ᠵᠤᠬᠢᠶᠠᠭᠴᠢ: ᠴᠠᠭ:2024-01-05 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
ᠥᠪᠥᠷ ᠮᠣᠩᠭᠤᠯ ᠤᠨ ᠰᠠᠶᠢᠨ ᠰᠠᠶᠢᠬᠠᠨ ᠮᠠᠷᠭᠠᠰᠢ ᠶᠢᠨ ᠲᠥᠯᠥᠭᠡ ᠰᠡᠳᠬᠢᠯ ᠨᠢᠭᠡᠲᠦᠨ ᠬᠦᠴᠦ ᠪᠠᠨ ᠬᠠᠮᠳᠤᠳᠬᠠᠨ ᠲᠡᠮᠡᠴᠡᠨ᠎ᠡ — ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠪᠦᠬᠦ ᠣᠷᠣᠨ ᠤ ᠡᠯ᠎ᠡ ᠭᠠᠵᠠᠷ ᠲᠤ ᠴᠢᠩᠭ᠎ᠠ ᠳᠤᠰᠬᠠᠯ ᠭᠠᠷᠪᠠ

 

ᠳᠡᠯᠡᠬᠡᠢ ᠳ᠋ᠠᠬᠢᠨ ᠤ ᠠᠩᠬᠠᠷᠤᠯ ᠢ ᠲᠠᠲᠠᠵᠤ᠂ ᠬᠦᠮᠦᠰ ᠤᠨ ᠰᠡᠳᠬᠢᠯ ᠢ ᠤᠷᠮᠠᠰᠢᠭᠤᠯᠤᠨ᠎ᠠ᠃ 2023 ᠣᠨ ᠤ 12  ᠰᠠᠷ᠎ᠠ ᠶᠢᠨ 31 ᠤ ᠡᠳᠦᠷ᠂ ᠤᠯᠤᠰ ᠤᠨ ᠲᠡᠷᠢᠭᠦᠯᠡᠭᠴᠢ ᠰᠢ ᠶᠢᠨ ᠫᠢᠩ ᠤᠨ 2024 ᠣᠨ ᠤ ᠰᠢᠨ᠎ᠡ ᠵᠢᠯ ᠤᠨ ᠪᠠᠶᠠᠷ ᠤᠨ ᠦᠭᠡ ᠨᠢ ᠮᠠᠨ ᠤ ᠣᠷᠣᠨ ᠤ ᠡᠯ᠎ᠡ ᠭᠠᠵᠠᠷ ᠲᠤ ᠴᠢᠩᠭ᠎ᠠ ᠲᠤᠰᠬᠠᠯ ᠭᠠᠷᠪᠠ᠃ ᠣᠯᠠᠨ ᠢᠶᠠᠷ ᠢᠶᠠᠨ᠂ ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠨᠢ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠷ ᠪᠠᠷᠠᠬᠤ ᠦᠭᠡᠢ ᠬᠦᠮᠦᠰ ᠤᠨ ᠰᠡᠳᠬᠢᠯ ᠢ ᠳᠤᠯᠠᠭᠠᠴᠠᠭᠤᠯᠵᠤ᠂ ᠨᠡᠩ ᠴᠦ ᠢᠳᠡ ᠬᠦᠴᠦ ᠪᠠᠷ ᠪᠢᠯᠬᠠᠨ᠎ᠠ᠃ ᠲᠡᠷᠢᠭᠦᠯᠡᠭᠴᠢ ᠰᠢ ᠶᠢᠨ ᠫᠢᠩ ᠤᠨ ᠰᠠᠶᠢᠨ ᠰᠠᠶᠢᠬᠠᠨ ᠵᠦᠩᠨᠡᠯ ᠪᠣᠯᠣᠨ ᠬᠦᠰᠡᠯ ᠡᠷᠡᠮᠡᠯᠵᠡᠯ ᠢ ᠠᠵᠢᠯ ᠬᠢᠵᠦ ᠦᠢᠯᠡᠰ ᠪᠤᠰᠬᠠᠬᠤ ᠣᠶᠣᠨ ᠤᠬᠠᠭᠠᠨ ᠤ ᠬᠦᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠲᠤᠰ ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠡᠷᠡᠮᠡᠬᠡᠶᠢᠯᠡᠨ ᠲᠡᠮᠡᠴᠡᠵᠦ᠂ ᠰᠢᠨ᠎ᠡ ᠨᠢᠭᠡ ᠵᠢᠯ ᠤᠨ ᠠᠵᠠ ᠳᠣᠬᠢᠶᠠᠯ ᠪᠣᠯᠣᠨ ᠦᠷᠢᠰᠦᠯᠳᠦᠭᠡᠨ ᠢ ᠬᠠᠮᠲᠤ ᠪᠠᠷ ᠤᠭᠲᠤᠨ᠎ᠠ ᠭᠡᠵᠦ ᠢᠯᠡᠳᠬᠡᠵᠡᠭᠡᠪᠡ᠃

ᠪᠣᠲᠠᠲᠠᠢ ᠠᠵᠢᠯᠯᠠᠵᠤ ᠬᠦᠰᠡᠯ ᠵᠡᠭᠦᠳᠦ ᠪᠠᠨ ᠲᠡᠷᠭᠡᠯᠰᠢᠭᠦᠯᠦᠨ᠎ᠡ

ᠬᠠᠭᠤᠴᠢᠨ ᠣᠨ ᠢᠶᠠᠨ ᠦᠳᠡᠵᠦ ᠰᠢᠨ᠎ᠡ ᠣᠨ ᠢᠶᠠᠨ ᠤᠭᠲᠤᠵᠤ ᠪᠠᠶᠢᠭ᠎ᠠ ᠰᠠᠶᠢᠨ ᠰᠠᠶᠢᠬᠠᠨ ᠴᠠᠭ ᠮᠦᠴᠡ ᠳᠤ᠂ ᠤᠯᠤᠰ ᠤᠨ ᠲᠡᠷᠢᠭᠦᠯᠡᠭᠴᠢ ᠰᠢ ᠶᠢᠨ ᠫᠢᠩ 2024 ᠣᠨ ᠤ ᠰᠢᠨ᠎ᠡ ᠵᠢᠯ ᠤᠨ ᠪᠠᠶᠠᠷ ᠤᠨ ᠦᠭᠡ ᠨᠡᠶᠢᠲᠡᠯᠡᠵᠤ᠂ ᠬᠥᠩᠭᠢᠨᠡᠮ᠎ᠡ ᠢᠳᠡᠯᠢᠭ ᠦᠭᠡ ᠶᠡᠷᠢᠶ᠎ᠠ᠂ ᠴᠢᠩ ᠰᠡᠳᠬᠢᠯ ᠤᠨ ᠬᠠᠶᠢᠷ᠎ᠠ ᠬᠠᠯᠠᠮᠵᠢ᠂ ᠬᠠᠯᠠᠭᠤᠨ ᠳᠤᠯᠠᠭᠠᠨ ᠵᠥᠩᠨᠡᠯ ᠨᠢ ᠪᠣᠭᠤᠲᠤ ᠬᠤᠲᠠ ᠶᠢᠨ ᠬᠦᠨᠳᠡᠯᠡᠨ ᠲᠣᠭᠤᠷᠢᠭ ᠤᠨ ᠦᠨᠳᠦᠰᠦᠲᠡᠨ ᠨᠦᠭᠦᠳ ᠤᠨ ᠣᠯᠠᠨ ᠲᠦᠮᠡᠨ ᠢ ᠲᠦᠢᠯ ᠢᠶᠠᠷ ᠤᠷᠮᠠᠰᠢᠭᠤᠯᠤᠨ ᠵᠣᠷᠢᠭᠵᠢᠭᠤᠯᠪᠠ᠃

ᠲᠤᠰ ᠣᠷᠣᠢ ᠶᠢᠨ 7 ᠴᠠᠭ ᠲᠤ᠂ ᠬᠦᠨᠳᠡᠯᠡᠨ ᠲᠣᠭᠤᠷᠢᠭ ᠤᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠪᠠᠭᠰᠢ ᠵᠠᠢ ᠶᠢᠨ ᠲᠣᠤ ᠭᠡᠷ ᠤᠨ ᠬᠦᠮᠦᠰ ᠲᠠᠢ ᠪᠠᠨ ᠬᠠᠮᠲᠤ ᠠᠯᠢ ᠡᠷᠲᠡ ᠲᠧᠯᠸᠢᠰ ᠤᠨ ᠡᠮᠦᠨ᠎ᠡ ᠬᠦᠯᠢᠶᠡᠨ ᠰᠠᠭᠤᠵᠤ᠂ ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠶᠢ ᠰᠣᠨᠣᠰᠪᠠ᠂ ᠲᠡᠷᠢᠭᠦᠯᠡᠭᠴᠢ ᠰᠢ ᠶᠢᠨ ᠫᠢᠩ᠄ 《ᠨᠡᠩ ᠶᠡᠭᠡ ᠡᠷᠴᠢᠮ ᠢᠶᠠᠷ ᠰᠤᠷᠭᠠᠨ ᠬᠦᠮᠦᠵᠢᠯ ᠢ ᠡᠷᠬᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠢ ᠬᠦᠭᠵᠢᠭᠦᠯᠵᠦ᠂ ᠴᠢᠳᠠᠪᠤᠷᠢᠲᠠᠨ ᠢ ᠬᠦᠮᠦᠵᠢᠭᠦᠯᠦᠨ᠎ᠡ》ᠭᠡᠳᠡᠭ ᠢ ᠰᠣᠨᠣᠰᠤᠭᠠᠳ ᠵᠠᠢ ᠪᠠᠭᠰᠢ ᠰᠡᠳᠬᠢᠯ ᠳᠣᠭᠳᠣᠯᠣᠨ᠄《ᠰᠢᠨ᠎ᠡ ᠵᠢᠯ ᠤᠨ ᠪᠠᠶᠠᠷ ᠤᠨ ᠦᠭᠡ ᠪᠦᠬᠦᠨ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠ ᠬᠠᠯᠠᠭᠤᠨ ᠬᠦᠰᠡᠯ ᠡᠷᠡᠮᠡᠯᠵᠡᠯ ᠠᠭᠤᠯᠤᠭᠳᠠᠵᠤ ᠪᠠᠶᠢᠨ᠎ᠠ᠃ ᠰᠤᠷᠭᠠᠨ ᠬᠦᠮᠦᠵᠢᠯ ᠤᠨ ᠠᠵᠢᠯᠲᠠᠨ ᠪᠣᠯᠣᠭᠰᠠᠨ ᠤ ᠬᠤᠪᠢ ᠳᠤ᠂ ᠮᠢᠨᠤ ᠡᠷᠴᠢ ᠵᠣᠷᠢᠭ ᠬᠥᠪᠴᠢᠯᠡᠭᠳᠡᠭᠰᠡᠨ ᠮᠥᠷᠲᠡᠭᠡᠨ ᠬᠠᠷᠢᠭᠤᠴᠠᠯᠭ᠎ᠠ ᠬᠦᠨᠳᠦ ᠶᠡᠭᠡ ᠭᠡᠳᠡᠭ ᠢ ᠭᠦᠨ ᠮᠡᠳᠡᠷᠡᠪᠡ᠃ ᠵᠠᠯᠭᠠᠭᠠᠳ᠂ ᠪᠢ ᠶᠣᠰᠤ ᠰᠤᠷᠲᠠᠬᠤᠨ ᠢᠶᠠᠷ ᠬᠦᠮᠦᠨ ᠢ ᠬᠦᠮᠦᠵᠢᠭᠦᠯᠬᠦ ᠤᠭ ᠰᠠᠨᠠᠭ᠎ᠠ ᠪᠠᠨ ᠦᠷᠭᠦᠯᠵᠢᠯᠡᠭᠦᠯᠦᠨ ᠦᠢᠯᠡᠳᠦᠯᠭᠡᠵᠢᠭᠦᠯᠵᠦ᠂ ᠨᠠᠮ ᠤᠨ ᠲᠥᠯᠥᠭᠡ ᠬᠦᠮᠦᠨ ᠬᠦᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠦᠮᠦᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠤᠷᠭᠠᠨ ᠬᠦᠮᠦᠵᠢᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ》 ᠭᠡᠪᠡ᠃

ᠲᠦᠩᠯᠢᠶᠣᠤ ᠬᠤᠲᠠ ᠶᠢᠨ ᠤᠯᠤᠰ ᠤᠨ ᠴᠠᠬᠢᠯᠭᠠᠨ ᠲᠣᠣᠷ ᠤᠨ ᠪᠦᠯᠦᠭᠯᠡᠯ ᠤᠨ ᠬᠤᠷᠴᠢᠨ ᠵᠡᠭᠦᠨ ᠭᠠᠷᠤᠨ ᠬᠤᠶᠢᠲᠤ ᠬᠤᠰᠢᠭᠤᠨ ᠤ ᠴᠠᠬᠢᠯᠭᠠᠨ ᠬᠠᠩᠭᠠᠬᠤ ᠺᠤᠮᠫᠠᠨᠢ ᠶᠢᠨ ᠴᠠᠬᠢᠯᠭᠠᠨ ᠳᠣᠬᠢᠷᠠᠭᠤᠯᠬᠤ ᠱᠤᠭᠤᠮ ᠤᠨ ᠪᠠᠶᠢᠴᠠᠭᠠᠭᠴᠢ ᠶᠠᠩ ᠢᠤᠢ ᠨᠢᠩ᠄ 《2024 ᠣᠨ ᠬᠦᠷᠴᠦ ᠢᠷᠡᠯ᠎ᠡ᠂ ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠨᠢ ᠰᠡᠳᠬᠢᠯ ᠳᠤ ᠳᠤᠯᠠᠭᠠᠬᠠᠨ ᠪᠥᠭᠡᠳ ᠡᠷᠡᠰ ᠪᠠᠲᠤ ᠪᠠᠶᠢᠵᠤ᠂ ᠮᠠᠨ ᠤ ᠡᠮᠦᠨ᠎ᠡ ᠹᠷᠤᠨᠲ ᠤᠨ ᠴᠠᠬᠢᠯᠭᠠᠨ ᠬᠦᠴᠦᠨ ᠤ ᠠᠵᠢᠯᠴᠢᠨ ᠢ ᠵᠣᠷᠢᠭᠵᠢᠭᠤᠯᠵᠤ ᠪᠠᠶᠢᠨ᠎ᠠ᠃ 2023 ᠣᠨ ᠳᠤ ᠪᠢ ᠨᠢᠭᠡᠨ ᠴᠠᠬᠢᠯᠭᠠᠨ ᠳᠣᠬᠢᠷᠠᠭᠤᠯᠬᠤ ᠲᠤᠬᠠᠢ ᠮᠡᠷᠭᠡᠵᠢᠯ ᠤᠨ ᠰᠢᠨ᠎ᠡ ᠬᠦᠮᠦᠨ ᠠᠴᠠ ᠴᠠᠬᠢᠯᠭᠠᠨ ᠳᠣᠬᠢᠷᠠᠭᠤᠯᠬᠤ ᠱᠤᠭᠤᠮ ᠤᠨ ᠪᠡᠶ᠎ᠡ ᠪᠠᠨ ᠳᠠᠭᠠᠭᠠᠭᠰᠠᠨ ᠪᠠᠶᠢᠴᠠᠭᠠᠭᠴᠢ ᠪᠣᠯᠵᠤ ᠬᠦᠮᠦᠵᠢᠭᠳᠡᠪᠡ᠃ ᠵᠠᠯᠭᠠᠭᠠᠳ᠂ ᠪᠢ ᠦᠨᠳᠦᠰᠦᠨ ᠱᠠᠲᠤᠨ ᠤ ᠴᠠᠬᠢᠯᠭᠠᠨ ᠬᠠᠩᠭᠠᠬᠤ ᠦᠢᠯᠡᠴᠢᠯᠡᠭᠡ ᠶᠢ ᠴᠢᠷᠮᠠᠶᠢᠨ ᠰᠠᠶᠢᠲᠤᠷ ᠬᠢᠵᠦ᠂ ᠡᠷᠡᠰ ᠭᠤᠶᠢᠪᠢᠰᠢ ᠦᠭᠡᠢ ᠪᠠᠷ ᠴᠠᠬᠢᠯᠭᠠᠨ ᠲᠣᠣᠷ ᠢ ᠬᠦᠴᠦᠷᠬᠡᠭᠵᠢᠭᠦᠯᠵᠦ᠂ ᠦᠢᠯᠡᠴᠢᠯᠡᠭᠡ ᠶᠢ ᠰᠢᠯᠢᠳᠡᠭᠵᠢᠭᠦᠯᠦᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠭᠠᠯ ᠬᠠᠯᠠᠭᠤᠨ ᠦᠢᠯᠡᠳᠦᠯᠭᠡ ᠶᠢᠨ ᠳᠤᠮᠳᠠ ᠵᠠᠯᠠᠭᠤ ᠨᠠᠰᠤᠨ ᠤ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ》ᠭᠡᠵᠡᠢ᠃

《ᠠᠮᠤ ᠪᠤᠳᠠᠭᠠᠨ ᠤ ᠦᠢᠯᠡᠳᠪᠦᠷᠢᠯᠡᠯ ᠬᠤᠷᠢᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠪᠠ᠂ ᠬᠥᠬᠡᠮᠳᠦᠭ ᠨᠣᠭᠤᠭᠠᠨ ᠠᠭᠤᠯᠠ ᠤᠰᠤᠨ ᠤ ᠥᠩᠭᠡ ᠪᠣᠳᠤᠭ ᠨᠡᠩ ᠭᠦᠢᠴᠡᠳ ᠪᠣᠯᠵᠤ᠂ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠵᠤ ᠰᠢᠨ᠎ᠡ ᠳᠦᠷᠰᠦ ᠪᠠᠶᠢᠳᠠᠯ ᠢᠯᠡᠷᠡᠪᠡ》᠂ ᠬᠠᠭᠤᠴᠢᠨ ᠣᠨ ᠢᠶᠠᠨ ᠦᠳᠡᠵᠦ ᠰᠢᠨ᠎ᠡ ᠣᠨ ᠢᠶᠠᠨ ᠤᠭᠲᠤᠬᠤ ᠲᠠᠰᠢᠷᠠᠮ ᠢᠶᠠᠷ᠂ ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠨᠢ ᠬᠦᠮᠦᠰ ᠢ ᠤᠷᠮᠠᠰᠢᠭᠤᠯᠤᠨ ᠵᠣᠷᠢᠭᠵᠢᠭᠤᠯᠵᠤ᠂ ᠬᠥᠯᠦᠨ ᠪᠤᠶᠢᠷ ᠬᠤᠲᠠ ᠶᠢᠨ ᠦᠨᠳᠦᠰᠦᠲᠡᠨ ᠨᠦᠭᠦᠳ ᠤᠨ ᠣᠯᠠᠨ ᠲᠦᠮᠡᠨ ᠤ ᠳᠤᠮᠳᠠ ᠬᠠᠯᠠᠭᠤᠨ ᠲᠤᠰᠬᠠᠯ ᠭᠠᠷᠪᠠ᠃

ᠬᠥᠯᠦᠨ ᠪᠤᠶᠢᠷ ᠤᠨ ᠠᠲᠠᠷ ᠬᠠᠭᠠᠯᠪᠤᠷᠢᠯᠠᠯᠲᠠ ᠶᠢᠨ ᠪᠦᠯᠦᠭᠯᠡᠯ ᠤᠨ ᠰᠢᠷ᠎ᠠ ᠲᠠᠯ᠎ᠠ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠢᠵᠠᠭᠠᠷᠲᠤ ᠺᠤᠮᠫᠠᠨᠢ ᠶᠢᠨ ᠨᠢᠭᠡᠳᠦᠭᠡᠷ ᠰᠤᠮᠤᠨ ᠤ ᠠᠵᠢᠯᠲᠠᠨ ᠯᠢ ᠵᠢᠶᠠᠨ ᠫᠧᠩ ᠪᠣᠯ ᠰᠠᠶ᠋ᠢᠬᠠᠨ ᠠᠲᠠᠷ ᠬᠠᠭᠠᠯᠪᠤᠷᠢᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠰᠠᠨ ᠶᠡᠷᠡᠭᠡᠳ ᠣᠨ ᠳᠤ ᠲᠥᠷᠥᠭᠰᠡᠨ ᠰᠢᠨ᠎ᠡ ᠲᠠᠷᠢᠶᠠᠴᠢᠨ ᠪᠣᠯᠣᠨ᠎ᠠ᠃ ᠰᠢᠨ᠎ᠡ ᠵᠢᠯ ᠤᠨ ᠪᠠᠶᠠᠷ ᠤᠨ ᠦᠭᠡ ᠶᠢ ᠰᠣᠨᠣᠰᠣᠭᠠᠳ ᠲᠡᠷᠡ᠄ 《ᠪᠢ ᠵᠠᠯᠠᠭᠤ ᠨᠠᠰᠤᠨ ᠤ ᠬᠠᠯᠠᠭᠤᠨ ᠴᠢᠰᠤ ᠪᠠᠨ ᠬᠡᠭᠡᠷ᠎ᠡ ᠲᠠᠯ᠎ᠠ ᠳᠤ ᠵᠣᠷᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠰᠠᠬᠢᠨ ᠬᠠᠮᠠᠭᠠᠯᠠᠨ᠎ᠠ᠃ ᠲᠠᠷᠢᠶᠠᠯᠠᠩ ᠤᠨ ᠦᠢᠯᠡᠳᠪᠦᠷᠢᠯᠡᠯ ᠳᠤᠮᠳᠠ᠂ ᠪᠢ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠠᠭᠠᠯᠠᠬᠤ ᠪᠠᠷ ᠴᠢᠷᠮᠠᠶᠢᠵᠤ᠂ ᠬᠥᠳᠡᠭᠡ ᠲᠤᠰᠬᠤᠨ ᠤ ᠦᠷᠭᠦᠯᠵᠢᠯᠡᠬᠦ ᠬᠦᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ》ᠭᠡᠵᠦ ᠳᠣᠭᠳᠣᠯᠣᠨ ᠬᠡᠯᠡᠵᠡᠢ᠃

《ᠲᠡᠷᠢᠭᠦᠯᠡᠭᠴᠢ ᠰᠢ ᠶᠢᠨ ᠫᠢᠩ ᠤᠨ ᠨᠡᠶᠢᠲᠡᠯᠡᠭᠰᠡᠨ ᠰᠢᠨ᠎ᠡ ᠵᠢᠯ ᠤᠨ ᠪᠠᠶᠠᠷ ᠤᠨ ᠦᠭᠡ ᠳᠤ᠂ ᠮᠠᠨ ᠤ ᠬᠠᠷᠠᠯᠲᠠ ᠪᠣᠯ ᠮᠠᠰᠢ ᠠᠤᠭ᠎ᠠ ᠶᠡᠭᠡ ᠪᠥᠭᠡᠳ ᠮᠠᠰᠢ ᠪᠣᠷᠣᠭᠵᠢᠭᠤᠨ ᠶᠤᠮ᠃ ᠡᠴᠦᠰ ᠤᠨ ᠡᠴᠦᠰ ᠲᠡᠭᠡᠨ ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠬᠦ ᠶᠠᠪᠤᠳᠠᠯ ᠪᠣᠯᠣᠨ᠎ᠠ ᠭᠡᠵᠦ ᠳᠤᠷᠠᠳᠴᠠᠢ᠃ ᠡᠮᠴᠢᠯᠡᠭᠡᠨ ᠤ ᠳᠠᠭᠠᠳᠬᠠᠯ ᠪᠣᠯ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠠᠷᠭ᠎ᠠ ᠬᠡᠮᠵᠢᠶ᠎ᠡ ᠶᠢᠨ ᠨᠢᠭᠡ ᠮᠥᠨ᠂ ᠪᠢᠳᠡ ᠨᠡᠩ ᠣᠯᠠᠨ ᠰᠠᠭᠤᠭᠠᠯᠢ ᠠᠷᠠᠳ ᠲᠤ ᠨᠡᠩ ᠰᠠᠶᠢᠲᠤᠷ ᠡᠮᠴᠢᠯᠡᠭᠡᠨ ᠤ ᠪᠠᠲᠤᠯᠠᠭ᠎ᠠ ᠪᠠ ᠨᠡᠩ ᠡᠷᠡᠭᠦᠯ ᠮᠡᠨᠳᠦ ᠠᠮᠢᠳᠤᠷᠠᠯ ᠢ ᠬᠦᠷᠲᠡᠭᠡᠬᠦ ᠪᠠᠷ ᠬᠦᠴᠦᠯᠡᠨ ᠴᠢᠷᠮᠠᠶᠢᠵᠤ ᠪᠠᠶᠢᠨ᠎ᠠ》᠂ ᠰᠢᠯᠢ ᠶᠢᠨ ᠭᠤᠣᠯ ᠠᠶᠢᠮᠠᠭ ᠤᠨ ᠤᠯᠠᠭᠠᠢ ᠬᠠᠮᠢᠶᠠᠷᠤᠯᠲᠠ ᠶᠢᠨ  ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠳᠠᠷᠤᠭ᠎ᠠ ᠸᠠᠩ ᠨᠠ ᠨᠠ᠂ 2024 ᠣᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠠᠵᠢᠯ ᠢ ᠬᠦᠴᠦᠯᠡᠨ ᠠᠬᠢᠭᠤᠯᠵᠤ᠂ ᠥᠷᠭᠡᠨ ᠣᠯᠠᠨ ᠲᠦᠮᠡᠨ ᠢ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠡᠮᠨᠡᠭᠦᠯᠪᠡᠯ ᠬᠦᠷᠲᠡᠬᠦ ᠪᠠᠲᠤᠯᠠᠭ᠎ᠠ ᠲᠠᠢ ᠪᠣᠯᠭᠠᠨ᠎ᠠ ᠭᠡᠵᠦ ᠢᠯᠡᠳᠬᠡᠪᠡ᠃

ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠨ ᠼᠦᠨ ᠲᠤᠰᠬᠤᠨ ᠤ ᠰᠢᠨ᠎ᠡ ᠲᠠᠷᠢᠶᠠᠴᠢᠨ ᠵᠣᠤ ᠰᠢᠶᠤᠤ ᠰᠢᠶᠠ ᠰᠢᠨ᠎ᠡ ᠵᠢᠯ ᠤᠨ ᠪᠠᠶᠠᠷ ᠤᠨ ᠦᠭᠡ ᠶᠢ ᠰᠣᠨᠣᠰᠤᠭᠠᠳ᠄ 《ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠨᠢ ᠨᠠᠳᠠ ᠳᠤ ᠭᠦᠨ ᠲᠦᠷᠦᠭᠳᠡᠯ ᠥᠭᠭᠦᠭᠰᠡᠨ ᠪᠥᠭᠡᠳ ᠢᠷᠡᠭᠡᠳᠦᠢ ᠳᠤ ᠢᠲᠡᠭᠡᠯ ᠳᠦᠭᠦᠷᠡᠩ ᠪᠣᠯᠭᠠᠪᠠ᠃ ᠨᠢᠳᠦᠨᠤᠨ ᠪᠢ ᠥᠪᠡᠷ ᠤᠨ ᠴᠢᠷᠮᠠᠶᠢᠯᠭ᠎ᠠ ᠪᠠᠷ ᠢᠶᠠᠨ ᠬᠦᠯᠡᠮᠵᠢ ᠶᠢᠨ ᠢᠳᠡᠰᠢᠨ ᠨᠣᠭᠤᠭ᠎ᠠ ᠲᠠᠷᠢᠬᠤ ᠲᠠᠯ᠎ᠠ ᠪᠠᠷ ᠬᠠᠨᠤᠮᠵᠢᠲᠠᠢ ᠠᠮᠵᠢᠯᠲᠠ ᠣᠯᠵᠤ᠂ ᠬᠦᠯᠡᠮᠵᠢ ᠶᠢᠨ ᠥᠷᠭᠡᠰᠦᠲᠦ ᠬᠡᠮᠬᠡ ᠶᠢᠨ ᠭᠠᠷᠤᠯᠲᠠ 5 ᠲᠦᠮᠡᠨ ᠵᠢᠩ ᠣᠷᠴᠢᠮ ᠳᠤ ᠬᠦᠷᠴᠦ᠂ ᠪᠤᠷᠴᠠᠭ 1500 ᠵᠢᠩ ᠣᠷᠴᠢᠮ ᠳᠤ ᠬᠦᠷᠴᠦ᠂ ᠯᠠᠵᠤᠤ 2 ᠲᠦᠮᠡᠨ ᠵᠢᠩ ᠣᠷᠴᠢᠮ ᠳᠤ ᠬᠦᠷᠴᠦ᠂ ᠣᠷᠣᠯᠭ᠎ᠠ ᠶᠢᠨ ᠲᠠᠯ᠎ᠠ ᠪᠠᠷ ᠪᠠᠲᠤᠯᠠᠭ᠎ᠠ ᠲᠠᠢ ᠪᠣᠯᠪᠠ᠃ ᠰᠢᠨ᠎ᠡ ᠨᠢᠭᠡ ᠵᠢᠯ ᠳᠤ᠂ ᠪᠢᠳᠡ ᠬᠦᠯᠡᠮᠵᠢ ᠶᠢᠨ ᠢᠳᠡᠰᠢᠨ ᠨᠣᠭᠤᠭ᠎ᠠ ᠪᠠᠨ ᠦᠷᠭᠦᠯᠵᠢᠯᠡᠨ ᠬᠦᠭᠵᠢᠭᠦᠯᠵᠦ᠂ ᠠᠮᠢᠳᠤᠷᠠᠯ ᠢᠶᠠᠨ ᠨᠡᠩ ᠰᠢᠨ᠎ᠡ ᠲᠡᠭᠲᠡᠷ ᠲᠤ ᠭᠠᠷᠭᠠᠨ᠎ᠠ︕》ᠭᠡᠵᠦ ᠳᠣᠭᠳᠣᠯᠣᠨ ᠬᠡᠯᠡᠪᠡ᠃

ᠠᠷᠠᠳ ᠲᠦᠮᠡᠨ ᠪᠣᠯ ᠳᠠᠷᠤᠶ ᠲᠦᠰᠢᠭ ᠮᠥᠨ

《ᠤᠷᠤᠭᠰᠢᠯᠠᠯᠲᠠ ᠶᠢᠨ ᠵᠠᠮ ᠳᠤ᠂ ᠰᠠᠯᠬᠢ ᠪᠣᠷᠣᠭᠠᠨ ᠳᠣᠬᠢᠶᠠᠯᠳᠤᠬᠤ ᠪᠣᠯ ᠬᠡᠪ ᠤᠨ ᠪᠠᠶᠢᠳᠠᠯ ᠮᠥᠨ》᠃ 《ᠡᠭᠡᠯ ᠵᠢᠷ ᠤᠨ ᠬᠥᠮᠦᠨ ᠨᠢᠭᠡ ᠪᠦᠷᠢ ᠴᠥᠮ ᠶᠡᠷᠦ ᠪᠤᠰᠤ ᠶᠢᠨ ᠬᠤᠪᠢ ᠨᠡᠮᠡᠷᠢ ᠦᠵᠡᠭᠦᠯᠵᠡᠶ︕》 ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠶᠢ ᠰᠣᠨᠣᠰᠤᠭᠰᠠᠨ ᠤ ᠲᠠᠷᠠᠭ᠎ᠠ᠂ ᠬᠥᠬᠡᠬᠤᠲᠠ ᠶᠢᠨ ᠬᠤᠳᠠ ᠶᠢᠨ ᠶᠠᠪᠤᠳᠠᠯ ᠤᠨ ᠪᠦᠳᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠠᠷᠠᠴᠢᠯᠠᠨ ᠬᠠᠮᠠᠭᠠᠯᠠᠬᠤ ᠰᠠᠯᠠᠭᠠᠨ ᠤ ᠳᠡᠳ᠋ ᠳᠠᠷᠤᠭ᠎ᠠ ᠪᠠᠢ ᠰᠢᠤᠢ ᠯᠢᠶᠠᠩ ᠶᠡᠬᠡᠳᠡ ᠤᠷᠮᠠᠰᠢᠨ ᠵᠣᠷᠢᠭᠵᠢᠪᠠ᠃

ᠬᠥᠬᠡᠬᠤᠲᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠵᠣᠯ ᠵᠢᠷᠭᠠᠯ ᠤᠨ ᠳᠡᠪᠢᠰᠬᠡᠷ ᠦᠩᠭᠡ ᠶᠢ ᠵᠢᠷᠤᠭᠯᠠᠬᠤ ᠳᠤ ᠬᠤᠲᠠ ᠶᠢᠨ ᠰᠠᠬᠢᠨ ᠬᠠᠮᠠᠭᠠᠯᠠᠭᠴᠢ ᠠᠴᠠ ᠰᠠᠯᠵᠤ ᠴᠢᠳᠠᠬᠤ ᠦᠭᠡᠢ ᠶᠤᠮ᠃ ᠪᠠᠢ ᠰᠢᠤᠢ ᠯᠢᠶᠠᠩ᠂ 《2024 ᠣᠨ ᠳᠤ᠂ ᠣᠷᠣᠨ ᠤ ᠲᠥᠪ ᠬᠤᠳᠠ ᠶᠢᠨ ᠠᠷᠠᠳ ᠲᠦᠮᠡᠨ ᠤ ᠠᠮᠢᠳᠤᠷᠠᠯ ᠢ ᠨᠡᠩ ᠰᠠᠶᠢᠲᠤᠷ ᠪᠠᠲᠤᠯᠠᠬᠤ ᠶᠢᠨ ᠲᠥᠯᠥᠭᠡ᠂ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠰᠠᠯᠬᠢ ᠪᠣᠷᠣᠭᠠᠨ ᠠᠴᠠ ᠬᠠᠯᠠᠰᠢᠷᠠᠯ ᠦᠭᠡᠢ᠂ ᠬᠤᠳᠠ ᠶᠢᠨ ᠱᠠᠲᠤᠨ ᠤ ᠬᠤᠳᠠ ᠶᠢᠨ ᠶᠠᠪᠤᠳᠠᠯ ᠤᠨ  ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠬᠤᠳᠠ ᠶᠢᠨ ᠶᠠᠪᠤᠳᠠᠯ ᠤᠨ  ᠶᠢᠨ ᠬᠠᠮᠢᠶᠠᠷᠴᠤ ᠠᠷᠠᠴᠢᠯᠠᠬᠤ ᠡᠭᠦᠷᠭᠡ ᠴᠢᠳᠠᠪᠬᠢ ᠪᠠᠨ ᠢᠳᠡᠪᠬᠢᠲᠡᠢ ᠭᠦᠢᠴᠡᠳᠬᠡᠨ᠂ ᠠᠷᠠᠳ ᠲᠦᠮᠡᠨ ᠤ ᠬᠦᠴᠢᠷ ᠵᠣᠪᠠᠭᠤᠷᠢ ᠶᠢ ᠰᠢᠢᠳᠪᠦᠷᠢᠯᠡᠵᠦ ᠥᠭᠭᠦᠨ᠎ᠡ》ᠭᠡᠵᠦ ᠬᠡᠯᠡᠪᠡ᠃

《ᠮᠠᠨ ᠤ ᠬᠠᠷᠠᠯᠲᠠ ᠪᠣᠯ ᠮᠠᠰᠢ ᠠᠤᠭ᠎ᠠ ᠶᠡᠭᠡ ᠪᠥᠭᠡᠳ ᠮᠠᠰᠢ ᠪᠣᠷᠣᠭᠵᠢᠭᠤᠨ ᠶᠤᠮ᠂ ᠡᠴᠦᠰ ᠤᠨ ᠡᠴᠦᠰ ᠲᠡᠭᠡᠨ ᠠᠷᠠᠳ ᠲᠦᠮᠡᠨ ᠳᠤ ᠨᠡᠩ ᠰᠠᠶᠢᠨ ᠰᠠᠶᠢᠬᠠᠨ ᠠᠮᠢᠳᠤᠷᠠᠯ ᠢ ᠡᠳ᠋ᠯᠡᠭᠦᠯᠬᠦ ᠶᠠᠪᠤᠳᠠᠯ ᠪᠣᠯᠤᠨ᠎ᠠ》᠂ ᠲᠡᠷᠢᠭᠦᠯᠡᠭᠴᠢ ᠰᠢ ᠶᠢᠨ ᠫᠢᠩ ᠤᠨ ᠠᠷᠠᠳ ᠤᠨ ᠲᠥᠯᠥᠭᠡ ᠭᠡᠬᠦ ᠴᠢᠩ ᠦᠨᠡᠨᠴᠢ ᠬᠠᠶᠢᠷ᠎ᠠ ᠰᠡᠳᠬᠢᠯᠭᠡ ᠨᠢ ᠪᠠᠶᠠᠨᠨᠠᠭᠤᠷ ᠬᠤᠳᠠ ᠶᠢᠨ ᠤᠷᠠᠳ ᠤᠨ ᠡᠮᠦᠨᠡᠲᠦ ᠬᠤᠰᠢᠭᠤᠨ ᠤ ᠮᠤᠨᠠ ᠠᠭᠤᠯᠠ ᠪᠠᠯᠭᠠᠰᠤ ᠶᠢᠨ ᠷᠦᠢ ᠲᠠᠢ ᠨᠡᠶᠢᠭᠡᠮ ᠲᠣᠭᠤᠷᠢᠭ ᠤᠨ ᠺᠠᠳ᠋ᠷ ᠤᠯᠠᠨ ᠲᠦᠮᠡᠨ ᠢ ᠭᠦᠨ ᠳᠣᠭᠳᠣᠯᠣᠭᠤᠯᠪᠠ᠂ 《ᠤᠳᠤ ᠪᠢᠳᠡᠨ ᠤ ᠠᠮᠢᠳᠤᠷᠠᠯ ᠶᠠᠪᠤᠬᠤ ᠲᠤᠲᠤᠮ ᠵᠣᠯ ᠵᠢᠷᠭᠠᠯ ᠲᠠᠢ ᠪᠤᠯᠵᠤ᠂ ᠠᠮᠢᠳᠤᠷᠠᠯ ᠤᠨ ᠨᠥᠬᠦᠴᠡᠯ ᠰᠠᠶᠢᠵᠢᠷᠠᠭᠰᠠᠨ ᠢᠶᠠᠷ ᠪᠠᠷᠠᠬᠤ ᠦᠭᠡᠢ ᠪᠠᠶᠠᠷ ᠳᠤᠷᠠᠰᠬᠠᠯ ᠤᠨ ᠡᠳᠦᠷ ᠪᠣᠯᠬᠤ ᠪᠦᠷᠢ ᠨᠡᠶᠢᠭᠡᠮ ᠲᠣᠭᠤᠷᠢᠭ ᠤᠨ ᠺᠠᠳ᠋ᠷᠴᠤᠳ ᠤᠯᠠᠨ ᠢ ᠵᠣᠬᠢᠶᠠᠨ ᠪᠠᠶᠢᠭᠤᠯᠵᠤ ᠡᠯ᠎ᠡ ᠵᠦᠢᠯ ᠤᠨ ᠰᠣᠨᠢᠷᠬᠠᠯᠲᠠᠢ ᠠᠵᠢᠯᠯᠠᠭ᠎ᠠ ᠥᠷᠨᠢᠭᠦᠯᠵᠦ᠂ ᠬᠠᠮᠲᠤ ᠪᠠᠷ ᠪᠡᠯᠭᠡᠯᠡᠳᠡᠭ》ᠭᠡᠵᠦ ᠷᠦᠢ ᠲᠠᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠧᠦ ᠶᠢᠨ ᠫᠢᠩ ᠬᠡᠯᠡᠪᠡ᠃

《ᠬᠤᠶᠢᠰᠢᠳᠠ᠂ ᠪᠢᠳᠡ ᠰᠠᠭᠤᠭᠠᠯᠢ ᠠᠷᠠᠳ ᠤᠨ ᠬᠦᠴᠢᠷᠳᠡᠯ ᠢ ᠨᠠᠩ ᠣᠨᠣᠴᠠᠲᠠᠢ ᠂ ᠨᠢᠭᠡᠨ ᠨᠠᠮ ᠤᠨ ᠭᠡᠰᠢᠭᠦᠨ ᠤ︿ᠵᠢᠵᠢᠭ ᠰᠠᠵᠢᠭ ᠶᠠᠪᠤᠳᠠᠯ﹀ ᠢᠶᠠᠷ ᠣᠯᠠᠨ ᠲᠦᠮᠡᠨ ᠤ ᠪᠠᠭ᠎ᠠ ᠬᠦᠰᠡᠯ ᠡᠷᠡᠮᠡᠯᠵᠡᠯ ᠢ ᠪᠡᠶᠡᠯᠡᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ》ᠭᠡᠵᠦ ᠷᠦᠢ ᠲᠠᠢ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠮᠠ ᠯᠠᠨ ᠼᠦᠢ ᠢᠯᠡᠳᠬᠡᠪᠡ᠃

ᠦᠬᠠᠢ ᠬᠤᠳᠠ ᠶᠢᠨ ᠤᠳᠠ ᠶᠢᠨ ᠲᠣᠬᠤᠢ ᠲᠣᠭᠤᠷᠢᠭ ᠤᠨ ᠪᠠᠶᠠᠨᠰᠠᠶᠢᠨ ᠵᠡᠭᠡᠯᠢ ᠭᠤᠳᠤᠮᠵᠢ ᠶᠢᠨ ᠰᠢᠶᠠᠨ ᠹᠧᠩ ᠨᠡᠶᠢᠭᠡᠮ ᠲᠣᠭᠤᠷᠢᠭ ᠤᠨ ᠨᠠᠮ ᠤᠨ  ᠶᠢᠨ ᠱᠦᠵᠢ ᠵᠠᠩ ᠰᠢᠶᠤᠤ ᠯᠢᠨ᠄ 《ᠣᠶᠢᠷ᠎ᠠ ᠶᠢᠨ ᠵᠢᠯ ᠠᠴᠠ ᠪᠢᠳᠡ ᠰᠠᠭᠤᠭᠠᠯᠢ ᠠᠷᠠᠳ ᠤᠨ   ᠠᠩᠬᠠᠷᠴᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠦᠬᠠᠢ ᠬᠤᠳᠠ ᠶᠢᠨ ᠠᠩᠬᠠᠳᠠᠭᠴᠢ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠭᠠᠭᠤᠯᠤᠨ ᠡᠷᠬᠢᠯᠡᠭᠰᠡᠨ︿ᠬᠤᠪᠢᠰᠬᠠᠯ ᠤᠨ ᠠᠳᠠᠯ ᠠᠬᠤᠢ﹀ ᠶᠢᠨ ᠺᠣᠮᠫᠠᠨᠢ ᠶᠢ ᠰᠦᠪᠡᠭᠴᠢᠯᠡᠨ ᠪᠠᠶᠢᠭᠤᠯᠵᠤ᠂ ᠦᠢᠯᠡᠴᠢᠯᠡᠭᠡᠨ ᠤ ᠲᠦᠪᠰᠢᠨ ᠢᠶᠠᠨ ᠳᠠᠰᠤᠷᠠᠯᠳᠠ ᠦᠬᠡᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠪᠦᠬᠦ ᠬᠦᠴᠦ ᠪᠠᠷ ᠢᠶᠠᠨ ᠰᠢᠢᠳᠪᠦᠷᠢᠯᠡᠪᠡ᠃ ᠲᠠᠷᠠᠭᠠᠴᠢ ᠶᠢᠨ ᠠᠵᠢᠯ ᠳᠤ ᠪᠢᠳᠡ ᠲᠡᠷᠢᠭᠦᠯᠡᠭᠴᠢ ᠰᠢ ᠶᠢᠨ ᠫᠢᠩ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ  ᠢ ᠪᠠᠳᠠᠷᠠᠭᠤᠯᠵᠤ᠂ ︿ᠬᠤᠪᠢᠰᠬᠠᠯ ᠤᠨ ᠠᠳᠠᠯ ᠠᠬᠤᠶ﹀ ᠶᠢ ᠦᠷᠭᠦᠯᠵᠢᠯᠡᠨ ᠰᠠᠶᠢᠲᠤᠷ ᠡᠷᠭᠢᠯᠡᠵᠦ᠂ ᠣᠯᠠᠨ ᠲᠦᠮᠡᠨ ᠳᠤ ︿ᠡᠴᠦᠰ ᠤᠨ ᠨᠢᠭᠡ ᠮᠧᠲᠷ﹀ ᠢ ᠦᠨᠡᠨ ᠬᠦ ᠨᠡᠪᠲᠡᠷᠡᠭᠦᠯᠦᠨ᠎ᠡ︕》ᠭᠡᠪᠡ᠃

ᠲᠡᠷᠢᠭᠦᠯᠡᠭᠴᠢ ᠰᠢ ᠶᠢᠨ ᠫᠢᠩ ᠰᠢᠨ᠎ᠡ ᠵᠢᠯ ᠤᠨ ᠪᠠᠶᠠᠷ ᠤᠨ ᠦᠭᠡ ᠳᠡᠭᠡᠨ᠂ ᠬᠡᠦᠬᠡᠳ ᠢ ᠠᠰᠠᠷᠠᠨ ᠲᠡᠵᠢᠭᠡᠵᠦ ᠰᠤᠷᠭᠠᠨ ᠬᠥᠮᠦᠵᠢᠭᠦᠯᠬᠦ᠂ ᠵᠠᠯᠠᠭᠤᠴᠤᠳ ᠤᠨ ᠠᠵᠢᠯ ᠣᠯᠵᠤ ᠴᠢᠳᠠᠪᠤᠷᠢᠲᠠᠨ ᠪᠣᠯᠬᠤ᠂ ᠨᠠᠰᠤᠲᠠᠶᠢᠴᠤᠳ ᠤᠨ ᠡᠪᠡᠳᠴᠢᠨ ᠦᠵᠡᠭᠦᠯᠵᠦ ᠨᠠᠰᠤᠵᠢᠯ ᠤᠨ ᠠᠰᠠᠷᠠᠮᠵᠢ ᠬᠦᠷᠲᠡᠬᠦ ᠪᠣᠯ ᠭᠡᠷ ᠪᠦᠯᠢ ᠶᠢᠨ ᠶᠠᠪᠤᠳᠠᠯ ᠪᠣᠯᠬᠤ ᠪᠥᠭᠡᠳ ᠲᠦᠷᠦ ᠶᠢᠨ ᠶᠠᠪᠤᠳᠠᠯ ᠮᠥᠨ᠂ ᠤᠯᠠᠨ ᠢᠶᠠᠷ ᠢᠶᠠᠨ ᠬᠠᠮᠲᠤ ᠪᠠᠷ ᠴᠢᠷᠮᠠᠶᠢᠵᠤ ᠪᠠᠶᠢᠭᠠᠳ ᠡᠳᠡᠭᠡᠷ ᠶᠠᠪᠤᠳᠠᠯ ᠢ ᠰᠠᠶᠢᠲᠤᠷ ᠬᠢᠬᠦ ᠬᠡᠷᠡᠭᠲᠡᠢ ᠭᠡᠵᠦ ᠬᠡᠯᠡᠪᠡ᠃ ᠤᠷᠳᠤᠰ ᠬᠤᠳᠠ ᠶᠢᠨ ᠠᠰᠠᠷᠠᠮᠵᠢ ᠶᠢᠨ ᠲᠥᠪ ᠤᠨ ᠬᠡᠦᠬᠡᠳ ᠢ ᠠᠰᠠᠷᠠᠨ ᠰᠤᠪᠢᠯᠠᠬᠤ ᠬᠡᠯᠲᠡᠰ ᠤᠨ ᠠᠵᠢᠯᠳᠠᠨ ᠵᠠᠩ ᠶᠢᠩ ᠴᠦᠨ᠄ 《ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠠᠵᠢᠯᠳᠠᠨ ᠪᠣᠯᠤᠭᠰᠠᠨ ᠤ ᠬᠤᠪᠢ ᠳᠤ᠂ ᠰᠢᠨ᠎ᠡ ᠵᠢᠯ ᠤᠨ ᠪᠠᠶᠠᠷ ᠤᠨ ᠦᠭᠡ ᠨᠢ  ᠲᠦᠢᠯ ᠢᠶᠠᠷ ᠤᠷᠮᠠᠰᠢᠭᠤᠯᠵᠤ᠂ ᠰᠡᠳᠬᠢᠯ ᠢ ᠠᠭᠤᠵᠢᠷᠠᠭᠤᠯᠪᠠ᠂ ᠪᠢ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠷᠴᠢ ᠵᠣᠷᠢᠭ ᠢᠶᠠᠨ ᠬᠥᠪᠴᠢᠯᠡᠵᠦ᠂ ᠨᠡᠩ ᠰᠢᠯᠢᠳᠡᠭ ᠠᠷᠠᠳ ᠤᠨ ᠶᠠᠪᠤᠳᠠᠯ ᠤᠨ ᠦᠢᠯᠡᠴᠢᠯᠡᠭᠡ ᠪᠠᠷ ᠬᠡᠦᠬᠡᠳ ᠲᠤ ︿ᠬᠦᠮᠦᠨ ᠤ ᠠᠮᠢᠳᠤᠷᠠᠯ ᠤᠨ ᠭᠡᠷᠡᠯ ᠭᠢᠯᠪᠠᠭ᠎ᠠ ᠪᠠᠨ ᠰᠠᠴᠤᠷᠠᠭᠤᠯᠵᠤ᠂ ᠬᠦᠰᠡᠯ ᠵᠡᠭᠦᠳᠦ ᠪᠠᠨ ᠲᠡᠷᠭᠡᠯᠰᠢᠭᠦᠯᠬᠦ﹀ᠠᠮᠠᠯᠠᠯᠲᠠ ᠪᠠᠨ ᠪᠡᠶᠡᠯᠡᠭᠦᠯᠦᠨ᠎ᠡ》ᠭᠡᠪᠡ᠃

ᠪᠤᠭᠤᠲᠤ ᠬᠤᠳᠠ ᠶᠢᠨ ᠬᠥᠨᠳᠡᠯᠡᠨ ᠲᠣᠭᠤᠷᠢᠭ ᠤᠨ ᠬᠠᠳᠤᠨ ᠭᠤᠣᠯ ᠤᠨ ᠪᠠᠷᠠᠭᠤᠨ ᠵᠠᠮ ᠤᠨ ᠵᠡᠭᠡᠯᠢ ᠭᠤᠳᠤᠮᠵᠢ ᠶᠢᠨ ᠨᠥᠬᠦᠷᠯᠡᠯ 19 ᠳᠥᠷᠪᠡᠳᠦᠭᠡᠷ ᠨᠡᠶᠢᠭᠡᠮ ᠲᠣᠭᠤᠷᠢᠭ ᠤᠨ ᠨᠠᠮ ᠤᠨ ᠬᠣᠷᠢᠶ᠎ᠠ ᠶᠢᠨ ᠱᠦᠵᠢ ᠪᠥᠭᠡᠳ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠦ᠋ ᠰᠢᠤ ᠹᠧᠩ᠄ 《ᠨᠡᠶᠢᠭᠡᠮ ᠲᠣᠭᠤᠷᠢᠭ ᠲᠤ 20 ᠵᠢᠯ ᠠᠵᠢᠯᠯᠠᠭᠰᠠᠨ ᠦᠨᠳᠦᠰᠦᠨ ᠱᠠᠲᠤᠨ ᠤ ᠠᠵᠢᠯᠳᠠᠨ ᠪᠣᠯᠤᠭᠰᠠᠨ ᠤ ᠬᠤᠪᠢ ᠳᠤ᠂ ᠡᠨᠡ ᠨᠢᠭᠡ ᠵᠢᠯ ᠤᠨ ᠠᠵᠢᠯ ᠢᠶᠠᠨ ᠡᠷᠭᠢᠴᠡᠭᠦᠯᠬᠦ ᠳᠤ ᠵᠦᠳᠡᠷᠡᠯ ᠲᠠᠢ᠂ ᠳᠣᠭᠳᠣᠯᠤᠯ ᠲᠠᠢ᠂ ᠵᠢᠳᠬᠦᠯ ᠲᠠᠢ᠂ ᠬᠠᠷᠢᠭᠤ ᠲᠠᠢ᠃ ᠰᠢᠨ᠎ᠡ ᠨᠢᠭᠡ ᠵᠢᠯ ᠳᠤ᠂ ᠪᠢ ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠳᠠᠬᠢ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠠᠷᠢᠶ᠎ᠠ ᠣᠷᠣᠨ ᠤ ᠨᠠᠮ ᠤᠨ ᠭᠡᠰᠢᠭᠦᠳ᠂ ᠨᠡᠶᠢᠭᠡᠮ ᠲᠣᠭᠤᠷᠢᠭ ᠤᠨ ᠠᠵᠢᠯᠲᠠᠳ ᠢ ᠳᠠᠭᠠᠭᠤᠯᠤᠨ ᠤᠯᠠᠨ ᠲᠦᠮᠡᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠵᠦᠢᠯ ᠢ ᠰᠡᠳᠬᠢᠯ ᠲᠠᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠢᠢᠳᠪᠦᠷᠢᠯᠡᠵᠦ᠂ ᠳᠤᠷᠠᠲᠠᠶ᠎ᠠ ︿ᠠᠷᠠᠯ ᠤᠨ ᠱᠠᠷ﹀ ᠪᠤᠯᠵᠤ᠂ ᠵᠣᠷᠢᠭᠲᠠᠢ ᠪᠠᠷ ᠳᠠᠭᠠᠭᠤᠯᠤᠭᠴᠢ ᠪᠤᠯᠵᠤ᠂ ᠰᠡᠳᠬᠢᠯ ᠰᠡᠳᠬᠢᠯ ᠢᠶᠠᠨ ᠣᠯᠣᠯᠴᠠᠨ ᠰᠣᠯᠢᠯᠴᠠᠵᠤ᠂ ᠠᠷᠠᠳ ᠲᠦᠮᠡᠨ ᠤ ᠰᠠᠶᠢᠨ ᠦᠢᠯᠡᠴᠢᠯᠡᠭᠴᠢ ᠪᠣᠯᠣᠨ᠎ᠠ︕》ᠭᠡᠯ᠎ᠡ᠃

ᠴᠢᠷᠮᠠᠶᠢᠨ ᠲᠡᠮᠡᠴᠡᠵᠦ ᠢᠷᠡᠭᠡᠳᠦᠶ ᠪᠠᠨ ᠴᠣᠭᠴᠠᠯᠠᠨ᠎ᠠ

ᠰᠢᠨ᠎ᠡ ᠣᠨ ᠤ ᠠᠮᠠᠷᠠᠯᠲᠠ ᠶᠢᠨ ᠬᠤᠭᠤᠴᠠᠭᠠᠨ ᠳᠤ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ ᠤᠨ ᠢᠷᠭᠠᠢ ᠠᠴᠠ ᠪᠠᠶᠠᠨᠨᠠᠭᠤᠷ ᠬᠦᠷᠬᠦ ᠰᠠᠯᠪᠤᠷᠢ ᠱᠤᠭᠤᠮ ᠤᠨ ᠥᠪᠥᠷ ᠮᠣᠩᠭᠤᠯ ᠳᠠᠬᠢ ᠬᠡᠰᠡᠭ ᠤᠨ ᠠᠯᠠᠱᠠ ᠠᠭᠤᠯᠠ ᠶᠢᠨ ᠨᠦᠬᠡᠨ ᠵᠠᠮ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠳᠤᠮᠳᠠᠳᠤ ᠤᠯᠤᠰ ᠤᠨ ᠲᠡᠮᠦᠷ ᠵᠠᠮ ᠤᠨ ᠠᠷᠪᠠᠨ ᠲᠠᠪᠤᠳᠤᠭᠠᠷ ᠲᠣᠪᠴᠢᠶᠠᠨ ᠤ 400 ᠭᠠᠷᠤᠢ ᠲᠡᠮᠦᠷ ᠵᠠᠮ ᠤᠨ ᠪᠦᠲᠦᠭᠡᠨ ᠪᠠᠶᠢᠭᠤᠯᠤᠭᠴᠢᠳ ᠪᠠᠷᠢᠯᠭ᠎ᠠ ᠶᠢᠨ ᠨᠢᠭᠡᠳᠦᠭᠡᠷ ᠹᠷᠣᠨᠲ ᠲᠤ ᠡᠷᠡᠯᠬᠡᠭᠯᠡᠨ ᠲᠡᠮᠡᠴᠡᠵᠦ ᠪᠠᠶᠢᠯ᠎ᠠ᠃

ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠠᠵᠢᠯ ᠢ ᠵᠢᠯᠣᠭᠤᠳᠴᠤ ᠪᠠᠶᠢᠭᠰᠠᠨ ᠳᠤᠮᠳᠠᠳᠤ ᠤᠯᠤᠰ ᠤᠨ ᠲᠡᠮᠤᠷ ᠵᠠᠮ ᠤᠨ ᠠᠷᠪᠠᠨ ᠲᠠᠪᠤᠳᠤᠭᠠᠷ ᠲᠣᠪᠴᠢᠶᠠᠨ ᠤ ᠢᠷᠭᠠᠢ ᠠᠴᠠ ᠪᠠᠶᠠᠨᠨᠠᠭᠤᠷ ᠬᠦᠷᠬᠦ ᠲᠦᠷᠭᠡᠨ ᠤ ᠲᠡᠮᠤᠷ ᠵᠠᠮ ᠤᠨ ᠲᠦᠷᠦᠯ ᠵᠦᠢᠯ ᠤᠨ ᠳᠡᠳ᠋ ᠳᠠᠭᠠᠭᠠᠮᠠᠯ ᠵᠠᠩ ᠴᠧᠩ ᠭᠠᠷ ᠤᠲᠠᠰᠤᠨ ᠳᠡᠭᠡᠷ᠎ᠡ ᠪᠠᠨ ᠰᠢᠨ᠎ᠡ ᠵᠢᠯ ᠤᠨ ᠪᠠᠶᠠᠷ ᠤᠨ ᠦᠭᠡ ᠶᠢ ᠰᠣᠨᠣᠰᠤᠭᠰᠠᠨ ᠤ ᠪᠠᠨ ᠳᠠᠷᠠᠭ᠎ᠠ᠂ ᠰᠡᠳᠬᠢᠯ ᠳᠣᠭᠳᠣᠯᠣᠨ᠄ 《ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠬᠥᠮᠦᠰ ᠤᠨ ᠰᠡᠳᠬᠢᠯ ᠢ ᠳᠤᠯᠠᠭᠠᠴᠠᠭᠤᠯᠤᠭᠰᠠᠨ ᠪᠥᠭᠡᠳ ᠲᠡᠮᠡᠴᠡᠯ ᠤᠨ ᠣᠮᠤᠭ ᠵᠣᠷᠢᠭ ᠢ ᠭᠥᠭᠵᠢᠭᠡᠪᠡ᠃ ᠲᠡᠮᠦᠷ ᠵᠠᠮ ᠤᠨ ᠪᠥᠲᠥᠭᠡᠨ ᠪᠠᠶᠢᠭᠤᠯᠤᠭᠴᠢ ᠪᠣᠯᠤᠭᠰᠠᠨ ᠤ ᠬᠤᠪᠢ ᠳᠤ᠂ 2024 ᠣᠨ ᠳᠤ ᠪᠢᠳᠡ ᠡᠷᠡᠮᠡᠬᠡᠶᠢᠯᠡᠨ ᠤᠷᠤᠭᠰᠢᠯᠠᠵᠤ᠂ ᠴᠥᠬᠦᠷᠡᠰᠢ ᠥᠬᠡᠶ ᠵᠢᠳᠬᠦᠵᠦ᠂︿ᠤᠯᠤᠰ ᠤᠨ ᠶᠡᠭᠡ ᠶᠠᠪᠤᠳᠠᠯ﹀ ᠢ ᠢᠮᠠᠭᠲᠠ ᠬᠡᠭᠦᠳᠡᠭ ᠴᠡᠭᠡᠵᠢᠨ ᠳᠡᠭᠡᠨ ᠪᠠᠭᠲᠠᠭᠠᠵᠤ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ᠂ ᠶᠠᠰᠤ ᠴᠢᠨᠠᠷ ᠢ ᠳᠡᠭᠡᠳᠦᠯᠡᠬᠦ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠲᠥᠷᠥᠯ  ᠤᠨ ᠬᠠᠮᠢᠶᠠᠷᠤᠯᠲᠠ ᠶᠢᠨ ᠪᠥᠬᠦ ᠶᠠᠪᠤᠴᠠ ᠳᠤ ᠠᠭᠤᠰᠤᠯᠴᠠᠭᠤᠯᠵᠤ᠂ ᠢᠷᠭᠠᠢ ᠠᠴᠠ ᠪᠠᠶᠠᠨᠨᠠᠭᠤᠷ ᠬᠦᠷᠬᠦ ᠲᠦᠷᠭᠡᠨ ᠤ ᠲᠡᠮᠦᠷ ᠵᠠᠮ ᠢ ᠡᠷᠲᠡᠬᠡᠨ ᠰᠣᠳᠣᠨ ᠢᠨᠵᠧᠨᠧᠷᠢᠩ᠂ ᠥᠯᠢᠭᠡᠷ ᠳᠠᠭᠤᠷᠢᠶᠠᠯ ᠢᠨᠵᠧᠨᠧᠷᠢᠩ ᠪᠣᠯᠭᠠᠨ ᠪᠥᠲᠥᠭᠡᠨ ᠪᠠᠶᠢᠭᠤᠯᠵᠤ᠂ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠳᠤ ᠦᠢᠯᠡᠴᠢᠯᠡᠭᠦᠯᠦᠨ᠎ᠡ》ᠭᠡᠪᠡ᠃

《ᠰᠢᠨ᠎ᠡ ᠣᠨ ᠬᠦᠷᠴᠦ ᠢᠷᠡᠯ᠎ᠡ᠂ ᠮᠠᠨ ᠤ ᠰᠢᠨ ᠮᠢᠨ ᠰᠢᠨ᠎ᠡ ᠲᠣᠰᠬᠤᠨ ᠤ ᠠᠷᠠᠳ ᠴᠤ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠡᠮᠡᠬᠦ ᠬᠠᠰᠤᠬᠤ ᠲᠠᠢ ᠬᠤᠯᠪᠤᠭᠳᠠᠬᠤ ᠠᠰᠢᠭᠲᠠᠶ ᠲᠥᠷᠥ ᠶᠢᠨ ᠪᠣᠳᠣᠯᠭ᠎ᠠ ᠶᠢ ᠠᠰᠢᠭᠯᠠᠨ᠂ ᠬᠦᠰᠡᠭᠡᠳ ᠤᠳᠠᠭᠰᠠᠨ ᠰᠢᠨ᠎ᠡ ᠣᠷᠣᠨ ᠰᠠᠭᠤᠴᠠ ᠳᠠᠭᠠᠨ ᠨᠡᠭᠦᠨ ᠣᠷᠣᠵᠤ᠂ ᠣᠯᠠᠨ ᠤ ᠠᠮᠢᠳᠤᠷᠠᠯ ᠤᠨ ᠨᠥᠬᠦᠴᠡᠯ ᠰᠢᠨ᠎ᠡ ᠳᠡᠭᠲᠡᠷ ᠲᠤ ᠭᠠᠷᠴᠤ᠂ ᠳᠠᠷᠢᠵᠤ ᠲᠡᠵᠢᠭᠡᠨ ᠦᠷᠡᠵᠢᠭᠦᠯᠬᠦ ᠠᠵᠢᠯ ᠴᠤ ᠰᠢᠨ᠎ᠡ ᠬᠡᠪ ᠵᠠᠭᠪᠤᠷ ᠲᠠᠢ ᠪᠣᠯᠵᠠᠶ᠂ ᠰᠢᠨ᠎ᠡ ᠵᠢᠯ ᠤᠨ ᠪᠠᠶᠠᠷ ᠤᠨ ᠦᠭᠡ ᠳᠤ ᠥᠷᠭᠡᠨ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠬᠤ ᠠᠭᠤᠯᠭ᠎ᠠ ᠪᠢᠯᠬᠠᠮ᠎ᠠ ᠪᠠᠶᠢᠵᠤ᠂ ᠥᠷᠭᠡᠨ ᠣᠯᠠᠨ ᠦᠨᠳᠦᠰᠦᠨ ᠱᠠᠲᠤᠨ ᠤ ᠺᠠᠳ᠋ᠷ ᠲᠤ ᠨᠡᠩ ᠶᠡᠭᠡ ᠡᠷᠴᠢ ᠵᠣᠷᠢᠭ ᠪᠠ ᠢᠲᠡᠭᠡᠯ ᠵᠣᠷᠢᠭ ᠣᠯᠭᠤᠪᠠ᠂ ᠤᠳᠤ ᠰᠢᠨ ᠮᠢᠨ ᠰᠢᠨ᠎ᠡ ᠲᠣᠰᠬᠤᠨ ᠶᠠᠪᠤᠬᠤ ᠲᠤᠲᠤᠮ ᠭᠤᠶᠤ ᠪᠤᠯᠵᠤ᠂ ᠨᠤᠲᠤᠭ ᠤᠨ ᠠᠬ᠎ᠠ ᠳᠡᠭᠦᠦ ᠨᠡᠷ ᠤᠨ ᠬᠠᠷᠮᠠᠨ ᠴᠦ ᠶᠠᠪᠤᠬᠤ ᠲᠤᠲᠤᠮ ᠲᠦᠭᠲᠦᠶᠢᠵᠦ ᠪᠠᠶᠢᠨ᠎ᠠ᠂ ᠲᠣᠰᠬᠤᠨ ᠤ ᠺᠠᠳ᠋ᠷ ᠪᠣᠯᠤᠭᠰᠠᠨ ᠤ ᠬᠤᠪᠢ ᠳᠤ ᠪᠢᠳᠡ ᠦᠷᠭᠦᠯᠵᠢᠯᠡᠨ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠲᠣᠰᠬᠤᠨ ᠤ ᠠᠷᠠᠳ ᠤᠨ ᠶᠠᠪᠤᠳᠠᠯ ᠢ ᠰᠠᠶᠢᠲᠤᠷ ᠬᠢᠨ᠎ᠡ》ᠭᠡᠵᠦ ᠰᠢᠨ᠎ᠡ ᠵᠢᠯ ᠤᠨ ᠪᠠᠶᠠᠷ ᠤᠨ ᠦᠭᠡ ᠶᠢ ᠰᠣᠨᠣᠰᠴᠤ ᠪᠠᠷᠠᠭᠠᠳ᠂ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠨᠣᠨ ᠮᠦᠷᠡᠨ ᠰᠢᠶᠠᠩ ᠤᠨ ᠰᠢᠨ ᠮᠢᠨ ᠰᠢᠨ᠎ᠡ ᠲᠤᠰᠬᠤᠨ ᠤ ᠨᠠᠮ ᠤᠨ ᠡᠭᠦᠷ ᠤᠨ ᠭᠡᠰᠢᠭᠦᠨ᠂ ᠲᠤᠰᠬᠤᠨ ᠤ ᠵᠥᠪᠯᠡᠯ ᠤᠨ ᠳᠡᠳ᠋ ᠡᠷᠬᠢᠯᠡᠭᠴᠢ ᠰᠦᠩ ᠯᠢ ᠹᠧᠩ ᠰᠡᠳᠬᠢᠯ ᠳᠣᠭᠳᠣᠯᠣᠨ ᠶᠠᠷᠢᠪᠠ᠃

《ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠶᠢᠨ ᠦᠭᠡ ᠦᠰᠦᠭ ᠪᠦᠷᠢ ᠨᠢ ᠬᠠᠯᠠᠭᠤᠨ ᠳᠤᠯᠠᠭᠠᠨ᠂ ᠴᠢᠩ ᠦᠨᠡᠨᠴᠢ᠃ ︿ᠰᠢᠷᠭᠠᠭᠤ ᠬᠦᠳᠡᠯᠮᠦᠷᠢᠯᠡᠵᠦ ᠪᠠᠶᠢᠭ᠎ᠠ ᠲᠠᠷᠢᠶᠠᠴᠢᠨ᠂ ᠬᠠᠲᠠᠭᠤᠵᠢᠯᠲᠠᠶ ᠠᠵᠢᠯᠯᠠᠵᠤ ᠪᠠᠶᠢᠭ᠎ᠠ ᠠᠵᠢᠯᠴᠢᠨ᠂ ᠵᠣᠷᠢᠭᠲᠠᠶ ᠲᠡᠮᠡᠴᠡᠵᠦ ᠪᠠᠶᠢᠭ᠎ᠠ ᠦᠢᠯᠡᠰ ᠪᠣᠰᠬᠠᠭᠴᠢ᠂ ᠤᠯᠤᠰ ᠭᠡᠷ ᠢᠶᠠᠨ ᠬᠠᠮᠠᠭᠠᠯᠠᠵᠤ ᠪᠠᠶᠢᠭ᠎ᠠ ᠬᠡᠦᠬᠡᠳ ᠳᠡᠭᠦᠦ ᠨᠡᠷ ᠴᠡᠷᠢᠭ᠂ ᠡᠯ᠎ᠡ ᠠᠵᠢᠯ ᠲᠦᠷᠦᠯ ᠤᠨ ᠬᠥᠮᠦᠰ ᠴᠥᠮ ᠬᠥᠯᠥᠰᠥ ᠪᠠᠨ ᠤᠷᠤᠰᠬᠠᠵᠤ᠂ ᠡᠭᠡᠯ ᠵᠢᠷ ᠤᠨ ᠬᠥᠮᠦᠨ ᠨᠢᠭᠡ ᠪᠦᠷᠢ ᠴᠥᠮ ᠶᠡᠷᠦ ᠪᠤᠰᠤ ᠶᠢᠨ ᠬᠤᠪᠢ ᠨᠡᠮᠡᠷᠢ ᠦᠵᠡᠭᠦᠯᠵᠡᠢ﹀ᠭᠡᠬᠦ ᠦᠭᠡ ᠬᠠᠮᠤᠭ ᠤᠨ ᠭᠦᠨ ᠰᠠᠭᠤᠭᠳᠠᠯ ᠦᠯᠡᠳᠡᠭᠡᠪᠡ᠂ ᠡᠨᠡ ᠦᠭᠡ ᠪᠣᠯ ᠡᠯ᠎ᠡ ᠠᠵᠢᠯ ᠲᠦᠷᠦᠯ ᠤᠨ ᠬᠥᠮᠦᠰ ᠤᠨ ᠠᠵᠢᠯ ᠤᠨ ᠪᠠᠶᠢᠳᠠᠯ ᠤᠨ ᠦᠨᠡᠨ ᠪᠣᠳᠠᠲᠠᠶ ᠵᠢᠷᠤᠭᠯᠠᠯ ᠪᠣᠯᠬᠤ ᠪᠥᠭᠡᠳ ᠪᠠᠰᠠ ᠴᠤ ᠤᠯᠠᠨ ᠳᠤ ᠵᠣᠷᠢᠭᠵᠢᠭᠤᠯᠤᠯ ᠪᠣᠯᠬᠤ ᠶᠤᠮ᠂ ᠲᠡᠳᠡᠨ ᠤ ᠳᠣᠲᠣᠷᠠᠬᠢ ᠨᠢᠭᠡ ᠭᠡᠰᠢᠭᠦᠨ ᠪᠣᠯᠤᠭᠰᠠᠨ ᠤ ᠬᠤᠪᠢ ᠳᠤ ᠪᠢ ᠮᠠᠰᠢ ᠣᠮᠣᠭᠰᠢᠵᠤ ᠪᠠᠶᠢᠨ᠎ᠠ᠂ ᠰᠢᠨ᠎ᠡ ᠨᠢᠭᠡᠨ ᠵᠢᠯ ᠳᠤ᠂ ᠪᠢ ᠴᠠᠭ ᠢᠮᠠᠭᠲᠠ ︿   ᠦᠢᠯᠡᠳᠪᠦᠷᠢᠯᠡᠯ﹀ᠭᠡᠬᠦ ᠬᠥᠪᠴᠢ ᠶᠢ ᠴᠢᠩᠳᠠᠯᠠᠵᠤ᠂ ᠠᠵᠢᠯ ᠪᠣᠯᠭᠠᠨ ᠢ ᠴᠢᠨᠠᠷ ᠰᠠᠶᠢᠲᠠᠢ ᠪᠡᠶᠡᠯᠡᠭᠦᠯᠵᠦ᠂ ᠠᠷᠠᠳ ᠤᠯᠠᠨ ᠤ ᠰᠠᠨᠠᠭ᠎ᠠ ᠠᠮᠤᠷ ᠴᠠᠬᠢᠯᠭᠠᠨ᠂ ᠴᠢᠨᠠᠷ ᠰᠠᠶᠢᠲᠠᠢ ᠴᠠᠬᠢᠯᠭᠠᠨ᠂ ᠬᠠᠨᠤᠮᠵᠢᠲᠠᠢ ᠴᠠᠬᠢᠯᠭᠠᠨ ᠬᠡᠷᠡᠭᠯᠡᠬᠦ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠦᠨ᠎ᠡ》ᠭᠡᠵᠦ ᠤᠯᠠᠭᠠᠨᠬᠠᠳᠠ ᠬᠤᠳᠠ ᠶᠢᠨ ᠤᠯᠤᠰ ᠤᠨ ᠴᠠᠬᠢᠯᠭᠠᠨ ᠲᠣᠣᠷ ᠤᠨ ᠠᠤᠬᠠᠨ ᠬᠤᠰᠢᠭᠤᠨ ᠤ ᠴᠠᠬᠢᠯᠭᠠᠨ ᠬᠠᠩᠭᠠᠬᠤ ᠺᠣᠮᠫᠠᠨᠢ ᠶᠢᠨ ᠮᠣᠳᠣᠨ ᠠᠶᠢᠯ ᠲᠥᠪ ᠴᠠᠬᠢᠯᠭᠠᠨ ᠬᠠᠩᠭᠠᠬᠤ ᠡᠵᠡᠩᠨᠡᠯᠲᠡ ᠶᠢᠨ ᠭᠠᠵᠠᠷ ᠤᠨ ᠴᠠᠬᠢᠯᠭᠠᠨ ᠤ ᠠᠵᠢᠯᠴᠢᠨ ᠵᠠᠩ ᡁᠢ ᠭᠠᠩ ᠬᠡᠯᠡᠪᠡ᠃

ᠲᠡᠷᠢᠭᠦᠯᠡᠭᠴᠢ ᠰᠢ ᠶᠢᠨ ᠫᠢᠩ ᠤᠨ ᠰᠢᠨ᠎ᠡ ᠵᠢᠯ ᠤᠨ ᠪᠠᠶᠠᠷ ᠤᠨ ᠦᠭᠡ ᠶᠢ ᠬᠦᠯᠢᠶᠡᠨ ᠠᠪᠴᠤ ᠦᠵᠡᠭᠰᠡᠨ ᠤ ᠳᠠᠷᠠᠭ᠎ᠠ᠂ ᠠᠤᠬᠠᠨ ᠬᠤᠰᠢᠭᠤᠨ ᠤ ᠮᠣᠳᠣᠨ ᠠᠶᠢᠯ ᠰᠢᠶᠠᠩ ᠤᠨ ᠴᠢᠶᠠᠨ ᠵᠢᠩ ᠲᠣᠰᠬᠤᠨ ᠤ ᠠᠷᠠᠳ ᠰᠦᠨ ᠯᠢ ᠵᠢᠶᠦ᠋ᠨ ᠰᠡᠳᠬᠢᠯ ᠳᠣᠭᠳᠣᠯᠣᠨ᠄ 《ᠪᠢᠳᠡᠨ ᠤ ᠠᠮᠢᠳᠤᠷᠠᠯ ᠶᠠᠪᠤᠬᠤ ᠲᠤᠲᠤᠮ ᠰᠠᠶᠢᠵᠢᠷᠠᠵᠤ᠂ ᠠᠮᠤ ᠪᠤᠳᠠᠭ᠎ᠠ ᠡᠯᠪᠡᠭ ᠬᠤᠷᠢᠶᠠᠯᠲᠠ ᠣᠯᠵᠤ᠂ ᠠᠶᠢᠯ ᠲᠣᠰᠬᠤᠨ ᠴᠡᠪᠡᠷ ᠴᠡᠮᠴᠡᠭᠡᠷ ᠪᠣᠯᠪᠠ᠂ ᠡᠳᠡᠭᠡᠷ ᠪᠠᠶᠠᠷᠯᠠᠭᠤᠰᠢᠲᠠᠢ ᠬᠤᠪᠢᠷᠠᠯᠲᠠ ᠨᠢ ᠨᠠᠮ ᠪᠣᠯᠤᠨ ᠤᠯᠤᠰ ᠠᠴᠠ ᠰᠠᠯᠵᠤ ᠴᠢᠳᠠᠬᠤ ᠦᠭᠡᠢ ᠶᠤᠮ᠂ 2023 ᠣᠨ ᠳᠤ᠂ ᠮᠠᠨ ᠤ ᠭᠡᠷ ᠤᠨ ᠨᠠᠷᠢᠮᠤ᠂ ᠨᠣᠭᠤᠭᠠᠨ ᠪᠤᠷᠴᠠᠭ ᠤᠨ ᠲᠠᠷᠢᠮᠠᠯ ᠤᠨ ᠲᠠᠯᠠᠪᠠᠢ 354 ᠮᠦ ᠪᠠᠶᠢᠵᠤ᠂ ᠴᠡᠪᠡᠷ ᠣᠷᠣᠯᠭ᠎ᠠ 40 ᠭᠠᠷᠤᠢ ᠲᠦᠮᠡᠨ ᠲᠥᠭᠦᠷᠢᠭ ᠲᠤ ᠬᠦᠷᠴᠡᠢ᠃ ᠰᠢᠨ᠎ᠡ ᠨᠢᠭᠡ ᠵᠢᠯ ᠳᠤ᠂ ᠪᠢ ᠲᠠᠷᠢᠮᠠᠯ ᠤᠨ ᠬᠡᠪᠴᠢᠶ᠎ᠡ ᠪᠠᠨ ᠦᠷᠭᠦᠯᠵᠢᠯᠡᠨ ᠥᠷᠭᠡᠳᠬᠡᠵᠦ᠂ 500 ᠮᠦ ᠳᠤ  ᠪᠠᠷ ᠴᠢᠷᠮᠠᠶᠢᠵᠤ᠂ ᠡᠷᠬᠢᠨ ᠲᠣᠭᠤᠷᠢᠨ ᠤ  ᠡᠷᠦᠬᠡ ᠶᠢ ᠳᠠᠶᠢᠴᠢᠯᠠᠨ ᠵᠠᠬᠢᠶᠠᠯᠠᠭ᠎ᠠ ᠶᠢᠨ ᠮᠠᠶ᠋ᠢᠭ ᠤᠨ᠂ ᠰᠢᠨᠵᠢᠯᠡᠬᠦ ᠤᠬᠠᠭᠠᠨᠴᠢᠯᠠᠭᠰᠠᠨ᠂ ᠵᠢᠷᠤᠮᠵᠢᠭᠤᠯᠤᠭᠰᠠᠨ᠂ ᠬᠡᠪᠴᠢᠶᠡᠵᠢᠭᠦᠯᠦᠭᠰᠡᠨ ᠲᠠᠷᠢᠮᠠᠯ ᠳᠠᠷᠢᠵᠤ᠂ ᠠᠮᠢᠳᠤᠷᠠᠯ ᠢᠶᠠᠨ ᠣᠯᠠᠮ ᠰᠠᠶᠢᠨ ᠪᠣᠯᠭᠠᠨ᠎ᠠ》ᠭᠡᠪᠡ᠃

 

 

 


   :                    
   :           
备案序号:蒙ICP备05003250号 公安备案15010502000173