ᠵᠤᠬᠢᠶᠠᠭᠴᠢ: ᠴᠠᠭ:2024-01-12 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ  ᠬᠤᠷᠠᠯ ᠤᠨ ᠠᠯᠪᠠᠨ ᠮᠡᠳᠡᠭᠡ

 

 

 ︵ 2024 ᠣᠨ ᠤ 1  ᠰᠠᠷ᠎ᠠ ᠶᠢᠨ 10 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠪᠠᠲᠤᠯᠠᠪᠠ ︶

 

ᠰᠢᠨᠬᠤᠸᠠ ᠬᠤᠷᠢᠶ᠎ᠠ ᠶᠢᠨ ᠪᠡᠭᠡᠵᠢᠩ ᠤᠨ 1  ᠰᠠᠷ᠎ᠠ ᠶᠢᠨ 10 ᠤ  ᠴᠠᠭᠢᠯᠭᠠᠨ ᠮᠡᠳᠡᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ 2024 ᠣᠨ ᠤ 1  ᠰᠠᠷ᠎ᠠ ᠶᠢᠨ 8 ᠠᠴᠠ 10 ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠪᠠ ᠃ ᠡᠨᠡ ᠤᠳᠠᠭ᠎ᠠ ᠶᠢᠨ ᠪᠦᠭᠦᠳᠡ ᠬᠤᠷᠠᠯ ᠳᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠭᠡᠰᠢᠭᠦᠨ 132 ᠬᠥᠮᠥᠨ ᠣᠷᠣᠯᠴᠠᠵᠤ ᠂ 238 ᠬᠥᠮᠥᠨ ᠰᠤᠯᠠ ᠣᠷᠣᠯᠴᠠᠪᠠ ᠃

ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠪᠦᠭᠦᠳᠡ ᠬᠤᠷᠠᠯ ᠳᠤ ᠣᠷᠣᠯᠴᠠᠬᠰᠠᠨ ᠪᠥᠭᠡᠳ ᠴᠢᠬᠤᠯᠠ ᠶᠠᠷᠢᠶ᠎ᠠ ᠲᠠᠯᠪᠢᠵᠠᠢ ᠃ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠼᠠᠢ ᠴᠢ ᠂ ᠳ᠋ᠢᠩ ᠰᠢᠤᠸᠠᠢ ᠰᠢᠶᠠᠩ ᠂ ᠯᠢ ᠰᠢ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠬᠥᠮᠥᠰ ᠬᠤᠷᠠᠯ ᠳᠤ ᠣᠷᠣᠯᠴᠠᠪᠠ ᠃

ᠪᠦᠭᠦᠳᠡ ᠬᠤᠷᠠᠯ ᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠭᠢᠯᠡᠪᠡ ᠃ ᠪᠦᠭᠦᠳᠡ ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ  ᠨᠠᠶᠢᠳᠠᠪᠤᠷᠢᠵᠢᠭᠤᠯᠵᠤ ᠂ 2023 ᠣᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠡᠷᠭᠢᠴᠡᠭᠦᠯᠵᠦ ᠂ 2024 ᠣᠨ ᠤ ᠡᠭᠦᠷᠭᠡ ᠶᠢ ᠪᠠᠶᠢᠷᠢᠯᠠᠭᠤᠯᠵᠤ ᠂ ᠯᠢ ᠰᠢ ᠨᠥᠬᠦᠷ ᠤᠨ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠬᠢᠭᠰᠡᠨ 《 ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠶᠢᠷᠡᠭᠦᠯᠦᠨ ᠠᠬᠢᠭᠤᠯᠤᠶ᠎ᠠ 》 ᠭᠡᠬᠦ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ ᠃

ᠪᠦᠭᠦᠳᠡ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠰᠤᠷᠤᠯᠴᠠᠵᠤ ᠂ ᠭᠦᠨᠵᠡᠭᠡᠢ ᠣᠶᠢᠯᠠᠭᠠᠪᠠ ᠃ ᠶᠠᠷᠢᠶ᠎ᠠ ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠣᠳᠣᠯᠭ᠎ᠠ ᠶᠢᠨ ᠪᠦᠭᠦ ᠲᠠᠯ᠎ᠠ ᠪᠣᠯᠣᠨ ᠳᠡᠯᠡᠬᠡᠢ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠨᠢᠭᠡᠳᠦᠯᠲᠡᠢ ᠲᠥᠯᠥᠪᠵᠢᠭᠦᠯᠬᠦ ᠥᠨᠳᠥᠷᠴᠡ ᠠᠴᠠ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠣᠳᠣᠷᠬᠠᠶᠢᠯᠠᠨ ᠥᠭᠦᠯᠡᠵᠦ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠭᠤᠷᠪᠠᠨ ᠴᠢᠬᠤᠯᠠ ᠶᠡᠭᠡ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠲᠠ ᠥᠭᠴᠦ ᠂ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ 《 ᠶᠢᠰᠦᠨ 》 ᠦᠢᠯᠡᠳᠦᠯᠭᠡ ᠶᠢᠨ ᠱᠠᠭᠠᠷᠳᠠᠯᠭ᠎ᠠ ᠶᠢ ᠲᠣᠳᠣᠷᠬᠠᠢ ᠳᠤᠷᠠᠳᠴᠤ ᠂ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠬᠦᠴᠦᠯᠡᠵᠦ ᠂ ᠭᠦᠨᠵᠡᠭᠡᠶᠢᠷᠡᠭᠦᠯᠦᠨ ᠠᠬᠢᠭᠤᠯᠬᠤ ᠲᠤᠬᠠᠢ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡ ᠳᠤ ᠨᠠᠨᠳᠢᠨ ᠬᠦᠰᠡᠯ ᠲᠠᠯᠪᠢᠵᠤ ᠂ ᠲᠣᠳᠣᠷᠬᠠᠢ ᠱᠠᠭᠠᠷᠳᠠᠯᠭ᠎ᠠ ᠳᠤᠷᠠᠳᠴᠤ ᠂ ᠥᠨᠳᠥᠷ ᠲᠤ ᠵᠣᠭᠰᠣᠨ ᠠᠯᠤᠰ ᠢ ᠪᠠᠷᠠᠯᠠᠵᠤ ᠂ ᠬᠠᠷᠠᠭ᠎ᠠ ᠥᠷᠭᠡᠨ ᠂ ᠦᠵᠡᠯ ᠰᠠᠨᠠᠭ᠎ᠠ ᠭᠦᠨ ᠭᠦᠨᠵᠡᠭᠡᠢ ᠂ ᠠᠭᠤᠯᠤᠭᠳᠠᠬᠤᠨ ᠪᠠᠶᠠᠯᠢᠭ ᠪᠠᠶᠢᠵᠤ ᠂ ᠮᠠᠨ ᠤ ᠨᠠᠮ ᠤᠨ ᠥᠪᠡᠷ ᠢ ᠪᠠᠨ ᠴᠡᠪᠡᠷᠰᠢᠭᠦᠯᠬᠦ ᠂ ᠥᠪᠡᠷ ᠢ ᠪᠠᠨ ᠲᠡᠭᠦᠯᠳᠡᠷᠵᠢᠭᠦᠯᠬᠦ ᠂ ᠥᠪᠡᠷ ᠢ ᠪᠠᠨ ᠰᠢᠨᠡᠴᠢᠯᠡᠬᠦ ᠂ ᠥᠪᠡᠷ ᠢ ᠪᠠᠨ ᠳᠡᠭᠡᠭᠰᠢᠯᠡᠭᠦᠯᠭᠦ ᠳᠡᠭᠡᠳᠦ ᠬᠡᠮᠵᠢᠶᠡᠨ ᠤ ᠤᠬᠠᠮᠰᠠᠷ ᠢ ᠭᠦᠢᠴᠡᠳ ᠢᠯᠡᠷᠡᠭᠦᠯᠪᠡ ᠃ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠨᠢ ᠰᠢᠨ᠎ᠡ ᠴᠠᠭ ᠦᠶ᠎ᠡ ᠶᠢᠨ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠯᠪᠡᠭ ᠪᠠᠶᠠᠯᠢᠭ ᠦᠢᠯᠡᠳᠦᠯᠭᠡ ᠶᠢᠨ ᠲᠤᠷᠰᠢᠯᠭ᠎ᠠ ᠪᠣᠯᠣᠨ ᠴᠢᠬᠤᠯᠠ ᠤᠨᠤᠯ ᠤᠨ ᠦᠷ᠎ᠡ ᠪᠦᠲᠦᠭᠡᠯ ᠢ ᠨᠢᠭᠲᠠᠷᠠᠭᠤᠯᠵᠤ ᠂ ᠪᠦᠭᠦ ᠨᠠᠮ ᠤᠨ ᠳᠡᠭᠡᠳᠦ ᠬᠡᠮᠵᠢᠶᠡᠨ ᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ ᠂ ᠰᠢᠨ᠎ᠡ ᠴᠠᠭ ᠦᠶ᠎ᠡ ᠰᠢᠨ᠎ᠡ ᠠᠶᠠᠨ ᠳᠤ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠣᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ ᠳᠤ ᠦᠨᠳᠦᠰᠦᠨ ᠵᠢᠷᠤᠮᠯᠠᠯ ᠬᠠᠩᠭᠠᠵᠤ ᠂ ᠰᠢᠨ᠎ᠡ ᠠᠶᠠᠨ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠪᠣᠯᠣᠨ ᠰᠢᠨᠵᠢᠯᠡᠬᠦ ᠤᠬᠠᠭᠠᠨᠴᠢ ᠠᠵᠢᠯᠯᠠᠭᠠᠨ ᠤ ᠵᠦᠭᠯᠡᠭᠦᠷ ᠬᠠᠩᠭᠠᠪᠠ ᠭᠡᠵᠦ ᠰᠠᠨᠠᠯ ᠨᠢᠭᠡᠲᠡᠢ ᠦᠵᠡᠵᠡᠭᠡᠪᠡ ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ ᠂ ᠭᠤᠶᠢᠪᠢᠰᠢ ᠦᠭᠡᠢ  ᠨᠠᠶᠢᠳᠠᠪᠤᠷᠢᠵᠢᠭᠤᠯᠵᠤ ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ ᠂ ᠤᠯᠤᠰ ᠲᠥᠷᠥ ᠶᠢᠨ ᠤᠬᠠᠮᠰᠠᠷ ᠢᠶᠠᠨ ᠴᠢᠩᠭᠠᠳᠬᠠᠵᠤ ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠲᠠᠢ ᠦᠨᠡᠨ ᠬᠦ ᠨᠢᠭᠡᠳᠬᠡᠵᠦ ᠂ ᠰᠢᠨ᠎ᠡ ᠠᠶᠠᠨ ᠳᠤ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠰᠢᠨ᠎ᠡ ᠪᠠᠶᠢᠳᠠᠯ ᠢ ᠨᠡᠭᠡᠭᠡᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠨ᠎ᠠ ᠭᠡᠵᠦ ᠰᠠᠨᠠᠯ ᠨᠢᠭᠡᠲᠡᠢ ᠢᠯᠡᠳᠬᠡᠵᠡᠭᠡᠪᠡ ᠃

ᠪᠦᠭᠦᠳᠡ ᠬᠤᠷᠠᠯ ᠠᠴᠠ ᠂ 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ  ᠡᠭᠢᠯᠡᠯᠲᠡ ᠶᠢᠨ ᠵᠢᠯ ᠮᠥᠨ ᠂ ᠮᠥᠨ ᠴᠤ ᠭᠤᠷᠪᠠᠨ ᠵᠢᠯ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠱᠠᠲᠤ ᠦᠶ᠎ᠡ ᠰᠢᠯᠵᠢᠭᠦᠯᠦᠭᠰᠡᠨ ᠤ ᠳᠠᠷᠠᠭᠠᠬᠢ ᠠᠵᠤ ᠠᠬᠤᠢ ᠰᠡᠷᠭᠦᠨ ᠬᠥᠭᠵᠢᠭᠰᠡᠨ ᠨᠢᠭᠡ ᠵᠢᠯ ᠮᠥᠨ ᠃ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠪᠦᠭᠦ ᠨᠠᠮ ᠪᠦᠭᠦ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠬᠦᠴᠢᠷ ᠢ ᠲᠤᠭᠤᠯᠤᠨ ᠪᠡᠷᠬᠡ ᠶᠢ ᠳᠠᠪᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠨᠡᠷᠡᠮᠵᠢᠲᠦ ᠲᠣᠮᠣ ᠬᠥᠯᠭᠡ ᠣᠩᠭᠤᠴᠠ ᠶᠢ ᠵᠢᠯᠣᠭᠤᠳᠤᠨ ᠳᠠᠪᠠᠯᠭᠠᠨ ᠢ ᠵᠦᠰᠦᠨ ᠤᠷᠤᠭᠰᠢᠯᠠᠪᠠ ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠪᠣᠯᠣᠨ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠡᠷᠦᠩᠬᠡᠢ ᠱᠦᠵᠢ ᠰᠢ ᠶᠢᠨ ᠫᠢᠩ ᠤᠨ 《 ᠰᠢᠨ᠎ᠡ ᠤᠳᠤᠷᠢᠳᠬᠤ ᠪᠠᠭ ᠂ ᠰᠢᠨ᠎ᠡ ᠳᠦᠷᠢ ᠲᠥᠷᠬᠦ ᠂ ᠰᠢᠨ᠎ᠡ ᠪᠠᠶᠢᠳᠠᠯ ᠂ ᠰᠢᠨ᠎ᠡ ᠠᠮᠵᠢᠯᠲᠠ ᠪᠦᠲᠦᠮᠵᠢ 》 ᠶᠢᠨ ᠲᠤᠬᠠᠢ ᠬᠦᠰᠡᠯ ᠡᠷᠡᠮᠡᠯᠵᠡᠯ ᠱᠠᠭᠠᠷᠳᠠᠯᠭ᠎ᠠ ᠶᠢ ᠪᠠᠲᠤ ᠴᠡᠭᠡᠵᠢᠯᠡᠵᠦ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ  ᠪᠠᠷ ᠭᠤᠣᠯ ᠰᠢᠵᠢᠮ ᠪᠤᠯᠭᠠᠵᠤ ᠂ ᠪᠦᠭᠦ ᠨᠠᠮ ᠢᠶᠠᠷ ᠢᠶᠠᠨ 《 ᠬᠤᠶᠠᠷ ᠢ ᠲᠣᠭᠲᠠᠭᠠᠭᠰᠠᠨ 》 ᠢ ᠡᠷᠡᠰ ᠬᠦᠷᠢᠶᠡᠯᠡᠬᠦ ᠂ 《 ᠬᠤᠶᠠᠷ ᠢ ᠬᠠᠮᠠᠭᠠᠯᠠᠬᠤ 》 ᠶᠢ ᠡᠷᠡᠰ ᠪᠡᠶᠡᠯᠡᠭᠦᠯᠬᠦ ᠪᠠᠷ ᠡᠭᠦᠷᠭᠡ ᠬᠠᠷᠢᠭᠤᠴᠠᠯᠭ᠎ᠠ ᠪᠤᠯᠭᠠᠵᠤ ᠂ ᠲᠣᠮᠣ ᠨᠠᠮ ᠳᠤ ᠯᠡ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠪᠠᠷ ᠬᠠᠷᠠᠯᠲᠠ ᠴᠢᠭᠯᠡᠯ ᠪᠤᠯᠭᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ  ᠭᠤᠣᠯ ᠰᠡᠳᠦᠪᠲᠦ ᠬᠥᠮᠦᠵᠢᠯ ᠪᠠ ᠪᠦᠭᠦ ᠤᠯᠤᠰ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠡᠩᠨᠡᠭᠡᠨ ᠤ ᠬᠥᠮᠦᠵᠢᠯ ᠴᠡᠭᠴᠡᠯᠡᠯᠲᠡ ᠶᠢ ᠥᠷᠨᠢᠭᠦᠯᠬᠦ ᠪᠠᠷ ᠭᠤᠣᠯᠳᠠᠯᠭ᠎ᠠ ᠪᠤᠯᠭᠠᠵᠤ ᠂ ᠭᠦᠨᠵᠡᠭᠡᠢ ᠰᠤᠷᠤᠯᠴᠠᠬᠤ ᠂ ᠪᠣᠳᠠᠲᠤ ᠪᠠᠶᠢᠴᠠᠭᠠᠨ ᠰᠤᠳᠤᠯᠤᠯᠲᠠ ᠬᠢᠬᠦ ᠂ ᠨᠠᠶᠢᠳᠠᠪᠤᠷᠢᠵᠢᠭᠤᠯᠤᠯᠲᠠ ᠶᠢ ᠠᠳᠬᠤᠬᠤ ᠂ ᠢᠮᠠᠭᠲᠠ ᠴᠢᠩᠭ᠎ᠠ ᠪᠠᠶᠢᠬᠤ ᠦᠨᠳᠦᠰᠦᠨ ᠭᠦᠭ ᠠᠶᠠᠰ ᠂ ᠴᠢᠩᠭ᠎ᠠ ᠠᠷᠭ᠎ᠠ ᠬᠡᠮᠵᠢᠶ᠎ᠡ ᠂ ᠴᠢᠩᠭ᠎ᠠ ᠠᠭᠤᠷ ᠠᠮᠢᠰᠬᠤᠯ ᠢᠶᠠᠷ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠵᠤ ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠵᠦ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠵᠤ ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠪᠠ ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠬᠤ ᠶᠢ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠨᠢᠭᠡᠳᠦᠭᠡᠷ ᠬᠢᠴᠢᠶᠡᠯ ᠪᠤᠯᠭᠠᠵᠤ ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ ᠂ ᠲᠠᠪᠤᠨ ᠵᠢᠯ ᠢ ᠪᠣᠳᠣᠯᠬᠢᠯᠠᠨ ᠪᠠᠶᠢᠷᠢᠯᠠᠭᠤᠯᠵᠤ ᠂ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠵᠥᠪ ᠴᠢᠭᠯᠡᠯ ᠢ ᠪᠠᠲᠤ ᠡᠵᠡᠮᠳᠡᠪᠡ ᠃ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢ ᠯᠠᠪᠳᠠᠭᠤᠨ ᠪᠠᠲᠤᠲᠠᠢ ᠥᠷᠨᠢᠭᠦᠯᠵᠦ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠡᠳᠬᠢᠯ ᠲᠠᠯᠪᠢᠨ ᠰᠡᠳᠬᠢᠯᠭᠡ ᠲᠠᠢ ᠪᠠᠷ ᠭᠦᠨᠵᠡᠭᠡᠢ ᠰᠤᠷᠤᠯᠴᠠᠨ ᠨᠠᠷᠢᠯᠢᠭ ᠣᠶᠢᠯᠠᠭᠠᠵᠤ ᠂ 《 ᠬᠤᠶᠠᠷ ᠢ ᠬᠠᠮᠠᠭᠠᠯᠠᠬᠤ 》 ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠭᠤᠶᠢᠪᠢᠰᠢ ᠦᠭᠡᠢ ᠡᠭᠦᠷᠭᠡᠯᠡᠵᠦ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠦᠭᠦᠨ ᠢ ᠢᠯᠠᠭᠴᠢ ᠴᠡᠷᠢᠭ ᠠᠩᠭᠢ ᠶᠢ ᠪᠠᠶᠢᠭᠤᠯᠬᠤ ᠶᠢ ᠴᠢᠩᠭ᠎ᠠ ᠬᠠᠮᠢᠶᠠᠷᠴᠤ ᠴᠢᠩᠭ᠎ᠠ ᠵᠠᠰᠠᠪᠠ ᠃ ᠨᠠᠮ ᠤᠨ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠴᠢᠩᠭᠠᠳᠬᠠᠵᠤ ᠂ ᠰᠢᠨ᠎ᠡ ᠠᠶᠠᠨ ᠳᠤ ᠰᠠᠶᠢᠨ ᠡᠭᠢᠯᠡᠯᠲᠡ ᠲᠠᠢ ᠰᠠᠶᠢᠲᠤᠷ ᠡᠬᠢᠯᠡᠭᠦᠯᠬᠦ ᠶᠢ ᠪᠠᠲᠤᠯᠠᠪᠠ ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠭᠦᠨᠵᠡᠭᠡᠢ ᠠᠬᠢᠭᠤᠯᠵᠤ ᠂ ᠮᠥᠩᠭᠦᠨ ᠭᠦᠢᠯᠭᠡᠭᠡᠨ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠂ ᠶᠡᠭᠡ ᠳᠡᠭᠡᠳᠦ ᠰᠤᠷᠭᠠᠭᠤᠯᠢ ᠂ ᠪᠡᠶ᠎ᠡ ᠶᠢᠨ ᠲᠠᠮᠢᠷ ᠂ ᠨᠠᠪᠴᠢᠨ ᠲᠠᠮᠠᠬᠢ ᠂ ᠡᠮ ᠡᠮᠨᠡᠯᠭᠡ ᠂ ᠠᠮᠤ ᠪᠤᠳᠠᠭ᠎ᠠ ᠬᠤᠳᠠᠯᠳᠤᠨ ᠠᠪᠬᠤ ᠪᠠ ᠪᠣᠷᠣᠯᠠᠭᠤᠯᠬᠤ ᠂ ᠲᠤᠭ᠎ᠠ ᠪᠦᠷᠢᠳᠬᠡᠯ ᠵᠡᠷᠭᠡ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ ᠂ ᠰᠢᠰᠲ᠋ᠧᠮ ᠤᠨ ᠴᠢᠨᠠᠷᠲᠠᠢ ᠢᠯᠵᠠᠷᠠᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠡᠷᠡᠰ ᠠᠷᠢᠯᠭᠠᠵᠤ ᠂ ᠢᠯᠵᠠᠷᠠᠬᠤ ᠠᠴᠠ ᠵᠢᠷᠦᠬᠡᠰᠢᠶᠡᠬᠦ ᠂ ᠢᠯᠵᠠᠷᠠᠵᠤ ᠪᠤᠯᠬᠤ ᠦᠭᠡᠢ ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ ᠂ ᠭᠢᠯᠪᠠᠷ ᠪᠤᠰᠤ ᠪᠠᠷ ᠣᠯᠣᠭᠰᠠᠨ ᠳᠡᠶᠢᠯᠦᠩᠭᠦᠢ ᠴᠢᠨᠠᠷᠲᠠᠢ ᠢᠯᠠᠯᠲᠠ ᠶᠢ ᠪᠦᠭᠦ ᠲᠠᠯ᠎ᠠ ᠪᠠᠷ ᠪᠠᠬᠢᠵᠢᠭᠦᠯᠪᠡ ᠃ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ ᠂ ᠵᠠᠯᠠᠷᠠᠭᠤᠯᠬᠤ ᠱᠤᠭᠤᠬᠤ ᠶᠢ ᠵᠡᠷᠭᠡ ᠪᠠᠷ ᠴᠢᠬᠤᠯᠠᠴᠢᠯᠠᠵᠤ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤ ᠪᠦᠲᠦᠮᠵᠢᠲᠡᠢ ᠪᠠᠶᠢᠬᠤ ᠶᠢ ᠠᠬᠢᠭᠤᠯᠪᠠ ᠃ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠭᠦ ᠲᠠᠯ᠎ᠠ ᠪᠠᠷ ᠴᠢᠩᠭᠠᠳᠬᠠᠵᠤ ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠶᠢ ᠠᠬᠢᠭᠤᠯᠬᠤ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠶᠢ ᠨᠢᠭᠡᠳᠬᠡᠪᠡ ᠃ ᠤᠯᠤᠰ ᠲᠦᠷᠦ ᠶᠢᠨ ᠲᠣᠭᠤᠷᠢᠨ ᠪᠠᠶᠢᠴᠠᠭᠠᠯᠲᠠ ᠶᠢ ᠡᠷᠡᠰ ᠭᠤᠶᠢᠪᠢᠰᠢ ᠦᠭᠡᠢ ᠭᠦᠨᠵᠡᠭᠡᠶᠢᠷᠡᠭᠦᠯᠵᠦ ᠂ ᠲᠥᠪ ᠠᠴᠠ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠨᠠᠮ ᠤᠨ ᠵᠣᠬᠢᠶᠠᠨ ᠪᠠᠶᠢᠭᠤᠯᠤᠯᠲᠠ ᠳᠤ ᠲᠣᠭᠤᠷᠢᠨ ᠪᠠᠶᠢᠴᠠᠭᠠᠯᠲᠠ ᠶᠢ ᠪᠦᠭᠦᠨ ᠢ ᠪᠦᠷᠬᠦᠭᠦᠯᠬᠦ ᠶᠢ ᠴᠢᠨᠠᠷ ᠰᠠᠶᠢᠲᠠᠢ ᠪᠡᠶᠡᠯᠡᠭᠦᠯᠪᠡ ᠃ ᠳᠦᠷᠢᠮ ᠢᠶᠠᠷ ᠨᠠᠮ ᠢ ᠵᠠᠰᠠᠬᠤ ᠂ ᠲᠣᠭᠲᠠᠭᠠᠯ ᠢᠶᠠᠷ ᠨᠠᠮ ᠢ ᠵᠠᠰᠠᠬᠤ ᠱᠠᠭᠠᠷᠳᠠᠯᠭ᠎ᠠ ᠶᠢ ᠭᠦᠨᠵᠡᠭᠡᠢ  ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠂ ᠨᠠᠮ ᠤᠨ ᠲᠥᠪ ᠬᠤᠷᠢᠶ᠎ᠠ ᠶᠢ ᠬᠠᠮᠵᠢᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠳᠤ ᠵᠠᠰᠠᠪᠤᠷᠢ ᠣᠷᠣᠭᠤᠯᠵᠤ ᠂ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠳᠦᠷᠢᠮ ᠤᠨ ᠵᠢᠷᠤᠮᠵᠢᠯ ᠤᠨ ᠰᠢᠰᠲ᠋ᠧᠮ ᠢ ᠲᠡᠭᠦᠯᠳᠡᠷᠵᠢᠭᠦᠯᠬᠦ ᠶᠢ ᠠᠬᠢᠭᠤᠯᠪᠠ ᠃ ᠠᠮᠵᠢᠯᠲᠠ ᠪᠠᠨ ᠨᠤᠲᠠᠯᠠᠬᠤ ᠶᠢᠨ ᠬᠠᠮᠲᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠦᠨᠡᠨ ᠢ ᠪᠠᠷᠢᠮᠲᠠᠯᠠᠨ ᠵᠠᠳᠠᠯᠵᠤ ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ ᠂ ᠦᠨᠡᠨ ᠬᠦ ᠰᠢᠢᠳᠪᠦᠷᠢᠯᠡᠪᠡ ᠭᠡᠵᠦ ᠵᠢᠭᠠᠵᠤ ᠭᠠᠷᠭᠠᠪᠠ ᠃

ᠪᠦᠭᠦᠳᠡ ᠬᠤᠷᠠᠯ ᠠᠴᠠ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠂ ᠶᠡᠷᠦᠩᠬᠡᠢ ᠱᠦᠵᠢ ᠰᠢ ᠶᠢᠨ ᠫᠢᠩ ᠪᠦᠭᠦ ᠨᠠᠮ ᠢ ᠳᠠᠭᠠᠭᠤᠯᠤᠨ ᠤᠷᠢᠳ ᠡᠮᠦᠨ᠎ᠡ ᠪᠠᠶᠢᠭ᠎ᠠ ᠦᠭᠡᠢ ᠡᠷᠡᠰ ᠵᠣᠷᠢᠭ ᠴᠢᠩᠭ᠎ᠠ ᠡᠷᠴᠢᠮ ᠢᠶᠠᠷ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠵᠤ ᠂ ᠪᠦᠲᠦᠭᠡᠯᠴᠢ ᠴᠢᠨᠠᠷᠲᠠᠢ ᠪᠠᠷ ᠠᠩᠬᠠᠨ ᠤ ᠡᠭᠦᠳᠦᠯᠲᠡ ᠶᠢᠨ ᠴᠢᠨᠠᠷᠲᠠᠢ ᠂ ᠪᠡᠯᠭᠡ ᠲᠡᠮᠳᠡᠭ ᠤᠨ ᠴᠢᠨᠠᠷᠲᠠᠢ ᠠᠯᠢ ᠤᠯᠠᠨ ᠰᠢᠨ᠎ᠡ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠳᠤᠷᠠᠳᠤᠨ ᠭᠠᠷᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠤᠨ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠯᠳᠦᠭᠦᠯᠵᠦ ᠂ ᠵᠠᠭᠤᠨ ᠵᠢᠯ ᠤᠨ ᠲᠡᠦᠬᠡ ᠲᠠᠢ ᠲᠣᠮᠣ ᠨᠠᠮ ᠢ ᠵᠢᠯᠣᠭᠤᠳᠤᠨ ᠥᠪᠡᠷ ᠪᠡᠶ᠎ᠡ ᠶᠢᠨ ᠬᠤᠪᠢᠰᠬᠠᠯ ᠤᠨ ᠰᠢᠨ᠎ᠡ ᠠᠬᠤᠢ ᠪᠠᠶᠢᠳᠠᠯ ᠢ ᠨᠡᠭᠡᠭᠡᠪᠡ ᠃ ᠡᠨᠡ ᠪᠣᠯ ᠮᠠᠨ ᠤ ᠨᠠᠮ ᠤᠨ 《ᠬᠤᠶᠠᠷ ᠢ ᠤᠶᠠᠯᠳᠤᠭᠤᠯᠬᠤ》 ᠶᠢ ᠪᠠᠷᠢᠮᠲᠠᠯᠠᠵᠤ ᠤᠨᠤᠯ ᠤᠨ ᠰᠢᠨ᠎ᠡ ᠶᠢ ᠡᠭᠦᠳᠬᠦ ᠶᠢ ᠠᠬᠢᠭᠤᠯᠤᠭᠠᠳ ᠣᠯᠣᠭᠰᠠᠨ ᠰᠢᠨ᠎ᠡ ᠦᠷ᠎ᠡ ᠪᠦᠲᠦᠭᠡᠯ ᠮᠥᠨ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨ᠎ᠡ ᠬᠠᠭᠤᠳᠠᠰᠤ ᠮᠥᠨ ᠂ ᠮᠠᠨ ᠤ ᠨᠠᠮ ᠤᠨ ᠮᠠᠷᠺᠰ ᠤᠨ ᠦᠵᠡᠯ ᠤᠨ ᠲᠦᠷᠦ ᠶᠢᠨ ᠨᠠᠮ ᠤᠨ ᠪᠠᠶᠢᠭᠤᠯᠤᠯᠲᠠ ᠶᠢᠨ ᠵᠢᠮ᠎ᠡ ᠶᠣᠰᠣ ᠂ ᠡᠪ ᠬᠠᠮᠲᠤ ᠨᠠᠮ ᠤᠨ ᠲᠦᠷᠦ ᠪᠠᠷᠢᠬᠤ ᠵᠢᠮ᠎ᠡ ᠶᠣᠰᠣᠨ ᠤ ᠲᠤᠬᠠᠢ ᠲᠠᠨᠢᠯᠲᠠ ᠰᠢᠨ᠎ᠡ ᠥᠨᠳᠥᠷᠴᠡ ᠳᠤ ᠭᠦᠷᠦᠭᠰᠡᠨ ᠢ ᠬᠠᠷᠠᠭᠤᠯᠵᠤ ᠪᠠᠶᠢᠨ᠎ᠠ ᠃ ᠡᠨᠡ ᠬᠦ ᠴᠢᠬᠤᠯᠠ ᠦᠵᠡᠯ ᠰᠠᠨᠠᠭ᠎ᠠ ᠨᠢ ᠮᠠᠨ ᠤ ᠨᠠᠮ ᠤᠨ 《 ᠶᠠᠭᠤᠨ ᠳᠤ ᠥᠪᠡᠷ ᠪᠡᠶ᠎ᠡ ᠶᠢᠨ ᠬᠤᠪᠢᠰᠬᠠᠯ ᠬᠢᠬᠦ ᠪᠤᠢ 》 ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ ᠂ ᠪᠦᠭᠦ ᠨᠠᠮ ᠤᠨ ᠤᠭ ᠰᠠᠨᠠᠭ᠎ᠠ ᠪᠠᠨ ᠡᠭᠦᠷᠢᠳᠡ ᠪᠠᠲᠤᠯᠠᠵᠤ ᠂ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠦᠨᠳᠦᠰᠦᠨ ᠡᠭᠦᠷᠭᠡ ᠶᠢ ᠲᠣᠳᠣᠷᠬᠠᠢ ᠵᠢᠭᠠᠪᠠ ︔ ᠮᠠᠨ ᠤ ᠨᠠᠮ ᠤᠨ 《 ᠶᠠᠭᠤᠨ ᠳᠤ ᠥᠪᠡᠷ ᠪᠡᠶ᠎ᠡ ᠶᠢᠨ ᠬᠤᠪᠢᠰᠬᠠᠯ ᠢ ᠬᠢᠵᠦ ᠴᠢᠳᠠᠬᠤ ᠪᠤᠢ 》 ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ ᠂ ᠪᠦᠭᠦ ᠨᠠᠮ ᠢᠶᠠᠷ ᠢᠶᠠᠨ 《 ᠬᠤᠶᠠᠳᠤᠭᠠᠷ ᠬᠠᠷᠢᠭᠤᠯᠲᠠ 》 ᠶᠢ ᠰᠠᠶᠢᠲᠤᠷ ᠬᠡᠷᠡᠭᠯᠡᠬᠦ ᠂ ᠲᠣᠮᠣ ᠨᠠᠮ ᠳᠤ ᠯᠠ ᠪᠠᠶᠢᠳᠠᠭ ᠬᠦᠴᠢᠷ ᠠᠰᠠᠭᠤᠳᠠᠯ ᠢ ᠰᠢᠢᠳᠪᠦᠷᠢᠯᠡᠬᠦ ᠢᠲᠡᠭᠡᠯ ᠵᠣᠷᠢᠭ ᠢ ᠪᠠᠲᠤᠳᠬᠠᠪᠠ ︔ ᠮᠠᠨ ᠤ ᠨᠠᠮ ᠤᠨ 《 ᠥᠪᠡᠷ ᠪᠡᠶ᠎ᠡ ᠶᠢᠨ ᠬᠤᠪᠢᠰᠬᠠᠯ ᠬᠢᠬᠦ ᠶᠢ ᠬᠡᠷᠬᠢᠨ ᠠᠬᠢᠭᠤᠯᠬᠤ ᠪᠤᠢ 》 ᠭᠡᠬᠦ ᠴᠢᠬᠤᠯᠠ ᠶᠡᠭᠡ ᠠᠰᠠᠭᠤᠳᠠᠯ ᠳᠤ ᠭᠦᠨᠵᠡᠭᠡᠢ ᠬᠠᠷᠢᠭᠤᠯᠲᠠ ᠥᠭᠴᠦ ᠂ ᠨᠠᠮ ᠤᠨ ᠠᠮᠢᠵᠢᠷᠠᠯ ᠤᠨ ᠬᠦᠴᠦᠨ ᠢᠶᠠᠨ ᠡᠭᠦᠷᠢᠳᠡ ᠪᠠᠲᠤᠯᠠᠵᠤ ᠂ ᠰᠢᠨ᠎ᠡ ᠰᠢᠯᠭᠠᠯᠲᠠ ᠶᠢ ᠤᠭᠲᠤᠬᠤ ᠵᠠᠮ ᠢᠶᠠᠷ ᠰᠠᠶᠢᠲᠤᠷ ᠵᠠᠮᠨᠠᠬᠤ ᠭᠡᠭᠡᠨ ᠰᠠᠷᠠᠭᠤᠯ ᠢᠷᠡᠭᠡᠳᠦᠢ ᠶᠢ ᠢᠯᠡᠷᠡᠭᠦᠯᠪᠡ ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠪᠣᠯ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ ᠴᠢᠬᠤᠯᠠ ᠬᠦᠴᠦᠨ ᠮᠥᠨ ᠂ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ ᠂ ᠡᠷᠡᠰ ᠪᠠᠲᠤ ᠢᠲᠡᠭᠡᠯ ᠪᠢᠰᠢᠷᠡᠯ ᠢ ᠡᠪᠦᠷᠯᠡᠨ ᠂ ᠪᠠᠲᠤ ᠴᠢᠩᠭ᠎ᠠ ᠡᠭᠦᠷᠭᠡ ᠬᠠᠷᠢᠭᠤᠴᠠᠯᠭ᠎ᠠ ᠶᠢ ᠡᠪᠦᠷᠯᠡᠨ ᠭᠦᠨᠵᠡᠭᠡᠢ ᠰᠤᠷᠤᠯᠴᠠᠨ ᠨᠠᠷᠢᠯᠢᠭ ᠣᠶᠢᠯᠠᠭᠠᠵᠤ ᠂ ᠡᠨᠡ ᠬᠦ ᠴᠢᠬᠤᠯᠠ ᠦᠵᠡᠯ ᠰᠠᠨᠠᠭᠠᠨ ᠤ ᠭᠤᠣᠯ ᠴᠢᠮᠦᠭᠡ ᠪᠠ ᠴᠢᠬᠤᠯᠠ ᠠᠭᠤᠯᠭ᠎ᠠ ᠂ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠨ ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠪᠦᠭᠦ ᠶᠠᠪᠤᠴᠠ ᠡᠯ᠎ᠡ ᠲᠠᠯ᠎ᠠ ᠳᠤ ᠤᠬᠠᠮᠰᠠᠷ ᠠᠴᠠ ᠪᠠᠨ  ᠂ ᠡᠭᠦᠷᠢᠳᠡ ᠵᠣᠭᠰᠣᠰᠢ ᠦᠭᠡᠢ ᠡᠷᠡᠰ ᠪᠠᠲᠤ ᠵᠣᠷᠢᠭ ᠢᠶᠠᠷ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠡᠴᠦᠰ ᠲᠤᠨᠢ ᠲᠤᠯᠲᠠᠯ᠎ᠠ ᠬᠢᠬᠦ ᠬᠡᠷᠡᠭᠲᠡᠢ ᠭᠡᠵᠦ ᠴᠢᠬᠤᠯᠠᠴᠢᠯᠠᠪᠠ ᠃

ᠪᠦᠭᠦᠳᠡ ᠬᠤᠷᠠᠯ ᠠᠴᠠ ᠂ 2024 ᠣᠨ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠪᠣᠯᠣᠨ᠎ᠠ ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ ᠃ ᠡᠨᠡ ᠵᠢᠯ ᠤᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠳᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ  ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ  ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠡᠷᠡᠰ ᠨᠠᠶᠢᠳᠠᠪᠤᠷᠢᠵᠢᠭᠤᠯᠵᠤ ᠂ 《 ᠬᠤᠶᠠᠷ ᠢ ᠲᠣᠭᠲᠠᠭᠠᠭᠰᠠᠨ 》 ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ ᠂ ᠤᠬᠠᠮᠰᠠᠷ ᠠᠴᠠ ᠪᠠᠨ 《 ᠳᠥᠷᠪᠡᠨ ᠤᠬᠠᠮᠰᠠᠷ 》 ᠢᠶᠠᠨ ᠴᠢᠩᠭᠠᠳᠬᠠᠵᠤ ᠂ 《ᠳᠥᠷᠪᠡᠨ ᠢᠲᠡᠭᠡᠯ》 ᠢᠶᠠᠨ ᠪᠠᠲᠤᠳᠬᠠᠵᠤ ᠂ 《 ᠬᠤᠶᠠᠷ ᠢ ᠬᠠᠮᠠᠭᠠᠯᠠᠬᠤ 》 ᠶᠢ ᠪᠡᠶᠡᠯᠡᠭᠦᠯᠵᠦ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠭᠤᠣᠯ ᠰᠡᠳᠦᠪᠲᠦ ᠬᠥᠮᠦᠵᠢᠯ ᠪᠣᠯᠣᠨ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠨᠠᠮ ᠤᠨ ᠳᠦᠷᠢᠮ ᠪᠠ ᠦᠨᠳᠦᠰᠦᠨ ᠬᠠᠤᠯᠢ ᠠᠴᠠ ᠣᠯᠭᠤᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠰᠲ᠋ᠧᠮ ᠢ ᠪᠦᠷᠢᠨᠰᠢᠭᠦᠯᠬᠦ ᠶᠢ ᠠᠬᠢᠭᠤᠯᠵᠤ ᠂ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠠᠵᠢᠯ ᠢ ᠭᠦᠨᠵᠡᠭᠡᠶᠢᠷᠡᠭᠦᠯᠦᠨ ᠠᠬᠢᠭᠤᠯᠵᠤ ᠂ ᠰᠢᠨ᠎ᠡ ᠠᠶᠠᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠃

ᠨᠢᠭᠡᠳᠦᠭᠡᠷ ᠲᠤ ᠂ ᠰᠡᠳᠬᠢᠯ ᠢ ᠨᠢᠭᠲᠠᠷᠠᠭᠤᠯᠤᠨ ᠰᠦᠭ ᠰᠦᠨᠡᠰᠦ ᠶᠢ ᠱᠤᠭᠤᠬᠤ ᠶᠢ ᠲᠣᠪᠤᠶᠢᠯᠭᠠᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠬᠦ ᠬᠡᠷᠡᠭᠲᠡᠢ ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠨᠠᠮ ᠤᠨ ᠥᠪᠡᠷ ᠪᠡᠶ᠎ᠡ ᠶᠢᠨ ᠬᠤᠪᠢᠰᠬᠠᠯ ᠬᠢᠬᠦ ᠴᠢᠬᠤᠯᠠ ᠦᠵᠡᠯ ᠰᠠᠨᠠᠭ᠎ᠠ ᠶᠢ ᠰᠤᠷᠤᠯᠴᠠᠨ  ᠶᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠭᠤᠣᠯ ᠰᠡᠳᠦᠪ ᠭᠤᠣᠯ ᠰᠢᠵᠢᠮ ᠪᠤᠯᠭᠠᠵᠤ ᠂ 《 ᠨᠢᠭᠡᠳᠦᠭᠡᠷ ᠵᠥᠪᠯᠡᠬᠦ ᠰᠡᠳᠦᠪ 》  ᠤᠨ ᠳᠦᠷᠢᠮ ᠂ ᠬᠠᠮᠲᠤ ᠶᠢᠨ ᠰᠤᠷᠤᠯᠴᠠᠯᠭ᠎ᠠ ᠶᠢᠨ ᠳᠦᠷᠢᠮ ᠢ ᠪᠦᠷᠢᠨᠰᠢᠭᠦᠯᠦᠨ ᠴᠢᠩᠭ᠎ᠠ ᠬᠡᠷᠡᠭᠵᠢᠭᠦᠯᠵᠦ ᠂ ᠭᠦᠨᠵᠡᠭᠡᠶᠢᠷᠡᠭᠦᠯᠬᠦ ᠂ ᠬᠠᠳᠠᠩᠰᠢᠭᠤᠯᠬᠤ ᠂ ᠬᠤᠪᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ ᠂ ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠳᠤᠮᠳᠠ ᠠᠴᠠ ᠣᠶᠢᠯᠠᠭᠠᠭᠳᠠᠬᠤᠨ ᠢ ᠡᠷᠢᠵᠦ ᠂ ᠰᠡᠳᠬᠢᠮᠵᠢ ᠶᠢ ᠡᠷᠢᠵᠦ ᠂ ᠠᠷᠭ᠎ᠠ ᠡᠷᠢᠵᠦ ᠂ ᠠᠷᠭ᠎ᠠ ᠠᠪᠴᠠᠯ ᠢ ᠡᠷᠢᠵᠦ ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠲᠠᠰᠤᠷᠠᠯᠳᠠ ᠦᠭᠡᠢ ᠰᠤᠷᠲᠠᠯ ᠢ ᠴᠡᠭᠴᠡᠯᠡᠨ ᠰᠠᠬᠢᠯᠭ᠎ᠠ ᠪᠠᠲᠤ ᠶᠢ ᠴᠢᠩᠳᠠᠯᠠᠨ ᠢᠯᠵᠠᠷᠠᠯ ᠢ ᠡᠰᠡᠷᠭᠦᠴᠡᠬᠦ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠃

ᠬᠤᠶᠠᠳᠤᠭᠠᠷ ᠲᠤ ᠂ 《 ᠬᠤᠶᠠᠷ ᠢ ᠬᠠᠮᠠᠭᠠᠯᠠᠬᠤ 》 ᠶᠢ ᠲᠣᠪᠤᠶᠢᠯᠭᠠᠨ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠭᠦᠨᠵᠡᠭᠡᠶᠢᠷᠡᠭᠦᠯᠬᠦ ᠬᠡᠷᠡᠭᠲᠡᠢ ᠃ ᠨᠠᠮ ᠤᠨ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠳᠦᠷᠢᠮ ᠢ ᠴᠢᠩᠳᠠᠯᠠᠬᠤ ᠶᠢ ᠲᠣᠪᠣᠶᠢᠮ᠎ᠠ ᠪᠠᠶᠢᠷᠢᠨ ᠳᠤ ᠲᠠᠯᠪᠢᠵᠤ ᠂ ᠤᠯᠤᠰ ᠲᠥᠷᠥ ᠶᠢᠨ ᠦᠨᠡᠨᠴᠢ ᠰᠢᠳᠤᠷᠭᠤ ᠂ ᠤᠯᠤᠰ ᠲᠥᠷᠥ ᠶᠢᠨ ᠠᠮᠤᠷ ᠲᠦᠪᠰᠢᠨ ᠂ ᠤᠯᠤᠰ ᠲᠥᠷᠥ ᠶᠢᠨ ᠬᠠᠷᠢᠭᠤᠴᠠᠯᠭ᠎ᠠ ᠂ ᠤᠯᠤᠰ ᠲᠥᠷᠥ ᠶᠢᠨ ᠵᠣᠭᠰᠣᠯᠲᠠ ᠂ ᠨᠠᠮ ᠤᠨ ᠳᠣᠲᠣᠭᠠᠳᠤ ᠶᠢᠨ ᠤᠯᠤᠰ ᠲᠥᠷᠥ ᠶᠢᠨ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠤᠯᠤᠰ ᠲᠥᠷᠥ ᠶᠢᠨ ᠵᠥᠷᠢᠶ᠎ᠡ ᠶᠢ ᠡᠷᠡᠰ ᠵᠠᠯᠠᠷᠠᠭᠤᠯᠵᠤ ᠂ ᠤᠯᠤᠰ ᠲᠥᠷᠥ ᠶᠢᠨ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠬᠡᠷᠡᠭᠲᠡᠢ ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠪᠠ ᠨᠠᠮ ᠤᠨ ᠲᠥᠪ ᠬᠤᠷᠢᠶ᠎ᠠ ᠶᠢᠨ ᠦᠨᠳᠦᠰᠦᠨ ᠪᠣᠳᠣᠯᠭ᠎ᠠ ᠴᠢᠭᠯᠡᠯᠲᠡ ᠲᠠᠢ ᠨᠢᠭᠲᠠ ᠤᠶᠠᠯᠳᠤᠭᠤᠯᠤᠨ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ ᠂ ᠨᠠᠶᠢᠳᠠᠪᠤᠷᠢᠵᠢᠭᠤᠯᠤᠭᠰᠠᠨ ᠪᠠᠶᠢᠳᠠᠯ ᠢ 《 ᠡᠷᠭᠢᠨ ᠬᠠᠷᠠᠬᠤ 》 ᠠᠵᠢᠯ ᠢ ᠪᠠᠶᠢᠩᠭᠤᠵᠢᠭᠤᠯᠤᠨ ᠥᠷᠨᠢᠭᠦᠯᠵᠦ ᠂ ᠪᠦᠭᠦ ᠨᠠᠮ ᠤᠨ ᠦᠵᠡᠯ ᠰᠠᠨᠠᠭ᠎ᠠ ᠪᠠᠨ ᠨᠢᠭᠡᠳᠬᠡᠬᠦ ᠂ ᠵᠣᠷᠢᠭ ᠰᠠᠨᠠᠭ᠎ᠠ ᠪᠠᠨ ᠨᠢᠭᠡᠳᠬᠡᠬᠦ ᠂ ᠠᠯᠬᠤᠮ ᠨᠢᠭᠡᠲᠡᠢ ᠤᠷᠤᠭᠰᠢᠯᠠᠬᠤ ᠶᠢ ᠱᠠᠯᠠᠪᠳᠠᠭᠤᠯᠬᠤ ᠬᠡᠷᠡᠭᠲᠡᠢ ᠃

ᠭᠤᠷᠪᠠᠳᠤᠭᠠᠷ ᠲᠤ ᠂ ᠬᠥᠷᠥᠰᠥ ᠰᠢᠷᠣᠢ ᠨᠥᠬᠦᠴᠡᠯ ᠢ ᠠᠷᠢᠯᠭᠠᠬᠤ ᠶᠢ ᠲᠣᠪᠤᠶᠢᠯᠭᠠᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠬᠦ ᠬᠡᠷᠡᠭᠲᠡᠢ ᠃ ᠢᠯᠵᠠᠷᠠᠯ ᠢ ᠡᠰᠡᠷᠭᠦᠴᠡᠬᠦ ᠲᠡᠮᠡᠴᠡᠯ ᠢ ᠦᠷᠭᠦᠯᠵᠢᠯᠡᠨ ᠬᠦᠴᠦᠯᠡᠵᠦ ᠂ ᠭᠦᠨᠵᠡᠭᠡᠶᠢᠷᠡᠭᠦᠯᠦᠨ ᠠᠬᠢᠭᠤᠯᠵᠤ ᠂ ᠢᠯᠵᠠᠷᠠᠬᠤ ᠠᠴᠠ ᠵᠢᠷᠦᠬᠡᠰᠢᠶᠡᠬᠦ ᠂ ᠢᠯᠵᠠᠷᠠᠵᠤ ᠪᠤᠯᠬᠤ ᠦᠭᠡᠢ ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ ᠂ ᠥᠨᠳᠥᠷ ᠳᠠᠷᠤᠯᠲᠠᠲᠤ ᠪᠠᠶᠢᠳᠠᠯ ᠢ ᠴᠢᠩᠭᠠᠳᠬᠠᠵᠤ ᠂ ᠭᠤᠣᠯᠳᠠᠯᠭ᠎ᠠ ᠲᠠᠢ ᠠᠰᠠᠭᠤᠳᠠᠯ ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠂ ᠭᠤᠣᠯᠳᠠᠯᠭ᠎ᠠ ᠲᠠᠢ ᠡᠲᠡᠭᠡᠳ ᠂ ᠰᠢᠨ᠎ᠡ ᠭᠡᠯᠪᠡᠷᠢ ᠶᠢᠨ ᠢᠯᠵᠠᠷᠠᠯ ᠪᠠ ᠲᠠᠯᠳᠠ ᠢᠯᠵᠠᠷᠠᠯ ᠢ ᠦᠷᠭᠦᠯᠵᠢᠯᠡᠨ ᠴᠢᠩᠭ᠎ᠠ ᠠᠩᠬᠠᠷᠴᠤ ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠰᠦᠯᠪᠡᠭᠡᠯᠡᠭᠰᠡᠨ ᠢᠯᠵᠠᠷᠠᠯ ᠢ ᠴᠢᠩᠭ᠎ᠠ ᠰᠢᠢᠳᠬᠡᠬᠦ ᠶᠢ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ ᠂ ᠮᠥᠩᠭᠦᠨ ᠭᠦᠢᠯᠭᠡᠭᠡᠨ ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠂ ᠡᠨᠧᠷᠭᠢ ᠂ ᠨᠠᠪᠴᠢᠨ ᠲᠠᠮᠠᠬᠢ ᠂ ᠡᠮ ᠡᠮᠨᠡᠯᠭᠡ ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠪᠠ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠬᠦᠷᠢᠶᠡᠨ ᠳᠠᠬᠢ ᠢᠯᠵᠠᠷᠠᠯ ᠤᠨ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠢ ᠡᠷᠡᠰ ᠵᠠᠯᠬᠠᠭᠠᠨ ᠰᠢᠢᠳᠬᠡᠵᠦ ᠂ ᠬᠢᠯᠢ ᠠᠯᠤᠰᠯᠠᠭᠰᠠᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠬᠡᠷᠡᠭᠲᠡᠢ ᠃ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠲᠠ ᠶᠢ ᠠᠬᠢᠭᠤᠯᠬᠤ ᠂ ᠬᠡᠷᠡᠭ ᠢᠶᠠᠷ ᠵᠠᠰᠠᠯᠲᠠ ᠶᠢ ᠠᠬᠢᠭᠤᠯᠬᠤ ᠶᠢ ᠴᠢᠩᠭᠠᠳᠬᠠᠵᠤ ᠂ ᠭᠤᠣᠯᠳᠠᠯᠭ᠎ᠠ ᠲᠠᠢ ᠬᠦᠷᠢᠶᠡᠨ ᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠠᠬᠢᠭᠤᠯᠬᠤ ᠬᠡᠷᠡᠭᠲᠡᠢ ᠃ ᠵᠥᠪ ᠪᠤᠷᠤᠭᠤ ᠬᠤᠶᠠᠷ ᠲᠠᠯ᠎ᠠ ᠶᠢᠨ ᠬᠥᠮᠦᠵᠢᠯ ᠢ ᠴᠢᠩᠭᠠᠳᠬᠠᠵᠤ ᠂ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ ᠂ ᠠᠷᠢᠭᠤᠨ ᠴᠢᠬᠡᠴᠢ ᠨᠢ ᠢᠷᠠᠭᠤ ᠠᠯᠳᠠᠷ ᠲᠠᠢ ᠱᠠᠮᠰᠢᠬᠤ ᠨᠢ ᠢᠴᠢᠭᠦᠷᠢ ᠲᠠᠢ ᠪᠠᠶᠢᠬᠤ ᠨᠡᠶᠢᠭᠡᠮ ᠤᠨ ᠠᠭᠤᠷ ᠠᠮᠢᠰᠬᠤᠯ ᠤᠨ ᠪᠦᠷᠢᠯᠳᠦᠬᠦ ᠶᠢ ᠠᠬᠢᠭᠤᠯᠬᠤ ᠬᠡᠷᠡᠭᠲᠡᠢ ᠃ ᠬᠡᠭᠡᠯᠢ ᠢᠳᠡᠵᠦ ᠬᠠᠭ᠋ᠤᠤᠯᠢ ᠲᠦᠯᠬᠢᠭᠰᠡᠨ ᠬᠡᠷᠡᠭ ᠢ ᠬᠠᠮᠲᠤ ᠳᠤᠨᠢ ᠪᠠᠶᠢᠴᠠᠭᠠᠬᠤ ᠠᠵᠢᠯ ᠢ ᠴᠢᠩᠭᠠᠳᠬᠠᠵᠤ ᠂ ᠭᠤᠣᠯᠳᠠᠯᠭ᠎ᠠ ᠲᠠᠢ ᠬᠡᠭᠡᠯᠢ ᠲᠦᠯᠬᠢᠭᠴᠢ ᠶᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠃ ᠢᠯᠵᠠᠷᠠᠯ ᠢ ᠡᠰᠡᠷᠭᠦᠴᠡᠬᠦ ᠪᠠᠭᠠᠵᠢ ᠶᠢᠨ ᠬᠠᠶᠢᠷᠴᠠᠭ ᠢ ᠴᠢᠩᠭᠠᠳᠬᠠᠨ ᠲᠡᠭᠦᠯᠳᠡᠷᠵᠢᠭᠦᠯᠵᠦ ᠂ ᠬᠢᠨᠠᠨ ᠪᠤᠳᠤᠬᠤ ᠵᠡᠷᠭᠡ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠬᠦᠷᠭᠡᠵᠦ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ ᠂ ᠢᠯᠵᠠᠷᠠᠯ ᠢ ᠡᠰᠡᠷᠭᠦᠴᠡᠬᠦ ᠲᠤᠬᠠᠢ ᠤᠯᠤᠰ ᠤᠨ ᠬᠠᠤᠯᠢ ᠲᠣᠭᠲᠠᠭᠠᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠃

ᠳᠥᠷᠪᠡᠳᠦᠭᠡᠷ ᠲᠤ ᠂ ᠪᠠᠶᠢᠩᠭᠤᠵᠢᠭᠰᠠᠨ ᠤᠷᠳᠤ ᠬᠤᠭᠤᠴᠠᠭ᠎ᠠ ᠪᠠᠷ ᠪᠦᠲᠦᠮᠵᠢᠲᠡᠢ ᠪᠠᠶᠢᠬᠤ ᠶᠢ ᠲᠣᠪᠤᠶᠢᠯᠭᠠᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠬᠤ ᠬᠡᠷᠡᠭᠲᠡᠢ ᠃ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠲᠤᠰᠬᠠᠢ ᠴᠡᠭᠴᠡᠯᠡᠨ ᠵᠠᠰᠠᠵᠤ ᠂ 《 ᠠᠯᠪᠠᠨ ᠶᠠᠪᠤᠳᠠᠯ ᠤᠨ ᠨᠡᠷ᠎ᠡ ᠪᠠᠷ ᠢᠳᠡᠬᠦ 》 《 ᠬᠤᠭᠤᠯᠠᠨ ᠭᠡᠷ ᠤᠨ ᠬᠢ ᠶᠢ ᠢᠳᠡᠬᠦ 》 《 ᠬᠤᠭᠤᠯᠠᠨ ᠭᠡᠷ ᠤᠨ ᠡᠵᠡᠨ ᠤ ᠬᠢ ᠶᠢ ᠢᠳᠡᠬᠦ 》 《 ᠳᠣᠣᠷ᠎ᠠ ᠱᠠᠲᠤ ᠶᠢᠨ ᠬᠢ ᠪᠠᠨ ᠢᠳᠡᠬᠦ 》 ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠬᠤ ᠬᠡᠷᠡᠭᠲᠡᠢ ᠃ ᠰᠤᠷᠲᠠᠯ ᠤᠨ ᠢᠯᠵᠠᠷᠠᠯ ᠢ ᠬᠠᠮᠲᠤ ᠪᠠᠷ ᠪᠠᠶᠢᠴᠠᠭᠠᠵᠤ ᠬᠠᠮᠲᠤ ᠪᠠᠷ ᠵᠠᠰᠠᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ ᠂ 《 ᠰᠤᠷᠲᠠᠯ ᠤᠨ ᠢᠯᠵᠠᠷᠠᠯ ᠢ ᠪᠠᠶᠢᠴᠠᠭᠠᠬᠤ 》 ᠪᠥᠭᠡᠳ 《 ᠢᠯᠵᠠᠷᠠᠯ ᠢ ᠢᠯᠡᠷᠡᠭᠦᠯᠬᠦ ᠪᠠᠷ ᠲᠠᠮᠵᠢᠨ ᠰᠤᠷᠲᠠᠯ ᠢ ᠵᠠᠯᠠᠷᠠᠭᠤᠯᠬᠤ 》 ᠬᠡᠷᠡᠭᠲᠡᠢ ᠃ ᠺᠠᠳ᠋ᠷ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠬᠡᠯᠪᠡᠷᠢᠴᠢ ᠦᠵᠡᠯ ᠂ ᠨᠣᠶᠠᠨᠴᠢ ᠰᠤᠷᠲᠠᠯ ᠢ ᠴᠢᠩᠭ᠎ᠠ ᠵᠠᠯᠠᠷᠠᠭᠤᠯᠤᠨ ᠵᠠᠰᠠᠵᠤ ᠂ ᠤᠳᠤᠷᠢᠳᠬᠤ ᠪᠠᠶᠢᠭᠤᠯᠭ᠎ᠠ ᠠᠴᠠ ᠡᠬᠢᠯᠡᠨ ᠠᠳᠬᠤᠵᠤ ᠂ ᠤᠳᠤᠷᠢᠳᠬᠤ ᠺᠠᠳ᠋ᠷ ᠠᠴᠠ ᠡᠬᠢᠯᠡᠨ ᠵᠠᠯᠠᠷᠠᠭᠤᠯᠵᠤ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠂ ᠴᠢᠨᠠᠷ ᠰᠠᠶᠢᠲᠠᠢ ᠬᠥᠭᠵᠢᠯᠲᠡ ᠶᠢ ᠨᠥᠯᠥᠭᠡᠯᠡᠬᠦ ᠂ ᠦᠨᠳᠦᠰᠦᠨ ᠱᠠᠲᠤᠨ ᠤ ᠳᠠᠷᠤᠭᠠᠰᠤ ᠶᠢ ᠬᠦᠨᠳᠦᠷᠡᠭᠦᠯᠬᠦ ᠂ ᠡᠷᠬᠡ ᠶᠢᠨ ᠦᠵᠡᠯᠲᠡ ᠭᠠᠵᠢᠭᠤᠳᠠᠭᠰᠠᠨ ᠵᠠᠰᠠᠭ ᠤᠨ ᠠᠵᠢᠯ ᠤᠨ ᠪᠦᠳᠦᠮᠵᠢ ᠶᠢᠨ ᠦᠵᠡᠯᠲᠡ ᠲᠥᠪ ᠪᠤᠰᠤ ᠵᠡᠷᠭᠡ ᠠᠰᠠᠭᠤᠳᠠᠯ ᠢ ᠡᠷᠡᠰ ᠵᠠᠯᠠᠷᠠᠭᠤᠯᠬᠤ ᠬᠡᠷᠡᠭᠲᠡᠢ ᠃

ᠲᠠᠪᠤᠳᠤᠭᠠᠷ ᠲᠤ ᠂ ᠴᠢᠩᠭ᠎ᠠ ᠪᠠᠶᠢᠬᠤ ᠦᠨᠳᠦᠰᠦᠨ ᠭᠦᠭ ᠠᠶᠠᠰ ᠢ ᠲᠣᠪᠤᠶᠢᠯᠭᠠᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ ᠢ ᠰᠤᠷᠤᠯᠴᠠᠨ  ᠪᠠᠷ ᠠᠵᠠ ᠲᠣᠭᠢᠶᠠᠯ ᠪᠣᠯᠭᠠᠨ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠵᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠦᠨ ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠶᠢ ᠠᠩᠬᠠᠷᠤᠯ ᠳᠠᠭᠠᠨ ᠠᠪᠬᠤ ᠦᠭᠡᠢ ᠂ ᠣᠶᠢᠯᠠᠭᠠᠬᠤ ᠦᠭᠡᠢ ᠪᠠᠶᠢᠬᠤ ᠂ ᠡᠵᠡᠮᠰᠢᠬᠦ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ 《 ᠳᠥᠷᠪᠡᠨ ᠵᠦᠢᠯ ᠤᠨ ᠭᠡᠯᠪᠡᠷᠢ 》 ᠢ ᠵᠢᠷᠤᠮᠵᠢᠭᠤᠯᠤᠨ ᠬᠡᠷᠡᠭᠯᠡᠬᠦ ᠪᠠᠷ ᠤᠳᠤᠷᠢᠳᠤᠮᠵᠢ ᠪᠣᠯᠭᠠᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠵᠦ ᠂ ᠰᠠᠬᠢᠯᠭ᠎ᠠ ᠪᠠᠲᠤ ᠶᠢ ᠵᠥᠷᠢᠴᠡᠭᠰᠡᠨ ᠬᠡᠮᠵᠢᠶ᠎ᠡ ᠶᠢᠨ ᠰᠢᠨᠵᠢ ᠴᠢᠨᠠᠷ ᠢ ᠤᠨᠤᠪᠴᠢᠳᠠᠢ ᠲᠣᠭᠲᠠᠭᠠᠵᠤ ᠬᠠᠤᠯᠢ ᠬᠡᠷᠡᠭᠵᠢᠭᠦᠯᠬᠦ ᠶᠢ ᠠᠬᠢᠭᠤᠯᠬᠤ ᠬᠡᠷᠡᠭᠲᠡᠢ ᠃ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠬᠤ ᠪᠠᠷ ᠭᠠᠷᠳᠠᠴᠠ ᠪᠣᠯᠭᠠᠨ ᠨᠠᠮ ᠢ ᠬᠠᠮᠢᠶᠠᠷᠴᠤ ᠨᠠᠮ ᠢ ᠵᠠᠰᠠᠬᠤ ᠬᠠᠮᠲᠤᠷᠠᠯ ᠬᠦᠴᠦᠨ ᠢ ᠨᠢᠭᠲᠠᠷᠠᠭᠤᠯᠵᠤ ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠂ ᠨᠢᠭᠡᠳᠦᠯᠲᠡᠢ ᠵᠣᠬᠢᠴᠠᠭᠤᠯᠬᠤ ᠬᠠᠷᠢᠭᠤᠴᠠᠯᠭ᠎ᠠ ᠶᠢᠨ ᠪᠠᠶᠢᠷᠢᠰᠢᠯ ᠢ ᠪᠦᠷᠢᠨᠰᠢᠭᠦᠯᠬᠦ ᠬᠡᠷᠡᠭᠲᠡᠢ ᠃ ᠬᠠᠷᠢᠭᠤᠴᠠᠯᠭ᠎ᠠ ᠲᠤᠯᠭᠠᠬᠤ ᠳᠦᠷᠢᠮ ᠢ ᠲᠡᠭᠦᠯᠳᠡᠷᠵᠢᠭᠦᠯᠬᠦ ᠬᠡᠷᠡᠭᠲᠡᠢ ᠃

ᠵᠢᠷᠭᠤᠳᠤᠭᠠᠷ ᠲᠤ ᠂ ᠤᠯᠤᠰ ᠲᠦᠷᠦ ᠶᠢᠨ ᠪᠠᠶᠢᠷᠢ ᠲᠣᠭᠲᠠᠭᠠᠯᠲᠠ ᠶᠢ ᠲᠣᠪᠤᠶᠢᠯᠭᠠᠨ ᠲᠣᠭᠤᠷᠢᠨ ᠦᠵᠡᠵᠦ ᠲᠣᠭᠤᠷᠢᠨ ᠪᠠᠶᠢᠴᠠᠭᠠᠬᠤ ᠶᠢ ᠭᠦᠨᠵᠡᠭᠡᠶᠢᠷᠡᠭᠦᠯᠬᠦ ᠬᠡᠷᠡᠭᠲᠡᠢ ᠃ ᠲᠣᠭᠤᠷᠢᠨ ᠪᠠᠶᠢᠴᠠᠭᠠᠬᠤ ᠶᠢ ᠪᠦᠭᠦᠨ ᠢ ᠪᠦᠷᠬᠦᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ ᠂ ᠲᠡᠰ ᠳᠡᠪᠰᠢᠭᠦᠯᠦᠨ ᠲᠣᠭᠤᠷᠢᠨ ᠪᠠᠶᠢᠴᠠᠭᠠᠬᠤ ᠂ ᠬᠤᠯᠪᠤᠭᠠᠯᠠᠨ ᠲᠣᠭᠤᠷᠢᠨ ᠪᠠᠶᠢᠴᠠᠭᠠᠬᠤ ᠶᠢ ᠭᠦᠨᠵᠡᠭᠡᠢ ᠰᠦᠪᠡᠭᠴᠢᠯᠡᠵᠦ ᠂ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠲᠠ ᠶᠢᠨ ᠲᠣᠭᠤᠷᠢᠨ ᠪᠠᠶᠢᠴᠠᠭᠠᠬᠤ ᠠᠵᠢᠯ ᠢ ᠵᠢᠭᠠᠨ ᠵᠢᠯᠤᠭᠤᠳᠴᠤ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ ᠂ ᠲᠥᠪ ᠤᠨ ᠨᠢᠭᠡᠴᠢ ᠶᠢᠨ ᠳᠣᠲᠣᠭᠠᠳᠤ ᠶᠢᠨ ᠲᠣᠭᠤᠷᠢᠨ ᠪᠠᠶᠢᠴᠠᠭᠠᠯᠲᠠ ᠶᠢ ᠬᠡᠰᠡᠭ ᠬᠤᠪᠢᠶᠠᠨ ᠂ ᠠᠵᠢᠯ ᠲᠦᠷᠦᠯ ᠬᠤᠪᠢᠶᠠᠨ ᠵᠢᠯᠤᠭᠤᠳᠬᠤ ᠠᠵᠢᠯ ᠤᠨ ᠲᠣᠭᠲᠠᠴᠠ ᠶᠢ ᠪᠠᠶᠢᠭᠤᠯᠵᠤ ᠂ ᠬᠤᠲᠠ ᠰᠢᠶᠠᠨ ᠤ ᠲᠣᠭᠤᠷᠢᠨ ᠪᠠᠶᠢᠴᠠᠭᠠᠯᠲᠠ ᠶᠢ ᠦᠨᠳᠦᠰᠦᠨ ᠱᠠᠲᠤ ᠲᠡᠶᠢᠰᠢ ᠤᠷᠲᠤᠳᠬᠠᠬᠤ ᠶᠢ ᠪᠦᠭᠦ ᠲᠠᠯ᠎ᠠ ᠪᠠᠷ ᠠᠬᠢᠭᠤᠯᠬᠤ ᠬᠡᠷᠡᠭᠲᠡᠢ ᠃ ᠲᠣᠭᠤᠷᠢᠨ ᠪᠠᠶᠢᠴᠠᠭᠠᠬᠤ ᠠᠵᠢᠯ ᠤᠨ ᠳᠦᠷᠢᠮ ᠢ ᠰᠤᠷᠤᠯᠴᠠᠨ  ᠂ ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠲᠥᠪ ᠤᠨ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠲᠣᠭᠲᠠᠭᠠᠯ ᠵᠡᠷᠭᠡ ᠳᠤ ᠵᠠᠰᠠᠪᠤᠷᠢ ᠣᠷᠣᠭᠤᠯᠵᠤ ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠪᠦᠭᠦ ᠦᠶᠡᠯᠡᠯ ᠤᠨ ᠬᠤᠭᠤᠴᠠᠭ᠎ᠠ ᠶᠢ ᠬᠠᠮᠤᠷᠤᠭᠰᠠᠨ ᠬᠠᠷᠢᠭᠤᠴᠠᠯᠭ᠎ᠠ ᠶᠢᠨ ᠰᠢᠰᠲ᠋ᠧᠮ ᠪᠠ ᠳᠦᠷᠢᠮ ᠤᠨ ᠶᠠᠪᠤᠴᠠ ᠶᠢ ᠪᠠᠶᠢᠭᠤᠯᠬᠤ ᠬᠡᠷᠡᠭᠲᠡᠢ ᠃

ᠳᠣᠯᠣᠳᠤᠭᠠᠷ ᠲᠤ ᠂ ᠵᠢᠷᠤᠮᠵᠢᠭᠤᠯᠬᠤ ᠂ ᠬᠠᠤᠯᠢᠵᠢᠭᠤᠯᠬᠤ ᠂ ᠵᠢᠩᠬᠢᠨᠢᠴᠢᠯᠡᠬᠦ ᠶᠢ ᠲᠣᠪᠤᠶᠢᠯᠭᠠᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠪᠠ ᠳᠦᠷᠢᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ ᠃ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ ᠶᠢᠨ ᠳᠣᠲᠣᠭᠠᠳᠤ ᠪᠠᠶᠢᠭᠤᠯᠤᠮᠵᠢ ᠶᠢᠨ ᠲᠣᠬᠢᠷᠠᠭᠤᠯᠤᠯᠲᠠ ᠂ ᠡᠭᠦᠷᠭᠡ ᠴᠢᠳᠠᠪᠬᠢ ᠶᠢᠨ ᠲᠣᠬᠢᠷᠠᠭᠤᠯᠤᠯᠲᠠ ᠂ ᠬᠦᠴᠦᠨ ᠤ ᠲᠣᠬᠢᠷᠠᠭᠤᠯᠤᠯᠲᠠ ᠶᠢ ᠲᠡᠭᠦᠯᠳᠡᠷᠵᠢᠭᠦᠯᠬᠦ ᠬᠡᠷᠡᠭᠲᠡᠢ ᠃ ᠲᠣᠮᠢᠯᠠᠨ ᠰᠠᠭᠤᠯᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠲᠥᠪ ᠠᠴᠠ ᠬᠠᠮᠢᠶᠠᠷᠴᠤ ᠪᠠᠶᠢᠭ᠎ᠠ ᠶᠡᠭᠡ ᠳᠡᠭᠡᠳᠦ ᠰᠤᠷᠭᠠᠭᠤᠯᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠤᠮᠵᠢ ᠪᠣᠯᠣᠨ ᠣᠷᠣᠨ ᠨᠤᠲᠤᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠠᠮᠲᠤᠷᠠᠨ ᠬᠢᠨᠠᠨ ᠪᠠᠶᠢᠴᠠᠭᠠᠬᠤ ᠪᠠᠶᠢᠴᠠᠭᠠᠯᠲᠠ ᠥᠷᠨᠢᠭᠦᠯᠬᠦ ᠰᠠᠨᠠᠯ ᠢ ᠲᠣᠭᠲᠠᠭᠠᠵᠤ ᠂ ᠡᠯ᠎ᠡ ᠮᠤᠵᠢ ᠥᠪᠡᠷᠲᠡᠭᠡᠨ ᠵᠠᠰᠠᠬᠤ ᠣᠷᠣᠨ ᠰᠢᠭᠤᠳ ᠬᠠᠷᠢᠶ᠎ᠠ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠢ ᠵᠢᠯᠣᠭᠤᠳᠤᠨ ᠮᠤᠵᠢ ᠶᠢᠨ ᠬᠠᠷᠢᠶ᠎ᠠ ᠶᠡᠭᠡ ᠳᠡᠭᠡᠳᠦ ᠰᠤᠷᠭᠠᠭᠤᠯᠢ ᠪᠣᠯᠣᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠲᠣᠮᠢᠯᠠᠨ ᠰᠠᠭᠤᠯᠭᠠᠬᠤ ᠲᠤᠷᠰᠢᠯᠲᠠ ᠶᠢᠨ ᠴᠡᠭ ᠢ ᠥᠷᠨᠢᠭᠦᠯᠵᠦ ᠂ ᠰᠢᠭᠤᠳ ᠬᠠᠮᠢᠶᠠᠷᠬᠤ ᠰᠢᠰᠲ᠋ᠧᠮ ᠤᠨ ᠮᠤᠵᠢ ᠶᠢᠨ ᠱᠠᠲᠤᠨ ᠠᠴᠠ ᠳᠣᠷᠣᠭᠰᠢᠬᠢ ᠨᠢᠭᠡᠴᠢ ᠳᠤ ᠡᠷᠬᠡ ᠲᠤᠰᠢᠶᠠᠯ ᠢᠶᠠᠨ ᠠᠰᠢᠭᠯᠠᠨ ᠶᠠᠯ᠎ᠠ ᠬᠢᠭᠰᠡᠨ ᠰᠡᠵᠢᠭᠯᠡᠯᠲᠡᠢ ᠬᠡᠷᠡᠭ ᠢ ᠬᠠᠮᠢᠶᠠᠷᠬᠤ ᠪᠠ ᠬᠢᠨᠠᠨ ᠪᠠᠶᠢᠴᠠᠭᠠᠬᠤ ᠠᠷᠭ᠎ᠠ ᠬᠡᠮᠵᠢᠶ᠎ᠡ ᠶᠢ ᠬᠡᠷᠡᠭᠯᠡᠬᠦ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠥᠷᠨᠢᠭᠦᠯᠬᠦ ᠬᠡᠷᠡᠭᠲᠡᠢ ᠃ 《 ᠳᠤᠭᠤᠶᠢᠯᠠᠩ ᠳᠤᠭᠤᠶᠢᠯᠠᠩ ᠤᠨ ᠬᠤᠭᠤᠷᠣᠨᠳᠤ 》  ᠪᠠᠨ ᠬᠠᠮᠵᠢᠯᠴᠠᠨ ᠬᠢᠨᠠᠯᠲᠠ ᠲᠠᠯᠪᠢᠬᠤ ᠂ 《 ᠲᠠᠰᠤᠭ ᠳᠤᠭᠤᠶᠢᠯᠠᠩ ᠤᠨ ᠬᠤᠭᠤᠷᠣᠨᠳᠤ 》  ᠪᠠᠨ ᠬᠤᠯᠪᠤᠭᠠᠯᠠᠨ ᠬᠢᠨᠠᠯᠲᠠ ᠲᠠᠯᠪᠢᠬᠤ ᠂ 《 ᠲᠠᠰᠤᠭ ᠳᠤᠭᠤᠶᠢᠯᠠᠩ ᠭᠠᠵᠠᠷ ᠣᠷᠣᠨ ᠤ ᠬᠤᠭᠤᠷᠣᠨᠳᠤ 》  ᠪᠠᠨ ᠬᠤᠯᠪᠤᠭᠠᠯᠠᠨ ᠬᠡᠷᠡᠭ ᠰᠢᠢᠳᠪᠦᠷᠢᠯᠡᠬᠦ ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠬᠦ ᠬᠡᠷᠡᠭᠲᠡᠢ ᠃ ᠨᠠᠮ ᠤᠨ ᠲᠥᠪ ᠬᠤᠷᠢᠶ᠎ᠠ ᠶᠢᠨ《ᠨᠠᠮ ᠤᠨ ᠤᠳᠤᠷᠢᠳᠬᠤ ᠳᠤᠭᠤᠶᠢᠯᠠᠩ ᠨᠠᠮ ᠤᠨ ᠭᠡᠰᠢᠭᠦᠨ ᠳᠤ ᠰᠢᠢᠳᠬᠡᠯ ᠥᠭᠬᠦ ᠤᠴᠢᠷ ᠶᠠᠪᠤᠳᠠᠯ ᠢ ᠶᠠᠷᠢᠯᠴᠠᠨ ᠲᠣᠭᠲᠠᠭᠠᠬᠤ ᠠᠵᠢᠯ ᠤᠨ ᠵᠢᠷᠤᠮ ᠲᠣᠭᠲᠠᠭᠠᠯ ︵ ᠲᠤᠷᠰᠢᠨ ᠬᠡᠷᠡᠭᠵᠢᠭᠦᠯᠬᠦ ︶ 》 ᠵᠡᠷᠭᠡ ᠳᠤ ᠵᠠᠰᠠᠪᠤᠷᠢ ᠣᠷᠣᠭᠤᠯᠬᠤ ᠳᠤ ᠬᠠᠮᠵᠢᠬᠤ ᠬᠡᠷᠡᠭᠲᠡᠢ ᠃ ᠨᠠᠮ ᠤᠨ ᠳᠣᠲᠣᠭᠠᠳᠤ ᠶᠢᠨ ᠬᠢᠨᠠᠯᠲᠠ ᠲᠠᠯᠪᠢᠬᠤ ᠪᠠᠷ ᠤᠳᠤᠷᠢᠳᠤᠮᠵᠢ ᠪᠤᠯᠭᠠᠬᠰᠠᠨ ᠂ ᠡᠯ᠎ᠡ ᠲᠦᠷᠦᠯ ᠤᠨ ᠬᠢᠨᠠᠯᠲᠠ ᠶᠢ ᠨᠡᠪᠲᠡᠷᠡᠯᠴᠡᠭᠦᠯᠦᠨ ᠵᠣᠬᠢᠴᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ ᠂ ᠦᠨᠳᠦᠰᠦᠨ ᠱᠠᠲᠤᠨ ᠤ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ ᠂ 《 ᠨᠢᠭᠡᠳᠦᠭᠡᠷ ᠬᠠᠷᠢᠭᠤᠴᠠᠯᠭᠠᠲᠠᠨ 》 ᠪᠠ ᠤᠳᠤᠷᠢᠳᠬᠤ ᠪᠠᠭ ᠤᠨ ᠬᠢᠨᠠᠯᠲᠠ ᠶᠢ ᠴᠢᠩᠭᠠᠳᠬᠠᠬᠤ ᠬᠡᠷᠡᠭᠲᠡᠢ ᠃ ᠲᠣᠭᠠᠴᠢᠯᠠᠭᠰᠠᠨ ᠮᠡᠷᠭᠡᠵᠢᠯ ᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠡᠯ᠎ᠡ ᠵᠦᠢᠯ ᠤᠨ ᠲᠤᠬᠠᠶᠢᠯᠠᠭᠰᠠᠨ ᠠᠵᠢᠯ ᠳᠤ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ ᠂ ᠨᠢᠭᠡ ᠴᠣᠭᠴᠠᠵᠢᠭᠤᠯᠤᠭᠰᠠᠨ ᠠᠵᠢᠯ ᠤᠨ ᠲᠠᠪᠴᠠᠩ ᠢ ᠪᠠᠶᠢᠭᠤᠯᠬᠤ ᠬᠡᠷᠡᠭᠲᠡᠢ ᠃

ᠨᠠᠢᠮᠠᠳᠤᠭᠠᠷ ᠲᠤ ᠂ ᠲᠤᠶᠢᠯᠪᠤᠷᠢᠲᠠᠢ ᠥᠪᠡᠷ ᠪᠡᠶ᠎ᠡ ᠶᠢᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠲᠣᠪᠤᠶᠢᠯᠭᠠᠨ ᠪᠠᠳᠠᠷᠠᠭᠤᠯᠵᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠲᠤᠰ ᠪᠡᠶ᠎ᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠬᠡᠷᠡᠭᠲᠡᠢ ᠃ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠲᠦᠷᠦᠭᠦᠯᠡᠨ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ ᠂ ᠪᠦᠭᠦ ᠰᠢᠰᠲ᠋ᠧᠮ ᠤᠨ ᠥᠪᠡᠷ ᠤᠨ ᠪᠡᠶ᠎ᠡ ᠶᠢᠨ ᠬᠤᠪᠢᠰᠬᠠᠯ ᠤᠨ ᠥᠯᠢᠭᠡᠷ ᠳᠠᠭᠤᠷᠢᠶᠠᠯ ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠬᠡᠪ ᠳᠠᠭᠤᠷᠢᠶᠠᠯ ᠪᠤᠯᠬᠤ ᠶᠢ ᠳᠠᠶᠢᠴᠢᠯᠠᠬᠤ ᠬᠡᠷᠡᠭᠲᠡᠢ ᠃ ᠦᠵᠡᠯ ᠰᠠᠨᠠᠭᠠᠨ ᠤ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ ᠂ ᠤᠯᠤᠰ ᠲᠦᠷᠦ ᠶᠢᠨ ᠬᠥᠮᠦᠵᠢᠯ ᠂ ᠨᠠᠮᠴᠢ ᠴᠢᠨᠠᠷ ᠤᠨ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ ᠂ ᠬᠠᠷᠢᠴᠠᠯᠠᠰᠢᠭᠦᠢ ᠦᠨᠡᠨᠴᠢ ᠰᠢᠳᠤᠷᠭᠤ ᠂ ᠬᠠᠷᠢᠴᠠᠯᠠᠰᠢᠭᠦᠢ ᠨᠠᠶᠢᠳᠠᠪᠤᠷᠢᠲᠠᠢ ᠂ ᠬᠠᠷᠢᠴᠠᠯᠠᠰᠢᠭᠦᠢ ᠠᠷᠢᠭᠤᠨ ᠴᠡᠪᠡᠷ ᠪᠠᠶᠢᠬᠤ ᠶᠢ ᠢᠮᠠᠭᠲᠠ ᠪᠡᠶᠡᠯᠡᠭᠦᠯᠬᠦ ᠬᠡᠷᠡᠭᠲᠡᠢ ᠃ ᠰᠤᠷᠲᠠᠯ ᠤᠨ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ ᠂ 《 ᠭᠤᠷᠪᠠᠨ ᠡᠷᠬᠡᠪᠰᠢ 》 ᠶᠢ ᠪᠠᠲᠤ ᠴᠡᠭᠡᠵᠢᠯᠡᠵᠦ ᠂ 《 ᠭᠤᠷᠪᠠᠨ ᠴᠢᠩᠭ᠎ᠠ ᠭᠤᠷᠪᠠᠨ ᠪᠣᠳᠠᠲᠠᠢ 》  ᠶᠢ ᠦᠢᠯᠡᠳᠦᠯᠭᠡᠵᠢᠭᠦᠯᠵᠦ ᠂ ᠪᠠᠶᠢᠯᠳᠤᠬᠤ ᠪᠣᠳᠣᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ ᠂ ᠲᠡᠮᠡᠴᠡᠯ ᠤᠨ ᠵᠣᠷᠢᠭ ᠢᠶᠠᠨ ᠪᠠᠲᠤᠳᠬᠠᠵᠤ ᠂ ᠳᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ ᠃ ᠠᠷᠢᠭᠤᠨ ᠴᠢᠬᠡᠴᠢ ᠶᠢᠨ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ ᠂ ᠺᠠᠳ᠋ᠷ ᠤᠨ ᠡᠩᠨᠡᠭᠡ ᠳᠤ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠪᠠᠶᠢᠩᠭᠤ ᠪᠠᠶᠢᠴᠠᠭᠠᠨ ᠦᠵᠡᠵᠦ ᠂ ᠬᠢᠲᠤᠭᠠᠨ ᠢᠷ ᠢᠶᠠᠨ ᠳᠣᠲᠣᠭᠰᠢ ᠬᠠᠨᠳᠤᠭᠤᠯᠵᠤ ᠪᠦᠭᠦᠳᠡ ᠶᠢ ᠲᠦᠢᠳᠦᠭᠴᠢ ᠶᠢ ᠠᠷᠢᠯᠭᠠᠵᠤ ᠂ 《 ᠳᠡᠷᠭᠡᠳᠡᠬᠢ ᠠᠰᠠᠭᠤᠳᠠᠯ ᠢᠶᠠᠨ ᠣᠯᠵᠤ ᠬᠠᠷᠠᠬᠤ ᠦᠭᠡᠢ 》 ᠪᠠᠶᠢᠳᠠᠯ ᠢ ᠡᠷᠡᠰ ᠰᠡᠷᠭᠡᠶᠢᠯᠡᠨ ᠵᠠᠰᠠᠬᠤ ᠬᠡᠷᠡᠭᠲᠡᠢ ᠃ ᠴᠢᠩᠭ᠎ᠠ ᠬᠠᠮᠢᠶᠠᠷᠬᠤ ᠲᠠᠯ᠎ᠠ ᠪᠠᠷ ᠵᠣᠷᠢᠭᠲᠠᠢ ᠪᠠᠷ ᠥᠪᠡᠷ ᠪᠡᠶ᠎ᠡ ᠶᠢᠨ ᠬᠤᠪᠢᠰᠬᠠᠯ ᠬᠢᠵᠦ ᠂ ᠺᠠᠳ᠋ᠷ ᠲᠤ ᠪᠠᠶᠢᠩᠭᠤ ᠶᠢᠨ ᠴᠢᠨᠠᠷᠲᠠᠢ ᠬᠢᠨᠠᠯᠲᠠ ᠲᠠᠯᠪᠢᠬᠤ ᠶᠢ ᠨᠠᠷᠢᠯᠢᠭ ᠪᠣᠳᠠᠲᠠᠢ ᠬᠢᠵᠦ ᠂ ᠬᠢᠨᠠᠨ ᠪᠠᠶᠢᠴᠠᠭᠠᠬᠤ ᠲᠤᠰᠢᠶᠠᠯᠲᠠᠨ ᠤ ᠠᠵᠢᠯ ᠮᠡᠷᠭᠡᠵᠢᠯ ᠤᠨ ᠪᠠᠲᠤᠯᠠᠭ᠎ᠠ ᠶᠢᠨ ᠢᠵᠢ ᠪᠦᠷᠢᠳᠦᠭᠰᠡᠨ ᠳᠦᠷᠢᠮ ᠢ ᠲᠡᠭᠦᠯᠳᠡᠷᠵᠢᠭᠦᠯᠵᠦ ᠂ ᠺᠠᠳ᠋ᠷ ᠤᠨ ᠰᠡᠳᠬᠢᠯ ᠠᠮᠤᠷ ᠢᠶᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠳᠤᠷᠠᠳᠤᠨ ᠭᠠᠷᠭᠠᠵᠠᠢ ᠃

ᠪᠦᠭᠦᠳᠠ ᠬᠤᠷᠠᠯ ᠠᠴᠠ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠂ ᠦᠨᠡᠨᠴᠢ ᠰᠢᠳᠤᠷᠭᠤ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠴᠤᠴᠠᠯᠲᠠ ᠦᠭᠡᠢ ᠤᠷᠤᠭᠰᠢᠯᠠᠬᠤ ᠲᠡᠮᠡᠴᠡᠯ ᠤᠨ ᠳᠦᠷᠰᠦ ᠪᠠᠶᠢᠳᠠᠯ ᠂ ᠡᠭᠦᠷᠢᠳᠡ ᠴᠥᠬᠦᠷᠡᠰᠢ ᠦᠭᠡᠢ ᠪᠠᠶᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠰᠢᠨ᠎ᠡ ᠠᠶᠠᠨ ᠳᠠᠬᠢ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠤᠷᠢᠶᠠᠯᠠᠪᠠ︕

 

 


   :                    
   :           
备案序号:蒙ICP备05003250号 公安备案15010502000173