ᠴᠡᠪᠡᠷᠰᠢᠭᠦᠯᠬᠦ ᠂ ᠥᠪᠡᠷ ᠢ ᠪᠠᠨ ᠲᠡᠭᠦᠯᠳᠡᠷᠵᠢᠭᠦᠯᠬᠦ ᠂ ᠥᠪᠡᠷ ᠢ ᠪᠠᠨ ᠰᠢᠨᠡᠴᠢᠯᠡᠬᠦ ᠂ ᠥᠪᠡᠷ ᠢ ᠪᠠᠨ ᠳᠡᠭᠡᠭᠰᠢᠯᠡᠭᠦᠯᠭᠦ ᠶᠢ ᠪᠦᠭᠦ ᠲᠠᠯ᠎ᠠ ᠪᠠᠷ ᠠᠬᠢᠭᠤᠯᠵᠤ ᠂ ᠢᠯᠵᠠᠷᠠᠬᠤ ᠠᠴᠠ ᠵᠢᠷᠦᠬᠡᠰᠢᠶᠡᠬᠦ ᠂ ᠢᠯᠵᠠᠷᠠᠵᠤ ᠪᠤᠯᠬᠤ ᠦᠭᠡᠢ ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ ᠂ ᠮᠠᠨ ᠤ ᠨᠠᠮ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠰᠠᠬᠢᠵᠤ ᠂ ᠴᠠᠭ ᠦᠶ᠎ᠡ ᠶᠢᠨ ᠡᠮᠦᠨ᠎ᠡ ᠡᠩᠨᠡᠭᠡᠨ ᠳᠤ ᠤᠷᠤᠭᠰᠢᠯᠠᠭᠤᠯᠵᠤ ᠂ ᠢᠮᠠᠭᠲᠠ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠠᠶᠢᠯᠭᠠᠵᠤ ᠂ ᠮᠠᠨ ᠤ ᠨᠠᠮ ᠢ ᠡᠭᠦᠷᠢᠳᠡ ᠴᠢᠨᠠᠷ ᠬᠤᠪᠢᠷᠠᠬᠤ ᠦᠭᠡᠢ ᠂ ᠥᠩᠭᠡ ᠬᠤᠪᠢᠷᠠᠬᠤ ᠦᠭᠡᠢ ᠂ ᠰᠤᠷᠲᠠᠯ ᠬᠤᠪᠢᠷᠠᠬᠤ ᠦᠭᠡᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃

ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠨᠢ ᠪᠦᠭᠦ ᠳᠤᠮᠳᠠᠳᠤ ᠶᠢᠨ ᠬᠥᠪᠡᠭᠦᠳ ᠥᠬᠢᠳ ᠤᠨ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠬᠠᠮᠲᠤ ᠪᠠᠷ ᠠᠤᠭ᠎ᠠ ᠦᠢᠯᠡᠰ ᠢ ᠪᠦᠲᠦᠭᠡᠬᠦ ᠶᠢ ᠱᠠᠭᠠᠷᠳᠠᠨ᠎ᠠ ᠃ 《ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ》《ᠰᠢᠶᠠᠩᠭᠠᠡᠭᠴᠤᠳ ᠰᠢᠶᠠᠩᠭᠠᠩ ᠢᠶᠠᠨ ᠵᠠᠰᠠᠬᠤ》《ᠣᠣᠮᠧᠨᠨᠴᠤᠳ ᠣᠣᠮᠧᠨ ᠢᠶᠠᠨ ᠵᠠᠰᠠᠬᠤ》᠂ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠴᠢᠭᠯᠡᠯᠲᠡ ᠶᠢ ᠪᠦᠭᠦ ᠲᠠᠯ᠎ᠠ ᠪᠠᠷ ᠵᠥᠪ ᠣᠨᠣᠪᠴᠢᠲᠠᠢ ᠂ ᠡᠷᠡᠰ ᠭᠤᠶᠢᠪᠢᠰᠢ ᠦᠭᠡᠢ  ᠂ ᠬᠠᠤᠯᠢ ᠶᠣᠰᠣᠭᠠᠷ ᠰᠢᠶᠠᠩᠭᠠᠩ ᠣᠣᠮᠧᠨ ᠢ ᠵᠠᠰᠠᠬᠤ ᠶᠢ ᠪᠠᠷᠢᠮᠲᠠᠯᠠᠵᠤ ᠂ 《ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ 》 ᠪᠠᠶᠢᠭᠤᠯᠤᠯ ᠤᠨ  ᠪᠠᠷᠢᠮᠲᠠᠯᠠᠨ ᠲᠡᠭᠦᠯᠳᠡᠷᠵᠢᠭᠦᠯᠵᠦ ᠂ ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠶᠢ ᠨᠠᠶᠢᠳᠠᠪᠤᠷᠢᠵᠢᠭᠤᠯᠵᠤ ᠂ 《ᠤᠯᠤᠰ ᠢᠶᠠᠨ ᠬᠠᠶᠢᠷᠠᠯᠠᠬᠤ ᠬᠥᠮᠥᠰ ᠢᠶᠠᠷ ᠰᠢᠶᠠᠩᠭᠠᠩ ᠢ ᠵᠠᠰᠠᠭᠤᠯᠬᠤ》《ᠤᠯᠤᠰ ᠢᠶᠠᠨ ᠬᠠᠶᠢᠷᠠᠯᠠᠬᠤ ᠬᠥᠮᠥᠰ ᠢᠶᠠᠷ ᠣᠣᠮᠧᠨ ᠢ ᠵᠠᠰᠠᠭᠤᠯᠬᠤ》ᠵᠠᠷᠴᠢᠮ ᠢ ᠨᠠᠶᠢᠳᠠᠪᠤᠷᠢᠵᠢᠭᠤᠯᠵᠤ ᠂ ᠲᠥᠪ ᠤᠨ ᠪᠦᠭᠦ ᠲᠠᠯ᠎ᠠ ᠪᠠᠷ ᠬᠠᠮᠢᠶᠠᠷᠤᠨ ᠵᠠᠰᠠᠬᠤ ᠡᠷᠬᠡ ᠪᠠ ᠵᠠᠰᠠᠭ ᠵᠠᠬᠢᠷᠭᠠᠨ ᠤ ᠣᠨᠴᠠᠭᠠᠢ ᠣᠷᠣᠨ ᠤ ᠳᠡᠭᠡᠳᠦ ᠬᠡᠮᠵᠢᠶ᠎ᠡ ᠪᠠᠷ ᠥᠪᠡᠷᠲᠡᠭᠡᠨ ᠵᠠᠰᠠᠬᠤ ᠡᠷᠬᠡ ᠶᠢᠨ ᠨᠢᠭᠡᠳᠦᠯ ᠢ ᠪᠠᠲᠤᠯᠠᠬᠤ ᠶᠢ ᠪᠠᠷᠢᠮᠲᠠᠯᠠᠬᠤ ᠬᠡᠷᠡᠭᠲᠡᠢ ᠃ ᠰᠢᠶᠠᠩᠭᠠᠩ ᠂ ᠣᠣᠮᠧᠨ ᠤ ᠠᠵᠤ ᠠᠬᠤᠢ ᠪᠠᠨ ᠬᠥᠭᠵᠢᠭᠦᠯᠬᠦ ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠳᠡᠮᠵᠢᠵᠦ ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠭᠦᠨ ᠳᠠᠪᠬᠤᠷᠭ᠎ᠠ ᠶᠢᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠵᠦ ᠂ ᠤᠯᠤᠰ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠠᠭᠤᠰᠤᠯᠴᠠᠭᠤᠯᠬᠤ ᠬᠡᠷᠡᠭᠲᠡᠢ ᠃ ᠡᠬᠡ ᠣᠷᠣᠨ ᠤ ᠪᠦᠷᠢᠨ ᠨᠢᠭᠡᠳᠦᠯ ᠢ ᠪᠡᠶᠡᠯᠡᠭᠦᠯᠬᠦ ᠪᠣᠯ ᠴᠠᠭ ᠤᠨ ᠪᠠᠶᠢᠳᠠᠯ ᠤᠨ ᠬᠠᠨᠳᠤᠰᠢ ᠂ ᠲᠥᠪ ᠶᠣᠰᠣᠨ ᠤ ᠬᠠᠨᠳᠤᠰᠢ ᠂ ᠠᠷᠠᠳ ᠤᠨ ᠰᠡᠳᠬᠢᠯ ᠤᠨ ᠬᠠᠨᠳᠤᠰᠢ ᠮᠥᠨ ᠂ ᠡᠬᠡ ᠣᠷᠣᠨ ᠡᠷᠬᠡᠪᠰᠢ ᠨᠢᠭᠡᠳᠬᠦ ᠬᠡᠷᠡᠭᠲᠡᠢ ᠪᠥᠭᠡᠳ ᠵᠠᠶᠢᠯᠠᠰᠢ ᠦᠭᠡᠢ ᠨᠢᠭᠡᠳᠬᠦ ᠶᠤᠮ ᠃ ᠰᠢᠨ᠎ᠡ ᠴᠠᠭ ᠦᠶ᠎ᠡ ᠶᠢᠨ ᠨᠠᠮ ᠤᠨ ᠲᠠᠶᠢᠸᠠᠨ ᠤ ᠠᠰᠠᠭᠤᠳᠠᠯ ᠢ ᠰᠢᠢᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠶᠢ ᠪᠠᠷᠢᠮᠲᠠᠯᠠᠨ  ᠂ ᠨᠢᠭᠡ ᠯᠡ ᠳᠤᠮᠳᠠᠳᠤ ᠤᠯᠤᠰ ᠪᠠᠶᠢᠬᠤ ᠵᠠᠷᠴᠢᠮ ᠪᠠ 《ᠶᠡᠷᠡᠨ ᠬᠤᠶᠠᠷ ᠣᠨ ᠤ ᠬᠠᠮᠲᠤ ᠶᠢᠨ ᠲᠠᠨᠢᠯᠲᠠ》 ᠶᠢ ᠪᠠᠷᠢᠮᠲᠠᠯᠠᠨ ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠡᠯ᠎ᠡ ᠬᠦᠷᠢᠶᠡᠨ ᠤ ᠠᠭᠤᠰᠤᠯᠴᠠᠨ ᠬᠥᠭᠵᠢᠬᠦ ᠶᠢ ᠭᠦᠨᠵᠡᠭᠡᠶᠢᠷᠡᠭᠦᠯᠵᠦ ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠬᠠᠷᠢᠴᠠᠭ᠎ᠠ ᠶᠢᠨ ᠨᠠᠶᠢᠷᠠᠮᠳᠠᠯ ᠢᠶᠠᠷ ᠬᠥᠭᠵᠢᠬᠦ ᠶᠢ ᠠᠬᠢᠭᠤᠯᠤᠨ ᠂ ᠶᠠᠮᠠᠷᠪᠠ ᠬᠥᠮᠥᠨ ᠤ ᠶᠠᠮᠠᠷᠪᠠ ᠠᠷᠭ᠎ᠠ ᠮᠠᠶ᠋ᠢᠭ ᠢᠶᠠᠷ ᠲᠠᠶᠢᠸᠠᠨ ᠢ ᠳᠤᠮᠳᠠᠳᠤ ᠤᠯᠤᠰ ᠠᠴᠠ ᠬᠠᠭᠠᠴᠠᠭᠤᠯᠤᠨ ᠰᠠᠯᠭᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ ᠃

ᠰᠢ ᠶᠢᠨ ᠫᠢᠩ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠣᠯ ᠡᠩᠬᠡ ᠲᠠᠶᠢᠪᠤᠩ ᠬᠥᠭᠵᠢᠯᠲᠡ ᠶᠢᠨ ᠵᠠᠮ ᠢᠶᠠᠷ ᠵᠠᠮᠨᠠᠬᠤ ᠣᠳᠣᠬᠢᠴᠢᠯᠠᠯᠲᠠ ᠮᠥᠨ ᠂ ᠳᠤᠮᠳᠠᠳᠤ ᠤᠯᠤᠰ ᠤᠨ ᠠᠷᠠᠳ ᠲᠦᠮᠡᠨ ᠳᠤ ᠪᠤᠶᠠᠨ ᠦᠢᠯᠡᠳᠬᠦ ᠪᠥᠭᠡᠳ ᠳᠡᠯᠡᠬᠡᠢ ᠶᠢᠨ ᠡᠯ᠎ᠡ ᠤᠯᠤᠰ ᠤᠨ ᠣᠳᠣᠬᠢᠴᠢᠯᠠᠯᠲᠠ ᠶᠢ ᠠᠬᠢᠭᠤᠯᠤᠨ᠎ᠠ ᠃ ᠪᠢᠳᠡ ᠡᠷᠡᠰ ᠪᠠᠲᠤ ᠪᠠᠷ ᠲᠡᠦᠬᠡ ᠶᠢᠨ ᠵᠥᠪ ᠲᠠᠯ᠎ᠠ ᠳᠤ ᠵᠣᠭᠰᠣᠵᠤ ᠂ ᠬᠥᠮᠥᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠶᠢᠨ ᠲᠠᠯ᠎ᠠ ᠳᠤ ᠵᠣᠭᠰᠣᠵᠤ ᠂ ᠡᠩᠬᠡ ᠲᠠᠶᠢᠪᠤᠩ ᠂ ᠬᠥᠭᠵᠢᠯᠲᠡ ᠂ ᠬᠠᠮᠲᠤᠷᠠᠯᠴᠠᠭ᠎ᠠ ᠂ ᠬᠠᠮᠲᠤ ᠪᠠᠷ ᠠᠰᠢᠭ ᠭᠦᠷᠳᠡᠭᠦ ᠲᠤᠭ ᠢ ᠥᠨᠳᠥᠷ ᠮᠠᠨᠳᠤᠭᠤᠯᠵᠤ ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠦᠷᠳᠡᠭ ᠢ ᠪᠠᠳᠠᠷᠠᠭᠤᠯᠵᠤ ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ ᠂ ᠥᠨᠢ ᠤᠳᠠᠭᠠᠨ ᠡᠩᠬᠡ ᠲᠠᠶᠢᠪᠤᠩ ᠂ ᠨᠡᠶᠢᠳᠡᠮ ᠳᠡᠭᠡᠨ ᠠᠮᠤᠷ ᠲᠦᠪᠰᠢᠨ ᠂ ᠬᠠᠮᠲᠤ ᠪᠠᠷ ᠴᠡᠴᠡᠭᠯᠡᠨ ᠬᠥᠭᠵᠢᠭᠰᠡᠨ ᠂ ᠨᠡᠭᠡᠭᠡᠯᠲᠡᠲᠡᠢ ᠪᠠᠭᠲᠠᠭᠠᠮᠵᠢᠲᠠᠢ ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠶᠢ ᠠᠬᠢᠭᠤᠯᠤᠨ᠎ᠠ ᠃ ᠪᠢᠳᠡ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠡᠷᠡᠰ ᠬᠠᠮᠠᠭᠠᠯᠠᠵᠤ ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠵᠥᠪ ᠴᠢᠭᠯᠡᠯ ᠢ ᠪᠠᠷᠢᠮᠲᠠᠯᠠᠵᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠨᠡᠭᠡᠭᠡᠯᠲᠡᠲᠤ ᠪᠠᠶᠢᠯᠳᠤᠬᠤ ᠪᠣᠳᠣᠯᠭ᠎ᠠ ᠶᠢ ᠡᠷᠡᠰ ᠬᠡᠷᠡᠭᠵᠢᠭᠦᠯᠵᠦ ᠂ ᠪᠦᠭᠦ ᠪᠥᠮᠪᠥᠷᠴᠡᠭ ᠤᠨ ᠵᠠᠰᠠᠯᠲᠠ ᠶᠢᠨ ᠬᠤᠪᠢᠰᠤᠯᠲᠠ ᠶᠢᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠬᠥᠭᠵᠢᠬᠦ ᠶᠢ ᠠᠬᠢᠭᠤᠯᠤᠨ᠎ᠠ ᠃ ᠳᠤᠮᠳᠠᠳᠤ ᠤᠯᠤᠰ ᠤᠨ ᠬᠥᠭᠵᠢᠯᠲᠡ ᠪᠣᠯ ᠳᠡᠯᠡᠬᠡᠢ ᠶᠢᠨ ᠡᠩᠬᠡ ᠲᠠᠶᠢᠪᠤᠩ ᠤᠨ ᠬᠦᠴᠦᠨ ᠤ ᠨᠡᠮᠡᠭᠳᠡᠯ ᠮᠥᠨ ᠂ ᠬᠥᠭᠵᠢᠭᠡᠳ ᠶᠠᠮᠠᠷ ᠬᠡᠮᠵᠢᠶᠡᠨ ᠳᠤ ᠭᠦᠷᠦᠭᠰᠡᠨ ᠴᠦ ᠳᠤᠮᠳᠠᠳᠤ ᠤᠯᠤᠰ ᠬᠡᠵᠢᠶᠡᠳᠡ ᠡᠵᠡᠷᠬᠡᠭᠴᠢ ᠪᠤᠯᠬᠤ ᠦᠭᠡᠢ ᠂ ᠬᠡᠵᠢᠶᠡᠳᠡ ᠥᠷᠭᠡᠳᠬᠡᠯ ᠬᠢᠬᠦ ᠦᠭᠡᠢ ᠭᠡᠵᠦ ᠴᠢᠬᠤᠯᠠᠴᠢᠯᠠᠪᠠ ᠃

ᠼᠠᠢ ᠴᠢ ᠬᠤᠷᠠᠯ ᠢ ᠡᠷᠭᠢᠯᠡᠭᠦ ᠳᠡᠭᠡᠨ ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠠᠤ ᠽᠧ ᠳ᠋ᠦᠩ ᠨᠥᠬᠦᠷ ᠤᠨ ᠳᠤᠮᠳᠠᠳᠤ ᠤᠯᠤᠰ ᠤᠨ ᠬᠤᠪᠢᠰᠬᠠᠯ ᠂ ᠪᠦᠲᠦᠭᠡᠨ ᠪᠠᠶᠢᠭᠤᠯᠤᠯᠲᠠ ᠶᠢ ᠤᠳᠤᠷᠢᠳᠤᠭᠰᠠᠨ ᠠᠭᠤᠤ ᠶᠡᠭᠡ ᠦᠢᠯᠡᠳᠦᠯᠭᠡ ᠶᠢ ᠭᠦᠨᠵᠡᠭᠡᠢ ᠡᠷᠭᠢᠴᠡᠭᠦᠯᠵᠦ ᠂ ᠮᠠᠤ ᠽᠧ ᠳ᠋ᠦᠩ ᠨᠥᠬᠦᠷ ᠤᠨ ᠳᠤᠮᠳᠠᠳᠤ ᠶᠢᠨ ᠦᠨᠳᠦᠰᠦᠲᠡᠨ ᠂ ᠳᠤᠮᠳᠠᠳᠤ ᠤᠯᠤᠰ ᠤᠨ ᠠᠷᠠᠳ ᠲᠦᠮᠡᠨ ᠳᠤ ᠪᠠᠶᠢᠭᠤᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ ᠢ ᠳᠡᠭᠡᠳᠦ ᠬᠡᠮᠵᠢᠶ᠎ᠡ ᠪᠠᠷ ᠦᠨᠡᠯᠡᠵᠦ ᠂ ᠮᠠᠤ ᠽᠧ ᠳ᠋ᠦᠩ ᠨᠥᠬᠦᠷ ᠤᠨ ᠡᠷᠬᠢᠮ ᠳᠡᠭᠡᠳᠦ ᠤᠶᠤᠨ ᠰᠠᠨᠠᠭᠠᠨ ᠤ ᠬᠡᠪ  ᠪᠣᠯ ᠪᠢᠳᠡᠨ ᠤ ᠦᠷᠭᠦᠯᠵᠢᠯᠡᠨ ᠤᠷᠤᠭᠰᠢᠯᠠᠬᠤ ᠶᠢ ᠤᠷᠮᠠᠰᠢᠭᠤᠯᠤᠨ ᠵᠣᠷᠢᠭᠵᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠮᠥᠨ ᠭᠡᠵᠦ ᠴᠢᠬᠤᠯᠠᠴᠢᠯᠠᠵᠤ ᠂ ᠪᠣᠳᠠᠲᠤ ᠠᠵᠢᠯᠯᠠᠭ᠎ᠠ ᠪᠠᠷ ᠢᠶᠠᠨ ᠮᠠᠤ ᠽᠧ ᠳ᠋ᠦᠩ ᠨᠥᠬᠦᠷ ᠢ ᠳᠤᠷᠠᠰᠬᠠᠬᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠤᠭ᠎ᠠ ᠦᠢᠯᠡᠰ ᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠰᠣᠳᠣ ᠮᠡᠷᠭᠡᠨ ᠂ ᠨᠠᠷᠢᠨ ᠲᠣᠳᠣᠷᠬᠠᠢ ᠭᠦᠨ ᠭᠦᠨᠵᠡᠭᠡᠢ ᠪᠠᠶᠢᠵᠤ ᠂ ᠮᠠᠰᠢ ᠴᠢᠩᠭ᠎ᠠ ᠤᠯᠤᠰ ᠲᠥᠷᠥᠴᠢ ᠴᠢᠨᠠᠷ ᠂ ᠦᠵᠡᠯ ᠰᠠᠨᠠᠭᠠᠴᠢ ᠴᠢᠨᠠᠷ ᠂ ᠵᠢᠯᠤᠭᠤᠳᠬᠤ ᠴᠢᠨᠠᠷ ᠲᠠᠢ ᠪᠠᠶᠢᠵᠤ ᠂ ᠮᠠᠨ ᠤ ᠨᠠᠮ ᠤᠨ ᠮᠠᠤ ᠽᠧ ᠳ᠋ᠦᠩ ᠨᠥᠬᠦᠷ ᠵᠡᠷᠭᠡ ᠠᠬᠠᠮᠠᠳ ᠨᠢᠭᠡ ᠦᠶ᠎ᠡ ᠶᠢᠨ ᠬᠤᠪᠢᠰᠬᠠᠯᠴᠢᠳ ᠤᠨ ᠡᠭᠦᠳᠦᠨ ᠪᠦᠲᠦᠭᠡᠭᠰᠡᠨ ᠦᠢᠯᠡᠰ ᠢ ᠦᠷᠭᠦᠯᠵᠢᠯᠡᠨ ᠤᠷᠤᠭᠰᠢ ᠠᠬᠢᠭᠤᠯᠵᠤ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠢᠶᠠᠷ ᠵᠠᠮᠨᠠᠬᠤ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠣᠨᠴᠠᠯᠢᠭ ᠲᠠᠢ ᠣᠳᠣᠬᠢᠴᠢᠯᠠᠯᠲᠠ ᠶᠢᠨ ᠰᠢᠨ᠎ᠡ ᠪᠠᠶᠢᠳᠠᠯ ᠢ ᠪᠤᠶ ᠪᠤᠯᠭᠠᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠃ ᠪᠢᠳᠡ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠭᠦᠨᠵᠡᠭᠡᠢ  ᠨᠠᠶᠢᠳᠠᠪᠤᠷᠢᠵᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠪᠡ ᠃

ᠶᠠᠷᠢᠯᠴᠠᠬᠤ ᠬᠤᠷᠠᠯ ᠳᠡᠭᠡᠷ᠎ᠡ ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠴᠢᠦᠢ ᠴᠢᠩ ᠱᠠᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠤᠯᠤᠰ ᠲᠦᠷᠦ ᠶᠢᠨ ᠠᠵᠢᠯ ᠤᠨ ᠬᠡᠯᠲᠡᠰ ᠤᠨ ᠡᠷᠭᠢᠯᠡᠭᠴᠢ ᠮᠢᠶᠣᠣ ᠬᠤᠸᠠ ᠂ ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠱᠧᠨ ᠰᠢᠶᠣᠣ ᠮᠢᠩ ᠤᠷᠢᠳ ᠬᠤᠵᠢᠳ ᠦᠭᠡ ᠬᠡᠯᠡᠪᠡ ᠃

ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ ᠃

ᠲᠥᠪ ᠤᠨ ᠨᠠᠮ ᠵᠠᠰᠠᠭ ᠴᠡᠷᠢᠭ ᠤᠯᠠᠨ ᠲᠦᠮᠡᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠂ ᠪᠡᠭᠡᠵᠢᠩ ᠬᠤᠳᠠ ᠂ ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠬᠠᠷᠢᠭᠤᠴᠠᠯᠭᠠᠲᠠᠨ ᠨᠥᠬᠦᠳ ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠬᠠᠷᠢᠭᠤᠴᠠᠯᠭᠠᠲᠠᠨ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠂ ᠮᠠᠤ ᠽᠧ ᠳ᠋ᠦᠩ ᠨᠥᠬᠦᠷ ᠤᠨ ᠲᠦᠷᠦᠯ ᠰᠠᠳᠤᠨ ᠂ ᠤᠤᠯ ᠤᠨ ᠳᠡᠷᠭᠡᠳᠡᠬᠢ ᠠᠵᠢᠯᠲᠠᠨ ᠪᠣᠯᠣᠨ ᠨᠤᠲᠤᠭ ᠤᠨ ᠬᠢᠨᠢ ᠲᠥᠯᠥᠭᠡᠯᠡᠭᠴᠢ ᠵᠢᠴᠢ 《ᠪᠦᠭᠦ ᠤᠯᠤᠰ ᠤᠨ ᠮᠠᠤ ᠽᠧ ᠳ᠋ᠦᠩ ᠨᠥᠬᠦᠷ ᠤᠨ ᠮᠡᠨᠳᠦᠯᠡᠭᠰᠡᠨ 130 ᠵᠢᠯ ᠤᠨ ᠤᠢ ᠶᠢ ᠳᠤᠷᠠᠰᠬᠠᠬᠤ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ 》 ᠳᠤ ᠣᠷᠣᠯᠴᠠᠬᠰᠠᠨ ᠲᠥᠯᠥᠭᠡᠯᠡᠭᠴᠢ ᠶᠠᠷᠢᠯᠴᠠᠬᠤ ᠬᠤᠷᠠᠯ ᠳᠤ ᠣᠷᠣᠯᠴᠠᠪᠠ ᠃

ᠶᠠᠷᠢᠯᠴᠠᠬᠤ ᠬᠤᠷᠠᠯ ᠠᠴᠠ ᠡᠮᠦᠨ᠎ᠡ ᠂ ᠰᠢ ᠶᠢᠨ ᠫᠢᠩ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠂ ᠬᠠᠨ ᠵᠧᠩ ᠵᠡᠷᠭᠡ ᠤᠳᠤᠷᠢᠳᠬᠤ ᠨᠥᠬᠦᠳ ᠮᠠᠤ ᠲᠡᠷᠢᠭᠦᠯᠡᠭᠴᠢ ᠶᠢᠨ ᠳᠤᠷᠠᠰᠬᠠᠯ ᠤᠨ ᠲᠠᠩᠬᠢᠮ ᠳᠤ ᠬᠦᠷᠴᠦ ᠢᠷᠡᠪᠡ ᠃ ᠬᠤᠶᠢᠲᠤ ᠶᠡᠭᠡ ᠲᠢᠩᠬᠢᠮ ᠳᠤ ᠂ ᠨᠠᠮ ᠤᠨ ᠲᠥᠪ ᠬᠤᠷᠢᠶ᠎ᠠ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠂ ᠡᠯ᠎ᠡ ᠠᠷᠠᠳᠴᠢᠯᠠᠭᠰᠠᠨ ᠨᠠᠮ ᠪᠦᠯᠦᠭ ᠂ ᠪᠦᠭᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠤᠯᠤᠰ ᠢᠶᠠᠨ ᠬᠠᠶᠢᠷᠠᠯᠠᠬᠤ ᠬᠥᠮᠥᠰ ᠤᠨ ᠬᠦᠷᠭᠡᠭᠰᠡᠨ ᠰᠠᠬᠰᠤᠲᠤ ᠴᠡᠴᠡᠭ ᠢ ᠮᠠᠤ ᠽᠧ ᠳ᠋ᠦᠩ ᠨᠥᠬᠦᠷ ᠤᠨ ᠰᠠᠭᠤᠮᠠᠯ ᠭᠦᠷᠦᠭ ᠤᠨ ᠡᠮᠦᠨ᠎ᠡ ᠲᠠᠯᠪᠢᠪᠠ ᠃ ᠰᠢ ᠶᠢᠨ ᠫᠢᠩ ᠨᠠᠷ ᠮᠠᠤ ᠽᠧ ᠳ᠋ᠦᠩ ᠨᠥᠬᠦᠷ ᠤᠨ ᠰᠠᠭᠤᠮᠠᠯ ᠭᠦᠷᠦᠭ ᠲᠤ ᠭᠤᠷᠪᠠᠨᠲᠠ ᠶᠣᠰᠣᠯᠠᠵᠤ ᠂ ᠳᠠᠷᠠᠭ᠎ᠠ ᠨᠢ ᠪᠠᠷᠠᠯᠠᠬᠤ ᠲᠢᠩᠬᠢᠮ ᠳᠤ ᠬᠦᠷᠴᠦ ᠂ ᠮᠠᠤ ᠽᠧ ᠳ᠋ᠦᠩ ᠨᠥᠬᠦᠷ ᠤᠨ ᠭᠡᠭᠡᠨ ᠳᠦᠷᠢ ᠶᠢ ᠪᠠᠷᠠᠯᠠᠪᠠ ᠃

 

 


   :                    
   :           
备案序号:蒙ICP备05003250号 公安备案15010502000173