ᠵᠤᠬᠢᠶᠠᠭᠴᠢ: ᠴᠠᠭ:2024-01-12 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
ᠰᠢ ᠶᠢᠨ ᠫᠢᠩ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠭᠦᠨᠵᠡᠭᠡᠢ ᠠᠬᠢᠭᠤᠯᠵᠤ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠵᠠᠪᠠᠯ ᠲᠡᠮᠡᠴᠡᠨ ᠣᠯᠬᠤ ᠬᠡᠷᠡᠭᠲᠡᠢ

 

ᠯᠢ ᠴᠢᠶᠠᠩ ᠵᠤᠤ ᠯᠧ ᠵᠢᠢ ᠸᠠᠩ ᠬᠤ᠋ ᠨᠢᠩ ᠼᠠᠢ ᠴᠢ ᠳ᠋ᠢᠩ ᠰᠢᠤᠸᠠᠢ ᠰᠢᠶᠠᠩ ᠬᠤᠷᠠᠯ ᠳᠤ ᠣᠷᠣᠯᠴᠠᠪᠠ ᠯᠢ ᠰᠢ ᠬᠤᠷᠠᠯ ᠢ ᠡᠷᠭᠢᠯᠡᠪᠡ

ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 1  ᠰᠠᠷ᠎ᠠ ᠶᠢᠨ 8 ᠤ  ᠦᠳᠡ ᠶᠢᠨ ᠡᠮᠦᠨ᠎ᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠳᠡᠭᠡᠷ᠎ᠡ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠨ᠎ᠡ ᠴᠠᠭ ᠦᠶ᠎ᠡ ᠶᠢᠨ ᠠᠷᠪᠠᠨ ᠵᠢᠯ ᠢᠯᠵᠠᠷᠠᠯ ᠢ ᠴᠥᠬᠦᠷᠡᠰᠢ ᠦᠭᠡᠢ ᠬᠦᠴᠦᠲᠡᠢ ᠡᠰᠡᠷᠭᠦᠴᠡᠬᠦ ᠶᠢ ᠪᠠᠷᠢᠮᠲᠠᠯᠠᠭᠰᠠᠨ ᠢᠶᠠᠷ᠂ ᠢᠯᠵᠠᠷᠠᠯ ᠢ ᠡᠰᠡᠷᠭᠦᠴᠡᠬᠦ ᠲᠡᠮᠡᠴᠡᠯ ᠳᠡᠶᠢᠯᠦᠩᠭᠦᠢ ᠴᠢᠨᠠᠷᠲᠠᠢ ᠢᠯᠠᠯᠲᠠ ᠣᠯᠵᠤ ᠪᠦᠭᠦ ᠲᠠᠯ᠎ᠠ ᠪᠠᠷ ᠪᠠᠬᠢᠵᠢᠭ᠍ᠰᠡᠨ ᠪᠠᠶᠢᠨ᠎ᠠ᠂ ᠭᠡᠪᠡᠴᠦ ᠪᠠᠶᠢᠳᠠᠯ ᠮᠥᠨ ᠬᠦ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠃ ᠪᠢᠳᠡ ᠢᠯᠵᠠᠷᠠᠯ ᠢ ᠡᠰᠡᠷᠭᠦᠴᠡᠬᠦ ᠲᠡᠮᠡᠴᠡᠯ ᠤᠨ ᠰᠢᠨ᠎ᠡ ᠪᠠᠶᠢᠳᠠᠯ ᠰᠢᠨ᠎ᠡ ᠬᠠᠨᠳᠤᠰᠢ ᠶᠢ ᠰᠡᠷᠭᠡᠭ ᠢᠶᠠᠷ ᠲᠠᠨᠢᠵᠤ᠂ ᠢᠯᠵᠠᠷᠠᠯ ᠤᠨ ᠠᠰᠠᠭᠤᠳᠠᠯ ᠤᠨ ᠡᠭᠦᠰᠴᠦ ᠪᠠᠶᠢᠭ᠎ᠠ ᠬᠥᠷᠥᠰᠥ ᠰᠢᠷᠣᠢ ᠪᠠ ᠨᠥᠬᠦᠴᠡᠯ ᠢ ᠰᠡᠷᠭᠡᠭ ᠢᠶᠠᠷ ᠲᠠᠨᠢᠵᠤ᠂ ᠡᠭᠦᠷᠢᠳᠡ ᠵᠣᠭᠰᠣᠰᠢ ᠦᠭᠡᠢ ᠪᠠᠶᠢᠬᠤ ᠬᠠᠳᠠᠨ ᠵᠣᠷᠢᠭ ᠪᠠ ᠡᠷᠡᠰ ᠪᠠᠷᠢᠮᠲᠠᠯᠠᠯ ᠢᠶᠠᠷ ᠤᠨᠢᠨ ᠳᠡᠭᠡᠷ᠎ᠡ ᠨᠢ ᠬᠦᠴᠦᠯᠡᠨ᠂ ᠦᠷᠭᠦᠯᠵᠢᠯᠡᠨ ᠬᠦᠴᠦᠯᠡᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠤ ᠢᠯᠠᠯᠲᠠ ᠶᠢ ᠵᠠᠪᠠᠯ ᠲᠡᠮᠡᠴᠡᠨ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢ ᠶᠢᠨ ᠫᠢᠩ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ  ᠡᠭᠢᠯᠡᠯᠲᠡ ᠶᠢᠨ ᠵᠢᠯ ᠮᠥᠨ᠃ ᠨᠠᠮ ᠤᠨ ᠲᠥᠪ ᠬᠤᠷᠢᠶ᠎ᠠ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠭᠤᠶᠢᠪᠢᠰᠢ ᠦᠭᠡᠢ ᠠᠬᠢᠭᠤᠯᠵᠤ᠂ ᠪᠦᠭᠦ ᠨᠠᠮ ᠳᠤ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠢᠶᠠᠷ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠤᠯᠤᠰ ᠲᠥᠷᠥ ᠶᠢᠨ ᠬᠢᠨᠠᠯᠲᠠ ᠶᠢ ᠪᠣᠳᠠᠲᠠᠶᠢᠵᠢᠭᠤᠯᠬᠤ᠂ ᠣᠨᠣᠪᠴᠢᠲᠠᠢ ᠪᠤᠯᠭᠠᠬᠤ᠂ ᠪᠠᠶᠢᠩᠭᠤᠵᠢᠭᠤᠯᠬᠤ ᠶᠢ ᠬᠦᠴᠦᠯᠡᠨ ᠠᠬᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ ᠲᠣᠪᠣᠶᠢᠮ᠎ᠠ ᠠᠰᠠᠭᠤᠳᠠᠯ ᠢ ᠬᠦᠴᠦᠯᠡᠨ ᠴᠡᠭᠴᠡᠯᠡᠵᠦ᠂ ᠨᠠᠮ ᠤᠨ ᠭᠡᠰᠢᠭᠦᠨ᠂ ᠺᠠᠳ᠋ᠷᠴᠤᠳ ᠤᠨ ᠡᠩᠨᠡᠭᠡᠨ ᠳᠠᠬᠢ ᠤᠯᠠᠨ ᠢ ᠲᠦᠢᠪᠡᠭᠡᠭᠴᠢ ᠶᠢ ᠡᠷᠡᠰ ᠠᠷᠢᠯᠭᠠᠵᠤ᠂ ᠨᠠᠮ ᠤᠨ ᠭᠡᠰᠢᠭᠦᠨ᠂ ᠺᠠᠳ᠋ᠷᠴᠤᠳ ᠤᠨ ᠬᠠᠮᠢᠶᠠᠷᠤᠯᠲᠠ ᠬᠢᠨᠠᠯᠲᠠ ᠶᠢ ᠴᠢᠩᠭ᠎ᠠ ᠪᠣᠳᠠᠲᠠᠢ ᠴᠢᠩᠭᠠᠳᠬᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ  ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠢᠨ᠎ᠡ ᠠᠶᠠᠨ ᠤ ᠡᠭᠢᠯᠡᠯᠲᠡ ᠶᠢ ᠬᠦᠴᠦᠲᠡᠢ ᠬᠥᠲᠥᠯᠥᠨ ᠳᠠᠭᠠᠭᠤᠯᠵᠤ ᠪᠠᠲᠤᠯᠠᠪᠠ ᠭᠡᠵᠦ ᠵᠢᠭᠠᠵᠤ ᠭᠠᠷᠭᠠᠵᠠᠢ᠃

ᠰᠢ ᠶᠢᠨ ᠫᠢᠩ᠂ ᠮᠠᠨ ᠤ ᠨᠠᠮ ᠳᠡᠯᠡᠬᠡᠢ ᠳᠡᠭᠡᠷᠡᠬᠢ ᠬᠠᠮᠤᠭ ᠤᠨ ᠲᠣᠮᠣ ᠮᠠᠷᠺᠰ ᠤᠨ ᠦᠵᠡᠯ ᠤᠨ ᠲᠦᠷᠦ ᠪᠠᠷᠢᠭᠴᠢ ᠨᠠᠮ ᠪᠣᠯᠤᠭᠰᠠᠨ ᠤ ᠬᠤᠪᠢ ᠳᠤ᠂ ᠬᠡᠷᠬᠢᠨ ᠰᠠᠮᠠᠭᠤᠷᠠᠯ ᠢ ᠵᠠᠰᠠᠵᠤ ᠮᠠᠨᠳᠤᠵᠤ ᠪᠠᠭᠤᠷᠠᠬᠤ ᠲᠡᠦᠬᠡ ᠶᠢᠨ ᠦᠶᠡᠯᠡᠯ ᠤᠨ ᠳᠠᠪᠲᠠᠮᠵᠢ ᠠᠴᠠ ᠠᠮᠵᠢᠯᠲᠠ ᠲᠠᠢ ᠮᠤᠯᠲᠤᠷᠠᠵᠤ᠂ ᠨᠠᠮ ᠥᠨᠢ ᠡᠭᠦᠷᠢᠳᠡ ᠴᠢᠨᠠᠷ ᠬᠤᠪᠢᠷᠠᠬᠤ ᠦᠭᠡᠢ ᠥᠩᠭᠡ ᠬᠤᠪᠢᠷᠠᠬᠤ ᠦᠭᠡᠢ ᠰᠤᠷᠲᠠᠯ ᠬᠤᠪᠢᠷᠠᠬᠤ ᠦᠭᠡᠢ ᠪᠠᠶᠢᠬᠤ ᠶᠢ ᠪᠠᠲᠤᠯᠠᠬᠤ ᠪᠤᠢ︖ ᠡᠨᠡ ᠪᠣᠯ ᠪᠦᠭᠦ ᠨᠠᠮ ᠤᠨ ᠨᠥᠬᠦᠳ ᠤᠨ ᠡᠮᠦᠨ᠎ᠡ ᠲᠠᠯᠪᠢᠭᠳᠠᠵᠤ ᠪᠠᠶᠢᠭ᠎ᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠠᠰᠠᠭᠤᠳᠠᠯ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠠᠭᠤᠤ ᠶᠡᠭᠡ ᠦᠢᠯᠡᠳᠦᠯᠭᠡ ᠶᠢᠨ ᠳᠤᠮᠳᠠ᠂ ᠪᠢᠳᠡ ᠲᠠᠰᠤᠷᠠᠯᠲᠠ ᠦᠭᠡᠢ ᠦᠢᠯᠡᠳᠦᠯᠭᠡ ᠶᠢᠨ ᠰᠦᠪᠡᠭᠴᠢᠯᠡᠯᠲᠡ ᠪᠠ ᠤᠨᠤᠯ ᠤᠨ ᠪᠣᠳᠣᠯᠬᠢᠯᠠᠯ ᠬᠢᠵᠦ᠂ ᠮᠠᠤ ᠽᠧ ᠳ᠋ᠦᠩ ᠨᠥᠬᠦᠷ ᠤᠨ ᠲᠤᠬᠠᠢ ᠶᠢᠨ ᠵᠢᠯ ᠤᠨ 《ᠠᠷᠠᠳ ᠲᠦᠮᠡᠨ ᠢᠶᠠᠷ ᠵᠠᠰᠠᠭ ᠤᠨ ᠣᠷᠳᠣᠨ ᠳᠤ ᠬᠢᠨᠠᠯᠲᠠ ᠲᠠᠯᠪᠢᠭᠤᠯᠬᠤ ᠬᠡᠷᠡᠭᠲᠡᠢ》ᠭᠡᠰᠡᠨ ᠨᠢᠭᠡᠳᠦᠭᠡᠷ ᠬᠠᠷᠢᠭᠤᠯᠲᠠ ᠶᠢᠨ ᠰᠠᠭᠤᠷᠢᠨ ᠳᠡᠭᠡᠷ᠎ᠡ᠂ ᠬᠤᠶᠠᠳᠤᠭᠠᠷ ᠬᠠᠷᠢᠭᠤᠯᠲᠠ ᠶᠢ ᠡᠷᠢᠵᠦ ᠣᠯᠵᠠᠢ᠂ ᠡᠨᠡ ᠨᠢ ᠳᠠᠷᠤᠢ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠲᠠᠰᠤᠷᠠᠯᠲᠠ ᠦᠭᠡᠢ ᠠᠬᠢᠭᠤᠯᠬᠤ ᠶᠠᠪᠤᠳᠠᠯ ᠪᠣᠯᠣᠨ᠎ᠠ᠃ ᠰᠢᠨ᠎ᠡ ᠴᠠᠭ ᠦᠶ᠎ᠡ ᠶᠢᠨ ᠠᠷᠪᠠᠨ ᠵᠢᠯ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠦᠢᠯᠡᠳᠦᠯᠭᠡ ᠪᠣᠯᠣᠨ ᠤᠨᠤᠯ ᠤᠨ ᠰᠦᠪᠡᠭᠴᠢᠯᠡᠯᠲᠡ ᠳᠤᠮᠳᠠ᠂ ᠪᠢᠳᠡ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠲᠠᠨᠢᠯᠲᠠ ᠪᠠᠨ ᠲᠠᠰᠤᠷᠠᠯᠳᠡ ᠦᠭᠡᠢ ᠭᠦᠨᠵᠡᠭᠡᠶᠢᠷᠡᠭᠦᠯᠵᠦ᠂ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠶᠢ ᠬᠤᠷᠠᠮᠳᠤᠭᠤᠯᠵᠤ᠂ ᠠᠯᠢ ᠤᠯᠠᠨ ᠴᠢᠬᠤᠯᠠ ᠤᠨᠤᠯ ᠤᠨ ᠦᠷ᠎ᠡ ᠪᠦᠲᠦᠭᠡᠯ ᠢ ᠪᠦᠷᠢᠯᠳᠦᠭᠦᠯᠵᠦ᠂ ᠮᠠᠨ ᠤ ᠨᠠᠮ ᠤᠨ ᠶᠠᠭᠤᠨ ᠳᠤ ᠥᠪᠡᠷ ᠪᠡᠶ᠎ᠡ ᠶᠢᠨ ᠬᠤᠪᠢᠰᠬᠠᠯ ᠬᠢᠬᠦ᠂ ᠶᠠᠭᠠᠬᠢᠭᠠᠳ ᠥᠪᠡᠷ ᠪᠡᠶ᠎ᠡ ᠶᠢᠨ ᠬᠤᠪᠢᠰᠬᠠᠯ ᠬᠢᠵᠦ ᠳᠡᠶᠢᠯᠭᠦ᠂ ᠥᠪᠡᠷ ᠪᠡᠶ᠎ᠡ ᠶᠢᠨ ᠬᠤᠪᠢᠰᠬᠠᠯ ᠢ ᠬᠡᠷᠬᠢᠨ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠰᠲ᠋ᠧᠮ ᠲᠠᠢ ᠬᠠᠷᠢᠭᠤᠯᠲᠠ ᠥᠭᠴᠡᠢ ᠭᠡᠵᠦ ᠴᠢᠬᠤᠯᠠᠴᠢᠯᠠᠪᠠ᠃

ᠰᠢ ᠶᠢᠨ ᠫᠢᠩ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠭᠦᠨᠵᠡᠭᠡᠢ ᠠᠬᠢᠭᠤᠯᠬᠤ ᠦᠢᠯᠡᠳᠦᠯᠭᠡ ᠶᠢᠨ ᠳᠤᠮᠳᠠ ᠶᠢᠰᠦᠨ ᠠᠰᠠᠭᠤᠳᠠᠯ ᠢ ᠰᠠᠶᠢᠲᠤᠷ ᠡᠵᠡᠮᠳᠡᠬᠦ ᠴᠢᠬᠤᠯᠠᠲᠠᠢ᠂ ᠲᠤᠬᠠᠶᠢᠯᠠᠪᠠᠯ᠄ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠬᠤ ᠪᠠᠷ ᠦᠨᠳᠦᠰᠦᠨ ᠪᠠᠲᠤᠯᠠᠭ᠎ᠠ ᠪᠤᠯᠭᠠᠵᠤ᠂ ᠠᠭᠤᠤ ᠶᠡᠭᠡ ᠨᠡᠶᠢᠭᠡᠮ ᠤᠨ ᠬᠤᠪᠢᠰᠬᠠᠯ ᠢ ᠬᠥᠲᠥᠯᠥᠨ ᠳᠠᠭᠠᠭᠤᠯᠬᠤ ᠪᠠᠷ ᠦᠨᠳᠦᠰᠦᠨ ᠵᠣᠷᠢᠯᠭ᠎ᠠ ᠪᠤᠯᠭᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠨᠳᠦᠰᠦᠨ ᠵᠢᠷᠤᠮᠯᠠᠯ ᠪᠤᠯᠭᠠᠵᠤ᠂ ᠲᠡᠦᠬᠡ ᠶᠢᠨ ᠦᠶᠡᠯᠡᠯ ᠤᠨ ᠳᠠᠪᠲᠠᠮᠵᠢ ᠠᠴᠠ ᠮᠤᠯᠲᠤᠷᠠᠬᠤ ᠪᠠᠷ ᠪᠠᠶᠢᠯᠳᠤᠬᠤ ᠪᠣᠳᠣᠯᠭ᠎ᠠ ᠶᠢᠨ ᠬᠠᠷᠠᠯᠲᠠ ᠪᠤᠯᠭᠠᠵᠤ᠂ ᠲᠣᠮᠣ ᠨᠠᠮ ᠤᠨ ᠥᠪᠡᠷᠮᠢᠴᠡ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠭᠤᠣᠯ ᠰᠢᠪᠲᠤᠯᠬᠤ ᠴᠢᠭᠯᠡᠯ ᠢᠶᠠᠨ ᠪᠤᠯᠭᠠᠵᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠲᠡᠭᠦᠯᠳᠡᠷᠵᠢᠭᠦᠯᠬᠦ ᠪᠠᠷ ᠪᠦᠲᠦᠮᠵᠢᠲᠡᠶ ᠠᠷᠭ᠎ᠠ ᠵᠠᠮ ᠪᠤᠯᠭᠠᠵᠤ᠂ ᠡᠷᠡᠰ ᠬᠠᠲᠠᠭᠤ ᠵᠣᠬᠢᠶᠠᠨ ᠪᠠᠶᠢᠭᠤᠯᠤᠯᠲᠠ ᠶᠢ ᠳᠠᠪᠲᠠᠨ ᠪᠤᠯᠪᠠᠰᠤᠷᠠᠭᠤᠯᠬᠤ᠂ ᠪᠠᠲᠤ ᠴᠢᠩᠭ᠎ᠠ ᠡᠩᠨᠡᠭᠡ ᠶᠢ ᠪᠠᠶᠢᠭᠤᠯᠬᠤ ᠪᠠᠷ ᠴᠢᠬᠤᠯᠠ ᠬᠦᠴᠦᠯᠡᠬᠦ ᠴᠡᠭ ᠪᠤᠯᠭᠠᠵᠤ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠬᠤ ᠪᠠᠷ ᠴᠢᠬᠤᠯᠠ ᠭᠠᠷᠳᠠᠴᠠ ᠪᠤᠯᠭᠠᠵᠤ᠂ ᠲᠤᠰ ᠪᠡᠶ᠎ᠡ ᠶᠢᠨ ᠬᠢᠨᠠᠯᠲᠠ ᠪᠠ ᠠᠷᠠᠳ ᠲᠦᠮᠡᠨ ᠤ ᠬᠢᠨᠠᠯᠲᠠ ᠶᠢ ᠤᠶᠠᠯᠳᠤᠭᠤᠯᠬᠤ ᠪᠠᠷ ᠬᠦᠴᠦᠷᠬᠡᠭ ᠶᠡᠭᠡ ᠬᠥᠳᠡᠯᠭᠡᠬᠦ ᠬᠦᠴᠦᠨ ᠪᠤᠯᠭᠠᠬᠤ ᠬᠡᠷᠡᠭᠲᠡᠢ᠃ ᠦᠵᠡᠯ ᠰᠠᠨᠠᠭ᠎ᠠ ᠪᠠᠨ ᠴᠢᠯᠦᠭᠡᠯᠡᠬᠦ᠂ ᠦᠨᠡᠨ ᠠᠴᠠ ᠵᠥᠪ ᠢ ᠡᠷᠢᠬᠦ᠂ ᠴᠠᠭ ᠦᠶ᠎ᠡ ᠲᠠᠢ ᠵᠡᠷᠭᠡ ᠪᠠᠷ ᠤᠷᠤᠭᠰᠢᠯᠠᠬᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠦᠢᠯᠡᠳᠦᠯᠭᠡ ᠶᠢᠨ ᠰᠦᠪᠡᠭᠴᠢᠯᠡᠯᠲᠡ ᠪᠠ ᠤᠨᠤᠯ ᠤᠨ ᠰᠢᠨ᠎ᠡ ᠶᠢ ᠡᠭᠦᠳᠬᠦ ᠶᠢ ᠲᠠᠰᠤᠷᠠᠯᠳᠠ ᠦᠭᠡᠢ ᠬᠢᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠵᠢᠮ᠎ᠡ ᠶᠣᠰᠣᠴᠢ ᠴᠢᠨᠠᠷ ᠤᠨ ᠲᠠᠨᠢᠯᠲᠠ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠰᠡᠳᠬᠢᠴᠡ ᠠᠷᠭ᠎ᠠ ᠬᠡᠮᠵᠢᠶ᠎ᠡ ᠶᠢ ᠨᠡᠩ ᠨᠢᠭᠲᠠ ᠴᠢᠩᠭ᠎ᠠ ᠪᠤᠯᠭᠠᠵᠤ᠂ ᠹᠷᠣᠨᠲ ᠪᠦᠷᠢ ᠶᠢᠨ᠂ ᠭᠤᠭᠴᠤᠭ᠎ᠠ ᠪᠦᠷᠢ ᠶᠢᠨ ᠥᠪᠡᠷ ᠪᠡᠶ᠎ᠡ ᠶᠢᠨ ᠬᠤᠪᠢᠰᠬᠠᠯ ᠢ ᠪᠣᠳᠠᠲᠠᠢ ᠠᠳᠬᠤᠵᠤ᠂ ᠭᠦᠨᠵᠡᠭᠡᠢ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃

ᠰᠢ ᠶᠢᠨ ᠫᠢᠩ᠂ ᠰᠢᠨ᠎ᠡ ᠠᠶᠠᠨ ᠳᠤ ᠢᠯᠵᠠᠷᠠᠯ ᠢ ᠡᠰᠡᠷᠭᠦᠴᠡᠬᠦ ᠲᠡᠮᠡᠴᠡᠯ ᠬᠢᠬᠦ ᠳᠤ᠂ ᠡᠷᠬᠡᠪᠰᠢ ᠢᠯᠵᠠᠷᠠᠯ ᠤᠨ ᠠᠰᠠᠭᠤᠳᠠᠯ ᠡᠭᠦᠰᠬᠦ ᠬᠥᠷᠥᠰᠥ ᠰᠢᠷᠣᠢ ᠪᠣᠯᠣᠨ ᠨᠥᠬᠦᠴᠡᠯ ᠢ ᠠᠷᠢᠯᠭᠠᠬᠤ ᠳᠡᠭᠡᠷ᠎ᠡ ᠦᠷᠭᠦᠯᠵᠢᠯᠡᠨ ᠬᠦᠴᠦᠯᠡᠵᠦ᠂ ᠭᠦᠨᠵᠡᠭᠡᠶᠢᠷᠡᠭᠦᠯᠦᠨ ᠠᠬᠢᠭᠤᠯᠬᠤ ᠬᠡᠷᠡᠭᠲᠡᠢ᠃ ᠶᠡᠷᠦᠩᠬᠡᠢ ᠱᠠᠭᠠᠷᠳᠠᠯᠭ᠎ᠠ ᠪᠣᠯ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ ᠦᠡᠭᠭᠡᠨ ᠲᠠᠯ᠎ᠠ ᠪᠠ ᠦᠨᠳᠦᠰᠦᠨ ᠠᠴᠠ ᠨᠢ ᠵᠠᠰᠠᠬᠤ᠂ ᠰᠢᠰᠲ᠋ᠧᠮ ᠲᠠᠢ ᠪᠠᠷ ᠵᠠᠰᠠᠬᠤ ᠶᠢ ᠭᠦᠨᠵᠡᠭᠡᠶᠢᠷᠡᠭᠦᠯᠦᠨ᠂ ᠢᠯᠵᠠᠷᠠᠯ ᠢ ᠡᠰᠡᠷᠭᠦᠴᠡᠬᠦ ᠲᠡᠮᠡᠴᠡᠯ ᠤᠨ ᠭᠦᠨᠴᠡ ᠪᠠ ᠥᠷᠭᠡᠴᠡ ᠶᠢ ᠲᠠᠰᠤᠷᠠᠯᠳᠠ ᠦᠭᠡᠢ ᠶᠡᠬᠡᠰᠬᠡᠵᠦ᠂ ᠡᠪᠡᠳᠴᠢᠨ ᠳᠤᠨᠢ ᠲᠣᠬᠢᠷᠠᠭᠤᠯᠤᠨ ᠡᠮ ᠥᠭᠴᠦ᠂ ᠨᠠᠷᠢᠯᠢᠭ ᠣᠨᠣᠴᠠᠲᠠᠢ ᠵᠠᠰᠠᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ᠂ ᠲᠠᠭᠢᠨ ᠳᠠᠪᠲᠠᠨ ᠡᠭᠦᠰᠴᠦ ᠪᠠᠶᠢᠭ᠎ᠠ ᠬᠠᠭᠤᠴᠢᠨ ᠠᠰᠠᠭᠤᠳᠠᠯ ᠢ ᠠᠯᠬᠤᠮ ᠠᠯᠬᠤᠮ ᠢᠶᠠᠷ ᠪᠠᠭᠠᠰᠬᠠᠵᠤ᠂ ᠰᠢᠨ᠎ᠡ ᠪᠠᠷ ᠢᠯᠡᠷᠡᠭᠰᠡᠨ ᠠᠰᠠᠭᠤᠳᠠᠯ ᠢ ᠦᠷᠪᠢᠰᠦᠨ ᠳᠡᠯᠭᠡᠷᠡᠬᠦᠶ᠎ᠡ ᠪᠡᠷᠬᠡ ᠪᠤᠯᠭᠠᠵᠤ᠂ ᠢᠯᠵᠠᠷᠠᠯ ᠤᠨ ᠠᠰᠠᠭᠤᠳᠠᠯ ᠢ ᠰᠡᠷᠭᠡᠶᠢᠯᠡᠬᠦ ᠪᠠ ᠵᠠᠰᠠᠬᠤ ᠶᠢ ᠪᠠᠶᠢᠩᠭᠤᠵᠢᠭᠤᠯᠬᠤ᠂ ᠤᠷᠳᠤ ᠬᠤᠭᠤᠴᠠᠭ᠎ᠠ ᠪᠠᠷ ᠪᠦᠲᠦᠮᠵᠢᠳᠠᠢ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃

ᠰᠢ ᠶᠢᠨ ᠫᠢᠩ᠂ ᠢᠯᠵᠠᠷᠠᠯ ᠢ ᠡᠰᠡᠷᠭᠦᠴᠡᠬᠦ ᠲᠡᠮᠡᠴᠡᠯ ᠳᠠᠬᠢ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠢ᠃ ᠡᠯ᠎ᠡ ᠱᠠᠲᠤᠨ ᠤ ᠨᠠᠮ ᠤᠨ ᠬᠤᠷᠢᠶ᠎ᠠ ᠢᠯᠵᠠᠷᠠᠯ ᠢ ᠡᠰᠡᠷᠭᠦᠴᠡᠬᠦ ᠲᠡᠮᠡᠴᠡᠯ ᠤᠨ ᠪᠦᠭᠦ ᠶᠠᠪᠤᠴᠠ ᠳᠠᠬᠢ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠢᠯᠵᠠᠷᠠᠯ ᠤᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠢ ᠡᠷᠡᠰ ᠳᠡᠮᠵᠢᠵᠦ᠂ ᠬᠠᠲᠠᠭᠤ ᠲᠠᠢ ᠨᠢ ᠬᠠᠯᠳᠠᠵᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠤᠰᠬᠠᠢ ᠬᠠᠷᠢᠭᠤᠴᠠᠬᠤ ᠪᠠᠶᠢᠭᠤᠯᠭ᠎ᠠ ᠪᠣᠯᠤᠭᠰᠠᠨ ᠤ ᠬᠤᠪᠢ ᠳᠤ᠂ ᠨᠡᠩ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠵᠦ᠂ ᠨᠠᠮ ᠤᠨ ᠬᠤᠷᠢᠶ᠎ᠠ ᠲᠠᠢ ᠬᠦᠴᠦᠲᠡᠢ ᠪᠥᠭᠡᠳ ᠪᠦᠲᠦᠮᠵᠢᠳᠠᠢ ᠬᠠᠮᠵᠢᠯᠴᠠᠨ ᠢᠯᠵᠠᠷᠠᠯ ᠢ ᠡᠰᠡᠷᠭᠦᠴᠡᠬᠦ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠢᠯᠵᠠᠷᠠᠯ ᠢ ᠡᠰᠡᠷᠭᠦᠴᠡᠬᠦ ᠪᠦᠭᠦ ᠬᠡᠯᠬᠢᠶᠡᠨ ᠤ ᠬᠦᠴᠦᠨ ᠢ ᠨᠡᠶᠢᠳᠬᠡᠬᠦ ᠬᠡᠷᠡᠭᠲᠡᠢ᠃ ᠡᠯ᠎ᠡ ᠡᠭᠦᠷᠭᠡ  ᠰᠠᠯᠠᠭ᠎ᠠ ᠮᠥᠴᠢᠷ ᠥᠨᠳᠥᠷ ᠪᠦᠲᠦᠮᠵᠢᠲᠡᠢ ᠬᠠᠮᠵᠢᠯᠴᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ ᠶᠢᠨ ᠢᠯᠵᠠᠷᠠᠯ ᠢ ᠡᠰᠡᠷᠭᠦᠴᠡᠬᠦ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠤᠬᠠᠮᠰᠠᠷ ᠠᠴᠠ ᠪᠠᠨ ᠪᠣᠳᠠᠲᠠᠢ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠢᠯᠵᠠᠷᠠᠯ ᠢ ᠵᠠᠯᠬᠠᠭᠠᠨ ᠰᠢᠢᠳᠬᠡᠬᠦ ᠥᠨᠳᠥᠷ ᠳᠠᠷᠤᠯᠲᠠᠲᠤ ᠪᠠᠶᠢᠳᠠᠯ ᠢ ᠦᠷᠭᠦᠯᠵᠢᠯᠡᠨ ᠪᠠᠲᠤᠯᠠᠬᠤ ᠬᠡᠷᠡᠭᠲᠡᠢ᠃ ᠮᠥᠨ ᠬᠦ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠠᠶᠢᠭ᠎ᠠ ᠪᠠᠶᠢᠳᠠᠯ ᠤᠨ ᠡᠮᠦᠨ᠎ᠡ᠂ ᠢᠯᠵᠠᠷᠠᠯ ᠢ ᠡᠰᠡᠷᠭᠦᠴᠡᠬᠦ ᠳᠤ ᠶᠠᠭᠠᠬᠢᠭᠰᠠᠨ ᠴᠤ ᠪᠤᠴᠠᠵᠤ ᠪᠤᠯᠬᠤ ᠦᠭᠡᠢ᠂ ᠰᠤᠯᠠᠷᠠᠭᠤᠯᠵᠤ ᠪᠤᠯᠬᠤ ᠦᠭᠡᠢ᠂ ᠡᠨᠡᠷᠢᠩᠭᠦᠢ ᠵᠥᠭᠡᠯᠡᠨ ᠪᠠᠶᠢᠵᠤ ᠪᠤᠯᠬᠤ ᠦᠭᠡᠢ᠂ ᠡᠷᠬᠡᠪᠰᠢ ᠳᠠᠭᠠᠷᠢᠯᠲᠠ ᠶᠢᠨ ᠪᠦᠷᠢᠶ᠎ᠡ ᠶᠢ ᠦᠷᠭᠦᠯᠵᠢᠳᠡ ᠳᠤᠤᠭᠠᠷᠭᠠᠬᠤ ᠬᠡᠷᠡᠭᠲᠡᠢ᠃ 《ᠳᠣᠯᠣᠭᠠᠨ ᠪᠠᠶᠢᠬᠤ》ᠠᠰᠠᠭᠤᠳᠠᠯ ᠢ ᠦᠷᠭᠦᠯᠵᠢᠯᠡᠨ ᠠᠩᠬᠠᠷᠴᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠰᠦᠯᠪᠡᠭᠡᠯᠡᠭᠰᠡᠨ ᠢᠯᠵᠠᠷᠠᠯ ᠢ ᠴᠢᠩᠭ᠎ᠠ ᠰᠢᠢᠳᠬᠡᠬᠦ ᠶᠢ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ ᠡᠷᠬᠡ ᠪᠠᠷ ᠲᠦᠰᠢᠭ ᠪᠤᠯᠭᠠᠬᠰᠠᠨ ᠬᠥᠷᠥᠩᠭᠡ ᠠᠰᠢᠭ ᠬᠥᠭᠡᠭᠡᠴᠡᠯᠳᠦᠬᠦ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠡᠯ᠎ᠡ ᠵᠦᠢᠯ ᠤᠨ ᠠᠰᠢᠭ ᠲᠤᠰᠠ ᠶᠢᠨ ᠪᠦᠯᠦᠭᠯᠡᠯ᠂ ᠡᠷᠬᠡ ᠰᠦᠷᠲᠦ ᠪᠦᠯᠭᠦᠮ ᠤᠨ ᠤᠯᠤᠰ ᠲᠥᠷᠦ ᠶᠢᠨ ᠬᠦᠷᠢᠶᠡᠨ ᠳᠤ ᠨᠡᠪᠴᠢᠬᠦ ᠶᠢ ᠲᠠᠰᠤ ᠰᠡᠷᠭᠡᠶᠢᠯᠡᠬᠦ ᠬᠡᠷᠡᠭᠲᠡᠢ᠃ ᠮᠥᠩᠭᠦᠨ ᠭᠦᠢᠯᠭᠡᠭᠡᠨ᠂ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠡᠨᠧᠷᠭᠢ᠂ ᠡᠮ ᠡᠮᠨᠡᠯᠭᠡ ᠪᠠ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠡᠷᠬᠡ ᠲᠥᠪᠯᠡᠷᠡᠭᠰᠡᠨ᠂ ᠪᠡᠯᠡ ᠮᠥᠩᠭᠦ ᠨᠢᠭᠲᠠᠷᠠᠭᠰᠠᠨ᠂ ᠡᠬᠢ ᠪᠠᠶᠠᠯᠢᠭ ᠴᠤᠭᠯᠠᠷᠠᠭᠰᠠᠨ ᠬᠦᠷᠢᠶᠡᠨ ᠳᠠᠬᠢ ᠢᠯᠵᠠᠷᠠᠯ ᠢ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠬᠤ ᠬᠡᠷᠡᠭᠲᠡᠢ᠃ 《ᠵᠢᠵᠢᠭ ᠢᠶᠠᠷ ᠱᠠᠮᠰᠢᠵᠤ ᠪᠠᠭ᠎ᠠ ᠪᠠᠷ ᠢᠯᠵᠠᠷᠠᠬᠤ》 ᠶᠢ ᠵᠠᠯᠬᠠᠭᠠᠨ ᠰᠢᠢᠳᠬᠡᠵᠦ᠂ ᠤᠯᠠᠨ ᠲᠦᠮᠡᠨ ᠳᠤ ᠨᠡᠩ ᠤᠯᠠᠨ ᠬᠦᠷᠲᠡᠮᠵᠢ ᠶᠢᠨ ᠲᠥᠷᠥᠭᠳᠡᠯ ᠣᠯᠭᠤᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢ ᠶᠢᠨ ᠫᠢᠩ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠢᠯᠵᠠᠷᠠᠯ ᠤᠨ ᠪᠤᠢ ᠪᠣᠯᠵᠤ ᠦᠷᠪᠢᠰᠦᠨ ᠳᠡᠯᠭᠡᠷᠡᠬᠦ ᠶᠢ ᠲᠠᠰᠤᠯᠬᠤ ᠬᠡᠷᠡᠭᠲᠡᠢ᠃ ᠢᠯᠵᠠᠷᠠᠯ ᠤᠨ ᠮᠥᠨ ᠴᠢᠨᠠᠷ ᠨᠢ ᠡᠷᠬᠡ ᠶᠢ ᠳᠤᠷ᠎ᠠ ᠪᠠᠷ ᠢᠶᠠᠨ ᠬᠡᠷᠡᠭᠯᠡᠬᠦ ᠶᠠᠪᠤᠳᠠᠯ ᠪᠣᠯᠣᠨ᠎ᠠ᠃ ᠲᠥᠷᠥ ᠶᠢᠨ ᠪᠣᠳᠣᠯᠭ᠎ᠠ ᠲᠣᠭᠲᠠᠭᠠᠬᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠢᠨᠠᠨ ᠵᠥᠪᠰᠢᠶᠡᠷᠡᠬᠦ ᠬᠢᠨᠠᠨ ᠬᠠᠮᠢᠶᠠᠷᠬᠤ ᠵᠡᠷᠭᠡ ᠵᠠᠩᠭᠢᠯᠠᠭ᠎ᠠ ᠶᠢᠨ ᠡᠷᠬᠡ ᠶᠢ ᠠᠳᠬᠤᠵᠤ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ  ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠢᠨ᠎ᠡ ᠪᠠᠷ ᠮᠠᠨᠳᠤᠭᠰᠠᠨ ᠬᠦᠷᠢᠶᠡᠨ ᠤ ᠵᠠᠰᠠᠯᠲᠠ ᠶᠢᠨ ᠲᠣᠭᠲᠠᠴᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠡᠷᠬᠡ ᠶᠢᠨ ᠲᠣᠬᠢᠷᠠᠭᠤᠯᠤᠯᠲᠠ ᠪᠣᠯᠣᠨ ᠠᠵᠢᠯᠯᠠᠭᠠᠨ ᠤ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠳᠦᠷᠢᠮ ᠤᠨ ᠳᠤᠲᠠᠭᠤᠳᠠᠯ ᠢ ᠴᠢᠨᠠᠭᠰᠢᠳᠠ ᠨᠥᠬᠦᠪᠦᠷᠢᠯᠡᠵᠦ᠂ ᠴᠢᠯᠦᠭᠡᠲᠡᠢ ᠪᠠᠷ ᠲᠠᠰᠤᠯᠤᠨ ᠲᠣᠭᠲᠠᠭᠠᠬᠤ ᠡᠷᠬᠡ ᠶᠢ ᠵᠢᠷᠤᠮᠵᠢᠭᠤᠯᠵᠤ᠂ ᠡᠷᠬᠡ ᠳᠤ ᠲᠦᠰᠢᠭᠯᠡᠵᠦ ᠠᠰᠢᠭ ᠣᠯᠵᠠᠪᠤᠷᠢ ᠣᠯᠬᠤ ᠠᠵᠠ ᠲᠣᠭᠢᠶᠠᠯ ᠢ ᠪᠠᠭᠠᠰᠬᠠᠬᠤ ᠬᠡᠷᠡᠭᠲᠡᠢ᠃ ᠢᠯᠵᠠᠷᠠᠯ ᠢ ᠤᠷᠢᠳᠴᠢᠯᠠᠨ ᠰᠡᠷᠡᠮᠵᠢᠯᠡᠭᠦᠯᠵᠦ ᠵᠠᠯᠬᠠᠭᠠᠨ ᠰᠢᠢᠳᠬᠡᠬᠦ ᠬᠤᠯᠪᠣᠯᠳᠤᠭᠰᠠᠨ ᠲᠣᠭᠲᠠᠴᠠ ᠶᠢ ᠪᠠᠶᠢᠭᠤᠯᠵᠤ᠂ ᠠᠷᠢᠭᠤᠨ ᠴᠢᠬᠡᠴᠢ ᠶᠢᠨ ᠠᠶᠤᠯ ᠲᠦᠭᠰᠢᠭᠦᠷᠢ ᠶᠢᠨ ᠭᠡᠮ ᠰᠣᠭᠤᠭ ᠤᠨ ᠬᠥᠳᠡᠯᠦᠩᠭᠦᠢ ᠬᠢᠨᠠᠨ ᠬᠡᠮᠵᠢᠯᠲᠡ ᠶᠢ ᠴᠢᠩᠭᠠᠳᠬᠠᠵᠤ᠂ ᠰᠢᠨ᠎ᠡ ᠭᠡᠯᠪᠡᠷᠢ ᠶᠢᠨ ᠢᠯᠵᠠᠷᠠᠯ ᠪᠠ ᠲᠠᠯᠳᠠ ᠢᠯᠵᠠᠷᠠᠯ ᠢ ᠲᠦᠷᠭᠡᠨ ᠰᠢᠢᠳᠪᠦᠷᠢᠯᠡᠬᠦ ᠶᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠢᠯᠵᠠᠷᠠᠯ ᠢ ᠡᠰᠡᠷᠭᠦᠴᠡᠬᠦ ᠬᠠᠤᠯᠢ ᠲᠣᠭᠲᠠᠭᠠᠯ ᠳᠦᠷᠢᠮ ᠢ ᠴᠢᠨᠠᠭᠰᠢᠳᠠ ᠪᠦᠷᠢᠨᠰᠢᠭᠦᠯᠬᠦ ᠬᠡᠷᠡᠭᠲᠡᠢ᠃ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠤᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠵᠡᠷᠭᠡ ᠰᠠᠭᠤᠷᠢᠯᠠᠬᠤ ᠴᠢᠨᠠᠷᠲᠠᠢ ᠬᠠᠤᠯᠢ ᠲᠣᠭᠲᠠᠭᠠᠯ ᠳᠦᠷᠢᠮ ᠢ ᠨᠢᠭᠡ ᠴᠣᠭᠴᠠᠵᠢᠭᠤᠯᠤᠨ ᠠᠬᠢᠭᠤᠯᠬᠤ ᠲᠠᠢ ᠤᠶᠠᠯᠳᠤᠭᠤᠯᠤᠨ᠂ 《ᠨᠢᠭᠡᠳᠦᠭᠡᠷ ᠬᠠᠷᠢᠭᠤᠴᠠᠯᠭᠠᠲᠠᠨ》ᠪᠠ ᠤᠳᠤᠷᠢᠳᠬᠤ ᠪᠠᠭ ᠤᠨ ᠬᠢᠨᠠᠯᠲᠠ ᠶᠢ ᠴᠢᠩᠭᠠᠳᠬᠠᠬᠤ ᠢᠵᠢ ᠪᠦᠷᠢᠳᠦᠭᠦᠯᠦᠭᠰᠡᠨ ᠳᠦᠷᠢᠮ ᠢ ᠪᠦᠷᠢᠨᠰᠢᠭᠦᠯᠬᠦ ᠬᠡᠷᠡᠭᠲᠡᠢ᠃ ᠢᠯᠵᠠᠷᠠᠯ ᠢ ᠡᠰᠡᠷᠭᠦᠴᠡᠬᠦ ᠲᠤᠬᠠᠢ ᠤᠯᠤᠰ ᠠᠴᠠ ᠬᠠᠤᠯᠢ ᠲᠣᠭᠲᠠᠭᠠᠬᠤ ᠶᠢ ᠦᠷᠭᠦᠯᠵᠢᠯᠡᠨ ᠠᠬᠢᠭᠤᠯᠵᠤ᠂ ᠬᠢᠨᠠᠨ ᠪᠠᠶᠢᠴᠠᠭᠠᠬᠤ ᠬᠠᠤᠯᠢ ᠳᠤ ᠴᠠᠭ ᠦᠶ᠎ᠡ ᠲᠠᠢ ᠵᠡᠷᠭᠡ ᠪᠠᠷ ᠤᠷᠤᠭᠰᠢᠯᠠᠨ ᠵᠠᠰᠠᠪᠤᠷᠢ ᠣᠷᠣᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠢ ᠰᠤᠷᠤᠯᠴᠠᠨ  ᠪᠠᠷ ᠲᠣᠭᠢᠶᠠᠯ ᠪᠤᠯᠭᠠᠵᠤ᠂ ᠪᠦᠭᠦ ᠨᠠᠮ ᠳᠤ ᠨᠢᠭᠡ ᠤᠳᠠᠭᠠᠨ ᠤ ᠲᠥᠪᠯᠡᠷᠡᠩᠭᠦᠢ ᠴᠢᠨᠠᠷᠲᠠᠢ ᠰᠠᠬᠢᠯᠭ᠎ᠠ ᠪᠠᠲᠤ ᠶᠢᠨ ᠬᠥᠮᠦᠵᠢᠯ ᠢ ᠥᠷᠨᠢᠭᠦᠯᠬᠦ ᠬᠡᠷᠡᠭᠲᠡᠢ᠃ ᠭᠤᠣᠯᠳᠠᠯᠭ᠎ᠠ ᠲᠠᠢ ᠬᠠᠤᠯᠢ ᠲᠣᠭᠲᠠᠭᠠᠯ ᠳᠦᠷᠢᠮ ᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠨᠢᠭᠡ ᠴᠣᠭᠴᠠᠵᠢᠭᠤᠯᠤᠨ ᠵᠢᠷᠤᠮᠯᠠᠵᠤ᠂ ᠨᠢᠭᠡ ᠴᠣᠭᠴᠠᠵᠢᠭᠤᠯᠤᠨ ᠬᠡᠷᠡᠭᠵᠢᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢ ᠶᠢᠨ ᠫᠢᠩ᠂ ᠬᠡᠭᠡᠯᠢ ᠲᠦᠯᠬᠢᠬᠦ ᠠᠵᠢᠯᠯᠠᠭ᠎ᠠ ᠶᠢ ᠵᠠᠯᠬᠠᠭᠠᠨ ᠰᠢᠢᠳᠬᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠳᠠᠩᠳᠠ ᠺᠠᠳ᠋ᠷ ᠢ ᠲᠠᠲᠠᠵᠤ ᠠᠯᠳᠠᠭ᠎ᠠ ᠭᠠᠷᠭᠠᠯᠭᠠᠳᠠᠭ᠂ ᠪᠤᠰᠤᠳ ᠢ ᠬᠤᠣᠷᠯᠠᠳᠠᠭ ᠲᠡᠳᠡᠭᠡᠷ ᠬᠡᠭᠡᠯᠢ ᠲᠦᠯᠬᠢᠳᠡᠭ ᠬᠥᠮᠥᠰ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠨᠡᠶᠢᠲᠡᠯᠢᠭ ᠬᠡᠷᠡᠭ ᠤᠨ ᠵᠢᠱᠢᠶ᠎ᠡ ᠶᠢ ᠵᠠᠷᠯᠠᠨ ᠮᠡᠳᠡᠭᠳᠡᠵᠦ᠂ ᠬᠥᠮᠥᠰ ᠤᠨ ᠠᠳᠡᠭᠦᠦ ᠲᠠᠨᠢᠯᠲᠠ ᠶᠢ ᠵᠠᠯᠠᠷᠠᠭᠤᠯᠵᠤ᠂ ᠵᠠᠯᠬᠠᠭᠠᠬᠤ ᠪᠠᠷ  ᠴᠡᠭᠡᠷᠯᠡᠯ ᠦᠵᠡᠭᠦᠯᠭᠦ ᠬᠡᠷᠡᠭᠲᠡᠢ᠃ ᠬᠡᠭᠡᠯᠢ ᠲᠦᠯᠬᠢᠭᠡᠳ ᠣᠯᠣᠭᠰᠠᠨ ᠵᠦᠢ ᠪᠤᠰᠤ ᠠᠰᠢᠭ ᠲᠤᠰᠠ ᠶᠢ ᠨᠡᠬᠡᠮᠵᠢᠯᠡᠨ ᠲᠤᠰᠢᠶᠠᠯᠭᠠᠬᠤ ᠪᠠ ᠵᠠᠯᠠᠷᠠᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠴᠥᠬᠦᠷᠡᠰᠢ ᠦᠭᠡᠢ ᠪᠠᠷᠢᠮᠲᠠᠯᠠᠨ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠬᠡᠷᠡᠭᠲᠡᠢ᠃ ᠮᠠᠭᠤ ᠶᠢ ᠨᠢ ᠮᠠᠭᠤᠰᠢᠶᠠᠬᠤ ᠪᠠ ᠰᠠᠶᠢᠨ ᠢ ᠨᠢ ᠰᠠᠶᠢᠰᠢᠶᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠳᠠᠯᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠤᠯᠭᠠᠵᠤ᠂ 《ᠲᠠᠯᠳᠠ ᠳᠦᠷᠢᠮ ᠭᠤᠷᠢᠮ》 ᠢ ᠡᠪᠳᠡᠨ᠂ 《ᠢᠯᠡ ᠶᠣᠰᠣ ᠳᠦᠷᠢᠮ》 ᠢ ᠲᠣᠭᠲᠠᠭᠠᠵᠤ᠂ 《ᠵᠢᠵᠢᠭ ᠪᠦᠯᠭᠦᠮ》 《ᠡᠷᠬᠡ ᠰᠦᠷᠳᠡᠨ ᠢ ᠳᠣᠲᠣᠨᠣᠴᠢᠯᠠᠬᠤ》 《ᠬᠥᠭᠦᠷᠭᠡ ᠬᠤᠯᠪᠣᠭᠠᠰᠤ ᠪᠤᠯᠬᠤ》 ᠶᠢ ᠡᠷᠡᠰ ᠰᠡᠷᠭᠡᠶᠢᠯᠡᠵᠦ᠂ ᠡᠯ᠎ᠡ ᠵᠦᠢᠯ ᠤᠨ ᠤᠯᠤᠰ ᠲᠦᠷᠦ ᠶᠢᠨ ᠮᠡᠬᠡᠯᠡᠭᠴᠢ ᠳᠤ ᠬᠦᠴᠦᠲᠡᠢ ᠴᠣᠬᠢᠯᠲᠠ ᠥᠭᠴᠦ᠂ ᠲᠠᠸᠠᠷ ᠤᠨ ᠰᠣᠯᠢᠯᠴᠠᠭᠠᠨ ᠤ ᠵᠠᠷᠴᠢᠮ ᠢ ᠨᠠᠮ ᠤᠨ ᠳᠣᠲᠣᠭᠠᠳᠤ ᠳᠤ ᠠᠪᠴᠢᠷᠠᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠬᠥᠮᠥᠨ ᠰᠣᠩᠭᠤᠵᠤ ᠬᠥᠮᠥᠨ ᠬᠡᠷᠡᠭᠯᠡᠬᠦ ᠲᠠᠯ᠎ᠠ ᠪᠠᠷ ᠬᠢ ᠲᠥᠪ ᠪᠤᠰᠤ ᠰᠤᠷᠲᠠᠯ ᠢ ᠴᠥᠬᠦᠷᠡᠰᠢ ᠦᠭᠡᠢ ᠴᠡᠭᠴᠡᠯᠡᠨ ᠵᠠᠰᠠᠵᠤ᠂ ᠨᠥᠬᠦᠳ ᠤᠨ ᠬᠤᠭᠤᠷᠤᠨᠳᠤᠭᠢ ᠠᠷᠢᠭᠤᠨ ᠴᠢᠬᠡᠴᠢ ᠬᠠᠷᠢᠴᠠᠭ᠎ᠠ᠂ ᠳᠡᠭᠡᠷ᠎ᠡ ᠳᠣᠣᠷ᠎ᠠ ᠱᠠᠲᠤᠨ ᠤ ᠶᠣᠰᠣ ᠳᠦᠷᠢᠮ ᠲᠠᠢ ᠬᠠᠷᠢᠴᠠᠭ᠎ᠠ ᠪᠦᠷᠢᠯᠳᠦᠬᠦ ᠶᠢ ᠠᠬᠢᠭᠤᠯᠵᠤ᠂ ᠤᠯᠤᠰ ᠲᠦᠷᠦ ᠶᠢᠨ ᠠᠮᠢ ᠠᠬᠤᠢ ᠶᠢᠨ ᠠᠭᠤᠯᠠ ᠤᠰᠤ ᠴᠡᠪᠡᠷ ᠲᠤᠩᠭᠠᠯᠠᠭ ᠪᠠᠶᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢ ᠶᠢᠨ ᠫᠢᠩ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠨᠠᠮᠴᠢ ᠴᠢᠨᠠᠷ ᠨᠠᠮ ᠤᠨ ᠰᠤᠷᠲᠠᠯ ᠨᠠᠮ ᠤᠨ ᠰᠠᠬᠢᠯᠭ᠎ᠠ ᠪᠠᠲᠤ ᠶᠢᠨ ᠬᠥᠮᠦᠵᠢᠯ ᠢ ᠭᠦᠨᠵᠡᠭᠡᠢ ᠥᠷᠨᠢᠭᠦᠯᠵᠦ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠵᠠᠯᠭᠠᠮᠵᠢᠯᠠᠨ᠂ ᠡᠪ ᠬᠠᠮᠲᠤ ᠨᠠᠮ ᠤᠨ ᠭᠡᠰᠢᠭᠦᠨ ᠤ ᠡᠷᠬᠢᠮ ᠳᠡᠭᠡᠳᠦ ᠬᠦᠰᠡᠯᠡᠩ ᠬᠥᠭᠡᠭᠡᠴᠡᠯᠳᠦᠯ ᠢ ᠬᠥᠭᠵᠢᠭᠡᠵᠦ᠂ ᠡᠷᠬᠡ ᠪᠠᠨ ᠠᠰᠢᠭᠯᠠᠨ ᠠᠮᠢ ᠪᠠᠨ ᠪᠣᠷᠳᠣᠬᠤ᠂ ᠱᠠᠮᠰᠢᠵᠤ ᠢᠯᠵᠠᠷᠠᠨ ᠳᠣᠷᠣᠶᠢᠲᠠᠬᠤ ᠶᠢ ᠲᠤᠶᠢᠯ ᠤᠨ ᠶᠡᠭᠡ ᠢᠴᠢᠭᠦᠷᠢ ᠭᠤᠲᠤᠮᠰᠢᠭ ᠢᠶᠠᠷ ᠦᠵᠡᠬᠦ ᠬᠡᠷᠡᠭᠲᠡᠢ᠃ ᠭᠡᠷ ᠪᠦᠯᠢ ᠶᠢᠨ ᠬᠥᠮᠦᠵᠢᠯ ᠭᠡᠷ ᠤᠨ ᠰᠤᠷᠲᠠᠯ ᠢ ᠴᠢᠬᠤᠯᠠᠴᠢᠯᠠᠵᠤ᠂ ᠤᠳᠤᠷᠢᠳᠬᠤ ᠺᠠᠳ᠋ᠷ ᠢ ᠱᠠᠯᠠᠪᠳᠠᠭᠤᠯᠤᠨ ᠲᠦᠷᠦᠯ ᠰᠠᠳᠤᠨ ᠦᠷ᠎ᠡ ᠬᠡᠦᠬᠡᠳ  ᠴᠢᠩᠭ᠎ᠠ ᠬᠠᠮᠢᠶᠠᠷᠤᠭᠤᠯᠬᠤ ᠬᠡᠷᠡᠭᠲᠡᠢ᠃ ᠠᠷᠢᠭᠤᠨ ᠴᠢᠬᠡᠴᠢ ᠶᠢᠨ ᠣᠶᠢᠯᠠᠭᠠᠭᠳᠠᠬᠤᠨ᠂ ᠠᠷᠢᠭᠤᠨ ᠴᠢᠬᠡᠴᠢ ᠶᠢᠨ ᠨᠡᠶᠢᠲᠡᠯᠢᠭ ᠵᠢᠱᠢᠶ᠎ᠡ ᠶᠢ ᠢᠳᠡᠪᠬᠢᠲᠡᠢ ᠤᠬᠠᠭᠤᠯᠵᠤ᠂ ᠠᠷᠢᠭᠤᠨ ᠴᠢᠬᠡᠴᠢ ᠶᠢ ᠡᠷᠬᠢᠮᠯᠡᠨ ᠢᠯᠵᠠᠷᠠᠯ ᠢ ᠡᠰᠡᠷᠭᠦᠴᠡᠬᠦ ᠰᠠᠶᠢᠨ ᠰᠠᠶᠢᠬᠠᠨ ᠬᠡᠪ ᠰᠤᠷᠲᠠᠯ ᠢ ᠪᠤᠶ ᠪᠤᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ᠴᠢᠬᠤᠯᠠ ᠬᠦᠴᠦᠨ ᠮᠥᠨ᠂ ᠣᠨᠴᠠᠭᠠᠢ ᠤᠯᠤᠰ ᠲᠦᠷᠦ ᠶᠢᠨ ᠬᠠᠷᠢᠭᠤᠴᠠᠯᠭ᠎ᠠ ᠪᠣᠯᠣᠨ ᠢᠷᠠᠭᠤ ᠠᠯᠳᠠᠷᠲᠤ ᠡᠭᠦᠷᠭᠡ ᠶᠢ ᠡᠭᠦᠷᠭᠡᠯᠡᠵᠦ ᠪᠠᠶᠢᠨ᠎ᠠ᠂ ᠡᠷᠬᠡᠪᠰᠢ ᠬᠠᠷᠢᠴᠠᠯᠠᠰᠢᠭᠦᠢ ᠦᠨᠡᠨᠴᠢ ᠰᠢᠳᠤᠷᠭᠤ᠂ ᠬᠠᠷᠢᠴᠠᠯᠠᠰᠢᠭᠦᠢ ᠨᠠᠶᠢᠳᠠᠪᠤᠷᠢᠲᠠᠢ᠂ ᠬᠠᠷᠢᠴᠠᠯᠠᠰᠢᠭᠦᠢ ᠴᠡᠪᠡᠷ ᠠᠷᠢᠭᠤᠨ ᠪᠠᠶᠢᠬᠤ ᠶᠢ ᠢᠮᠠᠭᠲᠠ ᠪᠡᠶᠡᠯᠡᠭᠦᠯᠬᠦ ᠬᠡᠷᠡᠭᠲᠡᠢ᠃ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠤᠯᠤᠰ ᠲᠥᠷᠥ ᠶᠢᠨ ᠦᠨᠡᠨᠴᠢ ᠰᠢᠳᠤᠷᠭᠤ ᠪᠠᠶᠢᠬᠤ ᠶᠢ ᠴᠢᠨᠠᠭᠰᠢᠳᠠ ᠪᠠᠬᠢᠵᠢᠭᠦᠯᠵᠦ᠂ ᠶᠠᠮᠠᠷᠪᠠ ᠴᠠᠭ ᠦᠶ᠎ᠡ ᠶᠠᠮᠠᠷᠪᠠ ᠪᠠᠶᠢᠳᠠᠯ ᠳᠣᠣᠷ᠎ᠠ ᠴᠥᠮ ᠨᠠᠮ ᠤᠨ ᠲᠥᠪ ᠬᠤᠷᠢᠶ᠎ᠠ ᠲᠠᠢ ᠨᠢᠭᠡ ᠰᠡᠳᠬᠢᠯ ᠨᠢᠭᠡ ᠵᠣᠷᠢᠭ ᠲᠠᠢ ᠪᠠᠶᠢᠵᠤ᠂ 《ᠳᠥᠷᠪᠡᠨ ᠤᠬᠠᠮᠰᠠᠷ》 ᠢᠶᠠᠨ ᠴᠢᠩᠭᠠᠳᠬᠠᠬᠤ᠂ 《ᠳᠥᠷᠪᠡᠨ ᠢᠲᠡᠭᠡᠯ》 ᠢᠶᠠᠨ ᠪᠠᠲᠤᠳᠬᠠᠬᠤ᠂ 《ᠬᠤᠶᠠᠷ ᠢ ᠬᠠᠮᠠᠭᠠᠯᠠᠬᠤ》 ᠶᠢ ᠪᠡᠶᠡᠯᠡᠭᠦᠯᠬᠦ ᠶᠢ ᠨᠠᠮ ᠤᠨ ᠵᠢᠯᠣᠭᠤᠳᠤᠯᠭ᠎ᠠ ᠶᠢ ᠳᠠᠭᠠᠬᠤ᠂ ᠨᠠᠮ ᠤᠨ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠬᠤ ᠬᠡᠷᠡᠭᠲᠡᠢ᠃ ᠵᠠᠷᠴᠢᠮ ᠢ ᠪᠠᠷᠢᠮᠲᠠᠯᠠᠨ᠂ ᠠᠰᠠᠭᠤᠳᠠᠯ ᠢ ᠰᠢᠭᠤᠳ ᠵᠣᠷᠢᠭᠲᠠᠢ ᠭᠦᠨᠳᠡᠵᠤ᠂ ᠵᠣᠷᠢᠭᠲᠠᠢ ᠲᠡᠮᠡᠴᠡᠵᠦ ᠴᠢᠳᠠᠮᠠᠭᠠᠢ ᠲᠡᠮᠡᠴᠡᠨ᠂ ᠬᠠᠷᠢᠭᠤᠴᠠᠯᠭ᠎ᠠ ᠡᠭᠦᠷᠭᠡᠯᠡᠨ ᠡᠭᠦᠷᠭᠡ ᠪᠠᠨ ᠭᠦᠢᠴᠡᠳᠬᠡᠵᠦ᠂ ᠭᠤᠶᠢᠪᠢᠰᠢ ᠦᠭᠡᠢ ᠪᠠᠷ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠪᠦᠭᠦᠳᠡ ᠶᠢ ᠲᠦᠢᠳᠦᠭᠴᠢ ᠶᠢ ᠠᠷᠢᠯᠭᠠᠬᠤ ᠶᠢ ᠪᠠᠶᠢᠩᠭᠤᠵᠢᠭᠤᠯᠵᠤ᠂ 《ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ》 ᠪᠠᠶᠢᠳᠠᠯ ᠢ ᠡᠷᠡᠰ ᠰᠡᠷᠭᠡᠶᠢᠯᠡᠨ ᠵᠠᠰᠠᠵᠤ᠂ ᠥᠪᠡᠷ ᠪᠡᠶ᠎ᠡ ᠶᠢᠨ ᠬᠤᠪᠢᠰᠬᠠᠯ ᠤᠨ ᠦᠯᠢᠭᠡᠷ ᠳᠠᠭᠤᠷᠢᠶᠠᠯ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠡᠪ ᠳᠠᠭᠤᠷᠢᠶᠠᠯ ᠪᠤᠯᠬᠤ ᠪᠠᠷ ᠴᠢᠷᠮᠠᠶᠢᠵᠤ᠂ ᠨᠠᠮ ᠤᠨ ᠲᠥᠪ ᠬᠤᠷᠢᠶ᠎ᠠ ᠳᠠᠭᠠᠨ ᠢᠲᠡᠭᠡᠯ ᠲᠠᠢ᠂ ᠠᠷᠠᠳ ᠲᠦᠮᠡᠨ ᠳᠡᠭᠡᠨ ᠬᠦᠷᠢᠶᠡᠯᠡᠯ ᠲᠠᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠦᠭᠦᠨ ᠢ ᠢᠯᠠᠭᠴᠢ ᠴᠡᠷᠢᠭ ᠠᠩᠭᠢ ᠶᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠯᠢ ᠰᠢ ᠬᠤᠷᠠᠯ ᠢ ᠡᠷᠭᠢᠯᠡᠭᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠰᠢᠨ᠎ᠡ ᠠᠬᠢᠴᠠ᠂ ᠰᠢᠨ᠎ᠡ ᠦᠷ᠎ᠡ ᠪᠦᠲᠦᠮᠵᠢ ᠶᠢ ᠳ᠋ᠦᠩᠨᠡᠵᠦ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ᠂ ᠮᠠᠨ ᠤ ᠨᠠᠮ ᠤᠨ ᠶᠠᠭᠤᠨ ᠳᠤ ᠥᠪᠡᠷ ᠪᠡᠶ᠎ᠡ ᠶᠢᠨ ᠬᠤᠪᠢᠰᠬᠠᠯ ᠬᠢᠬᠦ᠂ ᠶᠠᠭᠠᠬᠢᠭᠠᠳ ᠥᠪᠡᠷ ᠪᠡᠶ᠎ᠡ ᠶᠢᠨ ᠬᠤᠪᠢᠰᠬᠠᠯ ᠢ ᠬᠢᠵᠦ ᠳᠡᠶᠢᠯᠭᠦ᠂ ᠥᠪᠡᠷ ᠪᠡᠶ᠎ᠡ ᠶᠢᠨ ᠬᠤᠪᠢᠰᠬᠠᠯ ᠢ ᠬᠡᠷᠬᠢᠨ ᠠᠬᠢᠭᠤᠯᠬᠤ ᠵᠡᠷᠭᠡ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠪᠠᠷ ᠬᠠᠷᠢᠭᠤᠯᠲᠠ ᠥᠭᠴᠦ᠂ 《ᠶᠢᠰᠦᠨ》ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠢ ᠳᠤᠷᠠᠳᠴᠤ᠂ ᠦᠷᠭᠦᠯᠵᠢᠯᠡᠨ ᠬᠦᠴᠦᠯᠡᠵᠦ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠡᠢ᠃ ᠶᠠᠷᠢᠶ᠎ᠠ ᠨᠢ ᠥᠨᠳᠥᠷ ᠲᠤ ᠵᠣᠭᠰᠣᠨ ᠠᠯᠤᠰ ᠢ ᠪᠠᠷᠠᠯᠠᠵᠥ᠂ ᠬᠠᠷᠠᠭ᠎ᠠ ᠥᠷᠭᠡᠨ᠂ ᠦᠵᠡᠯ ᠰᠠᠨᠠᠭ᠎ᠠ ᠭᠦᠨ ᠭᠦᠨᠵᠡᠭᠡᠢ᠂ ᠠᠭᠤᠯᠤᠭᠳᠠᠬᠤᠨ ᠪᠠᠶᠠᠯᠢᠭ ᠪᠠᠶᠢᠵᠤ᠂ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠦᠨᠳᠦᠰᠦᠨ ᠵᠢᠷᠤᠮᠯᠠᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠂ 《ᠬᠤᠶᠠᠷ ᠢ ᠲᠣᠭᠲᠠᠭᠠᠭᠰᠠᠨ》 ᠢ ᠡᠷᠡᠰ ᠬᠦᠷᠢᠶᠡᠯᠡᠵᠦ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠵᠦ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠭᠦᠨᠵᠡᠭᠡᠶᠢᠷᠡᠭᠦᠯᠦᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃

ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠪᠠ᠃

ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠡᠯ᠎ᠡ ᠰᠠᠯᠠᠭ᠎ᠠ ᠮᠥᠴᠢᠷ᠂ ᠡᠯ᠎ᠡ ᠠᠷᠠᠳ ᠤᠨ ᠪᠦᠯᠭᠦᠮ ᠤᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ  ᠬᠤᠷᠠᠯ ᠤᠨ ᠭᠡᠯᠪᠡᠷᠢ ᠪᠠᠷ ᠶᠠᠪᠤᠭᠳᠠᠵᠤ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠵᠢᠴᠢ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ ᠳᠤ ᠬᠤᠪᠢᠶᠠᠷᠢ ᠬᠤᠷᠠᠯ ᠤᠨ ᠲᠠᠯᠠᠪᠠᠢ ᠲᠣᠬᠢᠷᠠᠭᠤᠯᠪᠠ᠃

ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ 1  ᠰᠠᠷ᠎ᠠ ᠶᠢᠨ 8 ᠤ ᠡᠳᠦᠷ ᠪᠡᠭᠡᠵᠢᠩ ᠳᠤ ᠡᠬᠢᠯᠡᠪᠡ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠢ ᠡᠷᠭᠢᠯᠡᠪᠡ᠃ 8 ᠤ  ᠤᠨᠦᠳᠡ ᠶᠢᠨ ᠬᠤᠶᠢᠨ᠎ᠠ ᠯᠢ ᠰᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠮᠦᠨ᠎ᠡ ᠠᠴᠠ 《ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠂ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠶᠢᠷᠡᠭᠦᠯᠦᠨ ᠠᠬᠢᠭᠤᠯᠤᠶ᠎ᠠ》ᠭᠡᠬᠦ ᠰᠡᠳᠦᠪ ᠢᠶᠠᠷ ᠠᠵᠢᠯ ᠤᠨ ᠮᠡᠳᠡᠭᠦᠯᠦᠯᠲᠡ ᠬᠢᠪᠡ᠃

 

 


   :                    
   :           
备案序号:蒙ICP备05003250号 公安备案15010502000173