ᠤᠯᠤᠰ ᠤᠨ ᠲᠡᠷᠢᠭᠦᠯᠡᠭᠴᠢ ᠰᠢ ᠶᠢᠨ ᠫᠢᠩ 2024 ᠣᠨ ᠤ ᠰᠢᠨ᠎ᠡ ᠵᠢᠯ ᠤᠨ ᠪᠠᠶᠠᠷ ᠤᠨ ᠦᠭᠡ ᠨᠡᠶᠢᠲᠡᠯᠡᠪᠡ
︵ᠰᠢᠨᠬᠤᠸᠠ ᠬᠤᠷᠢᠶ᠎ᠠ ᠶᠢᠨ ᠪᠡᠭᠡᠵᠢᠩ ᠤᠨ 2023 12 ᠰᠠᠷ᠎ᠠ ᠶᠢᠨ 31 ᠤ ᠴᠠᠭᠢᠯᠭᠠᠨ ᠮᠡᠳᠡᠭᠡ ︶ ᠰᠢᠨ᠎ᠡ ᠣᠨ ᠤ ᠪᠣᠱᠣᠭᠠᠨ ᠳᠡᠭᠡᠷ᠎ᠡ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠪᠠ ᠢᠨᠲ᠋ᠧᠷ ᠰᠦᠯᠵᠢᠶ᠎ᠡ ᠪᠠᠷ ᠳᠠᠮᠵᠢᠭᠤᠯᠤᠨ 2024 ᠣᠨ ᠤ ᠰᠢᠨ᠎ᠡ ᠵᠢᠯ ᠤᠨ ᠪᠠᠶᠠᠷ ᠤᠨ ᠦᠭᠡ ᠨᠡᠶᠢᠲᠡᠯᠡᠪᠡ ᠃ ᠪᠦᠭᠦ ᠠᠭᠤᠯᠭ᠎ᠠ ᠨᠢ ᠳᠣᠣᠷᠠᠬᠢ ᠮᠡᠲᠦ ᠄
ᠲᠠ ᠪᠦᠭᠦᠨ ᠰᠠᠶᠢᠨ ᠪᠠᠶᠢᠨ᠎ᠠ ᠦᠦ ︕ ᠡᠪᠦᠯ ᠤᠨ ᠲᠤᠶᠢᠯ ᠪᠣᠯᠬᠤᠶ᠎ᠠ ᠠᠷᠭ᠎ᠠ ᠬᠡᠢ ᠢᠯᠡᠷᠡᠵᠦ ᠂ ᠣᠨ ᠵᠢᠯ ᠰᠢᠨᠡᠳᠬᠦ ᠪᠣᠯᠣᠯ᠎ᠠ ᠃ ᠡᠨᠡ ᠬᠦ ᠬᠠᠭᠤᠴᠢᠨ ᠣᠨ ᠢᠶᠠᠨ ᠦᠳᠡᠵᠦ ᠰᠢᠨ᠎ᠡ ᠣᠨ ᠢᠶᠠᠨ ᠤᠭᠲᠤᠵᠤ ᠪᠠᠶᠢᠭ᠎ᠠ ᠰᠠᠶᠢᠨ ᠰᠠᠶᠢᠬᠠᠨ ᠴᠠᠭ ᠮᠥᠴᠡ ᠳᠤ ᠂ ᠪᠢ ᠪᠡᠭᠡᠵᠢᠩ ᠠᠴᠠ ᠲᠠ ᠪᠦᠭᠦᠨ ᠳᠤ ᠰᠢᠨ᠎ᠡ ᠣᠨ ᠤ ᠬᠦᠰᠡᠯ ᠵᠥᠩᠨᠡᠯ ᠳᠡᠪᠰᠢᠭᠦᠯᠵᠦ ᠪᠠᠶᠢᠨ᠎ᠠ ︕
2023 ᠣᠨ ᠳᠤ ᠂ ᠪᠢᠳᠡ ᠦᠷᠭᠦᠯᠵᠢᠯᠡᠨ ᠲᠡᠮᠡᠴᠡᠵᠦ ᠂ ᠡᠷᠡᠮᠡᠬᠡᠶᠢᠯᠡᠨ ᠤᠷᠤᠭᠰᠢᠯᠠᠵᠤ ᠂ ᠰᠠᠯᠬᠢ ᠪᠣᠷᠣᠭᠠᠨ ᠤ ᠳᠠᠪᠲᠠᠯᠲᠠ ᠶᠢ ᠥᠩᠭᠡᠷᠡᠭᠡᠵᠦ ᠂ ᠦᠵᠡᠰᠬᠦᠯᠡᠩᠲᠦ ᠰᠠᠶᠢᠬᠠᠨ ᠦᠵᠡᠮᠵᠢ ᠶᠢ ᠣᠯᠵᠤ ᠬᠠᠷᠠᠵᠤ ᠂ ᠯᠤᠲᠤ ᠶᠡᠭᠡ ᠣᠯᠣᠯᠲᠠ ᠲᠠᠢ ᠪᠣᠯᠵᠠᠢ ᠃ ᠤᠯᠠᠨ ᠢᠶᠠᠷ ᠢᠶᠠᠨ ᠨᠢᠭᠡ ᠵᠢᠯ ᠢ ᠭᠢᠯᠪᠠᠷ ᠪᠤᠰᠤ ᠪᠠᠷ ᠥᠩᠭᠡᠷᠡᠭᠦᠯᠦᠭᠰᠡᠨ ᠪᠥᠭᠡᠳ ᠢᠷᠡᠭᠡᠳᠦᠢ ᠳᠡᠭᠡᠨ ᠢᠲᠡᠭᠡᠯ ᠲᠡᠭᠦᠯᠳᠡᠷ ᠪᠣᠯᠵᠠᠢ ᠃
ᠡᠨᠡ ᠨᠢᠭᠡ ᠵᠢᠯ ᠪᠢᠳᠡᠨ ᠤ ᠠᠯᠬᠤᠭ᠎ᠠ ᠯᠠᠪᠳᠠᠭᠤᠨ ᠪᠠᠲᠤᠲᠠᠢ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠲᠣᠭᠲᠠᠭᠤᠨ ᠢᠶᠠᠷ ᠰᠢᠯᠵᠢᠵᠦ ᠂ ᠮᠠᠨ ᠤ ᠤᠯᠤᠰ ᠤᠨ ᠠᠵᠤ ᠠᠬᠤᠢ ᠦᠷᠭᠦᠯᠵᠢᠯᠡᠨ ᠰᠠᠶᠢᠵᠢᠷᠠᠵᠤ ᠂ ᠴᠢᠨᠠᠷ ᠰᠠᠶᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ ᠃ ᠣᠳᠣᠬᠢᠴᠢᠯᠠᠭᠰᠠᠨ ᠠᠵᠤ ᠦᠢᠯᠡᠰ ᠤᠨ ᠨᠡᠩ ᠪᠦᠷᠢᠨᠰᠢᠵᠦ ᠂ ᠨᠢᠭᠡ ᠪᠦᠯᠦᠭ ᠳᠡᠭᠡᠳᠦ ᠳᠡᠰᠵᠢᠭᠰᠡᠨ ᠂ ᠣᠶᠤᠨᠴᠢᠯᠠᠭᠰᠠᠨ ᠂ ᠪᠣᠬᠢᠷᠳᠤᠯ ᠦᠭᠡᠢ ᠰᠢᠨ᠎ᠡ ᠭᠡᠯᠪᠡᠷᠢ ᠶᠢᠨ ᠲᠤᠯᠭᠠᠭᠤᠷᠢ ᠠᠵᠤ ᠦᠢᠯᠡᠰ ᠲᠦᠷᠭᠡᠨ ᠬᠥᠭᠵᠢᠪᠡ ᠃ ᠠᠮᠤ ᠪᠤᠳᠠᠭᠠᠨ ᠤ ᠦᠢᠯᠡᠳᠪᠦᠷᠢᠯᠡᠯ 《ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠤ》᠂ ᠬᠥᠬᠡᠮᠳᠦᠭ ᠨᠣᠭᠤᠭᠠᠨ ᠠᠭᠤᠯᠠ ᠤᠰᠤᠨ ᠤ ᠴᠢᠨᠠᠷ ᠨᠠᠩ ᠭᠦᠢᠴᠡᠳ ᠪᠣᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠳᠦᠷᠰᠦ ᠪᠠᠶᠢᠳᠠᠯ ᠢᠯᠡᠷᠡᠪᠡ ᠃ ᠵᠡᠭᠦᠨ ᠬᠤᠶᠢᠲᠤ ᠣᠷᠣᠨ ᠢ ᠪᠦᠭᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠵᠦ ᠂ ᠰᠢᠶᠦ᠋ᠩ ᠠᠨ ᠰᠢᠨ᠎ᠡ ᠲᠣᠭᠤᠷᠢᠭ ᠬᠥᠭᠵᠢᠨ ᠪᠣᠶᠢᠵᠢᠵᠤ ᠂ ᠬᠥᠬᠡᠮᠥ᠋ᠷᠡᠨ ᠤ ᠠᠵᠤ ᠠᠬᠤᠢ ᠶᠢᠨ ᠪᠦᠰᠡ ᠠᠮᠢᠵᠢᠷᠠᠯ ᠤᠨ ᠬᠦᠴᠦᠨ ᠢᠶᠠᠷ ᠪᠢᠯᠬᠠᠵᠤ ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠤᠷᠤᠰᠬᠠᠯ ᠤᠨ ᠡᠮᠦᠨ᠎ᠡ ᠡᠷᠡᠯᠬᠡᠭᠯᠡᠨ ᠵᠣᠭᠰᠣᠪᠠ ᠃ ᠳᠤᠮᠳᠠᠳᠤ ᠤᠯᠤᠰ ᠤᠨ ᠠᠵᠤ ᠠᠬᠤᠢ ᠰᠠᠯᠬᠢ ᠳᠠᠪᠠᠯᠭᠠᠨ ᠤ ᠳᠤᠮᠳᠠ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠵᠤ ᠂ ᠶᠠᠰᠤ ᠰᠢᠷᠪᠦᠰᠦ ᠪᠠᠨ ᠴᠢᠩᠭᠠᠷᠠᠭᠤᠯᠪᠠ ᠃
ᠡᠨᠡ ᠨᠢᠭᠡ ᠵᠢᠯ ᠪᠢᠳᠡᠨ ᠤ ᠠᠯᠬᠤᠭ᠎ᠠ ᠡᠷᠴᠢᠮ ᠬᠦᠴᠦᠲᠡᠢ ᠃ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠪᠠᠷ ᠳᠠᠮᠵᠢᠨ ᠂ ᠳᠤᠮᠳᠠᠳᠤ ᠤᠯᠤᠰ ᠤᠨ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠣᠷᠭᠢᠯᠤᠨ ᠪᠠᠳᠠᠷᠠᠪᠠ ᠃ C919 ᠲᠣᠮᠣ ᠨᠢᠰᠬᠡᠯ ᠬᠤᠳᠠᠯᠳᠤᠭᠠᠨ ᠤ ᠨᠢᠰᠦᠯᠲᠡ ᠶᠢ ᠪᠡᠶᠡᠯᠡᠭᠦᠯᠵᠦ ᠂ ᠤᠯᠤᠰ ᠲᠠᠭᠠᠨ ᠦᠢᠯᠡᠳᠪᠦᠷᠢᠯᠡᠭᠰᠡᠨ ᠲᠣᠮᠣ ᠭᠡᠯᠪᠡᠷᠢ ᠶᠢᠨ ᠰᠢᠤᠳᠠᠨ ᠤ ᠬᠥᠯᠭᠡ ᠣᠩᠭᠤᠴᠠ ᠲᠤᠷᠰᠢᠨ ᠠᠶᠠᠯᠠᠬᠤ ᠶᠢ ᠪᠡᠶᠡᠯᠡᠭᠦᠯᠵᠦ ᠂ ᠬᠤᠪᠢᠯᠭᠠᠨ ᠣᠩᠭᠤᠴᠠ ᠰᠠᠨᠰᠠᠷ ᠲᠤ ᠪᠤᠤᠬᠢᠶ᠎ᠠ ᠳᠠᠮᠵᠢᠭᠤᠯᠵᠤ ᠂ 《ᠲᠡᠮᠡᠴᠡᠭᠴᠢ》ᠨᠡᠷᠡᠮᠵᠢᠲᠦ ᠲᠤᠶᠢᠯ ᠤᠨ ᠭᠦᠨ ᠱᠤᠮᠪᠠᠯᠲᠠ ᠬᠢᠪᠡ ᠃ ᠤᠯᠤᠰ ᠤᠨ ᠪᠠᠷᠠᠭ᠎ᠠ ᠤᠷᠤᠰᠬᠠᠯ ᠲᠡᠮᠳᠡᠭᠲᠦ ᠪᠣᠯᠵᠤ ᠥᠷᠭᠡᠨ ᠢᠶᠠᠷ ᠬᠦᠷᠢᠶᠡᠯᠡᠭᠳᠡᠵᠦ ᠂ ᠤᠯᠤᠰ ᠲᠠᠭᠠᠨ ᠦᠢᠯᠡᠳᠪᠦᠷᠢᠯᠡᠭᠰᠡᠨ ᠰᠢᠨ᠎ᠡ ᠭᠠᠷ ᠤᠲᠠᠰᠤ ᠣᠯᠳᠠᠬᠤᠶ᠎ᠠ ᠪᠡᠷᠬᠡ ᠪᠣᠯᠵᠤ ᠂ ᠰᠢᠨ᠎ᠡ ᠡᠨᠧᠷᠭᠢ ᠶᠢᠨ ᠮᠠᠰᠢᠨ ᠲᠡᠷᠭᠡ ᠂ ᠯᠢᠲ᠋ᠢ ᠳ᠋ᠢᠶᠠᠨ ᡂᠢ ᠂ ᠭᠡᠷᠡᠯᠴᠢ ᠴᠡᠨᠡᠭ ᠤᠨ ᠦᠢᠯᠡᠳᠬᠦᠨ ᠨᠢ ᠳᠤᠮᠳᠠᠳᠤ ᠤᠯᠤᠰ ᠤᠨ ᠦᠢᠯᠡᠳᠬᠡᠯ ᠳᠤ ᠰᠢᠨ᠎ᠡ ᠭᠡᠷᠡᠯ ᠭᠢᠯᠪᠠᠭ᠎ᠠ ᠨᠡᠮᠡᠷᠢᠯᠡᠪᠡ ᠃ ᠳᠤᠮᠳᠠᠳᠤ ᠤᠯᠤᠰ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠵᠣᠷᠢᠭ ᠰᠠᠨᠠᠭ᠎ᠠ ᠪᠠᠷ ᠬᠦᠴᠦᠯᠡᠨ ᠮᠠᠴᠤᠵᠤ ᠂ ᠭᠠᠵᠠᠷ ᠪᠣᠯᠭᠠᠨ ᠳᠤ ᠴᠥᠮ ᠡᠳᠦᠷ ᠠᠴᠠ ᠡᠳᠦᠷ ᠰᠢᠨᠡᠳᠦᠨ ᠬᠤᠪᠢᠷᠠᠵᠤ ᠪᠠᠶᠢᠭ᠎ᠠ ᠡᠭᠦᠳᠦᠯᠲᠡ ᠪᠤᠢ ᠪᠣᠯᠪᠠ ᠃
ᠡᠨᠡ ᠨᠢᠭᠡ ᠵᠢᠯ ᠪᠢᠳᠡᠨ ᠤ ᠠᠯᠬᠤᠭ᠎ᠠ ᠴᠤᠬ ᠵᠢᠪᠬᠤᠭ᠎ᠠ ᠲᠠᠢ ᠃ ᠴᠧᠩᠳᠦ᠋ ᠶᠢᠨ ᠣᠶᠤᠲᠠᠳ ᠤᠨ ᠲᠠᠮᠢᠷ ᠤᠨ ᠴᠤᠭᠯᠠᠭᠠᠨ ᠂ ᠬᠠᠩᠵᠧᠦ ᠶᠢᠨ ᠠᠽᠢᠶ᠎ᠠ ᠲᠢᠪ ᠤᠨ ᠲᠠᠮᠢᠷ ᠤᠨ ᠴᠤᠭᠯᠠᠭᠠᠨ ᠭᠤᠶᠢᠳᠠ ᠰᠠᠶᠢᠬᠠᠨ ᠶᠠᠪᠤᠭᠳᠠᠵᠤ ᠂ ᠲᠠᠮᠢᠷᠴᠢᠳ ᠵᠣᠷᠢᠭᠲᠠᠢ ᠪᠠᠷ ᠰᠢᠯᠢᠳᠡᠭ ᠪᠦᠲᠦᠮᠵᠢ ᠶᠢ ᠡᠭᠦᠳᠪᠡ ᠃ ᠠᠮᠠᠷᠠᠯᠲᠠ ᠶᠢᠨ ᠡᠳᠦᠷ ᠤᠨ ᠵᠢᠭᠤᠯᠴᠢᠯᠠᠬᠰᠠᠳ ᠣᠯᠠᠰᠢᠷᠠᠵᠤ ᠂ ᠺᠢᠨᠣ᠋ ᠶᠢᠨ ᠵᠠᠬ᠎ᠠ ᠳᠡᠯᠭᠡᠭᠦᠷ ᠬᠥᠭᠵᠢᠶᠡᠨ ᠲᠠᠢ ᠪᠣᠯᠵᠤ ᠂ 《ᠲᠣᠰᠬᠤᠨ ᠤ ᠬᠥᠯ ᠪᠥᠮᠪᠦᠭᠡ ᠶᠢᠨ ᠤᠷᠤᠯᠳᠤᠭᠠᠨ》《ᠲᠣᠰᠬᠤᠨ ᠤ ᠦᠳᠡᠰᠢᠯᠡᠭᠡ》 ᠶᠢᠨ ᠠᠮᠢᠵᠢᠷᠠᠯ ᠤᠨ ᠬᠦᠴᠦᠨ ᠪᠢᠯᠬᠠᠵᠤ ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠨᠢ ᠠᠭᠠᠵᠢᠮ ᠢᠶᠠᠷ ᠬᠡᠪ ᠰᠤᠷᠲᠠᠯ ᠪᠣᠯᠵᠤ ᠂ ᠬᠠᠯᠠᠭᠤᠨ ᠳᠤᠯᠠᠭᠠᠨ ᠠᠮᠢᠳᠤᠷᠠᠯ ᠤᠨ ᠠᠭᠤᠷ ᠠᠮᠢᠰᠬᠤᠯ ᠂ ᠰᠡᠷᠭᠦᠭᠰᠡᠨ ᠶᠠᠭᠠᠷᠠᠯᠲᠠᠢ ᠪᠠᠶᠢᠳᠠᠯ ᠨᠢ ᠬᠥᠮᠥᠰ ᠤᠨ ᠰᠠᠶᠢᠨ ᠰᠠᠶᠢᠬᠠᠨ ᠵᠣᠯ ᠵᠢᠷᠭᠠᠯ ᠤᠨ ᠲᠤᠬᠠᠢ ᠬᠥᠭᠡᠭᠡᠴᠡᠯᠳᠦᠯ ᠢ ᠲᠠᠶᠢᠯᠪᠤᠷᠢᠯᠠᠵᠤ ᠂ ᠪᠠᠰᠠ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠂ ᠭᠦᠷ ᠬᠥᠭᠵᠢᠶᠡᠨ ᠲᠠᠢ ᠳᠤᠮᠳᠠᠳᠤ ᠤᠯᠤᠰ ᠢ ᠢᠯᠡᠷᠡᠭᠦᠯᠪᠡ ᠃
ᠡᠨᠡ ᠨᠢᠭᠡ ᠵᠢᠯ ᠪᠢᠳᠡᠨ ᠤ ᠠᠯᠬᠤᠭ᠎ᠠ ᠢᠲᠡᠭᠡᠯ ᠲᠡᠭᠦᠯᠳᠡᠷ ᠃ ᠳᠤᠮᠳᠠᠳᠤ ᠤᠯᠤᠰ ᠪᠣᠯ ᠨᠢᠭᠡᠨ ᠠᠭᠤᠤ ᠶᠡᠭᠡ ᠤᠯᠤᠰ ᠮᠥᠨ ᠂ ᠠᠭᠤᠤ ᠶᠡᠭᠡ ᠪᠣᠯᠪᠠᠰᠤᠨ ᠢ ᠤᠯᠠᠮᠵᠢᠯᠠᠨ ᠵᠠᠯᠭᠠᠮᠵᠢᠯᠠᠵᠤ ᠪᠠᠶᠢᠳᠠᠭ ᠃ ᠡᠨᠡ ᠬᠦ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠂ ᠡᠯᠡᠰᠦᠨ ᠴᠦᠯ ᠤᠨ ᠵᠤᠷᠪᠤᠰ ᠤᠲᠤᠭ᠎ᠠ ᠂ ᠵᠢᠶᠠᠩᠨᠠᠨ ᠤ ᠰᠢᠪᠡᠷᠡᠭᠡ ᠪᠣᠷᠣᠭᠠᠨ ᠨᠢ ᠬᠥᠮᠥᠰ ᠤᠨ ᠰᠡᠳᠬᠢᠯ ᠢ ᠮᠢᠩᠭᠠᠨ ᠮᠢᠩᠭᠠᠨ ᠣᠨ ᠬᠤᠯᠪᠣᠵᠤ ᠂ ᠰᠡᠳᠬᠢᠯ ᠵᠢᠷᠦᠬᠡ ᠶᠢ ᠳᠣᠬᠳᠣᠯᠤᠭᠤᠯᠤᠨᠠ ︔ ᠬᠠᠲᠤᠨ ᠭᠤᠣᠯ ᠤᠨ ᠶᠢᠰᠦᠨ ᠲᠣᠬᠤᠢ ᠂ ᠬᠥᠬᠡᠮᠥ᠋ᠷᠡᠨ ᠤ ᠲᠦᠷᠭᠡᠨ ᠤᠷᠤᠰᠬᠠᠯ ᠨᠢ ᠬᠥᠮᠥᠰ ᠤᠨ ᠰᠡᠳᠬᠢᠯ ᠢ ᠳᠣᠭᠳᠣᠯᠤᠭᠤᠯᠵᠤ ᠂ ᠣᠮᠤᠭ ᠵᠣᠷᠢᠭ ᠢ ᠬᠥᠪᠴᠢᠯᠡᠨ᠎ᠡ ᠃ ᠯᠢᠶᠠᠩ ᠵᠦ ᠂ ᠡᠯ ᠯᠢ ᠲᠧᠦ ᠶᠢᠨ ᠪᠣᠯᠪᠠᠰᠤᠨ ᠤ ᠦᠦᠷ ᠤᠨ ᠲᠤᠶᠠᠭ᠎ᠠ ᠂ ᠶᠢᠨ ᠤ ᠪᠠᠭᠤᠷᠢ ᠶᠢᠨ ᠶᠠᠰᠤᠨ ᠪᠢᠴᠢᠭ ᠤᠨ ᠤᠯᠠᠮᠵᠢᠯᠠᠯ ᠂ ᠰᠠᠨ ᠰᠢᠩ ᠳ᠋ᠦᠢ ᠶᠢᠨ ᠰᠣᠶᠣᠯ ᠤᠨ ᠦᠨᠡᠲᠦ ᠡᠷᠳᠡᠨᠢ ᠂ ᠤᠯᠤᠰ ᠤᠨ ᠬᠡᠪᠯᠡᠯ ᠤᠨ ᠣᠷᠳᠣᠨ ᠤ ᠰᠣᠶᠣᠯ ᠤᠨ ᠤᠯᠠᠮᠵᠢᠯᠠᠯ ᠦᠷᠭᠦᠯᠵᠢᠯᠡᠨ᠎ᠡ ᠁ ᠥᠷᠭᠡᠨ ᠠᠭᠤᠳᠠᠮ ᠳᠤᠮᠳᠠᠳᠤ ᠤᠯᠤᠰ ᠤᠨ ᠲᠡᠦᠬᠡ ᠬᠡᠴᠢᠨᠡᠭᠡᠨ ᠥᠨᠢ ᠤᠳᠠᠭᠠᠨ ᠂ ᠪᠣᠯᠪᠠᠰᠤᠨ ᠬᠡᠴᠢᠨᠡᠭᠡᠨ ᠦᠯᠡᠮᠵᠢ ᠪᠠᠶᠠᠯᠢᠭ ᠪᠠᠶᠢᠳᠠᠭ ᠪᠤᠢ ᠂ ᠡᠨᠡ ᠪᠣᠯ ᠮᠠᠨ ᠤ ᠢᠲᠡᠭᠡᠯ ᠤᠨ ᠰᠠᠭᠤᠷᠢ ᠂ ᠬᠦᠴᠦᠨ ᠴᠢᠳᠠᠯ ᠤᠨ ᠡᠬᠢ ᠰᠤᠷᠪᠤᠯᠵᠢ ᠮᠥᠨ ᠃
ᠳᠤᠮᠳᠠᠳᠤ ᠤᠯᠤᠰ ᠥᠪᠡᠷ ᠢ ᠪᠠᠨ ᠬᠥᠭᠵᠢᠭᠦᠯᠬᠦ ᠪᠥᠭᠡᠳ ᠪᠠᠰᠠ ᠳᠡᠯᠡᠬᠡᠢ ᠳ᠋ᠠᠬᠢᠨ ᠢ ᠢᠳᠡᠪᠬᠢᠲᠡᠢ ᠪᠠᠷ ᠬᠦᠷᠢᠶᠡᠯᠡᠵᠦ ᠂ ᠲᠣᠮᠣ ᠤᠯᠤᠰ ᠤᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ ᠃ ᠪᠢᠳᠡ ᠳᠤᠮᠳᠠᠳᠤ ᠤᠯᠤᠰ — ᠳᠤᠮᠳᠠᠳᠤ ᠠᠽᠢᠶ᠎ᠠ ᠶᠢᠨ ᠲᠦᠷᠦᠭᠦᠴᠦᠳ ᠤᠨ ᠬᠤᠷᠠᠯ ᠂ ᠭᠤᠷᠪᠠᠳᠤᠭᠠᠷ ᠬᠤᠭᠤᠴᠠᠭᠠᠨ ᠤ 《ᠨᠢᠭᠡ ᠪᠦᠰᠡ ᠨᠢᠭᠡ ᠵᠠᠮ》 ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠠᠮᠵᠢᠯᠲᠠ ᠲᠠᠢ ᠡᠷᠭᠢᠯᠡᠵᠦ ᠂ ᠠᠯᠢ ᠤᠯᠠᠨ ᠡᠵᠡᠨ ᠲᠠᠯᠠᠪᠤᠷ ᠤᠨ ᠭᠠᠳᠠᠭᠠᠳᠤ ᠬᠠᠷᠢᠯᠴᠠᠭ᠎ᠠ ᠳᠤ ᠲᠠᠪᠤᠨ ᠲᠢᠪ ᠤᠨ ᠨᠠᠶᠢᠵᠠ ᠨᠠᠷ ᠢ ᠤᠭᠲᠤᠨ ᠠᠪᠴᠢᠷᠠᠪᠠ ᠃ ᠪᠢ ᠪᠠᠰᠠ ᠵᠠᠷᠢᠮ ᠤᠯᠤᠰ ᠲᠤ ᠠᠶᠢᠯᠴᠢᠯᠠᠵᠤ ᠂ ᠵᠠᠷᠢᠮ ᠤᠯᠠᠨ ᠤᠯᠤᠰ ᠤᠨ ᠬᠤᠷᠠᠯ ᠳᠤ ᠣᠷᠣᠯᠴᠠᠵᠤ ᠂ ᠴᠥᠭᠡᠨ ᠪᠤᠰᠤ ᠬᠠᠭᠤᠴᠢᠨ ᠨᠠᠶᠢᠵᠠ ᠂ ᠰᠢᠨ᠎ᠡ ᠬᠠᠨᠢᠲᠠᠨ ᠲᠠᠢ ᠪᠠᠨ ᠠᠭᠤᠯᠵᠠᠵᠤ ᠂ ᠳᠤᠮᠳᠠᠳᠤ ᠤᠯᠤᠰ ᠤᠨ ᠵᠣᠷᠢᠯᠲᠠ ᠪᠠᠨ ᠬᠤᠪᠢᠶᠠᠯᠴᠠᠵᠤ ᠂ ᠬᠠᠮᠲᠤ ᠶᠢᠨ ᠲᠠᠨᠢᠯᠲᠠ ᠪᠠᠨ ᠭᠦᠨᠵᠡᠭᠡᠶᠢᠷᠡᠭᠦᠯᠪᠡ ᠃ ᠳᠡᠯᠡᠬᠡᠢ ᠶᠢᠨ ᠶᠠᠪᠤᠳᠠᠯ ᠤᠯᠠᠷᠢᠨ ᠬᠤᠪᠢᠰᠤᠭᠰᠠᠨ ᠴᠤ ᠡᠩᠬᠡ ᠲᠠᠶᠢᠪᠤᠩ ᠬᠥᠭᠵᠢᠯᠲᠡ ᠢᠮᠠᠭᠲᠠ ᠭᠤᠣᠯ ᠭᠦᠭ ᠠᠶᠠᠰ ᠪᠠᠶᠢᠵᠤ ᠂ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠭᠦᠷᠳᠡᠭᠦ ᠪᠣᠯ ᠢᠮᠠᠭᠲᠠ ᠬᠠᠲᠠᠭᠤ ᠶᠣᠰᠣ ᠪᠣᠯᠣᠨ᠎ᠠ ᠃
ᠤᠷᠤᠭᠰᠢᠯᠠᠯᠲᠠ ᠶᠢᠨ ᠵᠠᠮ ᠳᠤ ᠂ ᠰᠠᠯᠬᠢ ᠪᠣᠷᠣᠭᠠᠨ ᠲᠠᠢ ᠪᠠᠶᠢᠬᠤ ᠪᠣᠯ ᠬᠡᠪ ᠤᠨ ᠪᠠᠶᠢᠳᠠᠯ ᠪᠣᠯᠣᠨ᠎ᠠ ᠃ ᠵᠠᠷᠢᠮ ᠠᠵᠤ ᠠᠬᠤᠶᠢᠯᠠᠯ ᠡᠵᠡᠩᠨᠡᠯᠲᠡ ᠶᠢᠨ ᠳᠠᠷᠤᠯᠲᠠ ᠳᠤ ᠲᠤᠯᠭᠠᠷᠠᠵᠤ ᠂ ᠵᠠᠷᠢᠮ ᠤᠯᠠᠨ ᠲᠦᠮᠡᠨ ᠤ ᠠᠵᠢᠯ ᠣᠯᠭᠤᠯᠲᠠ ᠂ ᠠᠮᠢᠳᠤᠷᠠᠯ ᠬᠦᠴᠢᠷᠳᠡᠯ ᠳᠤ ᠲᠤᠯᠭᠠᠷᠠᠵᠤ ᠂ ᠵᠠᠷᠢᠮ ᠭᠠᠵᠠᠷ ᠣᠷᠣᠨ ᠳᠤ ᠦᠶᠡᠷ ᠤᠰᠤᠲᠤᠯ ᠂ ᠲᠠᠶᠢᠹᠧᠩ ᠰᠠᠯᠬᠢ ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠭᠠᠷᠴᠤ ᠪᠠᠶᠢᠨ᠎ᠠ ᠂ ᠡᠳᠡᠭᠡᠷ ᠲᠤ ᠪᠢ ᠴᠥᠮ ᠰᠠᠨᠠᠭᠠᠰᠢᠷᠠᠭᠰᠠᠭᠠᠷ ᠶᠤᠮ᠃ ᠤᠯᠠᠨ ᠢᠶᠠᠷ ᠢᠶᠠᠨ ᠰᠠᠯᠬᠢ ᠪᠣᠷᠣᠭᠠᠨ ᠠᠴᠠ ᠠᠶᠤᠬᠤ ᠦᠭᠡᠢ ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ ᠂ ᠥᠷᠢᠰᠦᠯᠳᠦᠭᠡᠨ ᠳᠤ ᠰᠢᠭᠤᠳ ᠬᠠᠨᠳᠤᠵᠤ ᠂ ᠬᠦᠴᠢᠷ ᠢ ᠲᠤᠭᠤᠯᠤᠨ ᠪᠡᠷᠬᠡ ᠶᠢ ᠳᠠᠪᠠᠭᠰᠠᠨ ᠳᠤ ᠪᠢ ᠶᠡᠬᠡᠳᠡ ᠰᠡᠳᠬᠢᠯ ᠬᠥᠳᠡᠯᠵᠦ ᠪᠠᠶᠢᠨ᠎ᠠ᠃ ᠰᠢᠷᠭᠠᠭᠤ ᠬᠥᠳᠡᠯᠮᠦᠷᠢᠯᠡᠵᠦ ᠪᠠᠶᠢᠭ᠎ᠠ ᠲᠠᠷᠢᠶᠠᠴᠢᠨ ᠂ ᠰᠢᠷᠭᠠᠭᠤ ᠬᠠᠲᠠᠭᠤᠵᠢᠯᠲᠠᠢ ᠠᠵᠢᠯᠯᠠᠵᠤ ᠪᠠᠶᠢᠭ᠎ᠠ ᠠᠵᠢᠯᠴᠢᠨ ᠂ ᠵᠣᠷᠢᠭᠲᠠᠢ ᠪᠠᠷ ᠠᠵᠢᠯᠯᠠᠵᠤ ᠵᠣᠷᠢᠭᠲᠠᠢ ᠪᠠᠷ ᠲᠡᠮᠡᠴᠡᠵᠦ ᠪᠠᠶᠢᠭ᠎ᠠ ᠦᠢᠯᠡᠰ ᠪᠣᠰᠬᠠᠭᠴᠢ ᠂ ᠤᠯᠤᠰ ᠭᠡᠷ ᠢᠶᠠᠨ ᠬᠠᠮᠠᠭᠠᠯᠠᠵᠤ ᠪᠠᠶᠢᠭ᠎ᠠ ᠬᠡᠦᠬᠡᠳ ᠳᠡᠭᠦᠦ ᠨᠠᠷ ᠴᠡᠷᠢᠭ ᠂ ᠡᠯ᠎ᠡ ᠠᠵᠢᠯ ᠲᠦᠷᠦᠯ ᠤᠨ ᠬᠥᠮᠥᠰ ᠴᠥᠮ ᠬᠦᠴᠦ ᠬᠥᠯᠥᠰᠦ ᠪᠠᠨ ᠤᠷᠤᠰᠬᠠᠵᠤ ᠂ ᠡᠭᠡᠯ ᠵᠢᠷ ᠤᠨ ᠬᠥᠮᠥᠨ ᠨᠢᠭᠡ ᠪᠦᠷᠢ ᠴᠥᠮ ᠶᠡᠷᠦ ᠪᠤᠰᠤ ᠶᠢᠨ ᠬᠤᠪᠢ ᠨᠡᠮᠡᠷᠢ ᠦᠵᠡᠭᠦᠯᠵᠡᠢ ︕ ᠠᠷᠠᠳ ᠲᠦᠮᠡᠨ ᠪᠣᠯ ᠥᠨᠢ ᠡᠭᠦᠷᠢᠳᠡ ᠪᠢᠳᠡᠨ ᠤ ᠠᠯᠢᠪᠠ ᠬᠦᠴᠢᠷ ᠪᠡᠷᠬᠡᠰᠢᠶᠡᠯ ᠥᠷᠢᠰᠦᠯᠳᠦᠭᠡᠨ ᠢ ᠢᠯᠠᠨ ᠶᠢᠨ ᠬᠠᠮᠤᠭ ᠤᠨ ᠶᠡᠭᠡ ᠥᠮᠥᠭ ᠲᠦᠰᠢᠭ ᠮᠥᠨ ᠃
ᠢᠷᠡᠬᠦ ᠣᠨ ᠪᠣᠯ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠡᠷᠡᠰ ᠭᠤᠶᠢᠪᠢᠰᠢ ᠦᠭᠡᠢ ᠪᠠᠷ ᠠᠬᠢᠭᠤᠯᠵᠤ ᠂ ᠰᠢᠨ᠎ᠡ ᠬᠥᠭᠵᠢᠯᠲᠡ ᠶᠢᠨ ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ ᠪᠠᠷ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠬᠥᠭᠵᠢᠯᠲᠡ ᠪᠣᠯᠣᠨ ᠠᠮᠤᠷ ᠲᠦᠪᠰᠢᠨ ᠢ ᠰᠠᠶᠢᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ ᠃ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ ᠂ ᠤᠷᠤᠭᠰᠢᠯᠠᠯᠲᠠ ᠪᠠᠷ ᠲᠣᠭᠲᠠᠭᠤᠨ ᠢ ᠠᠬᠢᠭᠤᠯᠵᠤ ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠰᠢᠪᠲᠤᠯᠵᠤ ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠠᠬᠢᠵᠢᠭᠦᠯᠦᠨ ᠴᠢᠩᠭᠠᠳᠬᠠᠵᠤ ᠂ ᠠᠵᠤ ᠠᠬᠤᠢ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠪᠡᠶᠡᠯᠡᠭᠦᠯᠬᠦ ᠬᠡᠷᠡᠭᠲᠡᠢ ᠃ ᠥᠭᠡᠷᠡᠴᠢᠯᠡᠯᠲᠡ ᠨᠡᠭᠡᠭᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠬᠥᠭᠵᠢᠯᠲᠡ ᠶᠢᠨ ᠢᠲᠡᠭᠡᠯ ᠵᠣᠷᠢᠭ ᠢ ᠤᠯᠠᠮ ᠴᠢᠨᠠᠭᠰᠢᠳᠠ ᠬᠥᠪᠴᠢᠯᠡᠵᠦ ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠵᠦ ᠂ ᠨᠡᠩ ᠶᠡᠭᠡ ᠡᠷᠴᠢᠮ ᠢᠶᠠᠷ ᠰᠤᠷᠭᠠᠨ ᠬᠥᠮᠦᠵᠢᠯ ᠢ ᠡᠷᠭᠢᠯᠡᠵᠦ ᠂ ᠰᠢᠨᠵᠢᠯᠡᠬᠦ ᠤᠬᠠᠭᠠᠨ ᠮᠡᠷᠭᠡᠵᠢᠯ ᠢ ᠬᠥᠭᠵᠢᠭᠦᠯᠵᠦ ᠂ ᠴᠢᠳᠠᠪᠤᠷᠢᠲᠠᠨ ᠬᠥᠮᠥᠵᠢᠭᠦᠯᠬᠦ ᠬᠡᠷᠡᠭᠲᠡᠢ ᠃ ᠰᠢᠶᠠᠩᠭᠠᠩ ᠂ ᠣᠣᠮᠧᠨ ᠤ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠬᠤ ᠶᠢ ᠦᠷᠭᠦᠯᠵᠢᠯᠡᠨ ᠲᠡᠮᠵᠢᠵᠤ ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠠᠭᠤᠰᠤᠯᠴᠠᠬᠤ ᠳᠤᠮᠳᠠ ᠤᠷᠳᠤ ᠬᠤᠭᠤᠴᠠᠭ᠎ᠠ ᠪᠠᠷ ᠴᠡᠴᠡᠭᠯᠡᠨ ᠬᠥᠭᠵᠢᠵᠦ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠃ ᠡᠬᠡ ᠤᠯᠤᠰ ᠢᠶᠠᠨ ᠨᠢᠭᠡᠳᠬᠡᠬᠦ ᠪᠣᠯ ᠲᠡᠦᠬᠡ ᠶᠢᠨ ᠵᠠᠶᠢᠯᠠᠰᠢ ᠦᠭᠡᠢ ᠶᠠᠪᠤᠳᠠᠯ ᠮᠥᠨ ᠂ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠶᠢᠨ ᠠᠬ᠎ᠠ ᠳᠡᠭᠦᠦ ᠨᠠᠷ ᠭᠠᠷ ᠬᠤᠯᠪᠣᠯᠴᠠᠨ ᠰᠡᠳᠬᠢᠯ ᠢᠶᠠᠨ ᠨᠢᠭᠡᠳᠬᠡᠵᠦ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠶᠡᠭᠡ ᠢᠷᠠᠭᠤ ᠠᠯᠳᠠᠷ ᠢ ᠬᠠᠮᠲᠤ ᠪᠠᠷ ᠡᠳ᠋ᠯᠡᠬᠦ ᠬᠡᠷᠡᠭᠲᠡᠢ ᠃
ᠮᠠᠨ ᠤ ᠬᠠᠷᠠᠯᠲᠠ ᠪᠣᠯ ᠮᠠᠰᠢ ᠠᠤᠭ᠎ᠠ ᠶᠡᠭᠡ ᠪᠥᠭᠡᠳ ᠮᠠᠰᠢ ᠪᠣᠷᠣᠭᠵᠢᠭᠤᠨ ᠶᠤᠮ ᠂ ᠡᠴᠦᠰ ᠤᠨ ᠡᠴᠦᠰ ᠲᠡᠭᠡᠨ ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠭᠦ ᠶᠠᠪᠤᠳᠠᠯ ᠪᠣᠯᠣᠨ᠎ᠠ ᠃ ᠬᠡᠦᠬᠡᠳ ᠢ ᠠᠰᠠᠷᠠᠨ ᠲᠡᠵᠢᠭᠡᠵᠦ ᠰᠤᠷᠭᠠᠨ ᠬᠥᠮᠥᠵᠢᠭᠦᠯᠬᠦ ᠂ ᠵᠠᠯᠠᠭᠤᠴᠤᠳ ᠤᠨ ᠠᠵᠢᠯ ᠣᠯᠵᠤ ᠴᠢᠳᠠᠪᠤᠷᠢᠲᠠᠨ ᠪᠤᠯᠬᠤ ᠂ ᠨᠠᠰᠤᠲᠠᠶᠢᠴᠤᠳ ᠤᠨ ᠡᠪᠡᠳᠴᠢᠨ ᠦᠵᠡᠭᠦᠯᠵᠦ ᠨᠠᠰᠤᠵᠢᠯ ᠤᠨ ᠠᠰᠠᠷᠠᠮᠵᠢ ᠭᠦᠷᠳᠡᠭᠦ ᠪᠣᠯ ᠭᠡᠷ ᠤᠨ ᠶᠠᠪᠤᠳᠠᠯ ᠪᠤᠯᠬᠤ ᠪᠥᠭᠡᠳ ᠪᠠᠰᠠ ᠴᠤ ᠲᠦᠷᠦ ᠶᠢᠨ ᠶᠠᠪᠤᠳᠠᠯ ᠮᠥᠨ ᠂ ᠤᠯᠠᠨ ᠢᠶᠠᠷ ᠢᠶᠠᠨ ᠬᠠᠮᠲᠤ ᠪᠠᠷ ᠴᠢᠷᠮᠠᠶᠢᠵᠤ ᠪᠠᠶᠢᠭᠠᠳ ᠡᠳᠡᠭᠡᠷ ᠶᠠᠪᠤᠳᠠᠯ ᠢ ᠰᠠᠶᠢᠲᠤᠷ ᠬᠢᠬᠦ ᠬᠡᠷᠡᠭᠲᠡᠢ ᠃ ᠣᠳᠣᠬᠠᠨ ᠳᠤ ᠂ ᠨᠡᠶᠢᠭᠡᠮ ᠤᠨ ᠠᠶᠢᠵᠠᠮ ᠮᠠᠰᠢ ᠲᠦᠷᠭᠡᠨ ᠂ ᠤᠯᠠᠨ ᠢᠶᠠᠷ ᠢᠶᠠᠨ ᠶᠠᠭᠠᠷᠠᠯᠳᠤᠵᠤ ᠂ ᠠᠵᠢᠯ ᠠᠮᠢᠳᠤᠷᠠᠯ ᠤᠨ ᠳᠠᠷᠤᠭᠠᠰᠤ ᠮᠠᠰᠢ ᠶᠡᠭᠡ ᠪᠠᠶᠢᠨ᠎ᠠ ᠃ ᠪᠢᠳᠡ ᠬᠠᠯᠠᠭᠤᠨ ᠳᠤᠯᠠᠭᠠᠨ ᠡᠶ᠎ᠡ ᠵᠣᠬᠢᠴᠠᠩᠭᠤᠢ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠤ ᠂ ᠪᠠᠭᠲᠠᠭᠠᠮᠵᠢ ᠲᠠᠢ ᠬᠥᠭᠵᠢᠶᠡᠨ ᠲᠠᠢ ᠰᠢᠨ᠎ᠡ ᠶᠢ ᠡᠭᠦᠳᠬᠦ ᠣᠷᠣᠨ ᠵᠠᠢ ᠶᠢ ᠥᠷᠭᠡᠳᠬᠡᠵᠦ ᠂ ᠳᠥᠭᠦᠮ ᠳᠥᠲᠡ ᠲᠠᠭᠠᠯᠠᠮᠵᠢᠲᠠᠢ ᠠᠮᠢᠳᠤᠷᠠᠯ ᠤᠨ ᠨᠥᠬᠦᠴᠡᠯ ᠢ ᠡᠭᠦᠳᠴᠦ ᠂ ᠤᠯᠠᠨ ᠢ ᠪᠠᠶᠠᠰᠤᠩᠭᠤᠢ ᠤᠷᠮ᠎ᠠ ᠰᠡᠳᠬᠢᠯᠭᠡ ᠲᠠᠢ ᠪᠠᠶᠢᠯᠭᠠᠵᠤ ᠂ ᠬᠥᠮᠥᠨ ᠤ ᠠᠮᠢᠳᠤᠷᠠᠯ ᠤᠨ ᠭᠡᠷᠡᠯ ᠭᠢᠯᠪᠠᠭ᠎ᠠ ᠪᠠᠨ ᠰᠠᠴᠤᠷᠠᠭᠤᠯᠵᠤ ᠂ ᠬᠦᠰᠡᠯ ᠵᠡᠭᠦᠳᠦ ᠪᠠᠨ ᠲᠡᠷᠭᠡᠯᠰᠢᠭᠦᠯᠬᠦ ᠬᠡᠷᠡᠭᠲᠡᠢ ᠃
ᠣᠳᠣᠬᠠᠨ ᠳᠤ ᠂ ᠳᠡᠯᠡᠬᠡᠢ ᠳᠡᠭᠡᠷᠡᠬᠢ ᠵᠠᠷᠢᠮ ᠭᠠᠵᠠᠷ ᠣᠷᠣᠨ ᠪᠠᠰᠠ ᠲᠠᠶᠢᠨ ᠤ ᠭᠠᠯ ᠳᠠᠷᠢ ᠶᠢᠨ ᠤᠲᠤᠭ᠎ᠠ ᠶᠢᠨ ᠳᠤᠮᠳᠠ ᠣᠷᠣᠰᠢᠵᠤ ᠪᠠᠶᠢᠨ᠎ᠠ ᠃ ᠡᠩᠬᠡ ᠲᠠᠶᠢᠪᠤᠩ ᠤᠨ ᠡᠷᠬᠢᠮ ᠨᠠᠨᠳᠢᠨ ᠢ ᠳᠤᠮᠳᠠᠳᠤ ᠤᠯᠤᠰ ᠤᠨ ᠠᠷᠠᠳ ᠲᠦᠮᠡᠨ ᠭᠦᠨ ᠣᠶᠢᠯᠠᠭᠠᠵᠤ ᠪᠠᠶᠢᠨ᠎ᠠ ᠂ ᠪᠢᠳᠡ ᠳᠤᠷᠠᠲᠠᠶ᠎ᠠ ᠳᠡᠯᠡᠬᠡᠢ ᠨᠡᠶᠢᠭᠡᠮ ᠯᠦᠭᠡ ᠬᠠᠮᠲᠤ ᠪᠠᠷ ᠬᠥᠮᠥᠨ ᠲᠥᠷᠥᠯᠬᠢᠲᠡᠨ ᠤ ᠢᠷᠡᠭᠡᠳᠦᠢ ᠶᠢ ᠪᠣᠳᠣᠯᠬᠢᠯᠠᠵᠤ ᠂ ᠠᠷᠠᠳ ᠲᠦᠮᠡᠨ ᠤ ᠪᠤᠶᠠᠨ ᠵᠢᠷᠭᠠᠯ ᠢ ᠰᠠᠨᠠᠭᠠᠯᠵᠠᠵᠤ ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠵᠤ ᠂ ᠨᠡᠩ ᠰᠠᠶᠢᠨ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠤᠨ᠎ᠠ ᠃
ᠡᠨᠡ ᠬᠦ ᠴᠠᠭ ᠮᠥᠴᠡ ᠳᠤ ᠂ ᠰᠥᠨᠢ ᠶᠢᠨ ᠥᠩᠭᠡ ᠰᠣᠯᠣᠩᠭᠠᠷᠠᠨ ᠂ ᠲᠦᠭ ᠲᠦᠮᠡᠨ ᠠᠶᠢᠯ ᠡᠷᠦᠭᠡ ᠶᠢᠨ ᠳ᠋ᠧᠩ ᠤᠨ ᠭᠡᠷᠡᠯ ᠳᠤᠸᠠᠯᠠᠵᠤ ᠪᠠᠶᠢᠨ᠎ᠠ ᠃ ᠪᠢᠳᠡ ᠬᠠᠮᠲᠤ ᠪᠠᠷ ᠡᠬᠡ ᠤᠯᠤᠰ ᠤᠨ ᠢᠶᠠᠨ ᠬᠥᠭᠵᠢᠨ ᠪᠠᠳᠠᠷᠠᠵᠤ ᠂ ᠳᠡᠯᠡᠬᠡᠢ ᠳ᠋ᠠᠬᠢᠨ ᠤ ᠡᠩᠬᠡ ᠲᠠᠶᠢᠪᠤᠩ ᠠᠮᠤᠷ ᠠᠮᠤᠭᠤᠯᠠᠩ ᠪᠠᠶᠢᠬᠤ ᠶᠢ ᠬᠦᠰᠡᠨ ᠵᠥᠩᠨᠡᠶ᠎ᠡ ︕ ᠲᠠ ᠪᠦᠭᠦᠨ ᠤ ᠠᠵᠠ ᠵᠢᠷᠭᠠᠯ ᠲᠠᠢ ᠂ ᠠᠮᠤᠷ ᠠᠮᠤᠭᠤᠯᠠᠩ ᠪᠠᠶᠢᠬᠤ ᠶᠢ ᠬᠦᠰᠡᠨ ᠵᠥᠩᠨᠡᠶ᠎ᠡ ︕
ᠤᠯᠠᠨ ᠳᠤ ᠪᠠᠶᠠᠷᠯᠠᠯ᠎ᠠ ︕