ᠵᠤᠬᠢᠶᠠᠭᠴᠢ: ᠴᠠᠭ:2024-01-19 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
ᠰᠢ ᠶᠢᠨ ᠫᠢᠩ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ ᠨᠢ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ

 

ᠵᠤᠤ ᠯᠧ ᠵᠢᠢ ᠸᠠᠩ ᠬᠤ᠋ ᠨᠢᠩ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠵᠤ ᠼᠠᠢ ᠴᠢ ᠬᠤᠷᠠᠯ ᠢ ᠡᠷᠬᠢᠯᠡᠵᠡᠢ

ᠰᠢᠨᠬᠤᠸᠠ ᠬᠤᠷᠢᠶ᠎ᠠ ᠶᠢᠨ ᠪᠡᠭᠡᠵᠢᠩ ᠤᠨ 2024 ᠣᠨ ᠤ 1  ᠰᠠᠷ᠎ᠠ ᠶᠢᠨ 16 ᠤ  ᠴᠠᠬᠢᠯᠭᠠᠨ ᠮᠡᠳᠡᠭᠡ ᠮᠤᠵᠢ ᠶᠠᠮᠤᠨ ᠤ ᠲᠠᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ 16 ᠤ ᠡᠳᠦᠷ ᠤᠨ ᠦᠳᠡ ᠶᠢᠨ ᠡᠮᠦᠨ᠎ᠡ ᠲᠥᠪ ᠤᠨ ᠨᠠᠮ ᠤᠨ ᠰᠤᠷᠭᠠᠭᠤᠯᠢ︵ᠤᠯᠤᠰ ᠤᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠰᠤᠷᠤᠯᠭ᠎ᠠ ᠡᠬᠢᠯᠡᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠨᠢ ᠣᠳᠣ ᠦᠶ᠎ᠡ ᠶᠢᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠪᠤᠰᠤᠳᠴᠢ ᠵᠢᠮ᠎ᠡ ᠶᠣᠰᠣ ᠶᠢ ᠵᠢᠷᠤᠮᠯᠠᠳᠠᠭ ᠪᠥᠭᠡᠳ ᠨᠡᠩ ᠴᠦ ᠮᠠᠨ ᠤ ᠤᠯᠤᠰ ᠤᠨ ᠪᠠᠶᠢᠳᠠᠯ ᠳᠤ ᠲᠣᠬᠢᠷᠠᠭᠰᠠᠨ ᠢᠯᠡ ᠲᠣᠳᠣ ᠣᠨᠴᠠᠯᠢᠭ ᠲᠠᠢ ᠪᠠᠶᠢᠵᠤ᠂ ᠥᠷᠥᠨᠡᠳᠠᠬᠢᠨ ᠤ ᠮᠥᠩᠭᠦᠨ ᠭᠦᠢᠯᠭᠡᠭᠡᠨ ᠤ ᠵᠠᠭᠪᠤᠷ  ᠮᠥᠨ ᠴᠢᠨᠠᠷ ᠤᠨ ᠢᠯᠭᠠᠭ᠎ᠠ ᠲᠠᠢ ᠪᠠᠶᠢᠳᠠᠭ᠃ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ ᠦᠢᠯᠡᠳᠦᠯᠭᠡ ᠶᠢᠨ ᠳᠤᠮᠳᠠ ᠦᠷᠭᠦᠯᠵᠢᠯᠡᠨ ᠰᠦᠪᠡᠭᠴᠢᠯᠡᠨ ᠲᠡᠭᠦᠯᠳᠡᠷᠵᠢᠭᠦᠯᠵᠦ᠂ ᠡᠨᠡ ᠬᠦ ᠵᠠᠮ ᠢ ᠶᠠᠪᠤᠬᠤ ᠲᠤᠳᠤᠮ  ᠳᠠᠷᠳᠠᠩ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃

ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠵᠣᠣ ᠯᠧ ᠵᠢᠢ᠂ ᠸᠠᠩ ᠬᠤ᠋ ᠨᠢᠩ᠂ ᠳ᠋ᠢᠩ ᠰᠢᠤᠸᠠᠢ ᠰᠢᠶᠠᠩ᠂ ᠯᠢ ᠰᠢ᠂ ᠤᠯᠤᠰ ᠤᠨ ᠳᠡᠳ᠋ ᠲᠡᠷᠢᠭᠦᠯᠡᠭᠴᠢ ᠬᠠᠨ ᠵᠧᠩ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ ᠼᠠᠢ ᠴᠢ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃

ᠰᠢ ᠶᠢᠨ ᠫᠢᠩ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠪᠢᠳᠡ ᠰᠢᠨ᠎ᠡ ᠴᠠᠭ ᠦᠶ᠎ᠡ ᠶᠢᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠢᠮ᠎ᠡ ᠶᠣᠰᠣ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠮᠥᠩᠭᠦᠨ ᠭᠦᠢᠯᠭᠡᠭᠡᠨ ᠤ ᠮᠥᠨ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠮᠥᠩᠭᠦᠨ ᠭᠦᠢᠯᠭᠡᠭᠡᠨ ᠤ ᠦᠢᠯᠡᠳᠦᠯᠭᠡ ᠶᠢᠨ ᠰᠢᠨ᠎ᠡ ᠡᠭᠦᠳᠦᠯᠲᠡ᠂ ᠣᠨᠣᠯ ᠤᠨ ᠰᠢᠨ᠎ᠡ ᠡᠭᠦᠳᠦᠯᠲᠡ᠂ ᠳᠦᠷᠢᠮ ᠤᠨ ᠰᠢᠨ᠎ᠡ ᠡᠭᠦᠳᠦᠯᠲᠡ ᠶᠢ ᠲᠠᠰᠤᠷᠠᠯᠲᠠ ᠦᠭᠡᠢ ᠠᠬᠢᠭᠤᠯᠵᠤ᠂ ᠡᠷᠬᠢᠮ ᠨᠠᠨᠳᠢᠨ ᠲᠤᠷᠰᠢᠯᠭ᠎ᠠ ᠬᠤᠷᠠᠮᠳᠤᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠠᠯᠭᠤᠷ ᠵᠠᠮᠨᠠᠪᠠ᠂ ᠡᠨᠡ ᠨᠢ ᠳᠠᠷᠤᠢ᠄ ᠮᠥᠩᠭᠦᠨ ᠭᠦᠢᠯᠭᠡᠭᠡᠨ ᠤ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠥᠷᠲᠡᠭ ᠤᠨ ᠬᠠᠨᠳᠤᠯᠭ᠎ᠠ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠢ ᠳᠤ ᠦᠢᠯᠡᠴᠢᠯᠡᠬᠦ ᠪᠠᠷ ᠦᠨᠳᠦᠰᠦᠨ ᠵᠣᠷᠢᠯᠲᠠ ᠪᠠᠨ ᠪᠣᠯᠭᠠᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠪᠠᠷ ᠮᠥᠩᠭᠦᠨ ᠭᠦᠢᠯᠭᠡᠭᠡᠨ ᠤ ᠠᠵᠢᠯ ᠤᠨ ᠮᠥᠩᠬᠡ ᠶᠢᠨ ᠭᠤᠣᠯ ᠰᠡᠳᠦᠪ ᠪᠣᠯᠭᠠᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠯᠲᠡ ᠬᠠᠤᠯᠢᠵᠢᠯᠲᠠ ᠶᠢᠨ ᠵᠠᠮ ᠢᠶᠠᠷ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠨᠡᠭᠡᠭᠡᠯᠲᠡ ᠪᠠ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠶᠢ ᠪᠠᠷᠢᠮᠲᠠᠯᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠎ᠠ᠃ ᠡᠨᠡ ᠬᠡᠳᠦᠨ ᠵᠤᠷᠪᠤᠰ ᠨᠢ ᠰᠢᠨ᠎ᠡ ᠴᠠᠭ ᠦᠶ᠎ᠡ ᠰᠢᠨ᠎ᠡ ᠠᠶᠠᠨ ᠳᠤ ᠮᠥᠩᠭᠦᠨ ᠭᠦᠢᠯᠭᠡᠭᠡᠨ ᠤ ᠠᠵᠢᠯ ᠢ ᠬᠡᠷᠬᠢᠨ ᠦᠵᠡᠬᠦ᠂ ᠬᠡᠷᠬᠢᠨ ᠬᠢᠬᠦ ᠶᠢ ᠲᠣᠳᠣᠷᠬᠠᠶᠢᠯᠠᠵᠤ᠂ ᠡᠨᠡ ᠨᠢ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠤᠨ ᠦᠨᠳᠦᠰᠦᠨ ᠵᠣᠭᠰᠣᠯᠲᠠ᠂ ᠦᠵᠡᠯᠲᠡ᠂ ᠠᠷᠭ᠎ᠠ ᠶᠢ ᠢᠯᠡᠷᠡᠭᠦᠯᠦᠭᠰᠡᠨ ᠣᠷᠭᠠᠨᠢᠭ ᠪᠦᠬᠦᠯᠢ ᠴᠣᠭᠴᠠ ᠪᠣᠯᠣᠨ᠎ᠠ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠨᠢ ᠬᠦᠴᠦᠷᠬᠡᠭ ᠶᠡᠭᠡ ᠠᠵᠤ ᠠᠬᠤᠢ ᠶᠢᠨ ᠰᠠᠭᠤᠷᠢ ᠳᠤ ᠰᠠᠭᠤᠷᠢᠯᠠᠵᠤ᠂ ᠳᠡᠯᠡᠬᠡᠢ ᠶᠢᠨ ᠲᠡᠷᠢᠭᠦᠨ ᠤ ᠠᠵᠤ ᠠᠬᠤᠢ ᠶᠢᠨ ᠪᠣᠳᠠᠲᠤ ᠬᠦᠴᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠪᠣᠳᠠᠲᠤ ᠬᠦᠴᠦᠨ ᠪᠠ ᠶᠡᠷᠦᠩᠬᠡᠶᠢᠯᠡᠭᠰᠡᠨ ᠤᠯᠤᠰ ᠤᠨ ᠬᠦᠴᠦᠨ ᠲᠠᠢ ᠪᠠᠶᠢᠬᠤ ᠪᠥᠭᠡᠳ ᠠᠯᠢ ᠣᠯᠠᠨ ᠵᠠᠩᠭᠢᠯᠠᠭ᠎ᠠ ᠶᠢᠨ ᠭᠤᠣᠯ ᠪᠣᠯᠬᠤ ᠮᠥᠩᠭᠦᠨ ᠭᠦᠢᠯᠭᠡᠭᠡᠨ ᠤ ᠬᠦᠴᠦᠨ ᠵᠦᠢᠯ ᠢ ᠪᠦᠷᠢᠯᠳᠦᠭᠦᠯᠬᠦ ᠬᠡᠷᠡᠭᠲᠡᠢ᠂ ᠲᠤᠬᠠᠶᠢᠯᠠᠪᠠᠯ᠄ ᠬᠦᠴᠦᠷᠬᠡᠭ ᠶᠡᠭᠡ ᠵᠣᠭᠤᠰ᠂ ᠬᠦᠴᠦᠷᠬᠡᠭ ᠶᠡᠭᠡ ᠲᠥᠪ ᠪᠠᠩᠬᠢ᠂ ᠬᠦᠴᠦᠷᠬᠡᠭ ᠶᠡᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠬᠦᠴᠦᠷᠬᠡᠭ ᠶᠡᠭᠡ ᠤᠯᠠᠨ ᠤᠯᠤᠰ ᠤᠨ ᠮᠥᠩᠭᠦᠨ ᠭᠦᠢᠯᠭᠡᠭᠡᠨ ᠤ ᠲᠥᠪ᠂ ᠬᠦᠴᠦᠷᠬᠡᠭ ᠶᠡᠭᠡ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ᠂ ᠬᠦᠴᠦᠷᠬᠡᠭ ᠶᠡᠭᠡ ᠮᠥᠩᠭᠦᠨ ᠭᠦᠢᠯᠭᠡᠭᠡᠨ ᠤ ᠴᠢᠳᠠᠪᠤᠷᠢᠲᠠᠨ ᠤ ᠡᠩᠨᠡᠭᠡ ᠪᠣᠯᠣᠨ᠎ᠠ᠃ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ ᠤᠷᠳᠤ ᠬᠤᠭᠤᠴᠠᠭ᠎ᠠ ᠪᠠᠷ ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ᠃ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠤᠳᠤ ᠦᠶ᠎ᠡ ᠶᠢᠨ ᠮᠥᠩᠭᠦᠨ ᠭᠦᠢᠯᠭᠡᠭᠡᠨ ᠤ  ᠲᠦᠷᠭᠡᠪᠴᠢᠯᠡᠨ ᠪᠠᠶᠢᠭᠤᠯᠵᠤ᠂ ᠰᠢᠨᠵᠢᠯᠡᠬᠦ ᠤᠬᠠᠭᠠᠨᠴᠢ ᠪᠥᠭᠡᠳ ᠯᠠᠪᠳᠠᠭᠤᠨ ᠲᠣᠭᠲᠠᠭᠤᠨ ᠮᠥᠩᠭᠦᠨ ᠭᠦᠢᠯᠭᠡᠭᠡᠨ ᠤ ᠡᠵᠡᠮᠳᠡᠯ ᠲᠣᠬᠢᠷᠠᠭᠤᠯᠭ᠎ᠠ ᠶᠢᠨ ᠂ ᠪᠦᠲᠦᠴᠡ ᠨᠢ ᠵᠦᠢ ᠵᠣᠬᠢᠰᠲᠠᠢ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠂ ᠠᠵᠢᠯ ᠬᠤᠪᠢᠶᠠᠷᠢᠯᠠᠨ ᠬᠠᠮᠵᠢᠯᠴᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠂ ᠪᠦᠷᠢᠨ ᠲᠡᠭᠦᠯᠳᠡᠷ ᠪᠦᠲᠦᠮᠵᠢᠲᠡᠶ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠂ ᠤᠯᠠᠨ ᠶᠠᠩᠵᠤᠲᠤ ᠲᠤᠰᠬᠠᠢ ᠮᠡᠷᠭᠡᠵᠢᠯ ᠤᠨ ᠴᠢᠨᠠᠷᠲᠠᠢ ᠮᠥᠩᠭᠦᠨ ᠭᠦᠢᠯᠭᠡᠭᠡᠨ ᠤ ᠦᠢᠯᠡᠳᠬᠦᠨ ᠪᠠ ᠦᠢᠯᠡᠴᠢᠯᠡᠭᠡᠨ ᠤ ᠂ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠮᠥᠩᠭᠦᠨ ᠭᠦᠢᠯᠭᠡᠭᠡᠨ ᠤ ᠰᠠᠭᠤᠷᠢ  ᠶᠢᠨ  ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠰᠢ ᠶᠢᠨ ᠫᠢᠩ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠢᠯᠠᠩᠭᠤᠶ᠎ᠠ ᠰᠢᠰᠲ᠋ᠧᠮ ᠤᠨ ᠴᠢᠨᠠᠷᠲᠠᠢ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ ᠠᠷᠢᠯᠭᠠᠬᠤ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ 《ᠥᠷᠭᠡᠰᠦ ᠰᠢᠪᠦᠭᠡ ᠲᠠᠢ》᠂ ᠥᠨᠴᠥᠭ ᠪᠤᠯᠤᠩ ᠲᠠᠢ ᠪᠠᠶᠢᠬᠤ ᠶᠢᠨ ᠵᠠᠩᠭᠢᠯᠠᠭ᠎ᠠ ᠨᠢ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠣᠨ ᠠᠵᠢᠯ ᠲᠦᠷᠦᠯ ᠤᠨ  ᠬᠠᠮᠢᠶᠠᠷᠬᠤ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠬᠠᠮᠵᠢᠯᠴᠠᠭ᠎ᠠ ᠪᠠᠨ ᠴᠢᠩᠭᠠᠳᠬᠠᠬᠤ ᠳᠤ ᠪᠠᠶᠢᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠬᠢᠨᠠᠭᠤᠷ ᠪᠣᠯᠭᠤᠮᠵᠢᠲᠠᠢ ᠪᠠᠷ ᠬᠢᠨᠠᠨ ᠬᠠᠮᠢᠶᠠᠷᠬᠤ᠂ ᠦᠢᠯᠡ ᠠᠵᠢᠯᠯᠠᠭ᠎ᠠ ᠶᠢ ᠬᠢᠨᠠᠨ ᠬᠠᠮᠢᠶᠠᠷᠬᠤ ᠵᠡᠷᠭᠡ ᠡᠯ᠎ᠡ ᠭᠤᠭᠴᠤᠭ᠎ᠠ ᠳᠤ ᠴᠥᠮ ᠬᠠᠤᠯᠢ ᠶᠢ ᠴᠢᠩᠭ᠎ᠠ ᠬᠡᠷᠡᠭᠵᠢᠭᠦᠯᠵᠦ᠂ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠬᠥᠨᠳᠡᠯᠡᠨ ᠠᠴᠠ ᠬᠥᠪᠡᠭᠡ ᠬᠢᠵᠠᠭᠠᠷ ᠬᠦᠷᠲᠡᠯ᠎ᠡ᠂ ᠭᠤᠯᠳᠤ ᠠᠴᠠ ᠡᠴᠦᠰ ᠲᠤᠨᠢ ᠲᠤᠯᠲᠠᠯ᠎ᠠ ᠬᠢᠬᠦ ᠶᠢ ᠪᠡᠶᠡᠯᠡᠭᠦᠯᠬᠦ ᠬᠡᠷᠡᠭᠲᠡᠢ᠃ ᠡᠯ᠎ᠡ ᠭᠠᠵᠠᠷ ᠤᠨ ᠬᠢᠨ ᠨᠢᠭᠡ ᠣᠷᠣᠨ ᠪᠦᠰᠡ ᠳᠤ ᠰᠠᠭᠤᠷᠢᠯᠠᠨ ᠪᠦᠬᠦ ᠲᠠᠯ᠎ᠠ ᠶᠢ ᠪᠣᠳᠣᠯᠬᠢᠯᠠᠵᠤ᠂ ᠬᠠᠷᠢᠶ᠎ᠠ ᠣᠷᠣᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠪᠠ ᠲᠣᠭᠲᠠᠭᠤᠨ ᠢ ᠬᠠᠮᠠᠭᠠᠯᠠᠬᠤ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠲᠦᠭᠰᠢᠭᠦᠷᠢ ᠶᠢ ᠰᠢᠢᠳᠪᠦᠷᠢᠯᠡᠬᠦ ᠶᠠᠪᠤᠴᠠ ᠳᠤ ᠢᠯᠵᠠᠷᠠᠯ ᠢ ᠡᠷᠡᠰ ᠵᠠᠯᠬᠠᠭᠠᠨ ᠰᠢᠢᠳᠭᠡᠵᠦ᠂ ᠶᠣᠰᠣ ᠮᠣᠷᠠᠯ ᠤᠨ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠪᠣᠯ ᠰᠢᠰᠲ᠋ᠧᠮᠲᠦ ᠢᠨᠵᠧᠨᠧᠷᠢᠩ ᠮᠥᠨ᠂ ᠮᠥᠩᠭᠦᠨ ᠭᠦᠢᠯᠭᠡᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠪᠠ ᠬᠤᠷᠸ᠎ᠠ ᠡᠵᠡᠮᠳᠡᠯ ᠲᠣᠬᠢᠷᠠᠭᠤᠯᠭ᠎ᠠ ᠶᠢᠨ ᠰᠠᠯᠠᠭ᠎ᠠ ᠮᠥᠴᠢᠷ᠂ ᠠᠵᠢᠯ ᠲᠦᠷᠦᠯ ᠤᠨ  ᠬᠠᠮᠢᠶᠠᠷᠬᠤ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠪᠠᠶᠢᠭᠤᠯᠭ᠎ᠠ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠵᠡᠷᠭᠡ ᠳᠤ ᠴᠥᠮ  ᠡᠭᠦᠷᠭᠡ ᠬᠠᠷᠢᠭᠤᠴᠠᠯᠭ᠎ᠠ ᠲᠠᠢ᠂ ᠬᠢᠨᠠᠯᠲᠠ ᠬᠠᠮᠢᠶᠠᠷᠤᠯᠲᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠡᠷᠬᠡ ᠬᠠᠷᠢᠭᠤᠴᠠᠯᠭ᠎ᠠ ᠨᠢᠭᠡᠳᠦᠯᠲᠡᠢ ᠪᠠᠶᠢᠬᠤ ᠲᠦᠭᠰᠢᠭᠦᠷᠢ ᠶᠢ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠮᠥᠩᠭᠦᠨ ᠭᠦᠢᠯᠭᠡᠭᠡᠨ ᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠰᠢ ᠶᠢᠨ ᠫᠢᠩ᠂ ᠭᠠᠳᠠᠭᠰᠢ ᠨᠡᠭᠡᠭᠡᠯᠲᠡ ᠶᠢ ᠥᠷᠭᠡᠳᠬᠡᠬᠦ ᠪᠠᠷ ᠂ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠣᠯᠣᠨ ᠴᠢᠳᠠᠪᠤᠷᠢ ᠶᠢ ᠳᠡᠭᠡᠭᠰᠢᠯᠡᠭᠦᠯᠵᠦ᠂ ᠳᠡᠯᠡᠬᠡᠢ ᠳᠡᠭᠡᠷᠡᠬᠢ ᠥᠷᠢᠰᠦᠯᠳᠦᠬᠦ ᠬᠦᠴᠦᠨ ᠪᠣᠯᠣᠨ ᠳᠦᠷᠢᠮ ᠤᠨ ᠨᠥᠯᠥᠭᠡᠯᠡᠬᠦ ᠬᠦᠴᠦᠨ ᠢ ᠴᠢᠩᠭᠠᠳᠬᠠᠵᠤ᠂ ᠠᠶᠢᠵᠠᠮ ᠪᠠ ᠡᠷᠴᠢᠮ ᠢ ᠯᠠᠪᠳᠠᠭᠤᠨ ᠪᠣᠯᠭᠤᠮᠵᠢᠲᠠᠢ ᠡᠵᠡᠮᠳᠡᠬᠦ ᠬᠡᠷᠡᠭᠲᠡᠢ᠃ ᠳᠦᠷᠢᠮ ᠤᠨ ᠬᠡᠯᠪᠡᠷᠢ ᠶᠢᠨ ᠨᠡᠭᠡᠭᠡᠯᠲᠡ ᠪᠠᠷ ᠭᠤᠣᠯᠳᠠᠯᠭ᠎ᠠ ᠪᠣᠯᠭᠠᠨ ᠮᠥᠩᠭᠦᠨ ᠭᠦᠢᠯᠭᠡᠭᠡᠨ ᠤ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠠᠴᠠ ᠡᠮᠦᠨᠡᠬᠢ  ᠤ ᠣᠯᠭᠤᠮᠵᠢ ᠪᠣᠯᠣᠨ ᠨᠠᠵᠠᠭᠠᠢ ᠲᠠᠯ᠎ᠠ ᠶᠢᠨ ᠨᠠᠷᠢᠨ ᠳᠠᠩᠰᠠ ᠶᠢᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠤᠯᠠᠨ ᠤᠯᠤᠰ ᠤᠨ ᠥᠨᠳᠥᠷ ᠪᠠᠷᠢᠮᠵᠢᠶᠠᠲᠤ ᠠᠵᠤ ᠠᠬᠤᠢ ᠠᠷᠠᠯᠵᠢᠶᠠᠨ ᠤ ᠵᠥᠪᠯᠡᠯᠴᠡᠭᠡᠷ ᠲᠠᠬᠢ ᠮᠥᠩᠭᠦᠨ ᠭᠦᠢᠯᠭᠡᠭᠡᠨ ᠤ ᠬᠦᠷᠢᠶᠡᠨ ᠤ ᠬᠤᠯᠪᠣᠭᠳᠠᠯ ᠪᠦᠬᠦᠢ ᠳᠦᠷᠢᠮ ᠢ ᠪᠠᠷᠢᠮᠵᠢᠶᠠᠯᠠᠨ᠂ ᠬᠢᠵᠠᠭᠠᠷᠯᠠᠬᠤ ᠴᠢᠨᠠᠷᠲᠠᠢ ᠠᠷᠭ᠎ᠠ ᠬᠡᠮᠵᠢᠶ᠎ᠡ ᠶᠢ ᠴᠣᠮᠬᠠᠳᠬᠠᠵᠤ᠂ ᠨᠡᠭᠡᠭᠡᠯᠲᠡᠲᠦ ᠲᠦᠷᠦ ᠶᠢᠨ ᠪᠣᠳᠣᠯᠭ᠎ᠠ ᠶᠢᠨ ᠢᠯᠡᠴᠡ ᠶᠢᠨ ᠬᠡᠮᠵᠢᠶ᠎ᠡ᠂ ᠲᠣᠭᠲᠠᠪᠤᠷᠢᠲᠤ ᠴᠢᠨᠠᠷ ᠪᠠ ᠵᠢᠱᠢᠵᠦ ᠪᠣᠯᠬᠤᠶᠢᠴᠠ ᠴᠢᠨᠠᠷ ᠢ ᠴᠢᠩᠭᠠᠳᠬᠠᠵᠤ᠂ ᠬᠢᠯᠢ ᠶᠢᠨ ᠭᠠᠳᠠᠨ᠎ᠠ ᠪᠡᠯᠡ ᠣᠷᠣᠭᠤᠯᠵᠤ ᠪᠡᠯᠡ  ᠠᠵᠢᠯᠯᠠᠭ᠎ᠠ ᠶᠢ ᠵᠢᠷᠤᠮᠵᠢᠭᠤᠯᠵᠤ᠂ 《ᠨᠢᠭᠡ ᠪᠦᠰᠡ ᠨᠢᠭᠡ ᠵᠠᠮ》 ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠶᠢ ᠲᠡᠭᠦᠯᠳᠡᠷᠵᠢᠭᠦᠯᠬᠦ ᠬᠡᠷᠡᠭᠲᠡᠢ᠃ ᠬᠢᠯᠢ ᠶᠢᠨ ᠳᠣᠲᠣᠨ᠎ᠠ ᠭᠠᠳᠠᠨᠠᠬᠢ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ ᠬᠢᠯᠢ ᠠᠯᠤᠰᠯᠠᠭᠰᠠᠨ ᠪᠡᠯᠡ ᠣᠷᠣᠭᠤᠯᠵᠤ ᠪᠡᠯᠡ ᠬᠤᠷᠠᠮᠳᠤᠭᠤᠯᠬᠤ ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠤᠯᠠᠨ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠳᠤ ᠢᠳᠡᠪᠬᠢᠲᠡᠢ ᠣᠷᠣᠯᠴᠠᠬᠤ ᠬᠡᠷᠡᠭᠲᠡᠢ᠃ ᠨᠡᠭᠡᠭᠡᠯᠲᠡ ᠬᠢᠬᠦ ᠨᠥᠬᠦᠴᠡᠯ ᠳᠣᠣᠷᠠᠬᠢ ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃

ᠰᠢ ᠶᠢᠨ ᠫᠢᠩ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠳᠤ᠂ ᠬᠠᠤᠯᠢᠵᠢᠯ ᠪᠣᠯᠣᠨ ᠶᠣᠰᠣ ᠰᠤᠷᠲᠠᠬᠤᠨ ᠢᠶᠠᠷ ᠵᠠᠰᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠰᠣᠶᠣᠯ ᠢ ᠢᠳᠡᠪᠬᠢᠲᠡᠢ ᠪᠠᠷ ᠪᠣᠶᠢᠵᠢᠭᠤᠯᠵᠤ᠂ ᠦᠨᠡᠨᠴᠢ ᠢᠲᠡᠭᠡᠮᠵᠢᠲᠡᠢ ᠪᠠᠶᠢᠵᠤ᠂ ᠬᠤᠷᠢᠭ᠎ᠠ ᠱᠤᠭᠤᠮ ᠢ ᠳᠠᠪᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ︔ ᠠᠰᠢᠭ ᠬᠤᠨᠵᠢᠪᠤᠷᠢ ᠶᠢ ᠲᠥᠪ ᠰᠢᠳᠤᠷᠭᠤ ᠪᠠᠷ ᠣᠯᠵᠤ᠂ ᠠᠰᠢᠭ ᠬᠤᠨᠵᠢᠪᠤᠷᠢ ᠳᠤ ᠰᠢᠨᠤᠵᠤ ᠪᠣᠯᠬᠤ ᠦᠭᠡᠢ︔ ᠯᠠᠪᠳᠠᠭᠤᠨ ᠪᠣᠯᠭᠤᠮᠵᠢᠲᠠᠢ ᠪᠠᠶᠢᠵᠤ᠂ ᠨᠡᠷ᠎ᠡ ᠭᠠᠪᠢᠶ᠎ᠠ ᠶᠢ ᠶᠠᠭᠠᠷᠠᠨ ᠬᠥᠭᠡᠭᠡᠴᠡᠯᠳᠦᠵᠦ ᠪᠣᠯᠬᠤ ᠦᠭᠡᠢ︔ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠪᠣᠳᠠᠲᠠᠢ ᠪᠠᠶᠢᠳᠠᠯ ᠠᠴᠠ ᠰᠠᠯᠵᠤ ᠬᠡᠶᠢᠰᠪᠦᠷᠢ ᠵᠦᠢᠯ ᠢ ᠬᠥᠭᠡᠭᠡᠴᠡᠯᠳᠦᠵᠦ ᠪᠣᠯᠬᠤ ᠦᠭᠡᠢ︔ ᠬᠠᠤᠯᠢ ᠲᠣᠭᠲᠠᠭᠠᠯ ᠶᠣᠰᠣᠭᠠᠷ ᠭᠦᠢᠴᠡᠳᠬᠡᠵᠦ᠂ ᠰᠠᠨᠠᠭ᠎ᠠ ᠪᠠᠷ ᠢᠶᠠᠨ ᠰᠠᠪᠠᠵᠤ ᠵᠢᠯᠣᠭᠤ ᠪᠠᠷ ᠢᠶᠠᠨ ᠵᠣᠳᠣᠵᠤ ᠪᠣᠯᠬᠤ ᠦᠭᠡᠢ ᠭᠡᠵᠦ ᠵᠢᠭᠠᠵᠤ ᠭᠠᠷᠭᠠᠪᠠ᠃

ᠰᠢ ᠶᠢᠨ ᠫᠢᠩ ᠬᠠᠮᠤᠭ ᠡᠴᠦᠰ ᠲᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠮᠥᠩᠭᠦᠨ ᠭᠦᠢᠯᠭᠡᠭᠡᠨ ᠤ ᠰᠡᠳᠬᠢᠬᠦᠢ ᠪᠣᠯᠣᠨ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠪᠠᠨ ᠴᠢᠩᠭᠠᠳᠬᠠᠵᠤ᠂ ᠠᠵᠤ ᠠᠬᠤᠢ ᠪᠣᠯᠣᠨ ᠮᠥᠩᠭᠦᠨ ᠭᠦᠢᠯᠭᠡᠭᠡ ᠶᠢ ᠬᠥᠯᠭᠡ ᠰᠢᠲᠠᠷ᠎ᠠ ᠮᠡᠲᠦ ᠪᠣᠯᠭᠠᠬᠤ ᠦᠵᠡᠯ ᠰᠠᠨᠠᠭ᠎ᠠ ᠶᠢ ᠪᠠᠷᠢᠮᠲᠠᠯᠠᠵᠤ᠂ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠤᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠢ ᠪᠣᠯᠣᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠼᠠᠢ ᠴᠢ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠦᠵᠡᠯ ᠰᠠᠨᠠᠭ᠎ᠠ ᠨᠢ ᠭᠦᠨ ᠭᠦᠨᠵᠡᠭᠡᠢ᠂ ᠬᠠᠷᠠᠭᠠᠰᠤ ᠥᠷᠭᠡᠨ᠂ ᠥᠭᠦᠯᠡᠯᠲᠡ ᠨᠡᠪᠲᠡᠷᠬᠡᠢ᠂ ᠠᠭᠤᠯᠤᠭᠳᠠᠬᠤᠨ ᠡᠯᠪᠡᠭ ᠪᠠᠶᠠᠯᠢᠭ ᠪᠠᠶᠢᠵᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠣᠨᠣᠯ ᠤᠨ ᠴᠢᠨᠠᠷ᠂ ᠴᠢᠭᠯᠡᠭᠦᠯᠦᠯᠲᠦ ᠴᠢᠨᠠᠷ᠂ ᠵᠢᠯᠤᠭᠤᠳᠬᠤ ᠴᠢᠨᠠᠷ ᠲᠠᠢ ᠶᠤᠮ᠂ ᠪᠦᠬᠦ ᠨᠠᠮ ᠢᠯᠠᠩᠭᠤᠶ᠎ᠠ ᠳᠡᠭᠡᠳᠦ ᠵᠡᠷᠭᠡ ᠶᠢᠨ ᠺᠠᠳ᠋ᠷ  ᠤᠨ ᠮᠠᠨ ᠤ ᠤᠯᠤᠰ ᠤᠨ ᠮᠥᠩᠭᠦᠨ ᠭᠦᠢᠯᠭᠡᠭᠡᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠵᠥᠪ ᠲᠠᠨᠢᠬᠤ᠂ ᠮᠥᠩᠭᠦᠨ ᠭᠦᠢᠯᠭᠡᠭᠡᠨ ᠤ ᠠᠵᠢᠯ ᠤᠨ ᠮᠥᠨ ᠴᠢᠨᠠᠷ ᠪᠦᠬᠥᠢ ᠵᠢᠮ᠎ᠡ ᠶᠣᠰᠣ ᠪᠣᠯᠣᠨ ᠬᠥᠭᠵᠢᠯᠲᠡ ᠶᠢᠨ ᠵᠠᠮ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠬᠦ᠂ ᠮᠥᠩᠭᠦᠨ ᠭᠦᠢᠯᠭᠡᠭᠡᠨ ᠤ ᠠᠵᠢᠯ ᠤᠨ ᠴᠢᠳᠠᠪᠤᠷᠢ ᠪᠣᠯᠣᠨ ᠠᠶᠤᠯ ᠲᠦᠭᠰᠢᠭᠦᠷᠢ ᠶᠢ ᠠᠷᠭᠠᠴᠠᠬᠤ ᠴᠢᠳᠠᠪᠤᠷᠢ ᠪᠠᠨ ᠪᠦᠬᠦ ᠲᠠᠯ᠎ᠠ ᠪᠠᠷ ᠴᠢᠩᠭᠠᠳᠬᠠᠬᠤ᠂ ᠳᠤᠮᠳᠠᠳᠤ ᠤᠯᠤᠰ ᠤᠨ ᠣᠨᠴᠠᠯᠢᠭ ᠲᠠᠢ ᠮᠥᠩᠭᠦᠨ ᠭᠦᠢᠯᠭᠡᠭᠡᠨ ᠤ ᠬᠥᠭᠵᠢᠯᠲᠡ ᠶᠢᠨ ᠵᠠᠮ ᠢᠶᠠᠷ ᠭᠤᠶᠢᠪᠢᠰᠢ ᠦᠭᠡᠢ ᠵᠠᠮᠨᠠᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠪᠠᠶᠠᠯᠢᠭ ᠠᠭᠤᠯᠤᠭᠳᠠᠬᠤᠨ᠂ ᠭᠤᠣᠯ ᠴᠢᠮᠦᠭᠡ ᠴᠢᠬᠤᠯᠠ ᠠᠭᠤᠯᠭ᠎ᠠ ᠪᠣᠯᠣᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠡᠵᠡᠮᠰᠢᠵᠦ᠂ 《ᠬᠤᠶᠠᠷ ᠢ ᠲᠣᠭᠲᠠᠭᠠᠭᠰᠠᠨ》 ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠨ ᠡᠵᠡᠮᠰᠢᠵᠦ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃

ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠭᠡᠰᠢᠭᠦᠨ ᠳᠡᠳ᠋ ᠬᠤᠷᠢᠶᠠᠨ ᠳᠠᠷᠤᠭ᠎ᠠ᠂ ᠲᠦᠷᠦ ᠶᠢᠨ ᠶᠠᠪᠤᠳᠠᠯ ᠤᠨ ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠭᠡᠰᠢᠭᠦᠨ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠭᠡᠰᠢᠭᠦᠨ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃

ᠡᠯ᠎ᠡ ᠮᠤᠵᠢ ᠣᠷᠣᠨ ᠬᠤᠳᠠ ᠪᠣᠯᠣᠨ ᠰᠢᠨᠵᠢᠶᠠᠩ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ᠂ ᠲᠥᠪ ᠠᠴᠠ ᠬᠠᠮᠢᠶᠠᠷᠴᠤ ᠪᠠᠶᠢᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠴᠢᠯᠦᠭᠡᠯᠡᠬᠦ ᠴᠡᠷᠢᠭ ᠤᠨ ᠡᠯ᠎ᠡ ᠨᠢᠭᠡᠴᠢ ᠪᠣᠯᠣᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠭᠤᠣᠯ ᠬᠠᠷᠢᠭᠤᠴᠠᠯᠭᠠᠲᠠᠨ ᠨᠥᠬᠦᠳ ᠰᠤᠳᠤᠯᠤᠨ ᠶᠠᠷᠢᠯᠴᠠᠬᠤ ᠠᠩᠭᠢ ᠳᠤ ᠣᠷᠣᠯᠴᠠᠪᠠ᠃ ᠡᠯ᠎ᠡ ᠠᠷᠠᠳᠴᠢᠯᠠᠭᠰᠠᠨ ᠨᠠᠮ ᠪᠦᠯᠦᠭ ᠤᠨ ᠲᠥᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠵᠢᠴᠢ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠰᠤᠷᠤᠯᠭ᠎ᠠ ᠡᠬᠢᠯᠡᠬᠦ ᠶᠣᠰᠣᠯᠠᠯ ᠳᠤ ᠰᠤᠯᠠ ᠣᠷᠣᠯᠴᠠᠪᠠ᠃

 

 


   :                    
   :           
备案序号:蒙ICP备05003250号 公安备案15010502000173