ᠵᠤᠬᠢᠶᠠᠭᠴᠢ: ᠴᠠᠭ:2024-01-12 ᠥᠵᠡᠭᠰᠡᠨ : ᠢᠷᠡᠯᠲᠡ:  ᠥᠪᠥᠷ ᠮᠣᠩᠭᠤᠯ ᠤᠨ     ᠵᠠᠰᠠᠭ ᠤᠨ ᠣᠷᠳᠣᠨ  
ᠰᠢ ᠶᠢᠨ ᠫᠢᠩ ᠮᠠᠯᠳᠠᠶᠢᠹ ᠤᠨ ᠶᠡᠷᠦᠩᠬᠡᠶᠢᠯᠡᠭᠴᠢ ᠮᠦᠶ᠋ᠢᠽᠢ ᠲᠠᠢ ᠬᠡᠯᠡᠯᠴᠡᠭᠡ ᠬᠢᠪᠡ

 

ᠰᠢᠨᠬᠤᠸᠠ ᠬᠤᠷᠢᠶ᠎ᠠ ᠶᠢᠨ ᠪᠡᠭᠡᠵᠢᠩ ᠤᠨ 2024  1  ᠰᠠᠷ᠎ᠠ ᠶᠢᠨ 10 ᠤ ᠴᠠᠬᠢᠯᠭᠠᠨ ᠮᠡᠳᠡᠭᠡ 1 ᠰᠠᠷ᠎ᠠ ᠶᠢᠨ 10 ᠤ ᠦᠳᠡ ᠶᠢᠨ ᠬᠤᠶᠢᠨ᠎ᠠ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠷᠠᠳ ᠤᠨ ᠶᠡᠭᠡ ᠬᠤᠷᠠᠯ ᠤᠨ ᠲᠠᠩᠬᠢᠮ ᠳᠤ ᠳᠤᠮᠳᠠᠳᠤ ᠤᠯᠤᠰ ᠲᠤ ᠲᠥᠷᠥ ᠶᠢᠨ ᠠᠶᠢᠯᠴᠢᠯᠠᠯᠲᠠ ᠬᠢᠬᠦ ᠪᠠᠷ ᠢᠷᠡᠭᠰᠡᠨ ᠮᠠᠯᠳᠠᠶᠢᠹ ᠤᠨ ᠶᠡᠷᠦᠩᠬᠡᠶᠢᠯᠡᠭᠴᠢ ᠮᠦᠶ᠋ᠢᠽᠢ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠳᠤᠮᠳᠠᠳᠤ ᠮᠠᠯᠳᠠᠶᠢᠹ ᠤᠨ ᠬᠠᠷᠢᠯᠴᠠᠭ᠎ᠠ ᠶᠢ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠦᠨ᠎ᠡ ᠭᠡᠵᠦ ᠨᠡᠶᠢᠲᠡᠯᠡᠪᠡ᠃

ᠰᠢ ᠶᠢᠨ ᠫᠢᠩ᠂ ᠳᠤᠮᠳᠠᠳᠤ ᠤᠯᠤᠰ ᠪᠣᠯᠣᠨ ᠮᠠᠯᠳᠠᠶᠢᠹ ᠪᠣᠯ ᠤᠯᠠᠮᠵᠢᠯᠠᠯᠲᠤ ᠨᠥᠬᠦᠷᠰᠡᠭ ᠬᠥᠷᠰᠢ ᠮᠥᠨ᠂ ᠬᠤᠶᠠᠷ ᠤᠯᠤᠰ ᠤᠨ ᠠᠷᠠᠳ ᠲᠦᠮᠡᠨ ᠡᠷᠲᠡᠨ ᠤ ᠲᠡᠯᠡᠶ ᠳᠡᠭᠡᠷᠡᠬᠢ ᠲᠣᠷᠭᠠᠨ ᠵᠠᠮ ᠢᠶᠠᠷ ᠳᠡᠮᠵᠢᠨ ᠨᠥᠬᠦᠷᠰᠡᠭ ᠬᠠᠷᠢᠯᠴᠠᠭ᠎ᠠ ᠪᠠᠶᠢᠭᠤᠯᠪᠠ᠃ ᠳᠤᠮᠳᠠᠳᠤ ᠮᠠᠯᠳᠠᠶᠢᠹ ᠬᠠᠷᠢᠯᠴᠠᠭ᠎ᠠ ᠪᠠᠶᠢᠭᠤᠯᠤᠭᠰᠠᠨ 52 ᠵᠢᠯ ᠤᠨ ᠲᠤᠷᠰᠢ᠂ ᠬᠤᠶᠠᠷ ᠤᠯᠤᠰ ᠢᠮᠠᠭᠲᠠ ᠬᠠᠷᠢᠯᠴᠠᠨ ᠬᠦᠨᠳᠦᠳᠬᠡᠵᠦ᠂ ᠬᠠᠷᠢᠯᠴᠠᠨ ᠳᠡᠮᠵᠢᠵᠦ᠂ ᠶᠡᠭᠡ ᠪᠠᠭ᠎ᠠ ᠤᠯᠤᠰ ᠡᠷᠬᠡ ᠲᠡᠭᠰᠢ ᠪᠠᠷ ᠬᠠᠨᠳᠤᠯᠴᠠᠬᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ ᠬᠡᠪ ᠳᠠᠭᠤᠷᠢᠶᠠᠯ ᠢ ᠪᠤᠢ ᠪᠣᠯᠭᠠᠪᠠ᠃ ᠣᠶᠢᠷ᠎ᠠ ᠶᠢᠨ ᠵᠢᠯ ᠠᠴᠠ ᠨᠠᠭᠠᠰᠢ᠂ ᠬᠤᠶᠠᠷ ᠤᠯᠤᠰ ᠤᠨ ᠬᠠᠷᠢᠯᠴᠠᠭ᠎ᠠ ᠭᠦᠨᠵᠡᠭᠡᠶᠢᠷᠡᠨ ᠬᠥᠭᠵᠢᠵᠦ᠂ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠦᠯᠡᠮᠵᠢ ᠦᠷ᠎ᠡ ᠪᠦᠲᠦᠭᠡᠯ ᠣᠯᠪᠠ᠃ ᠰᠢᠨ᠎ᠡ ᠪᠠᠶᠢᠳᠠᠯ ᠤᠨ ᠳᠣᠣᠷ᠎ᠠ᠂ ᠳᠤᠮᠳᠠᠳᠤ ᠮᠠᠯᠳᠠᠶᠢᠹ ᠤᠨ ᠬᠠᠷᠢᠯᠴᠠᠭ᠎ᠠ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠶᠢ ᠰᠡᠩᠬᠡᠷᠡᠭᠦᠯᠬᠦ᠂ ᠥᠩᠭᠡᠷᠡᠭᠰᠡᠨ ᠢ ᠵᠠᠯᠭᠠᠮᠵᠢᠯᠠᠨ ᠢᠷᠡᠭᠡᠳᠦᠢ ᠶᠢ ᠨᠡᠭᠡᠭᠡᠬᠦ ᠲᠡᠦᠬᠡᠨ ᠠᠵᠠ ᠲᠣᠬᠢᠶᠠᠯ ᠲᠤᠯᠭᠠᠷᠠᠵᠤ ᠪᠠᠶᠢᠨ᠎ᠠ᠃ ᠳᠤᠮᠳᠠᠳᠤ ᠮᠠᠯᠳᠠᠶᠢᠹ ᠤᠨ ᠬᠠᠷᠢᠯᠴᠠᠭ᠎ᠠ ᠶᠢ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠪᠣᠯᠭᠠᠨ ᠳᠡᠭᠡᠭᠰᠢᠯᠡᠭᠦᠯᠬᠦ ᠨᠢ ᠳᠤᠮᠳᠠᠳᠤ ᠮᠠᠯᠳᠠᠶᠢᠹ ᠤᠨ ᠬᠠᠷᠢᠯᠴᠠᠭᠠᠨ ᠤ ᠬᠥᠭᠵᠢᠯᠲᠡ ᠶᠢᠨ ᠬᠡᠷᠡᠭᠴᠡᠭᠡ ᠪᠣᠯᠣᠨ ᠬᠤᠶᠠᠷ ᠤᠯᠤᠰ ᠤᠨ ᠠᠷᠠᠳ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠨ᠎ᠡ᠃ ᠳᠤᠮᠳᠠᠳᠤ ᠤᠯᠤᠰ ᠳᠤᠷᠠᠲᠠᠶ᠎ᠠ ᠮᠠᠯᠳᠠᠶᠢᠹ ᠤᠨ ᠬᠢᠨ ᠲᠠᠢ ᠬᠠᠮᠲᠤ ᠪᠠᠷ ᠡᠯ᠎ᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ ᠥᠷᠭᠡᠳᠬᠡᠵᠦ᠂ ᠳᠤᠮᠳᠠᠳᠤ ᠮᠠᠯᠳᠠᠶᠢᠹ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠬᠠᠮᠲᠤ ᠪᠠᠷ ᠴᠢᠷᠮᠠᠶᠢᠨ᠎ᠠ ᠭᠡᠵᠦ ᠵᠢᠭᠠᠵᠤ ᠭᠠᠷᠭᠠᠪᠠ᠃

ᠰᠢ ᠶᠢᠨ ᠫᠢᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠪᠣᠯᠣᠨ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠲᠣᠳᠣᠷᠠᠭᠤᠯᠤᠨ ᠥᠭᠦᠯᠡᠪᠡ᠃ ᠰᠢ ᠶᠢᠨ ᠫᠢᠩ᠂ ᠳᠤᠮᠳᠠᠳᠤ ᠤᠯᠤᠰ ᠮᠠᠯᠳᠠᠶᠢᠹ ᠤᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠨ ᠰᠦᠪᠡᠭᠴᠢᠯᠡᠬᠦ ᠶᠢ ᠬᠦᠨᠳᠦᠳᠬᠡᠨ ᠳᠡᠮᠵᠢᠵᠦ᠂ ᠮᠠᠯᠳᠠᠶᠢᠹ ᠤᠨ ᠬᠢᠨ ᠤ ᠤᠯᠤᠰ ᠤᠨ ᠡᠷᠬᠡ ᠮᠡᠳᠡᠯ ᠲᠤᠰᠠᠭᠠᠷ ᠲᠣᠭᠲᠠᠨᠢᠯ᠂ ᠨᠤᠲᠤᠭ ᠳᠡᠪᠢᠰᠬᠡᠷ ᠤᠨ ᠪᠦᠷᠢᠨ ᠪᠦᠲᠦᠨ᠂ ᠦᠨᠳᠦᠰᠦᠲᠡᠨ ᠤ ᠨᠡᠷ᠎ᠡ ᠬᠦᠨᠳᠦ ᠪᠠᠨ ᠬᠠᠮᠠᠭᠠᠯᠠᠬᠤ ᠶᠢ ᠡᠷᠡᠰ ᠳᠡᠮᠵᠢᠵᠦ᠂ ᠳᠤᠷᠠᠲᠠᠶ᠎ᠠ ᠮᠠᠯᠳᠠᠶᠢᠹ ᠤᠨ ᠬᠢᠨ ᠲᠠᠢ ᠲᠦᠷᠦ ᠶᠢ ᠵᠠᠰᠠᠵᠤ ᠵᠠᠰᠠᠭ ᠢ ᠡᠷᠬᠢᠯᠡᠬᠦ ᠲᠤᠷᠰᠢᠯᠭ᠎ᠠ ᠪᠠᠨ ᠰᠣᠯᠢᠯᠴᠠᠵᠤ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠠᠨ ᠴᠢᠩᠭᠠᠳᠬᠠᠵᠤ᠂ 《ᠨᠢᠭᠡ ᠪᠦᠰᠡ ᠨᠢᠭᠡ ᠵᠠᠮ》 ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠳᠤᠮᠳᠠᠳᠤ ᠮᠠᠯᠳᠠᠶᠢᠹ ᠤᠨ ᠨᠥᠬᠦᠷᠯᠡᠯ ᠳᠤ ᠰᠢᠨ᠎ᠡ ᠬᠡᠪ ᠳᠠᠭᠤᠷᠢᠶᠠᠯ ᠦᠵᠡᠭᠦᠯᠦᠨ᠎ᠡ᠃ ᠬᠤᠶᠠᠷ ᠲᠠᠯ᠎ᠠ ᠪᠠᠷ ᠢᠶᠠᠨ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ᠂ ᠬᠥᠳᠡᠭᠡ ᠠᠵᠤ ᠠᠬᠤᠢ ᠶᠢᠨ ᠬᠦᠷᠢᠶᠡᠯᠡᠩ ᠲᠣᠭᠤᠷᠢᠭ᠂ ᠳᠠᠯᠠᠢ ᠲᠠᠩᠭᠢᠰ ᠤᠨ ᠠᠵᠤ ᠠᠬᠤᠢ᠂ ᠪᠣᠬᠢᠷᠲᠤᠯ ᠦᠭᠡᠢ ᠠᠵᠤ ᠠᠬᠤᠢ᠂ ᠲᠣᠭᠠᠴᠢᠯᠠᠭᠰᠠᠨ ᠠᠵᠤ ᠠᠬᠤᠢ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠠᠯᠠᠢ ᠲᠠᠩᠭᠢᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠠᠮᠲᠤᠷᠠᠯᠴᠠᠭ᠎ᠠ ᠪᠠᠨ ᠥᠷᠭᠡᠳᠬᠡᠵᠦ᠂ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠶ᠎ᠠ᠃ ᠳᠤᠮᠳᠠᠳᠤ ᠤᠯᠤᠰ ᠤᠨ ᠬᠢᠨ ᠮᠠᠯᠳᠠᠶᠢᠹ ᠤᠨ ᠨᠡᠩ ᠤᠯᠠᠨ ᠰᠢᠯᠢᠳᠡᠭ ᠰᠣᠷᠣᠭᠴᠢ ᠶᠢᠨ ᠳᠤᠮᠳᠠᠳᠤ ᠤᠯᠤᠰ ᠲᠤ ᠢᠷᠡᠵᠤ ᠰᠤᠷᠤᠯᠴᠠᠬᠤ ᠶᠢ ᠳᠡᠮᠵᠢᠵᠦ᠂ ᠬᠤᠶᠠᠷ ᠤᠯᠤᠰ ᠤᠨ ᠬᠤᠭᠤᠷᠣᠨᠳᠤᠬᠢ ᠰᠢᠭᠤᠳ ᠬᠦᠷᠬᠦ ᠨᠢᠰᠬᠡᠯ ᠤᠨ ᠡᠭᠡᠯᠵᠢ ᠶᠢ ᠨᠡᠮᠡᠭᠳᠡᠭᠦᠯᠬᠦ ᠶᠢ ᠠᠬᠢᠭᠤᠯᠤᠨ᠎ᠠ ᠭᠡᠵᠦ ᠴᠢᠬᠤᠯᠠᠴᠢᠯᠠᠪᠠ᠃

ᠰᠢ ᠶᠢᠨ ᠫᠢᠩ᠂ ᠳᠤᠮᠳᠠᠳᠤ ᠮᠠᠯᠳᠠᠶᠢᠹ ᠪᠣᠯ ᠴᠥᠮ ᠬᠥᠭᠵᠢᠵᠦ ᠪᠠᠶᠢᠭ᠎ᠠ ᠤᠯᠤᠰ ᠮᠥᠨ᠂ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠤ ᠠᠳᠠᠯᠢᠪᠲᠤᠷ ᠦᠵᠡᠯᠲᠡ ᠪᠠ ᠵᠣᠭᠰᠣᠯᠲᠠ ᠲᠠᠢ ᠶᠤᠮ᠃ ᠬᠤᠶᠠᠷ ᠲᠠᠯ᠎ᠠ ᠪᠠᠷ ᠢᠶᠠᠨ ᠤᠯᠠᠨ ᠲᠠᠯ᠎ᠠ ᠶᠢᠨ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠵᠢᠩᠬᠢᠨᠢ ᠤᠯᠠᠨ ᠲᠠᠯᠠᠲᠤ ᠦᠵᠡᠯ ᠪᠣᠯᠣᠨ ᠬᠥᠭᠵᠢᠵᠦ ᠪᠠᠶᠢᠭ᠎ᠠ ᠤᠯᠤᠰ ᠤᠳ ᠤᠨ ᠬᠠᠮᠲᠤ ᠶᠢᠨ ᠠᠰᠢᠭ ᠲᠤᠰᠠ ᠶᠢ ᠬᠠᠮᠠᠭᠠᠯᠠᠵᠤ᠂ ᠬᠥᠮᠥᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠬᠠᠮᠲᠤ ᠪᠠᠷ ᠴᠢᠷᠮᠠᠶᠢᠨ ᠠᠬᠢᠭᠤᠯᠵᠤ᠂ ᠳᠡᠯᠡᠬᠡᠢ ᠳ᠋ᠠᠬᠢᠨ ᠢ ᠨᠡᠩ ᠡᠩᠬᠡ ᠲᠠᠶᠢᠪᠤᠩ᠂ ᠨᠡᠩ ᠠᠮᠤᠷ ᠲᠦᠪᠰᠢᠨ᠂ ᠨᠡᠩ ᠬᠥᠭᠵᠢᠯ ᠴᠡᠴᠡᠭᠯᠡᠯ ᠲᠠᠢ ᠪᠣᠯᠭᠠᠶ᠎ᠠ᠃ ᠳᠤᠮᠳᠠᠳᠤ ᠤᠯᠤᠰ ᠳᠤᠷᠠᠲᠠᠶ᠎ᠠ ᠮᠠᠯᠳᠠᠶᠢᠹ ᠤᠨ ᠬᠢᠨ  ᠲᠠᠢ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠲᠠ ᠶᠢᠨ ᠳ᠋ᠦᠪᠠᠢ ᠶᠢᠨ ᠶᠡᠭᠡ ᠬᠤᠷᠠᠯ ᠠᠴᠠ ᠲᠣᠬᠢᠷᠠᠯᠴᠠᠭᠰᠠᠨ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ᠂ 《ᠫᠠᠷᠢᠰ ᠤᠨ ᠬᠡᠯᠡᠯᠴᠡᠭᠡᠷ》 ᠤᠨ ᠪᠦᠬᠦ ᠲᠠᠯ᠎ᠠ ᠪᠠᠷ ᠪᠦᠲᠦᠮᠵᠢᠲᠡᠢ ᠬᠡᠷᠡᠭᠵᠢᠭᠦᠯᠦᠭᠳᠡᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃

ᠮᠦᠶ᠋ᠢᠽᠢ᠂ ᠪᠢ ᠰᠠᠶᠢᠳ ᠨᠠᠷ ᠤᠨ ᠵᠥᠪᠯᠡᠯ ᠤᠨ ᠢᠶᠠᠨ ᠣᠯᠠᠨ ᠡᠷᠬᠢᠮ ᠰᠠᠶᠢᠳ ᠢᠶᠠᠨ ᠳᠠᠭᠠᠭᠤᠯᠤᠨ ᠳᠤᠮᠳᠠᠳᠤ ᠤᠯᠤᠰ ᠲᠤ ᠠᠩᠬ᠎ᠠ ᠤᠳᠠᠭ᠎ᠠ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠵᠦ ᠪᠠᠶᠢᠭ᠎ᠠ ᠨᠢ ᠶᠡᠬᠡᠳᠡ ᠠᠵᠠ ᠲᠠᠢ ᠰᠠᠨᠠᠭᠳᠠᠵᠤ᠂ ᠡᠨᠡ ᠵᠢᠯ ᠤᠨ ᠳᠤᠮᠳᠠᠳᠤ ᠤᠯᠤᠰ ᠤᠨ ᠬᠦᠯᠢᠶᠡᠨ ᠠᠪᠴᠤ ᠵᠣᠴᠢᠯᠠᠭᠰᠠᠨ ᠠᠩᠬᠠᠳᠠᠭᠴᠢ ᠭᠠᠳᠠᠭᠠᠳᠤ ᠤᠯᠤᠰ ᠤᠨ ᠲᠡᠷᠢᠭᠦᠨ ᠪᠣᠯᠤᠭᠰᠠᠨ ᠨᠢ ᠮᠠᠨ ᠤ ᠬᠤᠶᠠᠷ ᠲᠠᠯ᠎ᠠ ᠪᠠᠷ ᠢᠶᠠᠨ ᠮᠠᠯᠳᠠᠶᠢᠹ ᠳᠤᠮᠳᠠᠳᠤ ᠶᠢᠨ ᠬᠠᠷᠢᠯᠴᠠᠭ᠎ᠠ ᠶᠢ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠵᠤ ᠪᠠᠶᠢᠨ᠎ᠠ᠃ ᠮᠠᠯᠳᠠᠶᠢᠹ ᠤᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠭᠤᠶᠢᠪᠢᠰᠢ ᠦᠭᠡᠢ ᠬᠡᠷᠡᠭᠵᠢᠭᠦᠯᠦᠨ᠎ᠡ᠃ ᠨᠦᠭᠦᠭᠡ ᠡᠲᠡᠭᠡᠳ ᠤᠨ ᠢᠶᠠᠨ ᠤᠯᠤᠰ ᠤᠨ ᠡᠷᠬᠡ ᠮᠡᠳᠡᠯ ᠲᠤᠰᠠᠭᠠᠷ ᠲᠣᠭᠲᠠᠨᠢᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠶᠢ ᠡᠷᠡᠰ ᠳᠡᠮᠵᠢᠬᠦ ᠪᠣᠯ ᠮᠠᠯᠳᠠᠶᠢᠹ ᠳᠤᠮᠳᠠᠳᠤ ᠶᠢᠨ ᠬᠠᠷᠢᠯᠴᠠᠭ᠎ᠠ ᠶᠢᠨ ᠦᠷᠭᠦᠯᠵᠢᠯᠡᠨ ᠰᠠᠶᠢᠨ ᠬᠥᠭᠵᠢᠬᠦ ᠶᠢᠨ ᠪᠠᠲᠤ ᠪᠠᠬᠢ ᠰᠠᠭᠤᠷᠢ ᠪᠣᠯᠣᠨ᠎ᠠ᠃ ᠡᠨᠡ ᠵᠢᠯ ᠪᠣᠯ ᠲᠡᠷᠢᠭᠦᠯᠡᠭᠴᠢ ᠰᠢ ᠶᠢᠨ ᠫᠢᠩ ᠮᠠᠯᠳᠠᠶᠢᠹ ᠲᠤ ᠲᠡᠦᠬᠡᠲᠦ ᠴᠢᠨᠠᠷᠲᠠᠢ ᠲᠦᠷᠦ ᠶᠢᠨ ᠶᠠᠪᠤᠳᠠᠯ ᠤᠨ ᠠᠶᠢᠯᠴᠢᠯᠠᠯᠲᠠ ᠬᠢᠭᠰᠡᠨ ᠠᠷᠪᠠᠨ ᠵᠢᠯ ᠤᠨ ᠤᠢ ᠪᠣᠯᠣᠨ᠎ᠠ᠃ ᠳᠤᠮᠳᠠᠳᠤ ᠤᠯᠤᠰ ᠮᠠᠯᠳᠠᠶᠢᠹ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠶᠡᠭᠡ ᠬᠡᠮᠵᠢᠶᠡᠨ ᠤ ᠡᠷᠬᠢᠮ ᠨᠠᠨᠳᠢᠨ ᠬᠠᠪᠰᠤᠷᠤᠯᠭ᠎ᠠ ᠬᠠᠩᠭᠠᠵᠤ᠂ ᠮᠠᠯᠳᠠᠶᠢᠹ ᠳᠤᠮᠳᠠᠳᠤ ᠶᠢᠨ ᠬᠠᠮᠲᠤᠷᠠᠯᠴᠠᠭ᠎ᠠ ᠢᠯᠠᠩᠭᠤᠶ᠎ᠠ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠨᠢ ᠮᠠᠯᠳᠠᠶᠢᠹ ᠤᠨ ᠠᠷᠠᠳ ᠲᠦᠮᠡᠨ ᠳᠤ ᠮᠠᠰᠢ ᠤᠯᠠᠨ ᠠᠰᠢᠭ ᠬᠦᠷᠲᠡᠭᠡᠵᠦ᠂ ᠮᠠᠯᠳᠠᠶᠢᠹ ᠳᠤᠮᠳᠠᠳᠤ ᠶᠢᠨ ᠨᠥᠬᠦᠷᠯᠡᠯ ᠤᠨ ᠶᠡᠭᠡ ᠬᠥᠭᠦᠷᠭᠡ ᠨᠢᠭᠡᠨᠲᠡ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠤᠨ ᠪᠡᠯᠭᠡ ᠲᠡᠮᠳᠡᠭ ᠪᠣᠯᠵᠠᠢ᠃ ᠪᠢ ᠲᠣᠰ ᠤᠳᠠᠭ᠎ᠠ ᠹᠦᠵᠢᠶᠠᠨ ᠳᠤ ᠠᠶᠢᠯᠴᠢᠯᠠᠯᠲᠠ ᠬᠢᠬᠦ ᠬᠤᠭᠤᠴᠠᠭᠠᠨ ᠳᠠᠭᠠᠨ᠂ ᠳᠤᠮᠳᠠᠳᠤ ᠤᠯᠤᠰ ᠤᠨ ᠬᠥᠭᠵᠢᠯᠲᠡ ᠶᠢᠨ ᠣᠯᠣᠭᠰᠠᠨ ᠯᠤᠲᠤ ᠶᠡᠭᠡ ᠠᠮᠵᠢᠯᠲᠠ ᠶᠢ ᠨᠢᠳᠦ ᠪᠠᠷ ᠢᠶᠠᠨ ᠦᠵᠡᠵᠦ᠂ ᠲᠡᠷᠢᠭᠦᠯᠡᠭᠴᠢ ᠰᠢ ᠶᠢᠨ ᠫᠢᠩ ᠤᠨ ᠭᠠᠷᠮᠠᠭᠠᠢ ᠤᠳᠤᠷᠢᠳᠬᠤ ᠬᠦᠴᠦᠨ ᠢ ᠪᠡᠶ᠎ᠡ ᠪᠠᠷ ᠢᠶᠠᠨ ᠮᠡᠳᠡᠷᠡᠪᠡ᠃ ᠮᠠᠯᠳᠠᠶᠢᠹ ᠤᠨ ᠬᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠰᠢᠨ᠎ᠡ ᠠᠷᠭ᠎ᠠ ᠵᠠᠮ ᠢ ᠴᠢᠨᠠᠭᠰᠢᠳᠠ ᠥᠷᠭᠡᠳᠬᠡᠵᠦ᠂ ᠬᠤᠶᠠᠷ ᠲᠠᠯ᠎ᠠ ᠶᠢᠨ ᠬᠠᠷᠢᠯᠴᠠᠭᠠᠨ ᠤ ᠰᠢᠨ᠎ᠡ ᠠᠭᠤᠯᠤᠭᠳᠠᠬᠤᠨ ᠢ ᠨᠡᠮᠡᠭᠳᠡᠭᠦᠯᠵᠦ᠂ 《ᠨᠢᠭᠡ ᠪᠦᠰᠡ ᠨᠢᠭᠡ ᠵᠠᠮ》 ᠢ ᠬᠠᠮᠲᠤ ᠪᠠᠷ ᠴᠢᠨᠠᠷ ᠰᠠᠶᠢᠲᠠᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠮᠠᠯᠳᠠᠶᠢᠹ ᠳᠤᠮᠳᠠᠳᠤ ᠶᠢᠨ ᠬᠠᠷᠢᠯᠴᠠᠭ᠎ᠠ ᠨᠡᠩ ᠤᠯᠠᠨ ᠰᠢᠨ᠎ᠡ ᠬᠥᠭᠵᠢᠯᠲᠡ ᠲᠠᠢ ᠪᠣᠯᠬᠤ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠤᠯᠠᠨ ᠪᠤᠶᠠᠨ ᠦᠢᠯᠡᠳᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠤᠨ ᠬᠢᠨ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠠᠬᠢᠭᠤᠯᠬᠤ ᠶᠢᠨ ᠲᠥᠯᠥᠭᠡ ᠢᠳᠡᠪᠬᠢᠲᠡᠢ ᠠᠷᠭ᠎ᠠ ᠬᠡᠮᠵᠢᠶ᠎ᠡ ᠠᠪᠬᠤ ᠶᠢ ᠪᠠᠶᠠᠷᠯᠠᠨ ᠤᠭᠲᠤᠵᠤ᠂ ᠨᠡᠩ ᠤᠯᠠᠨ ᠳᠤᠮᠳᠠᠳᠤ ᠶᠢᠨ ᠵᠢᠭᠤᠯᠴᠢᠯᠠᠭᠰᠠᠳ ᠤᠨ ᠮᠠᠯᠳᠠᠶᠢᠹ ᠲᠤ ᠬᠦᠷᠴᠦ ᠵᠢᠭᠤᠯᠴᠢᠯᠠᠬᠤ ᠶᠢ ᠬᠦᠰᠡᠵᠦ ᠪᠠᠶᠢᠨ᠎ᠠ᠃ ᠮᠠᠯᠳᠠᠶᠢᠹ ᠤᠨ ᠬᠢᠨ ᠲᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ᠪᠦᠬᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠠᠮᠤᠷ ᠲᠦᠪᠰᠢᠨ ᠤ ᠰᠠᠨᠠᠭᠠᠴᠢᠯᠠᠭ᠎ᠠ᠂ ᠪᠦᠬᠦ ᠪᠥᠮᠪᠥᠷᠴᠡᠭ ᠤᠨ ᠪᠣᠯᠪᠠᠰᠤᠨ ᠤ ᠰᠠᠨᠠᠭᠠᠴᠢᠯᠠᠭ᠎ᠠ ᠶᠢ ᠲᠡᠮᠵᠢᠵᠤ᠂ ᠳᠤᠷᠠᠲᠠᠶ᠎ᠠ ᠳᠤᠮᠳᠠᠳᠤ ᠤᠯᠤᠰ ᠯᠤᠭ᠎ᠠ ᠳᠡᠯᠡᠬᠡᠢ ᠶᠢᠨ ᠪᠠ ᠭᠠᠵᠠᠷ ᠣᠷᠣᠨ ᠤ ᠬᠡᠷᠡᠭ ᠶᠠᠪᠤᠳᠠᠯ ᠳᠠᠬᠢ ᠣᠯᠣᠯᠴᠠᠭ᠎ᠠ ᠬᠠᠮᠵᠢᠯᠴᠠᠭ᠎ᠠ ᠪᠠᠨ ᠨᠢᠭᠲᠠᠷᠠᠭᠤᠯᠵᠤ᠂ ᠬᠠᠷᠢᠯᠴᠠᠨ ᠳᠡᠮᠵᠢᠬᠦ ᠪᠠᠨ ᠴᠢᠩᠭᠠᠳᠬᠠᠨ᠎ᠠ ᠭᠡᠵᠦ ᠢᠯᠡᠳᠬᠡᠪᠡ᠃

ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠭᠦᠨ ᠳᠤᠮᠳᠠᠳᠤ ᠮᠠᠯᠳᠠᠶᠢᠹ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠪᠠᠶᠢᠭᠤᠯᠬᠤ ᠠᠵᠢᠯᠯᠠᠭ᠎ᠠ ᠶᠢᠨ ᠲᠥᠯᠥᠪᠯᠡᠭᠡ ᠵᠢᠴᠢ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ᠂ ᠭᠠᠮᠰᠢᠭ ᠤᠨ ᠬᠠᠮᠢᠶᠠᠷᠤᠯᠲᠠ᠂ ᠠᠵᠤ ᠠᠬᠤᠢ ᠮᠡᠷᠭᠡᠵᠢᠯ᠂ ᠬᠥᠬᠡ ᠥᠩᠭᠡᠲᠦ ᠠᠵᠤ ᠠᠬᠤᠢ᠂ ᠲᠣᠭᠠᠴᠢᠯᠠᠭᠰᠠᠨ ᠠᠵᠤ ᠠᠬᠤᠢ᠂ ᠪᠣᠬᠢᠷᠲᠤᠯ ᠦᠭᠡᠢ ᠬᠥᠭᠵᠢᠯᠲᠡ᠂ ᠰᠠᠭᠤᠷᠢ ᠲᠥᠬᠦᠭᠡᠷᠦᠮᠵᠢ ᠪᠣᠯᠣᠨ ᠠᠷᠠᠳ ᠤᠨ ᠠᠮᠢᠳᠤᠷᠠᠯ ᠵᠡᠷᠭᠡ ᠬᠦᠷᠢᠶ᠎ᠡ ᠴᠠᠷᠠᠭ᠎ᠠ ᠳᠠᠬᠢ ᠤᠯᠠᠨ ᠵᠦᠢᠯ ᠤᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠪᠢᠴᠢᠭ ᠲᠤ ᠭᠠᠷ ᠤᠨ ᠦᠰᠦᠭ ᠵᠢᠷᠤᠬᠤ ᠶᠢ ᠬᠠᠮᠲᠤ ᠪᠠᠷ ᠭᠡᠷᠡᠴᠢᠯᠡᠪᠡ᠃

ᠬᠡᠯᠡᠯᠴᠡᠭᠡ ᠬᠢᠬᠦ ᠠᠴᠠ ᠡᠮᠦᠨ᠎ᠡ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠬᠤᠶᠢᠲᠤ ᠶᠡᠭᠡ ᠲᠢᠩᠬᠢᠮ ᠳᠤ ᠮᠦᠶ᠋ᠢᠽᠢ ᠪᠣᠯᠣᠨ ᠬᠠᠳᠤᠨ ᠰᠠᠵᠢᠳᠠ ᠶᠢ ᠤᠭᠲᠤᠬᠤ ᠶᠣᠰᠣᠯᠠᠯ ᠶᠠᠪᠤᠭᠤᠯᠪᠠ᠃

ᠲᠢᠶᠠᠨ ᠠᠨ ᠮᠧᠨ ᠲᠠᠯᠠᠪᠠᠢ ᠳᠤ ᠶᠣᠰᠣᠯᠠᠯ ᠤᠨ ᠫᠤᠤ ᠶᠢ 21 ᠳᠤᠤᠭᠠᠷᠭᠠᠵᠤ᠂ ᠶᠣᠰᠣᠯᠠᠯ ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠤᠶᠠᠷ ᠤᠯᠤᠰ ᠤᠨ ᠲᠡᠷᠢᠭᠦᠨ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠪᠦᠯᠬᠦᠮ ᠳᠤᠮᠳᠠᠳᠤ ᠮᠠᠯᠳᠠᠶᠢᠹ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠮᠦᠶ᠋ᠢᠽᠢ ᠰᠢ ᠶᠢᠨ ᠫᠢᠩ ᠤᠨ ᠪᠠᠷ᠎ᠠ ᠪᠤᠯᠤᠯᠭ᠎ᠠ ᠲᠠᠢ ᠪᠠᠷ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠣᠰᠣᠯᠠᠯ ᠤᠨ ᠠᠩᠭᠢ ᠶᠢ ᠰᠢᠯᠭᠠᠨ ᠦᠵᠡᠭᠰᠡᠨ ᠪᠥᠭᠡᠳ ᠵᠢᠭᠰᠠᠭᠠᠯ ᠢ ᠰᠣᠨᠢᠷᠬᠠᠪᠠ᠃

ᠲᠤᠰ ᠣᠷᠣᠢ᠂ ᠰᠢ ᠶᠢᠨ ᠫᠢᠩ ᠪᠣᠯᠣᠨ ᠫᠧᠩ ᠯᠢ ᠶᠤᠸᠠᠨ ᠠᠷᠠᠳ ᠤᠨ ᠶᠡᠭᠡ ᠬᠤᠷᠠᠯ ᠤᠨ ᠲᠠᠩᠬᠢᠮ ᠤᠨ ᠠᠯᠳᠠᠨ ᠲᠢᠩᠬᠢᠮ ᠳᠤ ᠮᠦᠶ᠋ᠢᠽᠢ ᠪᠣᠯᠣᠨ ᠲᠡᠭᠦᠨ ᠤ ᠬᠠᠲᠤᠨ ᠢ ᠤᠭᠲᠤᠬᠤ ᠳᠠᠶᠢᠯᠠᠯᠭ᠎ᠠ ᠬᠢᠪᠡ᠃

ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ᠃

ᠮᠦᠶ᠋ᠢᠽᠢ ᠳᠤᠮᠳᠠᠳᠤ ᠤᠯᠤᠰ ᠲᠤ ᠠᠶᠢᠯᠴᠢᠯᠠᠬᠤ ᠬᠤᠭᠤᠴᠠᠭᠠᠨ ᠳᠤ᠂ ᠬᠤᠶᠠᠷ ᠲᠠᠯ᠎ᠠ ᠪᠠᠷ ᠢᠶᠠᠨ 《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠪᠦᠭᠦᠳᠡ ᠨᠠᠶᠢᠷᠠᠮᠳᠠᠬᠤ ᠮᠠᠯᠳᠠᠶᠢᠹ ᠤᠯᠤᠰ ᠤᠨ ᠬᠠᠮᠲᠤᠷᠠᠭᠰᠠᠨ ᠰᠣᠨᠢᠨ ᠮᠡᠳᠡᠭᠡᠨ ᠤ ᠠᠯᠪᠠᠨ ᠮᠡᠳᠡᠭᠡ》 ᠶᠢ ᠨᠡᠶᠢᠲᠡᠯᠡᠬᠦ ᠪᠣᠯᠣᠨ᠎ᠠ᠃

 

 


   :                    
   :           
备案序号:蒙ICP备05003250号 公安备案15010502000173