ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ ᠯᠢ ᠴᠢᠶᠠᠩ ᠬᠤᠷᠠᠯ ᠢ ᠡᠷᠭᠢᠯᠡᠵᠡᠢ
ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ ᠳᠤ ᠣᠷᠣᠯᠴᠠᠪᠠ
ᠲᠥᠪ ᠤᠨ ᠭᠠᠳᠠᠭᠠᠳᠤ ᠶᠠᠪᠤᠳᠠᠯ ᠤᠨ ᠠᠵᠢᠯ ᠤᠨ ᠬᠤᠷᠠᠯ 2023 12 ᠰᠠᠷ᠎ᠠ ᠶᠢᠨ 27 ᠠᠴᠠ 28 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ ᠯᠢ ᠴᠢᠶᠠᠩ᠂ ᠵᠤᠤ ᠯᠧ ᠵᠢᠢ᠂ ᠸᠠᠩ ᠬᠤ᠋ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠬᠤᠷᠠᠯ ᠳᠤ ᠣᠷᠣᠯᠴᠠᠵᠠᠢ᠃
ᠰᠢ ᠶᠢᠨ ᠫᠢᠩ ᠴᠢᠬᠤᠯᠠ ᠶᠠᠷᠢᠶᠠᠨ ᠳᠠᠭᠠᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭᠠᠨ ᠤ ᠲᠡᠦᠬᠡᠲᠦ ᠴᠢᠨᠠᠷᠲᠠᠢ ᠠᠮᠵᠢᠯᠲᠠ ᠪᠦᠲᠦᠮᠵᠢ ᠪᠣᠯᠣᠨ ᠡᠷᠬᠢᠮ ᠨᠠᠨᠳᠢᠨ ᠲᠤᠷᠰᠢᠯᠭ᠎ᠠ ᠶᠢ ᠰᠢᠰᠲ᠋ᠧᠮ ᠲᠠᠢ ᠳ᠋ᠦᠩᠨᠡᠵᠦ᠂ ᠰᠢᠨ᠎ᠡ ᠠᠶᠠᠨ ᠳᠠᠬᠢ ᠭᠠᠳᠠᠭᠠᠳᠤ ᠬᠠᠷᠢᠯᠴᠠᠭᠠᠨ ᠤ ᠠᠵᠢᠯ ᠳᠤ ᠲᠤᠯᠭᠠᠷᠠᠵᠤ ᠪᠠᠶᠢᠭ᠎ᠠ ᠳᠡᠯᠡᠬᠡᠢ ᠶᠢᠨ ᠣᠷᠴᠢᠨ ᠨᠥᠬᠦᠴᠡᠯ ᠪᠣᠯᠣᠨ ᠡᠭᠦᠷᠭᠡᠯᠡᠵᠦ ᠪᠠᠶᠢᠭ᠎ᠠ ᠲᠡᠦᠬᠡᠲᠦ ᠡᠭᠦᠷᠭᠡ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠭᠠᠳᠠᠭᠠᠳᠤ ᠬᠠᠷᠢᠯᠴᠠᠭᠠᠨ ᠤ ᠠᠵᠢᠯ ᠳᠤ ᠪᠦᠭᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ ᠯᠢ ᠴᠢᠶᠠᠩ ᠬᠤᠷᠠᠯ ᠢ ᠡᠷᠭᠢᠯᠡᠭᠦ ᠳᠡᠭᠡᠨ᠂ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ ᠰᠢᠨ᠎ᠡ ᠠᠶᠠᠨ ᠳᠠᠬᠢ ᠭᠠᠳᠠᠭᠠᠳᠤ ᠬᠠᠷᠢᠯᠴᠠᠭᠠᠨ ᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠥᠭᠡᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠣᠶᠢᠯᠠᠭᠠᠬᠤ ᠪᠠ ᠨᠠᠶᠢᠳᠠᠪᠤᠷᠢᠵᠢᠭᠤᠯᠬᠤ ᠲᠤᠬᠠᠢ ᠱᠠᠭᠠᠷᠳᠠᠯᠭ᠎ᠠ ᠳᠤᠷᠠᠳᠴᠠᠢ᠃
ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠠᠬᠢᠭᠤᠯᠬᠤ ᠠᠭᠤᠤ ᠶᠡᠭᠡ ᠠᠶᠠᠨ ᠳᠤ ᠭᠠᠳᠠᠭᠠᠳᠤ ᠬᠠᠷᠢᠯᠴᠠᠭᠠᠨ ᠤ ᠠᠵᠢᠯ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠴᠠᠢ᠃ ᠨᠢᠭᠡ ᠳᠤ᠂ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠶᠢ ᠡᠭᠦᠳᠦᠨ ᠬᠥᠭᠵᠢᠭᠦᠯᠵᠦ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠤᠨᠤᠯ ᠪᠣᠯᠣᠨ ᠦᠢᠯᠡᠳᠦᠯᠭᠡ ᠶᠢᠨ ᠰᠢᠨ᠎ᠡ ᠠᠬᠤᠢ ᠪᠠᠶᠢᠳᠠᠯ ᠢ ᠨᠡᠭᠡᠭᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠶᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠪᠠ᠃ ᠬᠤᠶᠠᠷ ᠲᠤ᠂ ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ ᠢᠯᠡ ᠲᠣᠳᠣ ᠳᠤᠮᠳᠠᠳᠤ ᠤᠯᠤᠰ ᠤᠨ ᠣᠨᠴᠠᠯᠢᠭ᠂ ᠳᠤᠮᠳᠠᠳᠤ ᠤᠯᠤᠰ ᠤᠨ ᠬᠡᠪ ᠨᠠᠮᠪᠠ᠂ ᠳᠤᠮᠳᠠᠳᠤ ᠤᠯᠤᠰ ᠤᠨ ᠣᠮᠤᠭ ᠰᠦᠷ ᠢ ᠢᠯᠡᠷᠡᠭᠦᠯᠵᠦ᠂ ᠪᠡᠶ᠎ᠡ ᠪᠠᠨ ᠢᠲᠡᠭᠡᠵᠦ ᠪᠡᠶ᠎ᠡ ᠪᠠᠨ ᠳᠠᠭᠠᠭᠠᠬᠤ᠂ ᠬᠡᠬᠦᠳᠡᠭ ᠴᠡᠭᠡᠵᠢᠨ ᠳᠡᠭᠡᠨ ᠳᠡᠯᠡᠬᠡᠢ ᠳ᠋ᠠᠬᠢᠨ ᠢ ᠪᠠᠭᠲᠠᠭᠠᠬᠤ᠂ ᠨᠡᠭᠡᠭᠡᠯᠲᠡᠲᠡᠢ ᠪᠠᠭᠲᠠᠭᠠᠮᠵᠢᠲᠠᠢ ᠲᠣᠮᠣ ᠤᠯᠤᠰ ᠤᠨ ᠳᠦᠷᠢ ᠲᠥᠷᠬᠦ ᠶᠢ ᠱᠤᠭᠤᠵᠠᠢ᠃ ᠭᠤᠷᠪᠠ ᠳᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠰᠠᠨᠠᠭᠠᠴᠢᠯᠠᠵᠤ᠂ ᠬᠥᠮᠥᠨ ᠲᠥᠷᠥᠯᠬᠢᠲᠡᠨ ᠤ ᠨᠡᠶᠢᠭᠡᠮ ᠤᠨ ᠬᠠᠮᠲᠤ ᠪᠠᠷ ᠬᠥᠭᠵᠢᠬᠦ᠂ ᠥᠨᠢ ᠤᠳᠠᠭᠠᠨ ᠠᠮᠤᠷ ᠲᠣᠭᠲᠠᠭᠤᠨ ᠪᠠᠶᠢᠬᠤ᠂ ᠪᠣᠯᠪᠠᠰᠤᠨ ᠢᠶᠠᠨ ᠬᠠᠷᠢᠯᠴᠠᠨ ᠲᠣᠯᠢ ᠪᠤᠯᠭᠠᠬᠤ ᠵᠥᠪ ᠴᠢᠭᠯᠡᠯ ᠢ ᠲᠣᠳᠣᠷᠬᠠᠢ ᠵᠢᠭᠠᠪᠠ᠃ ᠳᠥᠷᠪᠡ ᠳᠤ᠂ ᠤᠯᠤᠰ ᠤᠨ ᠲᠡᠷᠢᠭᠦᠨ ᠤ ᠭᠠᠳᠠᠭᠠᠳᠤ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠡᠯᠡᠬᠡᠢ ᠶᠢᠨ ᠬᠡᠷᠡᠭ ᠶᠠᠪᠤᠳᠠᠯ ᠳᠤ ᠡᠳᠦᠷ ᠢᠷᠡᠬᠦᠶ᠎ᠡ ᠴᠢᠬᠤᠯᠠ ᠪᠥᠭᠡᠳ ᠪᠦᠲᠦᠭᠡᠯᠴᠢ ᠴᠢᠨᠠᠷᠲᠠᠢ ᠦᠢᠯᠡᠳᠦᠯ ᠦᠵᠡᠭᠦᠯᠪᠡ᠃ ᠲᠠᠪᠤ ᠳᠤ᠂ ᠡᠯ᠎ᠡ ᠲᠠᠯ᠎ᠠ ᠯᠤᠭ᠎ᠠ ᠶᠢᠨ ᠬᠠᠷᠢᠯᠴᠠᠭ᠎ᠠ ᠪᠠᠨ ᠪᠦᠭᠦ ᠲᠠᠯ᠎ᠠ ᠪᠠᠷ ᠲᠥᠯᠥᠪᠵᠢᠭᠦᠯᠦᠨ᠂ ᠨᠠᠶᠢᠷᠠᠮᠳᠠᠯ ᠢᠶᠠᠷ ᠵᠡᠷᠭᠡᠴᠡᠨ ᠣᠷᠣᠰᠢᠬᠤ᠂ ᠶᠡᠷᠦᠩᠬᠡᠢ ᠳᠡᠭᠡᠨ ᠲᠣᠭᠲᠠᠭᠤᠨ ᠪᠠᠶᠢᠬᠤ᠂ ᠲᠡᠩᠴᠡᠭᠦᠷᠢᠲᠡᠢ ᠬᠥᠭᠵᠢᠬᠦ ᠲᠣᠮᠣ ᠤᠯᠤᠰ ᠤᠨ ᠬᠠᠷᠢᠯᠴᠠᠭᠠᠨ ᠤ ᠪᠠᠶᠢᠷᠢᠰᠢᠯ ᠢ ᠪᠠᠶᠢᠭᠤᠯᠬᠤ ᠶᠢ ᠠᠬᠢᠭᠤᠯᠵᠠᠢ᠃ ᠵᠢᠷᠭᠤᠭ᠎ᠠ ᠳᠤ᠂ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠥᠷᠭᠡᠳᠬᠡᠵᠦ᠂ ᠬᠡᠪᠴᠢᠶ᠎ᠡ ᠥᠷᠭᠡᠨ᠂ ᠶᠠᠰᠤ ᠴᠢᠨᠠᠷ ᠥᠨᠳᠥᠷ ᠪᠦᠭᠦ ᠪᠥᠮᠪᠥᠷᠴᠡᠭ ᠤᠨ ᠬᠠᠨᠢᠲᠠᠨ ᠤ ᠬᠠᠷᠢᠯᠴᠠᠭ᠎ᠠ ᠶᠢᠨ ᠲᠣᠣᠷ ᠢ ᠪᠦᠷᠢᠯᠳᠦᠭᠦᠯᠪᠡ᠃ ᠳᠣᠯᠤᠭ᠎ᠠ ᠳᠤ᠂ 《ᠨᠢᠭᠡ ᠪᠦᠰᠡ ᠨᠢᠭᠡ ᠵᠠᠮ》 ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠶᠢ ᠠᠬᠢᠭᠤᠯᠵᠤ᠂ ᠳᠡᠯᠡᠬᠡᠢ ᠳᠡᠭᠡᠷᠡᠬᠢ ᠬᠦᠷᠢᠶ᠎ᠡ ᠬᠡᠪᠴᠢᠶ᠎ᠡ ᠪᠠᠷ ᠬᠠᠮᠤᠭ ᠤᠨ ᠥᠷᠭᠡᠨ᠂ ᠬᠡᠮᠵᠢᠶ᠎ᠡ ᠪᠠᠷ ᠬᠠᠮᠤᠭ ᠤᠨ ᠶᠡᠭᠡ ᠣᠯᠠᠨ ᠤᠯᠤᠰ ᠤᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠪᠠ᠃ ᠨᠠᠢᠮᠠ ᠳᠤ᠂ ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠡᠷᠡᠰ ᠪᠠᠲᠤ ᠵᠣᠷᠢᠭ ᠰᠠᠨᠠᠭ᠎ᠠ ᠪᠠ ᠴᠢᠩᠭ᠎ᠠ ᠬᠠᠲᠠᠭᠤ ᠲᠡᠮᠡᠴᠡᠯ ᠢᠶᠠᠷ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠪᠦᠲᠦᠮᠵᠢᠲᠡᠢ ᠬᠠᠮᠠᠭᠠᠯᠠᠵᠠᠢ᠃ ᠶᠢᠰᠦ ᠳᠤ᠂ ᠪᠦᠭᠦ ᠪᠥᠮᠪᠥᠷᠴᠡᠭ ᠤᠨ ᠵᠠᠰᠠᠯᠲᠠ ᠳᠤ ᠢᠳᠡᠪᠬᠢᠲᠡᠢ ᠣᠷᠣᠯᠴᠠᠵᠤ᠂ ᠳᠡᠯᠡᠬᠡᠢ ᠶᠢᠨ ᠰᠢᠰᠲ᠋ᠧᠮ ᠪᠣᠯᠣᠨ ᠡᠮᠬᠢ ᠳᠢᠭᠯᠢᠮ ᠤᠨ ᠬᠤᠪᠢᠰᠤᠯᠲᠠ ᠶᠢᠨ ᠴᠢᠭᠯᠡᠯ ᠢ ᠬᠥᠲᠥᠯᠥᠨ ᠳᠠᠭᠠᠭᠤᠯᠪᠠ᠃ ᠠᠷᠪᠠ ᠳᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠵᠤ᠂ ᠭᠠᠳᠠᠭᠠᠳᠤ ᠬᠠᠷᠢᠯᠴᠠᠭᠠᠨ ᠤ ᠠᠵᠢᠯ ᠤᠨ ᠶᠡᠭᠡ ᠬᠠᠮᠵᠢᠯᠴᠠᠭᠠᠨ ᠤ ᠪᠠᠶᠢᠷᠢᠰᠢᠯ ᠢ ᠪᠠᠬᠢᠵᠢᠭᠦᠯᠪᠡ ᠭᠡᠵᠦ ᠦᠵᠡᠪᠡ᠃
ᠬᠤᠷᠠᠯ ᠠᠴᠠ᠂ ᠰᠢᠨ᠎ᠡ ᠴᠠᠭ ᠦᠶ᠎ᠡ ᠶᠢᠨ ᠠᠷᠪᠠᠨ ᠵᠢᠯ ᠳᠤ ᠪᠢᠳᠡ ᠭᠠᠳᠠᠭᠠᠳᠤ ᠬᠠᠷᠢᠯᠴᠠᠭᠠᠨ ᠤ ᠠᠵᠢᠯ ᠳᠤ ᠴᠥᠭᠡᠨ ᠪᠤᠰᠤ ᠲᠤᠬᠰᠢᠨ ᠰᠠᠯᠬᠢ ᠰᠢᠷᠦᠭᠦᠨ ᠳᠠᠪᠠᠯᠭᠠᠨ ᠢ ᠥᠩᠭᠡᠷᠡᠭᠡᠵᠦ᠂ ᠡᠯ᠎ᠡ ᠵᠦᠢᠯ ᠤᠨ ᠬᠦᠴᠢᠷ ᠪᠡᠷᠬᠡᠰᠢᠶᠡᠯ ᠥᠷᠢᠰᠦᠯᠳᠦᠭᠡᠨ ᠢ ᠢᠯᠠᠨ ᠳᠠᠪᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭᠠᠨ ᠤ ᠰᠢᠨ᠎ᠡ ᠪᠠᠶᠢᠳᠠᠯ ᠢ ᠡᠭᠦᠳᠴᠦ᠂ ᠮᠠᠨ ᠤ ᠤᠯᠤᠰ ᠤᠨ ᠭᠠᠳᠠᠭᠠᠳᠤ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠴᠢᠨᠠᠷ ᠪᠣᠯᠣᠨ ᠰᠠᠨᠠᠭᠠᠴᠢᠯᠠᠭᠠᠲᠤ ᠴᠢᠨᠠᠷ ᠢᠯᠡᠳᠲᠡ ᠴᠢᠩᠭᠠᠷᠠᠪᠠ᠃ ᠮᠠᠨ ᠤ ᠤᠯᠤᠰ ᠨᠢᠭᠡᠨᠲᠡ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠂ ᠰᠢᠨ᠎ᠡ ᠶᠢ ᠡᠭᠦᠳᠬᠦ ᠶᠢᠨ ᠬᠥᠲᠥᠯᠥᠨ ᠳᠠᠭᠠᠭᠤᠯᠬᠤ ᠬᠦᠴᠦᠨ᠂ ᠶᠣᠰᠣ ᠵᠢᠷᠤᠮ ᠤᠨ ᠤᠷᠢᠶᠠᠯᠠᠬᠤ ᠬᠦᠴᠦᠨ ᠢᠶᠠᠷ ᠨᠠᠩ ᠢᠯᠡᠭᠦᠦ ᠬᠠᠷᠢᠭᠤᠴᠠᠯᠭ᠎ᠠ ᠲᠠᠢ ᠲᠣᠮᠣ ᠤᠯᠤᠰ ᠪᠣᠯᠵᠠᠢ ᠭᠡᠵᠦ ᠴᠢᠬᠤᠯᠠᠴᠢᠯᠠᠵᠠᠢ᠃
ᠬᠤᠷᠠᠯ ᠠᠴᠠ᠂ ᠰᠢᠨ᠎ᠡ ᠴᠠᠭ ᠦᠶ᠎ᠡ ᠶᠢᠨ ᠭᠠᠳᠠᠭᠠᠳᠤ ᠬᠠᠷᠢᠯᠴᠠᠭᠠᠨ ᠤ ᠠᠵᠢᠯ ᠤᠨ ᠦᠢᠯᠡᠳᠦᠯᠭᠡ ᠳᠤᠮᠳᠠ ᠪᠢᠳᠡ ᠠᠯᠢ ᠤᠯᠠᠨ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠪᠠ᠃ ᠡᠷᠬᠡᠪᠰᠢ ᠵᠠᠷᠴᠢᠮ ᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠢᠷᠡᠭᠡᠳᠦᠢ ᠬᠤᠪᠢ ᠵᠠᠶᠠᠭ᠎ᠠ ᠪᠠ ᠳᠡᠯᠡᠬᠡᠢ ᠶᠢᠨ ᠬᠥᠭᠵᠢᠯᠲᠡ ᠶᠢᠨ ᠴᠢᠭᠯᠡᠯ ᠳᠤ ᠬᠤᠯᠪᠣᠭᠳᠠᠬᠤ ᠴᠢᠬᠤᠯᠠ ᠶᠡᠭᠡ ᠠᠰᠠᠭᠤᠳᠠᠯ ᠳᠡᠭᠡᠷ᠎ᠡ ᠲᠤᠭ ᠲᠡᠮᠳᠡᠭ ᠲᠣᠳᠣᠷᠬᠠᠢ ᠪᠠᠶᠢᠵᠤ᠂ ᠵᠣᠭᠰᠣᠯᠲᠠ ᠪᠠᠲᠤ ᠪᠠᠶᠢᠵᠤ᠂ ᠤᠯᠠᠨ ᠤᠯᠤᠰ ᠤᠨ ᠶᠣᠰᠣ ᠵᠢᠷᠤᠮ ᠤᠨ ᠠᠰᠢᠭᠲᠠᠢ ᠪᠠᠶᠢᠷᠢ ᠶᠢ ᠪᠠᠲᠤ ᠡᠵᠡᠯᠡᠵᠦ᠂ ᠳᠡᠯᠡᠬᠡᠢ ᠶᠢᠨ ᠣᠯᠠᠩᠬᠢ ᠲᠣᠭᠠᠲᠠᠨ ᠲᠠᠢ ᠪᠦᠯᠬᠦᠮᠳᠡᠨ ᠨᠡᠶᠢᠯᠡᠬᠦ ᠬᠡᠷᠡᠭᠲᠡᠢ᠃ ᠡᠷᠬᠡᠪᠰᠢ ᠲᠣᠮᠣ ᠤᠯᠤᠰ ᠤᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠵᠦ᠂ ᠪᠡᠶ᠎ᠡ ᠪᠠᠨ ᠳᠠᠭᠠᠭᠠᠵᠤ ᠡᠵᠡᠨ ᠮᠡᠳᠡᠬᠦ ᠵᠣᠷᠢᠭ ᠰᠠᠨᠠᠭ᠎ᠠ ᠶᠢ ᠪᠠᠳᠠᠷᠠᠭᠤᠯᠬᠤ ᠶᠢ ᠪᠠᠷᠢᠮᠲᠠᠯᠠᠵᠤ᠂ ᠡᠩᠬᠡ ᠲᠠᠶᠢᠪᠤᠩ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠡᠯᠡᠬᠡᠢ ᠶᠢᠨ ᠲᠣᠭᠲᠠᠭᠤᠨ ᠪᠠ ᠴᠡᠴᠡᠭᠯᠡᠯ ᠬᠥᠭᠵᠢᠯ ᠢ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ᠡᠷᠬᠡᠪᠰᠢ ᠰᠢᠰᠲ᠋ᠧᠮᠳᠤ ᠦᠵᠡᠯᠲᠡ ᠶᠢ ᠪᠤᠢ ᠪᠤᠯᠭᠠᠵᠤ᠂ ᠵᠥᠪ ᠲᠡᠦᠬᠡ ᠶᠢᠨ ᠦᠵᠡᠯᠲᠡ᠂ ᠶᠡᠭᠡ ᠲᠠᠯ᠎ᠠ ᠶᠢᠨ ᠦᠵᠡᠯᠲᠡ ᠪᠠᠷ ᠶᠡᠭᠡ ᠬᠠᠨᠳᠤᠰᠢ ᠶᠢ ᠡᠵᠡᠮᠳᠡᠵᠦ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠰᠠᠨᠠᠭᠠᠴᠢᠯᠠᠭ᠎ᠠ ᠶᠢ ᠡᠵᠡᠮᠳᠡᠬᠦ ᠬᠡᠷᠡᠭᠲᠡᠢ᠃ ᠡᠷᠬᠡᠪᠰᠢ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠰᠢᠯᠢᠳᠡᠭ ᠤᠯᠠᠮᠵᠢᠯᠠᠯ ᠪᠠ ᠦᠨᠳᠦᠰᠦᠨ ᠴᠢᠭᠯᠡᠯ ᠢ ᠪᠠᠲᠤ ᠰᠠᠬᠢᠬᠤ ᠶᠢᠨ ᠬᠠᠮᠲᠤ ᠵᠠᠮ ᠨᠡᠭᠡᠭᠡᠨ ᠤᠷᠤᠭᠰᠢᠯᠠᠵᠤ᠂ ᠤᠨᠤᠯ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ᠃ ᠡᠷᠬᠡᠪᠰᠢ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠯᠢᠪᠠ ᠬᠦᠴᠦᠷᠬᠡᠭᠯᠡᠯ ᠤᠨ ᠤᠯᠤᠰ ᠲᠦᠷᠦ ᠪᠠ ᠪᠠᠯᠠᠮᠠᠳ ᠠᠵᠢᠯᠯᠠᠭ᠎ᠠ ᠶᠢ ᠡᠷᠡᠰ ᠡᠰᠡᠷᠭᠦᠴᠡᠵᠦ᠂ ᠤᠯᠤᠰ ᠤᠨ ᠠᠰᠢᠭ ᠲᠤᠰᠠ ᠪᠠ ᠦᠨᠳᠦᠰᠦᠲᠡᠨ ᠤ ᠨᠡᠷ᠎ᠡ ᠬᠦᠨᠳᠦ ᠶᠢ ᠬᠦᠴᠦᠲᠡᠢ ᠬᠠᠮᠠᠭᠠᠯᠠᠬᠤ ᠬᠡᠷᠡᠭᠲᠡᠢ᠃ ᠡᠷᠬᠡᠪᠰᠢ ᠪᠠᠶᠢᠭᠤᠯᠤᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠠᠮᠵᠢᠯᠴᠠᠨ᠂ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃
ᠬᠤᠷᠠᠯ ᠠᠴᠠ᠂ ᠳᠡᠯᠡᠬᠡᠢ ᠶᠢᠨ ᠶᠡᠭᠡ ᠬᠤᠪᠢᠰᠤᠯᠲᠠ ᠲᠦᠷᠭᠡᠨ ᠬᠤᠪᠢᠷᠠᠵᠤ᠂ ᠳᠡᠯᠡᠬᠡᠢ ᠶᠢᠨ ᠬᠤᠪᠢᠷᠠᠯᠲᠠ᠂ ᠴᠠᠭ ᠦᠶ᠎ᠡ ᠶᠢᠨ ᠬᠤᠪᠢᠷᠠᠯᠲᠠ᠂ ᠲᠡᠦᠬᠡ ᠶᠢᠨ ᠬᠤᠪᠢᠷᠠᠯᠲᠠ ᠤᠷᠢᠳ ᠡᠮᠦᠨ᠎ᠡ ᠪᠠᠶᠢᠭ᠎ᠠ ᠦᠭᠡᠢ ᠭᠡᠯᠪᠡᠷᠢ ᠪᠠᠷ ᠥᠷᠨᠢᠵᠦ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠬᠤᠭᠤᠴᠠᠭᠠᠨ ᠳᠤ ᠣᠷᠣᠪᠠ᠂ ᠭᠡᠪᠡᠴᠦ ᠬᠥᠮᠥᠨ ᠲᠥᠷᠥᠯᠬᠢᠲᠡᠨ ᠤ ᠬᠥᠭᠵᠢᠯᠲᠡ ᠲᠠᠪᠰᠢᠯᠳᠠ ᠶᠢᠨ ᠶᠡᠭᠡ ᠴᠢᠭᠯᠡᠯ ᠬᠤᠪᠢᠷᠠᠬᠤ ᠦᠭᠡᠢ᠂ ᠳᠡᠯᠡᠬᠡᠢ ᠶᠢᠨ ᠲᠡᠦᠬᠡ ᠶᠢᠨ ᠮᠤᠷᠤᠢ ᠰᠠᠷᠤᠢ ᠪᠠᠷ ᠤᠷᠤᠭᠰᠢᠯᠠᠬᠤ ᠶᠡᠭᠡ ᠯᠣᠭᠢᠭ ᠬᠤᠪᠢᠷᠠᠬᠤ ᠦᠭᠡᠢ᠂ ᠳᠡᠯᠡᠬᠡᠢ ᠨᠡᠶᠢᠲᠡ ᠶᠢᠨ ᠬᠤᠪᠢ ᠵᠠᠶᠠᠭ᠎ᠠ ᠪᠠᠨ ᠬᠠᠮᠲᠤᠳᠬᠠᠬᠤ ᠶᠡᠭᠡ ᠬᠠᠨᠳᠤᠰᠢ ᠬᠤᠪᠢᠷᠠᠬᠤ ᠦᠭᠡᠢ ᠶᠤᠮ᠂ ᠡᠭᠦᠨ ᠳᠤ ᠪᠢᠳᠡ ᠭᠦᠢᠴᠡᠳ ᠲᠡᠦᠬᠡ ᠶᠢᠨ ᠢᠲᠡᠭᠡᠯ ᠲᠠᠢ ᠪᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠢᠷᠡᠭᠡᠳᠦᠢ ᠪᠠᠨ ᠪᠠᠷᠠᠯᠠᠬᠤᠶ᠎ᠠ ᠮᠠᠨ ᠤ ᠤᠯᠤᠰ ᠤᠨ ᠬᠥᠭᠵᠢᠯᠲᠡ ᠳᠤ ᠰᠢᠨ᠎ᠡ ᠪᠠᠶᠢᠯᠳᠤᠬᠤ ᠪᠣᠳᠣᠯᠭ᠎ᠠ ᠶᠢᠨ ᠠᠵᠠ ᠲᠣᠭᠢᠶᠠᠯ ᠲᠤᠯᠭᠠᠷᠠᠵᠤ ᠪᠠᠶᠢᠨ᠎ᠠ᠃ ᠰᠢᠨ᠎ᠡ ᠠᠶᠠᠨ ᠳᠤ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭ᠎ᠠ ᠨᠡᠩ ᠶᠡᠭᠡ ᠵᠢᠳᠬᠦᠯ ᠴᠢᠷᠮᠠᠶᠢᠯᠭ᠎ᠠ ᠲᠠᠢ ᠰᠢᠨ᠎ᠡ ᠳᠤ ᠣᠷᠣᠬᠤ ᠪᠣᠯᠣᠨ᠎ᠠ᠃ ᠨᠠᠮ ᠪᠣᠯᠣᠨ ᠤᠯᠤᠰ ᠤᠨ ᠭᠤᠣᠯ ᠡᠭᠦᠷᠭᠡ ᠶᠢᠨ ᠲᠣᠭᠤᠷᠢᠨ ᠳᠤ ᠲᠣᠭᠲᠠᠭᠤᠨ ᠤ ᠳᠤᠮᠳᠠ ᠤᠷᠤᠭᠰᠢᠯᠠᠨ ᠳᠠᠪᠰᠢᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠤᠯᠤᠰ ᠤᠨ ᠡᠷᠬᠡ ᠮᠡᠳᠡᠯ᠂ ᠠᠮᠤᠷ ᠲᠦᠪᠰᠢᠨ᠂ ᠬᠥᠭᠵᠢᠯᠲᠡ ᠶᠢᠨ ᠠᠰᠢᠭ ᠲᠤᠰᠠ ᠶᠢ ᠡᠷᠡᠰ ᠬᠠᠮᠠᠭᠠᠯᠠᠵᠤ᠂ ᠳᠤᠮᠳᠠᠳᠤ ᠤᠯᠤᠰ ᠤᠨ ᠭᠠᠳᠠᠭᠠᠳᠤ ᠬᠠᠷᠢᠯᠴᠠᠭᠠᠨ ᠤ ᠤᠨᠤᠯ ᠪᠣᠯᠣᠨ ᠦᠢᠯᠡᠳᠦᠯᠭᠡ ᠶᠢᠨ ᠰᠢᠨ᠎ᠡ ᠠᠬᠤᠢ ᠪᠠᠶᠢᠳᠠᠯ ᠢ ᠨᠡᠭᠡᠭᠡᠵᠦ᠂ ᠮᠠᠨ ᠤ ᠤᠯᠤᠰ ᠪᠣᠯᠣᠨ ᠳᠡᠯᠡᠬᠡᠢ ᠶᠢᠨ ᠬᠠᠷᠢᠯᠴᠠᠭᠠᠨ ᠤ ᠰᠢᠨ᠎ᠡ ᠪᠠᠶᠢᠷᠢᠰᠢᠯ ᠢ ᠴᠣᠭᠴᠠᠯᠠᠵᠤ᠂ ᠮᠠᠨ ᠤ ᠤᠯᠤᠰ ᠤᠨ ᠳᠡᠯᠡᠬᠡᠢ ᠳᠡᠭᠡᠷᠡᠬᠢ ᠨᠥᠯᠥᠭᠡᠯᠡᠬᠦ ᠬᠦᠴᠦᠨ᠂ ᠤᠷᠢᠶᠠᠯᠠᠬᠤ ᠬᠦᠴᠦᠨ᠂ ᠴᠣᠭᠴᠠᠯᠠᠬᠤ ᠬᠦᠴᠦᠨ ᠢ ᠰᠢᠨ᠎ᠡ ᠥᠨᠳᠥᠷᠴᠡ ᠳᠤ ᠬᠦᠷᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠨᠡᠩ ᠠᠰᠢᠭᠲᠠᠢ ᠳᠡᠯᠡᠬᠡᠢ ᠶᠢᠨ ᠣᠷᠴᠢᠨ ᠲᠣᠭᠤᠷᠢᠨ ᠢ ᠪᠤᠢ ᠪᠤᠯᠭᠠᠬᠤ ᠳᠤ ᠨᠡᠩ ᠪᠠᠲᠤ ᠴᠢᠩᠭ᠎ᠠ ᠪᠠᠶᠢᠯᠳᠤᠬᠤ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠦᠵᠡᠪᠡ᠃
ᠬᠤᠷᠠᠯ ᠠᠴᠠ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭᠠᠨ ᠤ ᠭᠤᠣᠯ ᠣᠶᠢᠯᠠᠭᠠᠭᠳᠠᠬᠤᠨ ᠮᠥᠨ᠂ ᠪᠢᠳᠡᠨ ᠤ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠶᠠᠮᠠᠷ ᠶᠠᠩᠵᠤ ᠶᠢᠨ ᠳᠡᠯᠡᠬᠡᠢ ᠶᠢᠷᠲᠢᠨᠴᠦ ᠶᠢ ᠪᠦᠲᠦᠭᠡᠨ ᠪᠠᠶᠢᠭᠤᠯᠬᠤ᠂ ᠡᠨᠡ ᠬᠦ ᠳᠡᠯᠡᠬᠡᠢ ᠶᠢᠷᠲᠢᠨᠴᠦ ᠶᠢ ᠬᠡᠷᠬᠢᠨ ᠪᠦᠲᠦᠭᠡᠨ ᠪᠠᠶᠢᠭᠤᠯᠬᠤ ᠲᠤᠬᠠᠢ ᠭᠠᠷᠭᠠᠭᠰᠠᠨ ᠳᠤᠮᠳᠠᠳᠤ ᠤᠯᠤᠰ ᠤᠨ ᠲᠥᠰᠥᠯ ᠮᠥᠨ᠂ ᠡᠨᠡ ᠨᠢ ᠳᠤᠮᠳᠠᠳᠤ ᠤᠯᠤᠰ ᠤᠨ ᠡᠪ ᠬᠠᠮᠲᠤᠴᠤᠳ ᠤᠨ ᠶᠢᠷᠲᠢᠨᠴᠦ ᠶᠢᠨ ᠦᠵᠡᠯᠲᠡ᠂ ᠡᠮᠬᠢ ᠵᠢᠷᠤᠮ ᠤᠨ ᠦᠵᠡᠯᠲᠡ᠂ ᠥᠷᠲᠡᠭ ᠤᠨ ᠦᠵᠡᠯᠲᠡ ᠶᠢ ᠢᠯᠡᠷᠡᠭᠦᠯᠵᠦ᠂ ᠡᠯ᠎ᠡ ᠤᠯᠤᠰ ᠤᠨ ᠠᠷᠠᠳ ᠲᠦᠮᠡᠨ ᠤ ᠨᠡᠶᠢᠳᠡᠮ ᠤᠨ ᠬᠦᠰᠡᠯ ᠡᠷᠡᠮᠡᠯᠵᠡᠯ ᠳᠤ ᠨᠡᠶᠢᠴᠡᠵᠦ᠂ ᠳᠡᠯᠡᠬᠡᠢ ᠶᠢᠨ ᠪᠣᠯᠪᠠᠰᠤᠨ ᠤ ᠳᠠᠪᠰᠢᠯᠲᠠ ᠶᠢᠨ ᠴᠢᠭᠯᠡᠯ ᠢ ᠲᠣᠳᠣᠷᠬᠠᠢ ᠵᠢᠭᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭᠠᠨ ᠤ ᠬᠥᠭᠡᠭᠡᠴᠡᠯᠳᠦᠵᠦ ᠪᠠᠶᠢᠭ᠎ᠠ ᠡᠷᠬᠢᠮ ᠳᠡᠭᠡᠳᠦ ᠬᠠᠷᠠᠯᠲᠠ ᠮᠥᠨ᠃ ᠰᠢᠨ᠎ᠡ ᠴᠠᠭ ᠦᠶ᠎ᠡ ᠠᠴᠠ ᠨᠠᠭᠠᠰᠢ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠨᠢ ᠳᠤᠮᠳᠠᠳᠤ ᠤᠯᠤᠰ ᠤᠨ ᠰᠠᠨᠠᠭᠠᠴᠢᠯᠠᠭ᠎ᠠ ᠠᠴᠠ ᠤᠯᠠᠨ ᠤᠯᠤᠰ ᠤᠨ ᠬᠠᠮᠲᠤ ᠶᠢᠨ ᠲᠠᠨᠢᠯᠲᠠ ᠲᠡᠶᠢᠰᠢ ᠥᠷᠭᠡᠳᠴᠦ᠂ ᠰᠠᠶᠢᠨ ᠰᠠᠶᠢᠬᠠᠨ ᠬᠦᠰᠡᠯ ᠡᠷᠡᠮᠡᠯᠵᠡᠯ ᠠᠴᠠ ᠡᠯᠪᠡᠭ ᠪᠠᠶᠠᠯᠢᠭ ᠦᠢᠯᠡᠳᠦᠯᠭᠡ ᠲᠡᠶᠢᠰᠢ ᠬᠤᠪᠢᠷᠠᠵᠤ᠂ ᠣᠶᠢᠯᠠᠭᠠᠭᠳᠠᠬᠤᠨ ᠵᠣᠷᠢᠯᠲᠠ ᠠᠴᠠ ᠰᠢᠨᠵᠢᠯᠡᠬᠦ ᠤᠬᠠᠭᠠᠨᠴᠢ ᠲᠡᠶᠢᠰᠢ ᠬᠥᠭᠵᠢᠵᠦ᠂ ᠴᠠᠭ ᠦᠶ᠎ᠡ ᠶᠢᠨ ᠤᠷᠤᠭᠰᠢᠯᠠᠯᠲᠠ ᠶᠢ ᠬᠥᠲᠥᠯᠥᠨ ᠳᠠᠭᠠᠭᠤᠯᠬᠤ ᠭᠡᠷᠡᠯ ᠰᠠᠴᠤᠷᠠᠩᠭᠤᠢ ᠲᠤᠭ ᠲᠡᠮᠳᠡᠭ ᠪᠣᠯᠵᠠᠢ᠃ ᠪᠠᠭᠴᠠᠯᠠᠭᠠᠳ ᠬᠡᠯᠡᠪᠡᠯ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠣᠯ ᠥᠨᠢ ᠤᠳᠠᠭᠠᠨ ᠤ ᠡᠩᠬᠡ ᠲᠠᠶᠢᠪᠤᠩ᠂ ᠨᠡᠶᠢᠳᠡᠮ ᠤᠨ ᠠᠮᠤᠷ ᠲᠦᠪᠰᠢᠨ᠂ ᠬᠠᠮᠲᠤ ᠪᠠᠷ ᠴᠡᠴᠡᠭᠯᠡᠨ ᠬᠥᠭᠵᠢᠬᠦ᠂ ᠨᠡᠭᠡᠭᠡᠯᠲᠡᠲᠡᠢ ᠪᠠᠭᠲᠠᠭᠠᠮᠵᠢᠲᠠᠢ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠳᠡᠯᠡᠬᠡᠢ ᠶᠢᠷᠲᠢᠨᠴᠦ ᠶᠢ ᠪᠠᠶᠢᠭᠤᠯᠬᠤ ᠪᠠᠷ ᠴᠢᠷᠮᠠᠶᠢᠬᠤ ᠬᠠᠷᠠᠯᠲᠠ ᠪᠠᠨ ᠪᠤᠯᠭᠠᠵᠤ᠂ ᠬᠠᠮᠲᠤ ᠪᠠᠷ ᠵᠥᠪᠳᠡᠬᠦ ᠬᠠᠮᠲᠤ ᠪᠠᠷ ᠪᠠᠶᠢᠭᠤᠯᠬᠤ ᠬᠠᠮᠲᠤ ᠪᠠᠷ ᠡᠳ᠋ᠯᠡᠬᠦ ᠪᠦᠭᠦ ᠪᠥᠮᠪᠥᠷᠴᠡᠭ ᠤᠨ ᠵᠠᠰᠠᠯᠲᠠ ᠶᠢ ᠠᠬᠢᠭᠤᠯᠬᠤ ᠪᠠᠷ ᠠᠷᠭ᠎ᠠ ᠵᠠᠮ ᠪᠤᠯᠭᠠᠵᠤ᠂ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠲᠡᠭ ᠢ ᠦᠢᠯᠡᠳᠦᠯᠭᠡᠵᠢᠭᠦᠯᠬᠦ ᠪᠠᠷ ᠲᠦᠭᠡᠮᠡᠯ ᠵᠢᠷᠤᠮᠯᠠᠯ ᠪᠤᠯᠭᠠᠵᠤ᠂ ᠰᠢᠨ᠎ᠡ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠪᠠᠶᠢᠭᠤᠯᠬᠤ ᠪᠠᠷ ᠦᠨᠳᠦᠰᠦᠨ ᠲᠤᠯᠭᠠᠭᠤᠷᠢᠯᠠᠯ ᠪᠤᠯᠭᠠᠵᠤ᠂ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠭᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠨᠠᠶᠢᠳᠠᠪᠤᠷᠢᠵᠢᠭᠤᠯᠬᠤ ᠪᠠᠷ ᠪᠠᠶᠢᠯᠳᠤᠬᠤ ᠪᠣᠳᠣᠯᠭ᠎ᠠ ᠶᠢᠨ ᠵᠢᠯᠣᠭᠤᠳᠤᠮᠵᠢ ᠪᠤᠯᠭᠠᠵᠤ᠂ 《ᠨᠢᠭᠡ ᠪᠦᠰᠡ ᠨᠢᠭᠡ ᠵᠠᠮ》 ᠢ ᠴᠢᠨᠠᠷ ᠰᠠᠶᠢᠲᠠᠢ ᠬᠠᠮᠲᠤ ᠪᠠᠷ ᠪᠦᠲᠦᠭᠡᠨ ᠪᠠᠶᠢᠭᠤᠯᠬᠤ ᠪᠠᠷ ᠦᠢᠯᠡᠳᠦᠯᠭᠡ ᠶᠢᠨ ᠲᠠᠪᠴᠠᠩ ᠪᠤᠯᠭᠠᠵᠤ᠂ ᠡᠯ᠎ᠡ ᠤᠯᠤᠰ ᠤᠨ ᠭᠠᠷ ᠬᠤᠯᠪᠣᠨ ᠥᠷᠢᠰᠦᠯᠳᠦᠭᠡᠨ ᠢ ᠂ ᠬᠠᠮᠲᠤ ᠶᠢᠨ ᠴᠡᠴᠡᠭᠯᠡᠯ ᠬᠥᠭᠵᠢᠯ ᠢ ᠪᠡᠶᠡᠯᠡᠭᠦᠯᠬᠦ ᠶᠢ ᠠᠬᠢᠭᠤᠯᠵᠤ᠂ ᠳᠡᠯᠡᠬᠡᠢ ᠶᠢᠨ ᠡᠩᠬᠡ ᠲᠠᠶᠢᠪᠤᠩ᠂ ᠠᠮᠤᠷ ᠲᠦᠪᠰᠢᠨ᠂ ᠴᠡᠴᠡᠭᠯᠡᠨ ᠬᠥᠭᠵᠢᠭᠰᠡᠨ᠂ ᠳᠠᠪᠰᠢᠯᠳᠠ ᠲᠠᠢ ᠭᠡᠭᠡᠨ ᠰᠠᠷᠠᠭᠤᠯ ᠢᠷᠡᠭᠡᠳᠦᠢ ᠲᠡᠶᠢᠰᠢ ᠵᠠᠮᠨᠠᠬᠤ ᠶᠢ ᠠᠬᠢᠭᠤᠯᠬᠤ ᠶᠠᠪᠤᠳᠠᠯ ᠪᠣᠯᠣᠨ᠎ᠠ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠣᠳᠣᠬᠠᠨ ᠤ ᠳᠡᠯᠡᠬᠡᠢ ᠶᠢᠷᠲᠢᠨᠴᠦ ᠳᠤ ᠲᠤᠯᠭᠠᠷᠠᠵᠤ ᠪᠠᠶᠢᠭ᠎ᠠ ᠠᠯᠢ ᠣᠯᠠᠨ ᠴᠢᠬᠤᠯᠠ ᠶᠡᠭᠡ ᠠᠰᠠᠭᠤᠳᠠᠯ ᠴᠢᠬᠤᠯᠠ ᠶᠡᠭᠡ ᠥᠷᠢᠰᠦᠯᠳᠦᠭᠡᠨ ᠳᠤ ᠴᠢᠭᠯᠡᠭᠦᠯᠦᠨ᠂ ᠪᠢᠳᠡ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠣᠯᠠᠨ ᠲᠤᠶᠢᠯᠰᠢᠷᠠᠯᠲᠠ ᠪᠠ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠶᠢ ᠰᠠᠨᠠᠭᠠᠴᠢᠯᠠᠨ᠎ᠠ᠃ ᠡᠷᠬᠡ ᠲᠡᠭᠰᠢ ᠡᠮᠬᠢ ᠵᠢᠷᠤᠮ ᠲᠠᠢ ᠳᠡᠯᠡᠬᠡᠢ ᠶᠢᠨ ᠤᠯᠠᠨ ᠲᠤᠶᠢᠯᠰᠢᠷᠠᠯᠲᠠ ᠪᠣᠯ ᠳᠠᠷᠤᠢ ᠶᠡᠭᠡ ᠪᠠᠭ᠎ᠠ ᠤᠯᠤᠰ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠵᠡᠷᠬᠡᠬᠦ ᠦᠵᠡᠯ ᠪᠠ ᠬᠦᠴᠦᠷᠬᠡᠭᠯᠡᠯ ᠤᠨ ᠤᠯᠤᠰ ᠲᠦᠷᠦ ᠶᠢ ᠡᠰᠡᠷᠭᠦᠴᠡᠵᠦ᠂ ᠤᠯᠠᠨ ᠤᠯᠤᠰ ᠤᠨ ᠬᠠᠷᠢᠯᠴᠠᠭᠠᠨ ᠤ ᠠᠷᠠᠳᠴᠢᠯᠠᠯᠲᠠ ᠶᠢ ᠦᠨᠡᠨ ᠬᠦ ᠠᠬᠢᠭᠤᠯᠬᠤ ᠶᠠᠪᠤᠳᠠᠯ ᠪᠣᠯᠣᠨ᠎ᠠ᠃ ᠤᠯᠠᠨ ᠲᠤᠶᠢᠯᠰᠢᠷᠠᠯᠲᠠ ᠶᠢᠨ ᠠᠬᠢᠴᠠ ᠶᠢᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠪᠠ ᠪᠦᠲᠦᠭᠡᠯᠴᠢ ᠴᠢᠨᠠᠷ ᠲᠠᠢ ᠪᠠᠶᠢᠬᠤ ᠶᠢ ᠦᠨᠡᠨ ᠬᠦ ᠪᠠᠲᠤᠯᠠᠬᠤ ᠳᠤ ᠡᠷᠬᠡᠪᠰᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠵᠣᠷᠢᠯᠲᠠ ᠪᠠ ᠵᠠᠷᠴᠢᠮ ᠢ ᠬᠠᠮᠲᠤ ᠪᠠᠷ ᠬᠢᠴᠢᠶᠡᠩᠭᠦᠶᠢᠯᠡᠨ ᠵᠢᠷᠤᠮᠯᠠᠵᠤ᠂ ᠨᠡᠶᠢᠳᠡᠮ ᠢᠶᠠᠷ ᠢᠶᠠᠨ ᠮᠡᠳᠡᠷᠡᠨ ᠵᠥᠪᠰᠢᠶᠡᠷᠡᠳᠡᠭ ᠤᠯᠠᠨ ᠤᠯᠤᠰ ᠤᠨ ᠬᠠᠷᠢᠯᠴᠠᠭᠠᠨ ᠤ ᠦᠨᠳᠦᠰᠦᠨ ᠪᠠᠷᠢᠮᠵᠢᠶ᠎ᠠ ᠶᠢ ᠬᠠᠮᠲᠤ ᠪᠠᠷ ᠪᠠᠷᠢᠮᠲᠠᠯᠠᠨ᠂ ᠵᠢᠩᠬᠢᠨᠢ ᠤᠯᠠᠨ ᠲᠠᠯᠠᠲᠤ ᠦᠵᠡᠯ ᠢ ᠦᠢᠯᠡᠳᠦᠯᠭᠡᠵᠢᠭᠦᠯᠬᠦ ᠬᠡᠷᠡᠭᠲᠡᠢ᠃ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ ᠠᠬᠤᠢ ᠶᠢᠨ ᠳᠡᠯᠡᠬᠡᠶᠢᠵᠢᠯᠲᠡ ᠪᠣᠯ ᠳᠠᠷᠤᠢ ᠡᠯ᠎ᠡ ᠤᠯᠤᠰ ᠢᠯᠠᠩᠭᠤᠶ᠎ᠠ ᠬᠥᠭᠵᠢᠵᠦ ᠪᠠᠶᠢᠭ᠎ᠠ ᠤᠯᠤᠰ ᠤᠳ ᠤᠨ ᠨᠡᠶᠢᠳᠡᠮ ᠤᠨ ᠱᠠᠭᠠᠷᠳᠠᠯᠭ᠎ᠠ ᠳᠤ ᠵᠣᠬᠢᠴᠠᠵᠤ᠂ ᠡᠬᠢ ᠪᠠᠶᠠᠯᠢᠭ ᠤᠨ ᠪᠦᠭᠦ ᠪᠥᠮᠪᠥᠷᠴᠡᠭ ᠤᠨ ᠲᠣᠬᠢᠷᠠᠭᠤᠯᠤᠯᠲᠠ ᠠᠴᠠ ᠪᠣᠯᠤᠭᠰᠠᠨ ᠤᠯᠤᠰ ᠤᠳ ᠤᠨ ᠬᠤᠭᠤᠷᠣᠨᠳᠣᠭᠢ ᠪᠠ ᠡᠯ᠎ᠡ ᠤᠯᠤᠰ ᠤᠨ ᠳᠣᠲᠣᠭᠠᠳᠤ ᠶᠢᠨ ᠬᠥᠭᠵᠢᠯᠲᠡ ᠲᠡᠩᠴᠡᠭᠦᠷᠢ ᠪᠠᠨ ᠠᠯᠳᠠᠭᠰᠠᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠠᠪᠤᠳᠠᠯ ᠪᠣᠯᠣᠨ᠎ᠠ᠃ ᠰᠥᠷᠭᠡᠦ ᠳᠡᠯᠡᠬᠡᠶᠢᠵᠢᠯᠲᠡ᠂ ᠨᠠᠷᠮᠠᠢ ᠠᠮᠤᠷ ᠲᠦᠪᠰᠢᠨᠵᠢᠯᠳᠠ ᠶᠢ ᠡᠷᠡᠰ ᠡᠰᠡᠷᠭᠦᠴᠡᠵᠦ᠂ ᠡᠯ᠎ᠡ ᠵᠦᠢᠯ ᠤᠨ ᠭᠡᠯᠪᠡᠷᠢ ᠶᠢᠨ ᠭᠠᠭᠴᠠ ᠲᠠᠯᠠᠲᠤ ᠦᠵᠡᠯ᠂ ᠬᠠᠮᠠᠭᠠᠯᠠᠬᠤ ᠦᠵᠡᠯ ᠢ ᠡᠰᠡᠷᠭᠦᠴᠡᠵᠦ᠂ ᠠᠷᠠᠯᠵᠢᠶ᠎ᠠ ᠪᠣᠯᠣᠨ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠭᠦᠮᠵᠢᠯᠲᠡ ᠶᠢ ᠡᠷᠡᠰ ᠠᠬᠢᠭᠤᠯᠵᠤ᠂ ᠳᠡᠯᠡᠬᠡᠢ ᠶᠢᠨ ᠠᠵᠤ ᠠᠬᠤᠢ ᠶᠢᠨ ᠡᠷᠡᠭᠦᠯ ᠬᠥᠭᠵᠢᠯᠲᠡ ᠶᠢ ᠬᠠᠷᠰᠢᠯᠠᠵᠤ ᠪᠠᠶᠢᠭ᠎ᠠ ᠪᠦᠲᠦᠴᠡ ᠶᠢᠨ ᠴᠢᠨᠠᠷᠲᠠᠢ ᠬᠦᠴᠢᠷ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠢ ᠶᠢᠨ ᠳᠡᠯᠡᠬᠡᠶᠢᠵᠢᠯᠲᠡ ᠶᠢᠨ ᠨᠡᠩ ᠨᠡᠭᠡᠭᠡᠯᠲᠡᠲᠡᠢ᠂ ᠪᠠᠭᠲᠠᠭᠠᠮᠵᠢᠲᠠᠢ᠂ ᠲᠦᠭᠡᠮᠡᠯ ᠠᠰᠢᠭ ᠬᠦᠷᠲᠡᠭᠡᠬᠦ᠂ ᠲᠡᠩᠴᠡᠭᠦᠷᠢᠲᠡᠢ ᠴᠢᠭᠯᠡᠯ ᠲᠡᠶᠢᠰᠢ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠣᠳᠣᠬᠠᠨ ᠪᠠ ᠬᠤᠶᠢᠰᠢᠳᠠ ᠶᠢᠨ ᠬᠡᠰᠡᠭ ᠬᠤᠭᠤᠴᠠᠭᠠᠨ ᠳᠤ ᠭᠠᠳᠠᠭᠠᠳᠤ ᠬᠠᠷᠢᠯᠴᠠᠭᠠᠨ ᠤ ᠠᠵᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠭᠠᠳᠠᠭᠠᠳᠤ ᠬᠠᠷᠢᠯᠴᠠᠭᠠᠨ ᠤ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠠᠷᠠᠯᠲᠠ ᠡᠭᠦᠷᠭᠡ ᠪᠠᠷ ᠪᠠᠷᠢᠮᠵᠢᠶᠠᠯᠠᠵᠤ᠂ ᠪᠡᠶ᠎ᠡ ᠳᠡᠭᠡᠨ ᠢᠲᠡᠭᠡᠯ ᠲᠠᠢ ᠪᠡᠶ᠎ᠡ ᠪᠠᠨ ᠳᠠᠭᠠᠭᠠᠬᠤ᠂ ᠨᠡᠭᠡᠭᠡᠯᠲᠡᠲᠡᠢ ᠪᠠᠭᠲᠠᠭᠠᠮᠵᠢᠲᠠᠢ᠂ ᠲᠥᠪ ᠭᠤᠣᠯᠴᠢ ᠰᠢᠳᠤᠷᠭᠤ ᠴᠢᠬᠡᠴᠢ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠲᠡᠭᠦ ᠴᠢᠭᠯᠡᠯᠲᠡ ᠵᠠᠷᠴᠢᠮ ᠢ ᠪᠠᠷᠢᠮᠲᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠶᠢ ᠠᠬᠢᠭᠤᠯᠬᠤ ᠡᠨᠡ ᠬᠦ ᠭᠤᠣᠯ ᠰᠢᠵᠢᠮ ᠤᠨ ᠲᠣᠭᠤᠷᠢᠨ ᠳᠤ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭᠠᠳᠬᠠᠵᠤ᠂ ᠭᠠᠳᠠᠭᠠᠳᠤ ᠬᠠᠷᠢᠯᠴᠠᠭᠠᠨ ᠤ ᠪᠠᠶᠢᠷᠢᠯᠠᠭᠤᠯᠤᠯᠲᠠ ᠶᠢ ᠭᠦᠨᠵᠡᠭᠡᠶᠢᠷᠡᠭᠦᠯᠦᠨ ᠲᠡᠭᠦᠯᠳᠡᠷᠵᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠵᠤ᠂ ᠰᠢᠰᠲ᠋ᠧᠮ ᠤᠨ ᠰᠡᠳᠬᠢᠬᠦᠢ ᠶᠢ ᠬᠡᠷᠡᠭᠯᠡᠵᠦ᠂ ᠨᠡᠩ ᠢᠯᠡᠭᠦᠦ ᠪᠡᠶᠡᠲᠦ ᠪᠠᠷ᠂ ᠶᠡᠷᠦᠩᠬᠡᠢ ᠳᠤᠨᠢ ᠭᠠᠳᠠᠭᠠᠳᠤ ᠬᠠᠷᠢᠯᠴᠠᠭᠠᠨ ᠤ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠲᠣᠳᠣᠷᠬᠠᠶᠢᠯᠠᠵᠤ᠂ ᠨᠠᠩ ᠢᠳᠡᠪᠬᠢᠲᠡᠢ ᠰᠠᠨᠠᠭᠠᠴᠢᠯᠠᠭ᠎ᠠ ᠲᠠᠢ ᠲᠡᠦᠬᠡᠲᠦ ᠡᠭᠦᠷᠭᠡᠯᠡᠯ ᠢᠶᠠᠷ᠂ ᠨᠠᠩ ᠠᠮᠢᠵᠢᠷᠠᠯ ᠤᠨ ᠬᠦᠴᠦᠨ ᠲᠠᠢ ᠡᠭᠦᠳᠦᠨ ᠪᠦᠲᠦᠭᠡᠬᠦ ᠵᠣᠷᠢᠭ ᠰᠠᠨᠠᠭ᠎ᠠ ᠪᠠᠷ᠂ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭᠠᠨ ᠤ ᠰᠢᠨ᠎ᠡ ᠪᠠᠶᠢᠳᠠᠯ ᠢ ᠡᠭᠦᠳᠦᠨ ᠨᠡᠭᠡᠭᠡᠬᠦ ᠬᠡᠷᠡᠭᠲᠡᠢ ᠭᠡᠵᠦ ᠱᠠᠭᠠᠷᠳᠠᠪᠠ᠃
ᠬᠤᠷᠠᠯ ᠠᠴᠠ᠂ ᠭᠠᠳᠠᠭᠠᠳᠤ ᠬᠠᠷᠢᠯᠴᠠᠭᠠᠨ ᠤ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠪᠣᠯ ᠰᠢᠨ᠎ᠡ ᠠᠶᠠᠨ ᠳᠤ ᠳᠤᠮᠳᠠᠳᠤ ᠤᠯᠤᠰ ᠤᠨ ᠣᠨᠴᠠᠯᠢᠭ ᠲᠠᠢ ᠲᠣᠮᠣ ᠤᠯᠤᠰ ᠤᠨ ᠭᠠᠳᠠᠭᠠᠳᠤ ᠬᠠᠷᠢᠯᠴᠠᠭᠠᠨ ᠤ ᠰᠢᠨ᠎ᠡ ᠪᠠᠶᠢᠳᠠᠯ ᠢ ᠡᠭᠦᠳᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠨᠡᠩ ᠰᠠᠶᠢᠲᠤᠷ ᠲᠤᠯᠭᠠᠭᠤᠷᠢᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠃ ᠦᠵᠡᠯ ᠰᠠᠨᠠᠭ᠎ᠠ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠵᠤ᠂ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠠᠳᠠᠭᠠᠳᠤ ᠬᠠᠷᠢᠯᠴᠠᠭᠠᠨ ᠤ ᠡᠩᠨᠡᠭᠡᠨ ᠤ ᠪᠠᠶᠢᠭᠤᠯᠤᠯᠲᠠ ᠶᠢ ᠠᠬᠢᠭᠤᠯᠵᠤ᠂ ᠭᠠᠳᠠᠭᠠᠳᠤ ᠬᠠᠷᠢᠯᠴᠠᠭᠠᠨ ᠤ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠤᠷᠢᠳᠴᠢᠯᠠᠨ ᠮᠡᠳᠡᠬᠦ ᠴᠢᠨᠠᠷ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ ᠢ ᠲᠠᠰᠤᠷᠠᠯᠳᠠ ᠦᠭᠡᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠡᠷᠬᠡᠪᠰᠢ ᠭᠠᠳᠠᠭᠠᠳᠤ ᠬᠠᠷᠢᠯᠴᠠᠭᠠᠨ ᠤ ᠶᠡᠭᠡ ᠡᠷᠬᠡ ᠨᠠᠮ ᠤᠨ ᠲᠥᠪ ᠬᠤᠷᠢᠶ᠎ᠠ ᠳᠤ ᠪᠠᠶᠢᠬᠤ ᠶᠢ ᠡᠷᠡᠰ ᠭᠤᠶᠢᠪᠢᠰᠢ ᠦᠭᠡᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠵᠤ᠂ ᠨᠠᠮ ᠤᠨ ᠭᠠᠳᠠᠭᠠᠳᠤ ᠬᠠᠷᠢᠯᠴᠠᠭᠠᠨ ᠤ ᠠᠵᠢᠯ ᠢ ᠤᠳᠤᠷᠢᠳᠬᠤ ᠲᠣᠭᠲᠠᠴᠠ ᠶᠢ ᠴᠢᠨᠠᠭᠰᠢᠳᠠ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠡᠬᠦᠳᠡᠭ ᠴᠡᠭᠡᠵᠢᠨ ᠳᠡᠭᠡᠨ ᠶᠡᠭᠡ ᠲᠠᠯ᠎ᠠ ᠶᠢ ᠪᠠᠭᠲᠠᠭᠠᠵᠤ᠂ ᠵᠣᠬᠢᠴᠠᠭᠤᠯᠤᠨ ᠬᠠᠮᠵᠢᠯᠴᠠᠵᠤ᠂ ᠨᠠᠮ ᠤᠨ ᠲᠥᠪ ᠬᠤᠷᠢᠶ᠎ᠠ ᠶᠢᠨ ᠭᠠᠳᠠᠭᠠᠳᠤ ᠶᠠᠪᠤᠳᠠᠯ ᠤᠨ ᠠᠵᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠢ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠲᠥᠪ ᠤᠨ ᠤᠬᠠᠭᠤᠯᠬᠤ ᠬᠡᠯᠲᠡᠰ᠂ ᠲᠥᠪ ᠤᠨ ᠭᠠᠳᠠᠭᠠᠳᠤ ᠲᠠᠢ ᠬᠤᠯᠪᠤᠭ᠎ᠠ ᠠᠪᠬᠤ ᠬᠡᠯᠲᠡᠰ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠬᠠᠮᠲᠤᠷᠠᠭᠰᠠᠨ ᠱᠲ᠋ᠠᠪ ᠤᠨ ᠭᠠᠵᠠᠷ᠂ ᠶᠦᠨᠨᠠᠨ ᠮᠤᠵᠢ ᠶᠢᠨ ᠬᠠᠷᠢᠭᠤᠴᠠᠯᠭᠠᠲᠠᠨ ᠨᠥᠬᠦᠳ ᠵᠢᠴᠢ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠳᠤ ᠪᠠᠶᠢᠩᠭᠤ ᠰᠠᠭᠤᠭ᠎ᠠ ᠲᠥᠯᠥᠭᠡᠯᠡᠭᠴᠢᠳ ᠤᠨ ᠪᠦᠯᠭᠦᠮ ᠤᠨ ᠲᠥᠯᠥᠭᠡᠯᠡᠭᠴᠢ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃
ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃
ᠲᠥᠪ ᠤᠨ ᠭᠠᠳᠠᠭᠠᠳᠤ ᠶᠠᠪᠤᠳᠠᠯ ᠤᠨ ᠠᠵᠢᠯ ᠤᠨ ᠵᠥᠪᠯᠡᠯ ᠤᠨ ᠭᠡᠰᠢᠭᠦᠨ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠲᠤᠰᠠᠭᠠᠷ ᠲᠥᠯᠥᠪᠯᠡᠭᠡᠲᠦ ᠬᠤᠳᠠ᠂ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠭᠦᠮ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠲᠥᠪ ᠠᠴᠠ ᠬᠠᠮᠢᠶᠠᠷᠴᠤ ᠪᠠᠶᠢᠭ᠎ᠠ ᠬᠡᠰᠡᠭ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠭᠠᠳᠠᠭᠠᠳᠤ ᠳᠤ ᠰᠠᠭᠤᠭ᠎ᠠ ᠡᠯᠴᠢᠨ ᠰᠠᠶᠢᠳ᠂ ᠡᠯᠴᠢᠨ ᠰᠠᠶᠢᠳ ᠤᠨ ᠴᠣᠯᠠ ᠲᠠᠢ ᠶᠡᠷᠦᠩᠬᠡᠢ ᠺᠤᠨᠰᠦ᠋ᠯ᠂ ᠤᠯᠠᠨ ᠤᠯᠤᠰ ᠤᠨ ᠵᠣᠬᠢᠶᠠᠨ ᠪᠠᠶᠢᠭᠤᠯᠤᠯᠲᠠ ᠳᠤ ᠰᠠᠭᠤᠭ᠎ᠠ ᠲᠥᠯᠥᠭᠡᠯᠡᠭᠴᠢ ᠨᠠᠷ ᠬᠤᠷᠠᠯ ᠳᠤ ᠣᠷᠣᠯᠴᠠᠪᠠ᠃
︵ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 28 ᠤ ᠴᠠᠭᠢᠯᠭᠠᠨ ᠮᠡᠳᠡᠭᠡ︶